ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ᠎ᠳᠤ ᠵᠠᠮ ᠨᠡᠭᠡᠭᠡᠵᠦ᠍ ᠡᠷᠡᠮᠡᠬᠡᠢᠯᠡᠨ ᠬᠠᠮᠲᠤ ᠪᠡᠷ ᠤᠷᠤᠭ᠍ᠰᠢᠯᠠᠵᠤ ᠳᠤᠮᠳᠠᠳᠤ ᠰᠣᠯᠣᠩᠭᠣᠰ᠎ᠤᠨ ᠤᠯᠠᠮᠵᠢᠯᠠᠯᠲᠤ ᠨᠥᠬᠥᠷᠯᠡᠯ᠎ᠦᠨ ᠴᠣ ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠶ᠎ᠡ
6 ᠰᠠᠷ᠎ᠠ᠎ᠶ᠋ᠢᠨ 8 ᠤ᠋ ᠡᠳᠦᠷ᠂ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠫᠢᠶᠧᠩᠶᠠᠩᠳᠤ ᠬᠦᠷᠴᠦ ᠪᠥᠬᠥᠳᠡ ᠨᠠᠢᠷᠠᠮᠳᠠᠬᠤ ᠠᠷᠠᠳᠴᠢᠯᠠᠭ᠍ᠰᠠᠨ ᠰᠣᠯᠣᠩᠭᠣᠰ ᠠᠷᠠᠳ ᠤᠯᠤᠰ᠎ᠲᠤ ᠲᠥᠷᠥ᠎ᠶ᠋ᠢᠨ ᠶᠠᠪᠤᠳᠠᠯ᠎ᠤᠨ ᠠᠢᠯᠴᠢᠯᠠᠯᠲᠠ ᠬᠢᠬᠦ᠌ᠲᠠᠱᠢᠷᠠᠮᠢᠶᠠᠷ ᠰᠣᠯᠣᠩᠭᠣᠰ᠎ᠤᠨ 《ᠬᠥᠳᠡᠯᠮᠦᠷᠢ ᠰᠣᠨᠢᠨ》ᠳᠡᠭᠡᠷ᠎ᠡ 《ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ ᠳᠤ ᠵᠠᠮ ᠨᠡᠭᠡᠭᠡᠵᠦ᠍ ᠡᠷᠡᠮᠡᠬᠡᠢᠯᠡᠨ ᠬᠠᠮᠲᠤ ᠪᠡᠷ ᠤᠷᠤᠭ᠍ᠰᠢᠯᠠᠵᠤ ᠳᠤᠮᠳᠠᠳᠤ ᠰᠣᠯᠣᠩᠭᠣᠰ᠎ᠤᠨ ᠤᠯᠠᠮᠵᠢᠯᠠᠯᠲᠤ ᠨᠥᠬᠥᠷᠯᠡᠯ᠎ᠦᠨ ᠴᠣ ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠶ᠎ᠡ》 ᠭᠡᠬᠦ᠌ ᠰᠡᠳᠦᠪ᠎ᠲᠡᠶ ᠨᠡᠷ᠎ᠡ ᠬᠠᠳᠠᠭ᠍ᠰᠠᠨ ᠵᠣᠬᠢᠶᠠᠯ ᠨᠡᠢᠲᠡᠯᠡᠪᠡ᠃ ᠵᠣᠬᠢᠶᠠᠯ᠎ᠤᠨ ᠪᠦᠬᠦ᠌ ᠠᠭᠤᠯᠭ᠎ᠠ ᠨᠢ ᠳᠣᠣᠷᠠᠬᠢ ᠮᠡᠲᠦ᠄
ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ᠎ᠳᠤ ᠵᠠᠮ ᠨᠡᠭᠡᠭᠡᠵᠦ᠍ ᠡᠷᠡᠮᠡᠬᠡᠢᠯᠡᠨ ᠬᠠᠮᠲᠤ ᠪᠡᠷ ᠤᠷᠤᠭ᠍ᠰᠢᠯᠠᠵᠤ ᠳᠤᠮᠳᠠᠳᠤ ᠰᠣᠯᠣᠩᠭᠣᠰ᠎ᠤᠨ ᠤᠯᠠᠮᠵᠢᠯᠠᠯᠲᠤ ᠨᠥᠬᠥᠷᠯᠡᠯ᠎ᠦᠨ ᠴᠣ ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠶ᠎ᠡ
ᠲᠤᠮᠳᠠᠳᠤ ᠤᠯᠤᠰ᠎ᠤᠨ ᠡᠪ ᠬᠠᠮᠲᠤ ᠨᠠᠮ ᠤᠨ ᠲᠥᠪ ᠬᠤᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ
ᠡᠨᠡ ᠵᠢᠯ ᠪᠣᠯ 《ᠳᠤᠮᠳᠠᠳᠤ ᠰᠣᠯᠣᠩᠭᠣᠰ᠎ᠤᠨ ᠨᠥᠬᠥᠷᠰᠡᠭ ᠬᠠᠮᠲᠤᠷᠠᠯᠴᠠᠵᠤ ᠬᠠᠷᠢᠯᠴᠠᠨ ᠬᠠᠪᠰᠤᠷᠤᠯᠴᠠᠬᠤ ᠭᠡᠷ᠎ᠡ》ᠲᠣᠭ᠍ᠲᠠᠭ᠍ᠰᠠᠨ 65 ᠵᠢᠯ ᠦᠨ ᠤᠢ ᠪᠣᠯᠤᠨ᠎ᠠ᠃ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠡᠷᠦᠩᠬᠡᠢ ᠱᠦᠵᠢ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠳᠠᠷᠤᠭ᠎ᠠ᠎ᠶ᠋ᠢᠨ ᠵᠧᠩ ᠧᠨ ᠨᠥᠬᠥᠷ᠎ᠦᠨ ᠤᠷᠢᠯᠭ᠎ᠠ᠎ᠪᠠᠷ ᠪᠢ ᠰᠣᠯᠣᠩᠭᠣᠰ᠎ᠲᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠬᠦ ᠪᠡᠷ ᠪᠠᠢᠨ᠎ᠠ᠃ ᠡᠨᠡ ᠪᠣᠯ ᠮᠢᠨᠦ᠍ 7 ᠵᠢᠯ ᠠᠯᠤᠰᠯᠠᠭᠠᠳ ᠦᠵᠡᠰᠭᠦᠯᠡᠩᠲᠦ ᠰᠠᠢᠬᠠᠨ ᠰᠣᠯᠣᠩᠭᠣᠰ᠎ᠲᠤ ᠳᠠᠬᠢᠨᠲᠠ ᠠᠢᠯᠴᠢᠯᠠᠵᠤ ᠪᠠᠢᠭ᠎ᠠ ᠶᠠᠪᠤᠳᠠᠯ ᠪᠣᠯᠤᠨ᠎ᠠ᠃ ᠪᠢ ᠶᠡᠷᠦᠩᠬᠡᠢ ᠱᠦᠵᠢ ᠶ᠋ᠢᠨ ᠵᠧᠩ ᠧᠨᠲᠡᠶ ᠳᠤᠮᠳᠠᠳᠤ ᠰᠣᠯᠣᠩᠭᠣᠰ᠎ᠤᠨ ᠤᠯᠠᠮᠵᠢᠯᠠᠯᠲᠤ ᠨᠥᠬᠥᠷᠯᠡᠯ᠎ᠦᠨ ᠲᠤᠬᠠᠢ ᠬᠠᠮᠲᠤ ᠪᠡᠷ ᠶᠠᠷᠢᠯᠴᠠᠵᠤ᠂ ᠳᠤᠮᠳᠠᠳᠤ ᠰᠣᠯᠣᠩᠭᠣᠰ᠎ᠤᠨ ᠬᠠᠷᠢᠯᠴᠠᠭᠠᠨ᠎ᠤ ᠬᠥᠭ᠌ᠵᠢᠯᠲᠡ᠎ᠶ᠋ᠢᠨ ᠶᠡᠬᠡ ᠪᠤᠳᠤᠯᠭ᠎ᠠ᠎ᠶ᠋ᠢ ᠬᠠᠮᠲᠤ᠎ᠪᠠᠷ ᠵᠥᠪᠯᠡᠬᠦ᠌᠎ᠶ᠋ᠢ ᠬᠦᠰᠡᠵᠦ᠍ ᠪᠠᠢᠨ᠎ᠠ᠃
ᠳᠤᠮᠳᠠᠳᠤ ᠰᠣᠯᠣᠩᠭᠣᠰ ᠬᠣᠶᠠᠷ ᠤᠯᠤᠰ ᠪᠣᠯ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭ᠍ᠰᠠᠨ᠂ ᠬᠤᠪᠢ ᠵᠠᠶᠠᠭ᠎ᠠ᠎ᠪᠠᠨ ᠬᠠᠮᠲᠤᠳᠭᠠᠭ᠍ᠰᠠᠨ ᠨᠡᠢᠭᠡᠮ ᠵᠢᠷᠤᠮ᠎ᠤᠨ ᠨᠥᠬᠥᠷᠰᠡᠭ ᠬᠥᠷᠰᠢ ᠤᠯᠤᠰ ᠮᠥᠨ᠃ ᠳᠤᠮᠳᠠᠳᠤ ᠰᠣᠯᠣᠩᠭᠣᠰ ᠤᠨ ᠤᠯᠠᠮᠵᠢᠯᠠᠯᠲᠤ ᠨᠥᠬᠥᠷᠯᠡᠯ ᠪᠣᠯ ᠬᠣᠶᠠᠷ ᠨᠠᠮ ᠬᠣᠶᠠᠷ ᠤᠯᠤᠰ ᠪᠣᠯᠤᠨ ᠬᠣᠶᠠᠷ ᠤᠯᠤᠰ ᠤᠨ ᠠᠷᠠᠳ ᠲᠦᠮᠡᠨ᠎ᠦ ᠬᠠᠮᠲᠤ᠎ᠶ᠋ᠢᠨ ᠡᠷᠬᠢᠮ ᠨᠠᠨᠳᠢᠨ ᠥᠪ ᠬᠦᠷᠦᠩᠭᠡ ᠮᠥᠨ᠃ ᠴᠠᠭ ᠦᠶ᠎ᠡ ᠬᠡᠷᠬᠢᠨ ᠬᠤᠪᠢᠷᠠᠵᠤ᠂ ᠳᠡᠯᠡᠬᠡᠢ᠎ᠶ᠋ᠢᠨ ᠪᠠᠢᠳᠠᠯ ᠬᠡᠷᠬᠢᠨ ᠬᠤᠪᠢᠷᠠᠭ᠍ᠰᠠᠨ ᠴᠤ᠌ ᠳᠤᠮᠳᠠᠳᠤ ᠰᠣᠯᠣᠩᠭᠣᠰ᠎ᠤᠨ ᠤᠯᠠᠮᠵᠢᠯᠠᠯᠲᠤ ᠨᠥᠬᠥᠷᠯᠡᠯ ᠢᠮᠠᠭ᠍ᠲᠠ ᠡᠪᠳᠡᠷᠡᠰᠢ ᠦᠭᠡᠢ ᠪᠠᠲᠤ ᠪᠡᠬᠢ ᠪᠠᠢᠵᠤ᠂ ᠶᠠᠪᠤᠬᠤ ᠲᠤᠳᠤᠮ ᠪᠡᠬᠢᠵᠢᠵᠦ᠍᠂ ᠴᠤᠭ ᠪᠠᠳᠠᠷᠠᠩᠭᠤᠢ ᠠᠮᠢᠵᠢᠷᠠᠯ᠎ᠤᠨ ᠬᠦᠴᠦᠨ᠎ᠢᠶᠡᠨ ᠲᠠᠰᠤᠷᠠᠯᠳᠠ ᠦᠭᠡᠢ ᠪᠠᠳᠠᠷᠠᠭᠤᠯᠤᠭᠰᠠᠨ ᠪᠠᠢᠨ᠎ᠠ᠃
ᠬᠠᠮᠤᠭ᠎ᠤᠨ ᠳᠡᠭᠡᠳᠦ ᠳᠠᠪᠬᠤᠷᠭ᠎ᠠ᠎ᠶᠢᠨ ᠪᠠᠢᠯᠳᠤᠬᠤ ᠪᠣᠳᠣᠯᠭ᠎ᠠ᠎ᠶᠢᠨ ᠵᠢᠯᠣᠭᠣᠳᠤᠮᠵᠢ ᠪᠣᠯ ᠳᠤᠮᠳᠠᠳᠤ ᠰᠣᠯᠣᠩᠭᠣᠰ᠎ᠤᠨ ᠬᠠᠷᠢᠯᠴᠠᠭ᠎ᠠ᠎ᠶᠢᠨ ᠬᠠᠮᠤᠭ᠎ᠤᠨ ᠶᠡᠬᠡ ᠳᠠᠪᠠᠭᠤᠯᠢᠭ᠋ ᠪᠣᠯᠣᠨ᠎ᠠ᠃ ᠲᠡᠦᠬᠡᠨ ᠳᠡᠭᠡᠷ᠎ᠡ ᠳᠤᠮᠳᠠᠳᠤ ᠰᠣᠯᠣᠩᠭᠣᠰ᠎ᠤᠨ ᠠᠬᠠᠮᠠᠳ ᠨᠢᠭᠡ ᠦᠶ᠎ᠡ᠎ᠶᠢᠨ ᠤᠳᠤᠷᠢᠳᠬᠤ ᠬᠥᠮᠥᠰ ᠲᠠᠨᠢᠯᠴᠠᠨ ᠤᠢᠯᠠᠭᠠᠯᠴᠠᠵᠤ᠂ ᠨᠠᠢᠷᠰᠠᠭ ᠳᠣᠲᠣᠨᠣ᠌ ᠪᠠᠢᠭᠰᠠᠨ᠃ ᠣᠢᠷ᠎ᠠ᠎ᠶᠢᠨ ᠵᠢᠯ᠎ᠡᠴᠡ ᠪᠢ ᠶᠡᠷᠦᠩᠬᠡᠢ ᠱᠦᠵᠢ᠎ᠶᠢᠨ ᠵᠧᠩ ᠧᠨ᠎ᠲᠠᠢ 6 ᠤᠳᠠᠭ᠎ᠠ ᠠᠭᠤᠯᠵᠠᠵᠤ᠂ ᠪᠠᠢᠯᠳᠤᠬᠤ ᠪᠣᠳᠣᠯᠭ᠎ᠠ᠎ᠶᠢᠨ ᠨᠢᠭ᠍ᠲᠠ ᠣᠯᠣᠯᠴᠠᠭ᠎ᠠ᠎ᠪᠠᠨ ᠪᠠᠲᠤᠯᠠᠵᠤ᠂ ᠳᠤᠮᠳᠠᠳᠤ ᠰᠣᠯᠣᠩᠭᠣᠰ᠎ᠤᠨ ᠬᠠᠷᠢᠯᠴᠠᠭᠠᠨ᠎ᠤ ᠬᠥᠭᠵᠢᠯᠲᠡ᠎ᠶᠢᠨ ᠠᠤᠭ᠎ᠠ ᠲᠦᠰᠦᠪ ᠢ ᠬᠠᠮᠲᠤ ᠪᠠᠷ ᠵᠢᠷᠤᠭᠯᠠᠪᠠ᠃ ᠳᠤᠮᠳᠠᠳᠤ ᠰᠣᠯᠣᠩᠭᠣᠰ᠎ᠤᠨ ᠬᠠᠷᠢᠯᠴᠠᠭᠠᠨ᠎ᠤ ᠡᠨᠡ ᠬᠦ᠌ ᠬᠥᠯᠭᠡ ᠣᠩᠭᠣᠴᠠ ᠵᠢ ᠬᠠᠮᠤᠭ᠎ᠤᠨ ᠳᠡᠭᠡᠳᠦ ᠤᠳᠤᠷᠢᠳᠬᠤ ᠬᠥᠮᠥᠨ ᠠᠶᠠᠯᠠᠯ᠎ᠢ ᠵᠠᠯᠠᠨ ᠵᠠᠯᠠᠭᠤᠷ ᠢ ᠠᠳᠬᠤᠵᠤ ᠪᠠᠢᠭᠰᠠᠨ ᠴᠠᠭ ᠲᠦ᠍ ᠯᠠᠪᠳᠠᠶ᠎ᠠ ᠰᠠᠯᠬᠢ ᠳᠠᠪᠠᠯᠭᠠᠨ᠎ᠢ ᠰᠦᠷᠦᠨ ᠡᠷᠡᠯᠬᠡᠭᠯᠡᠨ ᠤᠷᠤᠭᠰᠢᠯᠠᠨ᠎ᠠ ᠭᠡᠳᠡᠭ᠎ᠢ ᠪᠢ ᠪᠠᠲᠤ ᠢᠲᠡᠭᠡᠵᠦ ᠪᠠᠢᠨ᠎ᠠ᠃
ᠨᠡᠢᠭᠡᠮ ᠵᠢᠷᠤᠮ᠎ᠤᠨ ᠬᠠᠮᠲᠤ᠎ᠶᠢᠨ ᠬᠦᠰᠡᠯᠡᠩ ᠪᠣᠯ ᠳᠤᠮᠳᠠᠳᠤ ᠰᠣᠯᠣᠩᠭᠣᠰ᠎ᠤᠨ ᠬᠠᠷᠢᠯᠴᠠᠭᠠᠨ᠎ᠤ ᠢᠯᠡ ᠲᠣᠳᠣ᠌ ᠳᠡᠪᠢᠰᠭᠡᠷ ᠥᠩᠭᠡ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠣᠨ ᠰᠣᠯᠣᠩᠭᠣᠰ᠎ᠤᠨ ᠬᠥᠳᠡᠯᠮᠦᠷᠢᠴᠢᠨ᠎ᠦ ᠨᠠᠮ ᠪᠣᠯ ᠴᠥᠮ ᠮᠠᠷᠺᠰ᠎ᠤᠨ ᠦᠵᠡᠯ᠎ᠦᠨ ᠲᠦᠷᠦ ᠪᠠᠷᠢᠭ᠍ᠴᠢ ᠨᠠᠮ ᠮᠥᠨ᠂ ᠳᠤᠮᠳᠠᠳᠤ ᠰᠣᠯᠣᠩᠭᠣᠰ ᠬᠣᠶᠠᠷ ᠤᠯᠤᠰ ᠪᠣᠯ ᠨᠡᠢᠭᠡᠮ ᠵᠢᠷᠤᠮ᠎ᠤᠨ ᠵᠠᠮ᠎ᠢᠶᠠᠷ ᠬᠠᠮᠲᠤ ᠠᠶᠠᠯᠠᠭᠴᠢ ᠮᠥᠨ᠃ ᠬᠣᠶᠠᠷ ᠨᠠᠮ ᠬᠣᠶᠠᠷ ᠤᠯᠤᠰ ᠭᠠᠷ ᠬᠣᠯᠪᠣᠯᠴᠠᠨ ᠥᠪᠡᠷ ᠥᠪᠡᠷ᠎ᠦᠨ ᠨᠠᠮ ᠪᠣᠯᠣᠨ ᠤᠯᠤᠰ᠎ᠤᠨ ᠦᠢᠯᠡᠰ᠎ᠦᠨ ᠬᠥᠭᠵᠢᠯᠲᠡ᠎ᠪᠡᠨ ᠠᠬᠢᠭᠤᠯᠵᠤ᠂ ᠪᠣᠳᠠᠲᠠᠢ᠎ᠶᠢ ᠡᠷᠬᠢᠮᠯᠡᠭᠰᠡᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭᠠᠳᠬᠠᠪᠠᠯ ᠯᠠᠪᠳᠠᠶ᠎ᠠ ᠤᠯᠤᠰ᠎ᠤᠨ ᠴᠡᠴᠡᠭᠯᠡᠯ ᠬᠥᠭᠵᠢᠯ ᠪᠠᠶᠠᠨ ᠬᠦᠴᠦᠷᠬᠡᠭ ᠪᠣᠯᠣᠨ ᠠᠷᠠᠳ ᠲᠦᠮᠡᠨ᠎ᠦ ᠵᠣᠯ ᠵᠢᠷᠭᠠᠯ ᠠᠮᠤᠷ ᠠᠮᠤᠭᠤᠯᠠᠩ᠎ᠢ ᠬᠦᠴᠦᠲᠡᠢ ᠠᠬᠢᠭᠤᠯᠵᠤ᠂ ᠨᠡᠢᠭᠡᠮ ᠵᠢᠷᠤᠮ᠎ᠤᠨ ᠢᠯᠡᠷᠬᠡᠢ ᠳᠠᠪᠠᠭᠤᠯᠢᠭ᠋ ᠪᠣᠯᠣᠨ ᠬᠡᠬᠡᠨ ᠰᠠᠷᠠᠭᠤᠯ ᠠᠯᠤᠰ ᠢᠷᠡᠭᠡᠳᠦᠢ᠎ᠶᠢ ᠳᠠᠰᠤᠷᠠᠯᠳᠠ ᠦᠭᠡᠢ ᠬᠠᠷᠠᠭᠤᠯᠬᠤ ᠪᠣᠯᠣᠨ᠎ᠠ ᠭᠡᠳᠡᠭ᠎ᠢ ᠪᠢ ᠪᠠᠲᠤ ᠢᠲᠡᠭᠡᠵᠦ ᠪᠠᠢᠨ᠎ᠠ᠃
ᠬᠤᠪᠢ ᠵᠠᠶᠠᠭ᠎ᠠ᠎ᠪᠠᠨ ᠬᠠᠮᠲᠤᠳᠬᠠᠭᠰᠠᠨ ᠤᠯᠠᠮᠵᠢᠯᠠᠯᠲᠤ ᠨᠥᠬᠥᠷᠯᠡᠯ ᠪᠣᠯ ᠳᠤᠮᠳᠠᠳᠤ ᠰᠣᠯᠣᠩᠭᠣᠰ᠎ᠤᠨ ᠬᠠᠷᠢᠯᠴᠠᠭᠠᠨ᠎ᠤ ᠭᠦᠨ ᠵᠤᠵᠠᠭᠠᠨ ᠦᠨᠳᠦᠰᠦ ᠰᠠᠭᠤᠷᠢ ᠮᠥᠨ᠃ ᠤᠯᠤᠰ ᠣᠷᠣᠨ᠎ᠤ ᠲᠤᠰᠠᠭᠠᠷ ᠲᠣᠭᠲᠠᠨᠢᠯ ᠪᠠ ᠦᠨᠳᠦᠰᠦᠲᠡᠨ ᠦ ᠴᠢᠯᠦᠭᠡᠯᠡᠯᠲᠡ᠎ᠶᠢ ᠲᠡᠮᠡᠴᠡᠭᠰᠡᠨ ᠢᠷᠠᠭᠤ ᠭᠠᠢᠬᠠᠮᠰᠢᠭ᠍ᠲᠤ ᠣᠨ ᠵᠢᠯ᠎ᠤᠳ ᠲᠦ᠍ ᠳᠤᠮᠳᠠᠳᠤ ᠰᠣᠯᠣᠩᠭᠣᠰ ᠬᠣᠶᠠᠷ ᠤᠯᠤᠰ᠎ᠤᠨ ᠠᠷᠠᠳ ᠲᠦᠮᠡᠨ ᠵᠢᠷᠭᠠᠯ ᠵᠣᠪᠠᠯᠠᠩ᠎ᠢᠶᠠᠨ ᠬᠠᠮᠲᠤᠳᠬᠠᠨ᠂ ᠦᠬᠦᠵᠦ ᠰᠡᠭᠡᠬᠦ᠎ᠪᠡᠨ ᠬᠠᠮᠲᠤᠳᠬᠠᠵᠤ᠂ ᠠᠷᠢᠭᠤᠨ ᠴᠢᠰᠤ᠎ᠪᠠᠷ᠎ᠢᠶᠠᠨ ᠠᠭᠤᠤ ᠶᠡᠬᠡ ᠲᠠᠢ᠍ᠢᠨᠤ ᠨᠥᠬᠥᠷᠯᠡᠯ᠎ᠢ ᠪᠠᠲᠤᠳᠬᠠᠭᠰᠠᠨ ᠶᠤᠮ᠃ ᠲᠤᠰ ᠲᠤᠰ᠎ᠤᠨ᠎ᠢᠶᠠᠨ ᠨᠡᠢᠭᠡᠮ ᠵᠢᠷᠤᠮ᠎ᠤᠨ ᠦᠢᠯᠡᠰ᠎ᠦᠨ ᠬᠥᠭᠵᠢᠯᠲᠡ ᠳᠤᠮᠳᠠ ᠬᠣᠶᠠᠷ ᠤᠯᠤᠰ᠎ᠤᠨ ᠠᠷᠠᠳ ᠲᠦᠮᠡᠨ ᠭᠠᠷ ᠬᠣᠯᠪᠣᠯᠴᠠᠵᠤ ᠮᠥᠷᠥ ᠵᠡᠷᠭᠡᠴᠡᠨ᠂ ᠵᠢᠷᠭᠠᠯ ᠵᠣᠪᠠᠯᠠᠩ᠎ᠢᠶᠠᠨ ᠬᠠᠮᠲᠤᠳᠬᠠᠵᠤ᠂ ᠬᠠᠷᠢᠯᠴᠠᠨ ᠢᠲᠡᠭᠡᠯᠴᠡᠭᠰᠡᠨ᠂ ᠪᠦᠯᠬᠦᠮᠳᠡᠨ ᠬᠠᠪᠰᠤᠷᠤᠯᠴᠠᠭᠰᠠᠨ ᠨᠥᠬᠥᠷ᠎ᠦᠨ ᠬᠠᠢᠷ᠎ᠠ ᠰᠡᠳᠬᠢᠯ ᠢ ᠠᠮᠢᠳᠤᠯᠢᠭ᠋᠎ᠢᠶᠠᠷ ᠲᠠᠢᠯᠪᠤᠷᠢᠯᠠᠪᠠ᠃ ᠴᠠᠭ ᠦᠶ᠎ᠡ᠎ᠶᠢᠨ ᠬᠤᠪᠢᠷᠠᠯᠲᠠ ᠪᠣᠯᠣᠨ ᠳᠡᠯᠡᠬᠡᠢ᠎ᠶᠢᠨ ᠤᠷᠪᠠᠭᠠᠨ ᠬᠥᠷᠪᠡᠭᠡᠨ᠎ᠲᠠᠢ ᠬᠤᠪᠢᠷᠠᠯᠲᠠ᠎ᠶᠢᠨ ᠰᠢᠯᠭᠠᠯᠲᠠ᠎ᠶᠢ ᠥᠩᠭᠡᠷᠡᠭᠦᠯᠦᠭᠰᠡᠨ ᠳᠤᠮᠳᠠᠳᠤ ᠰᠣᠯᠣᠩᠭᠣᠰ᠎ᠤᠨ ᠤᠯᠠᠮᠵᠢᠯᠠᠯᠲᠤ ᠨᠥᠬᠥᠷᠯᠡᠯ ᠯᠠᠪᠲᠠᠢ ᠦᠶ᠎ᠡ ᠵᠢᠨ ᠦᠶ᠎ᠡ᠎ᠳᠦ ᠤᠯᠠᠮᠵᠢᠯᠠᠭᠳᠠᠵᠤ᠂ ᠥᠨᠢ ᠡᠭᠦᠷᠢᠳᠡ ᠮᠥᠩᠬᠡᠷᠡᠨ᠎ᠡ ᠭᠡᠳᠡᠭ᠎ᠢ ᠪᠢ ᠪᠠᠲᠤ ᠢᠲᠡᠭᠡᠵᠦ ᠪᠠᠢᠨ᠎ᠠ᠃
ᠥᠨᠳᠥᠷ ᠲᠦᠪᠱᠢᠨ ᠪᠦᠬᠦᠢ ᠪᠠᠢᠯᠳᠤᠬᠤ ᠪᠤᠳᠤᠯᠭ᠎ᠠ᠎ᠶ᠋ᠢᠨ ᠬᠠᠮᠵᠢᠯᠴᠠᠭ᠎ᠠ ᠪᠣᠯ ᠳᠤᠮᠳᠠᠳᠤ ᠰᠣᠯᠣᠩᠭᠣᠰ᠎ᠤᠨ ᠬᠠᠷᠢᠯᠴᠠᠭᠠᠨ᠎ᠤ ᠴᠠᠭ ᠦᠶ᠎ᠡ᠎ᠶ᠋ᠢᠨ ᠠᠭᠤᠯᠤᠭ᠍ᠳᠠᠬᠤᠨ ᠮᠥᠨ᠃ ᠭᠠᠵᠠᠷ ᠣᠷᠣᠨ᠎ᠤ ᠥᠨᠢ ᠤᠳᠠᠭᠠᠨ ᠠᠮᠤᠷ ᠲᠣᠭ᠍ᠲᠠᠭᠤᠨ᠂ ᠳᠡᠯᠡᠬᠡᠢ᠎ᠶ᠋ᠢᠨ ᠡᠩᠬᠡ ᠲᠠᠢᠪᠤᠩ ᠲᠣᠭ᠍ᠲᠠᠭᠤᠨ᠎ᠢ ᠠᠬᠢᠭᠤᠯᠬᠤ ᠪᠣᠯ ᠬᠣᠶᠠᠷ ᠨᠠᠮ ᠬᠣᠶᠠᠷ ᠤᠯᠤᠰ ᠪᠣᠯᠤᠨ ᠬᠣᠶᠠᠷ ᠤᠯᠤᠰ᠎ᠤᠨ ᠠᠷᠠᠳ ᠲᠦᠮᠡᠨ᠎ᠦ ᠬᠠᠮᠲᠤ ᠶ᠋ᠢᠨ ᠬᠥᠭᠡᠭᠡᠴᠡᠯᠳᠦᠯ ᠮᠥᠨ᠃ ᠬᠣᠶᠠᠷ ᠲᠠᠯ᠎ᠠ᠎ᠪᠠᠷ᠎ᠢᠶᠠᠨ ᠲᠤᠰ ᠲᠤᠰ᠎ᠤᠨ᠎ᠢᠶᠠᠨ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠪᠠᠨ ᠬᠠᠮᠠᠭᠠᠯᠠᠬᠤ᠎ᠶ᠋ᠢ ᠡᠷᠡᠰ ᠲᠡᠮᠵᠢᠵᠥ᠍᠂ ᠭᠠᠵᠠᠷ ᠣᠷᠣᠨ᠎ᠤ ᠡᠩᠬᠡ ᠲᠠᠢᠪᠤᠩ ᠠᠮᠤᠷ ᠲᠣᠭ᠍ᠲᠠᠭᠤᠨ᠂ ᠤᠯᠠᠨ ᠤᠯᠤᠰ ᠤᠨ ᠲᠥᠪ ᠭᠣᠣᠯᠴᠢ ᠱᠢᠳᠤᠷᠭᠤ ᠶᠣᠰᠣ ᠪᠣᠯᠤᠨ ᠲᠠᠢ᠌ᠨ᠎ᠦ ᠳᠠᠷᠠᠭᠠᠬᠢ ᠤᠯᠠᠨ ᠤᠯᠤᠰ ᠤᠨ ᠡᠮᠬᠢ ᠳᠢᠭ᠌ᠯᠢᠮ᠎ᠢ ᠭᠠᠷ ᠬᠣᠯᠪᠣᠨ ᠬᠠᠮᠠᠭᠠᠯᠠᠪᠠ᠃ ᠳᠤᠮᠳᠠᠳᠤ ᠰᠣᠯᠣᠩᠭᠣᠰ ᠬᠣᠶᠠᠷ ᠲᠠᠯ᠎ᠠ᠎ᠪᠠᠷ᠎ᠢᠶᠠᠨ ᠪᠠᠢᠯᠳᠤᠬᠤ ᠪᠤᠳᠤᠯᠭ᠎ᠠ᠎ᠶ᠋ᠢᠨ ᠬᠠᠮᠵᠢᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠵᠤ᠂ ᠯᠠᠪᠲᠠᠢ ᠡᠩᠬᠡ ᠲᠠᠢᠪᠤᠩ ᠬᠥᠭ᠌ᠵᠢᠯᠲᠡ᠂ ᠬᠠᠮᠲᠤᠷᠠᠯᠴᠠᠭ᠎ᠠ ᠬᠢᠵᠦ᠍ ᠬᠠᠮᠲᠤ᠎ᠪᠠᠷ ᠠᠱᠢᠭ ᠬᠦᠷᠳᠡᠬᠦ᠌ ᠬᠥᠮᠦᠨ᠎ᠦ ᠶᠢᠷᠲᠢᠨᠴᠦ᠍᠎ᠶ᠋ᠢᠨ ᠵᠥᠪ ᠵᠠᠮ᠎ᠢᠶᠠᠷ ᠬᠠᠮᠲᠤ᠎ᠪᠠᠷ ᠰᠠᠢᠲᠤᠷ ᠵᠠᠮᠨᠠᠬᠤ᠎ᠶ᠋ᠢ ᠪᠢ ᠪᠠᠲᠤ ᠢᠲᠡᠭᠡᠵᠦ᠍ ᠪᠠᠢᠨ᠎ᠠ᠃
ᠤᠢ᠍ᠢᠷ᠎ᠠ᠎ᠶ᠋ᠢᠨ ᠵᠢᠯ ᠡᠴᠡ ᠲᠦᠷᠭᠡᠨ ᠤᠯᠠᠷᠢᠵᠤ ᠪᠠᠢᠭ᠎ᠠ ᠳᠡᠯᠡᠬᠡᠢ᠎ᠶᠢᠨ ᠵᠠᠭᠤᠨ ᠵᠢᠯ᠎ᠳᠦ ᠳᠤᠬᠢᠶᠠᠯᠳᠤᠭ᠎ᠠ ᠦᠭᠡᠢ ᠬᠤᠪᠢᠰᠤᠯᠲᠠ ᠪᠣᠯᠤᠨ ᠡᠭᠡᠳᠡᠷᠡᠭᠡᠨ ᠪᠤᠳᠤᠯᠢᠶᠠᠨᠳᠠᠢ ᠳᠡᠯᠡᠬᠡᠢ᠎ᠶ᠋ᠢᠨ ᠪᠠᠢᠳᠠᠯ᠎ᠤᠨ ᠡᠮᠦᠨ᠎ᠡ ᠳᠤᠮᠳᠠᠳᠤ ᠰᠣᠯᠣᠩᠭᠣᠰ ᠬᠣᠶᠠᠷ ᠲᠠᠯ᠎ᠠ᠎ᠪᠠᠷ᠎ᠢᠶᠠᠨ ᠬᠦᠴᠦ᠍᠎ᠪᠡᠨ ᠲᠥᠪᠯᠡᠷᠡᠭᠦᠯᠦᠨ ᠥᠪᠡᠷ ᠦᠨ ᠶᠠᠪᠤᠳᠠᠯ᠎ᠢᠶᠠᠨ ᠰᠠᠢᠲᠤᠷ ᠬᠢᠵᠦ᠍᠂ ᠨᠡᠢᠭᠡᠮ ᠵᠢᠷᠤᠮ᠎ᠤᠨ ᠵᠠᠮ᠎ᠢᠶᠠᠷ ᠡᠷᠡᠮᠡᠬᠡᠢᠯᠡᠨ ᠤᠷᠤᠭ᠍ᠰᠢᠯᠠᠵᠤ᠂ ᠴᠥᠬᠥᠷᠡᠰᠢ ᠦᠭᠡᠢ ᠲᠡᠮᠡᠴᠡᠪᠡ᠃ ᠳᠤᠮᠳᠠᠳᠤ ᠤᠯᠤᠰ 《ᠠᠷᠪᠠᠨ ᠲᠠᠪᠤᠳᠤᠭᠠᠷ ᠲᠠᠪᠤᠨ ᠵᠢᠯ》᠎ᠢ᠋ ᠰᠠᠢᠳᠤᠷ ᠡᠬᠢᠯᠡᠬᠦᠯᠬᠦ᠎ᠶ᠋ᠢ ᠪᠡᠶᠡᠯᠡᠭᠦᠯᠵᠦ᠍᠂ ᠣᠳᠣ ᠶᠠᠭ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠪᠤᠶ ᠪᠣᠯᠭᠠᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠯ᠎ᠦᠨ ᠬᠠᠷᠠᠯᠲᠠ ᠵᠦᠭ ᠶᠡᠬᠡ ᠠᠯᠬᠤᠮ᠎ᠢᠶᠠᠷ ᠤᠷᠤᠭ᠍ᠰᠢᠯᠠᠵᠤ ᠪᠠᠢᠨ᠎ᠠ᠃ ᠰᠣᠯᠣᠩᠭᠣᠰ᠎ᠤᠨ ᠬᠥᠳᠡᠯᠮᠦᠷᠢᠴᠢᠨ ᠦ ᠨᠠᠮ ᠶᠢᠰᠦᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ᠎ᠢ ᠠᠮᠵᠢᠯᠲᠠ᠎ᠲᠠᠶ ᠬᠤᠷᠠᠯᠳᠤᠭᠤᠯᠵᠤ᠂ ᠰᠣᠯᠣᠩᠭᠣᠰ᠎ᠤᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠪᠠᠢᠯᠳᠤᠬᠤ ᠪᠤᠳᠤᠯᠭ᠎ᠠ᠎ᠶ᠋ᠢᠨ ᠲᠥᠯᠥᠪᠵᠢᠭᠦᠯᠭᠡ ᠪᠣᠯᠤᠨ ᠴᠢᠬᠤᠯᠠ ᠶᠡᠬᠡ ᠪᠠᠢᠷᠢᠯᠠᠭᠤᠯᠤᠯᠲᠠ ᠬᠢᠵᠦ᠍᠂ ᠨᠡᠢᠭᠡᠮ ᠵᠢᠷᠤᠮ ᠤᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢᠨ ᠱᠢᠨ᠎ᠡ ᠴᠠᠭ ᠦᠶ᠎ᠡ᠎ᠶ᠋ᠢ ᠨᠡᠭᠡᠭᠡᠪᠡ᠃
ᠳᠤᠮᠳᠠᠳᠤ ᠰᠣᠯᠣᠩᠭᠣᠰ᠎ᠤᠨ ᠬᠠᠷᠢᠯᠴᠠᠭ᠎ᠠ᠎ᠶ᠋ᠢ ᠰᠠᠢᠲᠤᠷ ᠬᠠᠮᠠᠭᠠᠯᠠᠵᠤ᠂ ᠰᠠᠢᠲᠤᠷ ᠪᠡᠬᠢᠵᠢᠭᠦᠯᠵᠦ᠍᠂ ᠰᠠᠢᠲᠤᠷ ᠬᠥᠭ᠌ᠵᠢᠭᠦᠯᠬᠦ᠌ ᠪᠣᠯ ᠳᠤᠮᠳᠠᠳᠤ ᠤᠯᠤᠰ᠎ᠤᠨ ᠨᠠᠮ ᠪᠣᠯᠤᠨ ᠵᠠᠰᠠᠭ᠎ᠤᠨ ᠣᠷᠳᠣᠨ᠎ᠤ ᠢᠮᠠᠭ᠍ᠲᠠ ᠡᠷᠡᠰ ᠭᠤᠢᠪᠢᠰᠢ ᠦᠭᠡᠢ ᠪᠠᠷᠢᠮᠲᠠᠯᠠᠬᠤ ᠴᠢᠭ᠌ᠯᠡᠯᠲᠡ ᠪᠣᠯᠤᠨ᠎ᠠ᠃ ᠣᠳᠣᠬᠠᠨ᠎ᠳᠤ ᠳᠤᠮᠳᠠᠳᠤ ᠰᠣᠯᠣᠩᠭᠣᠰ᠎ᠤᠨ ᠬᠠᠷᠢᠯᠴᠠᠭ᠎ᠠ ᠱᠢᠨ᠎ᠡ ᠲᠡᠦᠬᠡ᠎ᠶ᠋ᠢᠨ ᠭᠠᠷᠤᠭ᠎ᠠ᠎ᠳᠤ ᠵᠣᠭ᠍ᠰᠣᠵᠤ᠂ ᠱᠢᠨ᠎ᠡ ᠬᠥᠭ᠌ᠵᠢᠯᠲᠡ᠎ᠶ᠋ᠢᠨ ᠠᠵᠠ ᠲᠣᠬᠢᠶᠠᠯ ᠲᠤᠯᠭᠠᠷᠠᠵᠤ᠂ ᠱᠢᠨ᠎ᠡ ᠴᠠᠭ ᠦᠶ᠎ᠡ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠪᠠᠢᠨ᠎ᠠ᠃ ᠳᠤᠮᠳᠠᠳᠤ ᠤᠯᠤᠰ ᠳᠤᠷᠠᠲᠠᠶ᠎ᠠ ᠰᠣᠯᠣᠩᠭᠣᠰ᠎ᠤᠨ ᠬᠢᠨ᠎ᠲᠡᠶ ᠬᠠᠮᠲᠤ᠎ᠪᠠᠷ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠡᠴᠡ ᠳᠤᠮᠳᠠᠳᠤ ᠰᠣᠯᠣᠩᠭᠣᠰ᠎ᠤᠨ ᠬᠠᠷᠢᠯᠴᠠᠭ᠎ᠠ᠎ᠶ᠋ᠢ ᠡᠵᠡᠮᠳᠡᠵᠦ᠍᠂ ᠳᠤᠮᠳᠠᠳᠤ ᠰᠣᠯᠣᠩᠭᠣᠰ᠎ᠤᠨ ᠬᠠᠷᠢᠯᠴᠠᠭ᠎ᠠ᠎ᠶ᠋ᠢᠨ ᠴᠠᠭ ᠦᠶ᠎ᠡ᠎ᠶ᠋ᠢ ᠲᠠᠭᠠᠨ ᠪᠦᠬᠦ᠌ ᠲᠠᠯ᠎ᠠ᠎ᠪᠠᠷ ᠤᠷᠤᠭ᠍ᠰᠢᠯᠠᠬᠤ᠂ ᠨᠡᠩ ᠶᠡᠬᠡ ᠬᠥᠭ᠌ᠵᠢᠯᠲᠡ᠎ᠲᠡᠶ ᠪᠣᠯᠬᠤ᠎ᠶ᠋ᠢ ᠠᠬᠢᠭᠤᠯᠤᠨ᠎ᠠ᠃
— ᠪᠠᠢᠯᠳᠤᠬᠤ ᠪᠤᠳᠤᠯᠭ᠎ᠠ᠎ᠶ᠋ᠢᠨ ᠤᠯᠤᠯᠴᠠᠭ᠎ᠠ᠎ᠪᠠᠨ ᠭᠦᠨᠵᠡᠭᠡᠢᠷᠡᠭᠦᠯᠵᠦ᠍᠂ ᠳᠤᠮᠳᠠᠳᠤ ᠰᠣᠯᠣᠩᠭᠣᠰ᠎ᠤᠨ ᠬᠠᠷᠢᠯᠴᠠᠭᠠᠨ᠎ᠤ ᠬᠥᠭ᠌ᠵᠢᠯᠲᠡ᠎ᠶ᠋ᠢᠨ ᠵᠥᠪ ᠴᠢᠭ᠌ᠯᠡᠯ᠎ᠢ ᠪᠠᠲᠤ ᠡᠵᠡᠮᠳᠡᠶ᠎ᠡ᠃ ᠪᠢᠳᠡ ᠬᠣᠶᠠᠷ ᠨᠠᠮ ᠬᠣᠶᠠᠷ ᠤᠯᠤᠰ᠎ᠤᠨ ᠳᠡᠭᠡᠳᠦ ᠳᠠᠪᠬᠤᠷᠭ᠎ᠠ᠎ᠶ᠋ᠢᠨ ᠶᠠᠪᠤᠯᠴᠠᠭᠠᠨ᠎ᠤ ᠱᠢᠯᠢᠳᠡᠭ ᠤᠯᠠᠮᠵᠢᠯᠠᠯ᠎ᠢ ᠪᠠᠲᠤᠯᠠᠵᠤ᠂ ᠰᠠᠳᠤᠨ ᠲᠦᠷᠦᠯ ᠱᠢᠭ ᠦᠷᠭᠦᠯᠵᠢ ᠶᠠᠪᠤᠯᠴᠠᠵᠤ᠂ ᠢᠯᠡᠭᠦᠬᠡᠨ ᠶᠠᠪᠤᠯᠴᠠᠶᠠ᠃ 《ᠳᠤᠮᠳᠠᠳᠤ ᠰᠣᠯᠣᠩᠭᠣᠰ᠎ᠤᠨ ᠨᠥᠬᠥᠷᠰᠡᠭ ᠬᠠᠮᠳᠤᠷᠠᠯᠴᠠᠵᠤ ᠬᠠᠷᠢᠯᠴᠠᠨ ᠬᠠᠪᠰᠤᠷᠤᠯᠴᠠᠬᠤ ᠭᠡᠷ᠎ᠡ》 ᠲᠣᠭ᠍ᠲᠠᠭ᠍ᠰᠠᠨ 65 ᠵᠢᠯ᠎ᠦᠨ ᠣᠶ᠎ᠪᠠᠷ ᠠᠵᠠ ᠲᠣᠬᠢᠶᠠᠯ ᠪᠣᠯᠭᠠᠵᠤ᠂ ᠨᠠᠮ ᠵᠠᠰᠠᠭ ᠴᠡᠷᠢᠭ ᠦᠨ ᠡᠯ᠎ᠡ ᠰᠠᠯᠠᠭ᠎ᠠ ᠮᠥᠴᠢᠷ᠎ᠦᠨ ᠡᠯ᠎ᠡ ᠳᠡᠰ ᠳᠠᠪᠬᠤᠷᠭ᠎ᠠ᠎ᠶ᠋ᠢᠨ ᠤᠯᠤᠯᠴᠠᠭ᠎ᠠ ᠶᠠᠪᠤᠯᠴᠠᠭ᠎ᠠ᠎ᠶ᠋ᠢ ᠴᠢᠩᠭᠠᠳᠭᠠᠵᠤ᠂ ᠬᠣᠶᠠᠷ ᠲᠠᠯ᠎ᠠ᠎ᠶ᠋ᠢᠨ ᠴᠢᠬᠤᠯᠠ ᠬᠠᠮᠲᠤ᠎ᠶ᠋ᠢᠨ ᠲᠠᠨᠢᠯᠲᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠳᠤᠮᠳᠠᠳᠤ ᠰᠣᠯᠣᠩᠭᠣᠰ᠎ᠤᠨ ᠬᠠᠷᠢᠯᠴᠠᠭᠠᠨ᠎ᠤ ᠬᠥᠭ᠌ᠵᠢᠯᠲᠡ᠎ᠳᠦ ᠬᠦᠴᠦᠲᠡᠶ ᠬᠥᠳᠡᠯᠭᠡᠬᠦ᠌ ᠬᠦᠴᠦᠨ ᠨᠡᠮᠡᠷᠢᠯᠡᠶ᠎ᠡ᠃
— ᠰᠣᠯᠢᠯᠴᠠᠭ᠎ᠠ ᠬᠢᠵᠦ ᠬᠠᠷᠢᠯᠴᠠᠨ ᠲᠣᠯᠢ ᠪᠤᠯᠭᠠᠬᠤ᠎ᠶᠢ ᠴᠢᠩᠭᠠᠳᠬᠠᠵᠤ᠂ ᠬᠣᠶᠠᠷ ᠤᠯᠤᠰ᠎ᠤᠨ ᠨᠡᠢᠭᠡᠮ ᠵᠢᠷᠤᠮ᠎ᠤᠨ ᠦᠢᠯᠡᠰ᠎ᠦᠨ ᠯᠠᠪᠳᠠᠭᠤᠨ᠎ᠢᠶᠠᠷ ᠬᠤᠯᠠ ᠠᠶᠠᠯᠠᠬᠤ᠎ᠶᠢ ᠬᠠᠮᠲᠤ ᠪᠠᠷ ᠠᠬᠢᠭᠤᠯᠤᠶ᠎ᠠ᠃ ᠪᠢᠳᠡ ᠵᠠᠮ᠎ᠢᠶᠠᠨ ᠦᠯᠦ ᠬᠤᠪᠢᠷᠠᠭᠤᠯᠬᠤ᠂ ᠵᠣᠷᠢᠭ᠋᠎ᠢᠶᠠᠨ ᠦᠯᠦ ᠬᠤᠪᠢᠷᠠᠭᠤᠯᠬᠤ᠎ᠶᠢ ᠪᠠᠷᠢᠮᠲᠠᠯᠠᠵᠤ᠂ ᠬᠠᠷᠢᠯᠴᠠᠨ ᠲᠡᠮᠵᠢᠵᠤ ᠲᠤᠰ ᠤᠯᠤᠰ᠎ᠤᠨ᠎ᠢᠶᠠᠨ ᠪᠠᠢᠳᠠᠯ᠎ᠳᠤ ᠨᠡᠢᠴᠡᠭᠰᠡᠨ ᠨᠡᠢᠭᠡᠮ ᠵᠢᠷᠤᠮ ᠤᠨ ᠵᠠᠮ᠎ᠢᠶᠠᠷ ᠵᠠᠮᠨᠠᠵᠤ᠂ ᠬᠣᠶᠠᠷ ᠤᠯᠤᠰ᠎ᠤᠨ ᠤᠯᠤᠰ ᠲᠦᠷᠦ᠎ᠶᠢᠨ ᠠᠮᠤᠷ ᠲᠦᠪᠰᠢᠨ᠎ᠢ ᠡᠷᠡᠰ ᠬᠠᠮᠠᠭᠠᠯᠠᠶ᠎ᠠ᠃ ᠨᠠᠮ᠎ᠤᠨ ᠪᠦᠭᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠬᠣᠶᠠᠷ ᠨᠠᠮ᠎ᠤᠨ ᠶᠠᠪᠤᠯᠴᠠᠭ᠎ᠠ ᠬᠠᠮᠲᠤᠷᠠᠯᠴᠠᠭ᠎ᠠ᠎ᠶᠢ ᠥᠷᠭᠡᠳᠬᠡᠵᠦ᠂ ᠨᠠᠮ᠎ᠢ ᠵᠠᠰᠠᠬᠤ ᠲᠦᠷᠦ ᠶᠢ ᠵᠠᠰᠠᠬᠤ ᠲᠤᠷᠰᠢᠯᠭ᠎ᠠ᠎ᠪᠠᠨ ᠰᠣᠯᠢᠯᠴᠠᠵᠤ ᠬᠠᠷᠢᠯᠴᠠᠨ ᠲᠣᠯᠢ ᠪᠤᠯᠭᠠᠬᠤ᠎ᠶᠢ ᠭᠦᠨᠵᠡᠭᠡᠢᠷᠡᠭᠦᠯᠵᠦ᠂ ᠬᠣᠶᠠᠷ ᠤᠯᠤᠰ᠎ᠤᠨ ᠨᠡᠢᠭᠡᠮ ᠵᠢᠷᠤᠮ᠎ᠤᠨ ᠦᠢᠯᠡᠰ᠎ᠦᠨ ᠳᠠᠰᠤᠷᠠᠯᠳᠠ ᠦᠭᠡᠢ ᠢᠯᠠᠯᠲᠠ᠎ᠡᠴᠡ ᠢᠯᠠᠯᠲᠠ᠎ᠳᠤ ᠬᠦᠷᠬᠦ᠎ᠶᠢ ᠬᠥᠲᠥᠯᠥᠨ ᠳᠠᠭᠠᠭᠤᠯᠤᠶ᠎ᠠ᠃
︱ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠥᠷᠭᠡᠳᠬᠡᠵᠦ᠂ ᠬᠣᠶᠠᠷ ᠤᠯᠤᠰ᠎ᠤᠨ ᠠᠷᠠᠳ ᠲᠦᠮᠡᠨ ᠦ ᠪᠤᠶᠠᠨ ᠵᠢᠷᠭᠠᠯ ᠪᠠ ᠨᠥᠬᠥᠷᠯᠡᠯ᠎ᠢ ᠦᠷᠭᠦᠯᠵᠢᠯᠡᠨ ᠵᠤᠵᠠᠭᠠᠳᠭᠠᠶᠠ᠃ ᠪᠢᠳᠡ ᠬᠣᠶᠠᠷ ᠤᠯᠤᠰ᠎ᠤᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠵᠣᠯᠭᠠᠯᠴᠠᠭ᠎ᠠ᠎ᠶᠢ ᠴᠢᠩᠭᠠᠳᠬᠠᠵᠤ᠂ ᠡᠯ᠎ᠡ ᠬᠦᠷᠢᠶᠡᠨ᠎ᠦ ᠬᠠᠮᠲᠤᠷᠠᠯᠴᠠᠭᠠᠨ᠎ᠤ ᠳᠠᠯᠳᠠ ᠬᠦᠴᠦᠨ᠎ᠢ ᠠᠭᠤᠳᠠᠯᠵᠤ᠂ ᠠᠵᠠ ᠲᠣᠭᠢᠶᠠᠯ᠎ᠢ ᠬᠠᠮᠲᠤ ᠪᠠᠷ ᠡᠳ᠋ᠯᠡᠵᠦ᠂ ᠬᠥᠭᠵᠢᠯᠲᠡ᠎ᠶᠢ ᠬᠠᠮᠲᠤ ᠪᠠᠷ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢᠨ ᠠᠰᠢᠭ᠋ ᠬᠦᠷᠲᠡᠭᠡᠶ᠎ᠡ᠃ ᠠᠮᠢᠳᠤᠯᠢᠭ᠋ ᠣᠯᠠᠨ ᠶᠠᠩᠵᠤ᠎ᠶᠢᠨ ᠭᠡᠯᠪᠡᠷᠢ᠎ᠪᠡᠷ ᠳᠠᠮᠵᠢᠭᠤᠯᠤᠨ ᠨᠥᠭᠦᠷᠰᠡᠭ ᠶᠠᠪᠤᠯᠴᠠᠭ᠎ᠠ᠎ᠪᠠᠨ ᠦᠷᠭᠦᠯᠵᠢᠯᠡᠨ ᠬᠥᠭᠵᠢᠶᠡᠨᠲᠡᠢ ᠪᠤᠯᠭᠠᠵᠤ᠂ ᠣᠢᠯᠠᠭᠠᠯᠴᠠᠭ᠎ᠠ᠎ᠪᠠᠨ ᠭᠦᠨᠵᠡᠭᠡᠢᠷᠡᠭᠦᠯᠦᠨ᠂ ᠬᠠᠢᠷ᠎ᠠ ᠰᠡᠳᠬᠢᠯᠭᠡ᠎ᠶᠢᠨ ᠬᠣᠯᠪᠣᠭᠠᠰᠤ᠎ᠪᠠᠨ ᠴᠢᠩᠭᠠᠯᠠᠵᠤ᠂ ᠳᠤᠮᠳᠠᠳᠤ ᠰᠣᠯᠣᠩᠭᠣᠰ᠎ᠤᠨ ᠨᠥᠬᠥᠷᠯᠡᠯ᠎ᠦᠨ ᠪᠤᠤᠬᠢᠶ᠎ᠠ᠎ᠶᠢ ᠦᠶ᠎ᠡ᠎ᠶᠢᠨ ᠦᠶ᠎ᠡ᠎ᠳᠦ ᠤᠯᠠᠮᠵᠢᠯᠠᠶ᠎ᠠ᠃
︱ ᠤᠯᠠᠨ ᠲᠠᠯ᠎ᠠ᠎ᠶᠢᠨ ᠬᠠᠮᠵᠢᠯᠴᠠᠭ᠎ᠠ᠎ᠶᠢ ᠨᠢᠭ᠍ᠲᠠᠷᠠᠭᠤᠯᠵᠤ᠂ ᠳᠡᠯᠡᠬᠡᠢ᠎ᠶᠢᠨ ᠲᠥᠪ ᠭᠣᠣᠯᠴᠢ ᠰᠢᠳᠤᠷᠭᠤ ᠶᠣᠰᠣ᠌᠎ᠶᠢ ᠡᠷᠡᠰ ᠬᠠᠮᠠᠭᠠᠯᠠᠶ᠎ᠠ᠃ ᠪᠢᠳᠡ ᠴᠠᠭ ᠦᠶ᠎ᠡ᠎ᠶᠢᠨ ᠤᠷᠤᠰᠬᠠᠯ᠎ᠢ ᠳᠠᠭᠠᠵᠤ᠂ ᠪᠠᠢᠯᠳᠤᠬᠤ ᠪᠣᠳᠣᠯᠭ᠎ᠠ᠎ᠶᠢᠨ ᠨᠡᠪᠲᠡᠷᠡᠯᠴᠡᠭᠡ ᠪᠠ ᠵᠣᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭᠠᠳᠬᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠪᠠᠷ ᠭᠣᠣᠯ ᠪᠤᠯᠭᠠᠭᠰᠠᠨ ᠤᠯᠠᠨ ᠤᠯᠤᠰ᠎ᠤᠨ ᠰᠢᠰᠲᠧᠮ ᠪᠠ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠤᠯᠭᠠᠬ᠍ᠰᠠᠨ ᠤᠯᠠᠨ ᠤᠯᠤᠰ᠎ᠤᠨ ᠡᠮᠬᠢ ᠵᠢᠷᠤᠮ ᠢ ᠬᠠᠮᠲᠤ᠎ᠪᠠᠷ ᠬᠠᠮᠠᠭᠠᠯᠠᠵᠤ᠂ ᠡᠵᠡᠷᠬᠡᠭ ᠦᠵᠡᠯ ᠪᠠ ᠬᠦᠴᠦᠷᠬᠡᠭᠯᠡᠯ᠎ᠦᠨ ᠤᠯᠤᠰ ᠲᠦᠷᠦ ᠶᠢ ᠡᠰᠡᠷᠭᠦᠴᠡᠵᠦ᠂ ᠴᠡᠷᠢᠭᠯᠡᠬᠦ ᠦᠵᠡᠯ᠎ᠢ ᠰᠡᠷᠭᠦᠭᠡᠬᠦ᠂ ᠭᠠᠵᠠᠷ ᠣᠷᠣᠨ᠎ᠤ ᠠᠮᠤᠷ ᠲᠦᠪᠰᠢᠨ ᠲᠣᠭᠲᠠᠭᠤᠨ ᠪᠠᠢᠳᠠᠯ᠎ᠢ ᠬᠣᠬᠢᠷᠠᠭᠤᠯᠬᠤ ᠠᠯᠢᠪᠠ ᠣᠷᠣᠯᠳᠣᠯᠭ᠎ᠠ ᠪᠠ ᠠᠵᠢᠯᠯᠠᠭ᠎ᠠ ᠶᠢ ᠡᠰᠡᠷᠭᠦᠴᠡᠶ᠎ᠡ᠃ ᠡᠷᠬᠡ ᠲᠡᠭᠰᠢ ᠡᠮᠬᠢ ᠳᠢᠭ᠌ᠯᠢᠮ᠎ᠲᠠᠢ ᠳᠡᠯᠡᠬᠡᠢ᠎ᠶᠢᠨ ᠤᠯᠠᠨ ᠲᠤᠢᠯᠰᠢᠷᠠᠭᠰᠠᠨ᠂ ᠲᠦᠭᠡᠮᠡᠯ ᠠᠰᠢᠭ᠋ ᠬᠦᠷᠲᠡᠭᠡᠬᠦ ᠪᠠᠭᠲᠠᠭᠠᠮᠵᠢᠲᠠᠢ ᠠᠵᠤ ᠠᠬᠤᠢ᠎ᠶᠢᠨ ᠳᠡᠯᠡᠬᠡᠢᠵᠢᠯᠲᠡ᠎ᠵᠢ ᠬᠠᠮᠲᠤ ᠪᠠᠷ ᠠᠬᠢᠭᠤᠯᠵᠤ᠂ ᠪᠦᠭᠦ ᠪᠥᠮᠪᠥᠷᠴᠡᠭ᠎ᠦᠨ ᠲᠦᠷᠪᠡᠨ ᠶᠡᠬᠡ ᠰᠠᠨᠠᠭᠠᠴᠢᠯᠠᠭ᠎ᠠ᠎ᠶᠢ ᠨᠠᠢᠳᠠᠪᠤᠷᠢᠵᠢᠭᠤᠯᠵᠤ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠭᠠᠷ ᠬᠣᠯᠪᠣᠨ ᠠᠬᠢᠭᠤᠯᠤᠶ᠎ᠠ᠃
ᠣᠨ ᠰᠠᠷ᠎ᠠ᠎ᠶᠢ ᠬᠠᠮᠲᠤ᠎ᠪᠠᠷ ᠥᠩᠭᠡᠷᠡᠭᠡᠵᠦ᠂ ᠳᠦᠷᠡᠯᠵᠡᠨ ᠨᠤᠴᠤᠭᠠ ᠭᠠᠯ ᠵᠢᠩᠬᠢᠨᠢ ᠠᠯᠳᠠ᠎ᠶᠢ ᠰᠢᠷᠭᠠᠭᠠᠨᠠ᠃ ᠪᠢᠳᠡ ᠳᠤᠷᠠᠲᠠᠶ᠎ᠠ ᠰᠣᠯᠣᠩᠭᠣᠰ᠎ᠤᠨ ᠨᠥᠬᠥᠳ᠎ᠲᠠᠢ ᠭᠠᠷ ᠬᠣᠯᠪᠣᠨ ᠤᠷᠤᠭᠰᠢᠯᠠᠵᠤ᠂ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠵᠦ᠂ ᠳᠤᠮᠳᠠᠳᠤ ᠰᠣᠯᠣᠩᠭᠣᠰ ᠤᠨ ᠤᠯᠠᠮᠵᠢᠯᠠᠯᠲᠤ ᠨᠥᠬᠥᠷᠯᠡᠯ ᠢ ᠨᠡᠩ ᠭᠡᠷᠡᠯ ᠰᠠᠴᠤᠷᠠᠩᠭᠤᠢ ᠴᠠᠭ ᠦᠶ᠎ᠡ᠎ᠶᠢᠨ ᠭᠡᠷᠡᠯ ᠭᠢᠯᠪᠠᠭ᠎ᠠ᠎ᠲᠠᠢ ᠪᠤᠯᠭᠠᠵᠤ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ᠎ᠶᠢᠨ ᠡᠩᠬᠡ ᠲᠠᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ᠎ᠢ ᠠᠬᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ᠃
(ᠱᠢᠨᠬᠤᠸᠠ ᠬᠤᠷᠢᠶ᠎ᠠ ᠵᠢᠨ ᠫᠢᠶᠧᠩᠶᠠᠩ᠎ᠤᠨ 6 ᠰᠠᠷ᠎ᠠ᠎ᠶ᠋ᠢᠨ 8᠎ᠤ᠋ ᠴᠠᠬᠢᠯᠭᠠᠨ ᠮᠡᠳᠡᠭᠡ)