ᠳᠤᠮᠳᠠᠳᠤ ᠤᠯᠤᠰ(ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠬᠥᠬᠡᠬᠣᠲᠠ᠎ᠶ᠋ᠢᠨ ᠪᠥᠲᠥᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠬᠦ᠌᠎ᠶ᠋ᠢᠨ ᠲᠥᠯᠥᠭᠡ᠂ ᠥᠪᠥᠷ ᠮᠣᠩᠭᠣᠯ᠎ᠤᠨ ᠬᠥᠳᠡᠭᠡ ᠲᠤᠰᠬᠤᠨ ᠤ᠋ ᠬᠤᠳᠠᠯᠳᠤᠭᠠᠨ᠎ᠤ ᠪᠠᠩᠬᠢ᠎ᠨᠢ ᠬᠥᠬᠡᠬᠣᠲᠠ᠎ᠶ᠋ᠢᠨ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠎ᠤ ᠠᠵᠤ ᠠᠬᠤᠢᠯᠠᠯ᠎ᠤᠨ ᠮᠥᠩᠭᠥᠨ ᠭᠦᠶ᠋ᠯᠭᠡᠭᠡᠨ᠎ᠦ ᠬᠡᠷᠡᠭ᠌ᠴᠡᠭᠡ ᠱᠠᠭᠠᠷᠳᠠᠯᠭ᠎ᠠ ᠳ᠋ᠤ᠌ ᠲᠤᠬᠢᠷᠠᠭᠤᠯᠤᠨ᠂ ᠬᠦᠷᠢᠶᠡᠯᠡᠩ ᠲᠣᠭᠣᠷᠢᠭ᠎ᠤᠨ ᠳᠣᠲᠣᠷᠠᠬᠢ 2 ᠠᠵᠤ ᠠᠬᠤᠢᠯᠠᠯ᠎ᠳᠤ 1280 ᠲᠦᠮᠡᠨ ᠲᠥᠭᠥᠷᠢᠭ᠎ᠦᠨ ᠢᠲᠡᠭᠡᠮᠵᠢᠲᠦ ᠵᠢᠭᠡᠯᠡᠯᠭᠡᠤᠯᠭᠤᠵᠤ᠂ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠤᠨ ᠪᠠᠯᠠ ᠬᠤᠷᠠᠮᠳᠤᠭᠤᠯᠬᠤ ᠬᠦᠴᠢᠷᠳᠡᠯ᠎ᠢ ᠰᠢᠢᠳᠪᠤᠷᠢᠯᠡᠪᠡ᠃
ᠬᠥᠬᠡᠬᠣᠲᠠ᠎ᠶ᠋ᠢᠨ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ ᠨᠢ ᠤᠯᠤᠰ᠎ᠤᠨ ᠲᠠᠰ᠎ᠤᠨ ᠭᠤᠷᠪᠠᠨ ᠲᠠᠪᠴᠠᠩ᠎ᠤᠨ ᠨᠢᠭᠡ ᠪᠣᠯᠤᠭ᠍ᠰᠠᠨ᠎ᠤ ᠬᠤᠪᠢ᠎ᠳᠤ᠂ ᠣᠳᠣᠬᠠᠨ᠎ᠳᠤ ᠨᠢᠭᠡᠨᠲᠡ 400 ᠭᠠᠷᠤᠶ ᠠᠵᠤ ᠠᠬᠤᠢᠯᠠᠯ ᠲᠥᠪᠯᠡᠷᠡᠨ ᠰᠠᠭᠤᠷᠢᠱᠢᠵᠤ᠂ 2025 ᠣᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠶᠡᠷᠦᠩᠬᠡᠶ ᠬᠡᠮᠵᠢᠶ᠎ᠡ 107.88 ᠳ᠋ᠦᠩᠱᠢᠭᠤᠷ ᠲᠥᠭᠥᠷᠢᠭ᠎ᠲᠦ ᠬᠦᠷᠴᠡᠶ᠃ ᠥᠪᠥᠷ ᠮᠣᠩᠭᠣᠯ᠎ᠤᠨ ᠬᠥᠳᠡᠭᠡ ᠲᠣᠰᠭᠣᠨ᠎ᠤ ᠬᠤᠳᠠᠯᠳᠤᠭᠠᠨ᠎ᠤ ᠪᠠᠩᠬᠢ᠎ᠨᠢ ᠮᠥᠩᠭᠥᠨ ᠭᠦᠶ᠋ᠯᠭᠡᠭᠡᠨ᠎ᠦ ᠲᠤᠰᠭᠠᠶ ᠦᠶ᠋ᠯᠡᠴᠢᠯᠡᠭᠡᠨ᠎ᠦ ᠪᠦᠯᠬᠦᠮ ᠨᠡᠢᠲᠡ᠎ᠶ᠋ᠢ ᠵᠣᠬᠢᠶᠠᠨ ᠪᠠᠢᠭᠤᠯᠵᠤ᠂ ᠬᠥᠬᠡᠬᠣᠲᠠ᠎ᠶ᠋ᠢᠨ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠎ᠳᠤ ᠭᠦᠨᠵᠡᠭᠡᠢᠷᠡᠨ ᠲᠤᠬᠠᠶ᠎ᠶ᠋ᠢᠨ ᠭᠠᠵᠠᠷ᠎ᠢᠶᠠᠷ᠎ᠨᠢ ᠲᠣᠭᠣᠷᠢᠨ ᠦᠵᠡᠵᠦ᠍᠂ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠂ ᠳᠤᠮᠳᠠ ᠪᠠᠭ᠎ᠠ ᠵᠢᠵᠢᠭ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠣᠳᠣᠬᠢ ᠪᠠᠢᠳᠠᠯ᠂ ᠪᠠᠯᠠ ᠮᠥᠩᠭᠥ᠎ᠶ᠋ᠢᠨ ᠡᠷᠭᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ ᠵᠢᠴᠢ ᠬᠢᠯᠢ ᠠᠯᠤᠰᠯᠠᠭ᠍ᠰᠠᠨ ᠮᠥᠩᠭᠥᠨ ᠭᠦᠶ᠋ᠯᠭᠡᠭᠡᠨ᠎ᠦ ᠬᠦᠰᠡᠯ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠤᠢᠯᠠᠭᠠᠨ ᠵᠢᠭ᠍ᠰᠠᠭᠠᠵᠤ᠂ ᠬᠦᠴᠢᠷ ᠠᠰᠠᠭᠤᠳᠠᠯ᠎ᠢ ᠱᠢᠯᠤᠭᠤᠳᠭᠠᠬᠤ᠎ᠶ᠋ᠢᠨ ᠬᠠᠮᠲᠤ ᠬᠡᠷᠡᠭ᠌ᠴᠡᠭᠡ ᠱᠠᠭᠠᠷᠳᠠᠯᠭ᠎ᠠ᠎ᠶ᠋ᠢᠨ ᠡᠬᠡ ᠲᠠᠩᠰᠠ᠎ᠶ᠋ᠢ ᠪᠠᠢᠭᠤᠯᠪᠠ᠃ ᠡᠭᠦᠨ᠎ᠦ ᠬᠠᠮᠲᠤ᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠮᠥᠩᠭᠥᠨ ᠭᠦᠶ᠋ᠯᠭᠡᠭᠡᠨ᠎ᠦ ᠲᠥᠷᠥ᠎ᠶ᠋ᠢᠨ ᠪᠣᠳᠣᠯᠭ᠎ᠠ᠎ᠶ᠋ᠢ ᠬᠡᠷ᠎ᠲᠦᠨᠢ ᠬᠦᠷᠴᠦ᠍ ᠤᠬᠠᠭᠤᠯᠤᠨ ᠲᠠᠢᠯᠪᠤᠷᠢᠯᠠᠬᠤ᠎ᠶ᠋ᠢ ᠥᠷᠨᠢᠭᠦᠯᠵᠦ᠍᠂ 《ᠲᠥᠷᠥ᠎ᠶ᠋ᠢᠨ ᠪᠣᠳᠣᠯᠭ᠎ᠠ ᠬᠦᠷᠭᠡᠬᠦ᠌᠂ ᠦᠶ᠋ᠯᠡᠴᠢᠯᠡᠭᠡ ᠬᠦᠷᠭᠡᠬᠦ᠌᠂ ᠲᠥᠰᠦᠯ ᠬᠦᠷᠭᠡᠬᠦ᠌》 ᠶ᠋ᠢ ᠠᠵᠤ ᠠᠬᠤᠢᠯᠠᠯ᠎ᠳᠤ ᠱᠢᠭᠤᠳ ᠬᠦᠷᠭᠡᠵᠦ᠍᠂ ᠪᠠᠩᠬᠢ ᠠᠵᠤ ᠠᠬᠤᠢᠯᠠᠯ᠎ᠤᠨ ᠥᠨᠳᠥᠷ ᠪᠦᠲᠦᠮᠵᠢᠲᠡᠶ ᠨᠡᠪᠲᠡᠷᠡᠯᠴᠡᠬᠦ᠌ ᠬᠥᠭᠥᠷᠭᠡ᠎ᠶ᠋ᠢ ᠪᠠᠢᠭᠤᠯᠪᠠ᠃ ᠬᠦᠷᠢᠶᠡᠯᠡᠩ ᠲᠣᠭᠣᠷᠢᠭ᠎ᠤᠨ ᠠᠵᠤ ᠠᠬᠤᠢᠯᠠᠯ᠎ᠤᠨ ᠪᠠᠯᠠ ᠮᠥᠩᠭᠥ᠎ᠶ᠋ᠢᠨ ᠬᠡᠷᠡᠭ᠌ᠴᠡᠭᠡ ᠪᠠᠴᠢᠮ᠂ ᠡᠷᠭᠢᠯᠲᠡ ᠲᠦᠷᠭᠡᠨ ᠪᠠᠢᠬᠤ ᠣᠨᠴᠠᠯᠢᠭ᠎ᠲᠠᠶ ᠤᠶᠠᠯᠳᠤᠭᠤᠯᠤᠨ᠂ ᠲᠣᠰ ᠪᠠᠩᠬᠢ ᠪᠠᠰᠠ ᠢᠲᠡᠭᠡᠮᠵᠢᠲᠦ ᠵᠢᠭᠡᠯᠡᠯᠭᠡ᠎ᠶ᠋ᠢᠨ ᠲᠤᠬᠠᠢᠯᠠᠭ᠍ᠰᠠᠨ ᠠᠵᠢᠯ᠎ᠤᠨ ᠰᠠᠭᠠᠳ ᠥᠬᠡᠶ ᠬᠢᠨᠠᠨ ᠵᠥᠪᠱᠢᠶᠡᠷᠡᠬᠦ᠌ ᠵᠠᠮ᠎ᠢ ᠨᠡᠭᠡᠭᠡᠵᠦ᠍᠂ ᠲᠠᠷᠠᠭᠠᠯᠠᠯ ᠢ᠋ ᠱᠢᠯᠢᠳᠡᠭ᠌ᠵᠢᠭᠦᠯᠦᠨ᠂ ᠭᠣᠭ᠍ᠴᠣᠭ᠎ᠠ᠎ᠶ᠋ᠢ ᠴᠣᠮᠬᠠᠳᠭᠠᠵᠤ᠂ ᠴᠠᠭ᠎ᠤᠨ ᠬᠢᠵᠠᠭᠠᠷ᠎ᠢ ᠪᠣᠭᠣᠨᠢᠰᠭᠠᠨ᠂ ᠠᠵᠤ ᠠᠬᠤᠢᠯᠠᠯ᠎ᠤᠨ ᠵᠢᠭᠡᠯᠡᠯᠭᠡ ᠭᠤᠶᠤᠴᠢᠯᠠᠬᠤ᠂ ᠬᠢᠷᠢ ᠬᠡᠮ᠎ᠢ ᠬᠢᠨᠠᠨ ᠬᠠᠷᠭᠤᠭᠤᠯᠬᠤ᠂ ᠢᠲᠡᠭᠡᠮᠵᠢ ᠣᠯᠭᠣᠬᠤ᠎ᠶ᠋ᠢ ᠬᠢᠨᠠᠨ ᠵᠥᠪᠱᠢᠶᠡᠷᠡᠬᠦ᠌᠂ ᠪᠠᠯᠠ ᠮᠥᠩᠭᠥ᠎ᠶ᠋ᠢᠨ ᠵᠢᠭᠡᠯᠡᠯᠭᠡ ᠲᠠᠯᠪᠢᠬᠤ᠎ᠳᠤ ᠤᠷᠢᠳ᠎ᠵᠢᠡᠷ ᠭᠦᠶ᠋ᠴᠡᠳᠭᠡᠬᠦ᠌᠂ ᠲᠦᠷᠭᠡᠨ ᠭᠦᠶ᠋ᠴᠡᠳᠭᠡᠵᠦ᠍ ᠳᠠᠭᠤᠰᠭᠠᠬᠤ᠎ᠶ᠋ᠢ ᠬᠡᠷᠡᠭ᠌ᠵᠢᠭᠦᠯᠵᠦ᠍᠂ ᠪᠠᠯᠠ ᠬᠤᠷᠠᠮᠳᠤᠭᠤᠯᠬᠤ ᠦᠶᠡᠯᠡᠯ᠎ᠦᠨ ᠬᠤᠭᠤᠴᠠᠭ᠎ᠠ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠪᠣᠭᠣᠨᠢᠰᠭᠠᠪᠠ᠃
《ᠲᠠᠷᠠᠭᠠᠴᠢ᠎ᠪᠡᠷ᠂ ᠪᠢᠳᠡ ᠮᠥᠩᠭᠥᠨ ᠭᠦᠶ᠋ᠯᠭᠡᠭᠡᠨ᠎ᠦ ᠦᠶ᠋ᠯᠡᠴᠢᠯᠡᠭᠡ᠎ᠶ᠋ᠢᠨ ᠬᠠᠩᠭᠠᠯᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠬᠥᠬᠡᠬᠣᠲᠠ᠎ᠶ᠋ᠢᠨ 〈5 ᠲᠥᠪ᠂ 1 ᠪᠠᠢᠯᠳᠤᠬᠤ ᠪᠣᠳᠣᠯᠭ᠎ᠠ᠎ᠶ᠋ᠢᠨ ᠥᠨᠳᠥᠷᠯᠢᠭ᠂ 1 ᠵᠢᠱ᠌ᠢᠶ᠎ᠡ ᠦᠵᠡᠭᠦᠯᠬᠦ᠌ ᠣᠷᠣᠨ ᠪᠦᠰᠡ ᠪᠠ 1 ᠪᠠᠢᠯᠳᠤᠬᠤ ᠪᠣᠳᠣᠯᠭ᠎ᠠ᠎ᠶ᠋ᠢᠨ ᠲᠤᠯᠭᠠᠭᠤᠷᠢᠯᠠᠬᠤ ᠴᠡᠭ〉 ᠢ᠋ ᠴᠣᠭ᠍ᠴᠠᠯᠠᠬᠤ ᠲᠤᠷᠱᠢᠯᠲᠠ᠎ᠶ᠋ᠢᠨ ᠴᠡᠭ᠎ᠦᠨ ᠡᠭᠦᠷᠭᠡ᠎ᠶ᠋ᠢᠨ ᠲᠣᠭᠣᠷᠢᠨ᠎ᠳᠤ᠂ ᠦᠶ᠋ᠯᠡᠴᠢᠯᠡᠭᠡᠨ᠎ᠦ ᠬᠡᠯᠬᠢᠶ᠎ᠡ᠎ᠶ᠋ᠢ ᠱᠢᠯᠤᠭᠤᠳᠭᠠᠬᠤ᠂ ᠪᠠᠯᠠ ᠬᠤᠷᠠᠮᠳᠤᠭᠤᠯᠬᠤ᠎ᠳᠤ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌᠂ ᠤᠨᠴᠠᠯᠢᠬ᠍ᠳᠤ ᠦᠶ᠋ᠯᠡᠳᠬᠦᠨ᠎ᠢ ᠨᠠᠢᠳᠠᠪᠤᠷᠢᠵᠢᠭᠤᠯᠬᠤ᠂ ᠱᠢᠯᠢᠳᠡᠭ᠌ᠵᠢᠭᠦᠯᠦᠨ ᠲᠠᠰ ᠳᠡᠪᠱᠢᠭᠦᠯᠬᠦ᠌ ᠶᠠᠪᠤᠴᠠ ᠵᠡᠷᠭᠡ ᠲᠠᠯ᠎ᠠ᠎ᠪᠠᠷ ᠬᠦᠴᠦᠯᠡᠵᠦ᠍᠂ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠬᠥᠬᠡᠬᠣᠲᠠ᠎ᠶ᠋ᠢᠨ ᠬᠡᠰᠡᠭ ᠤ᠋ᠨ ᠬᠥᠭ᠌ᠵᠢᠯᠲᠡ᠎ᠳᠦ ᠮᠥᠩᠭᠥᠨ ᠭᠦᠶ᠋ᠯᠭᠡᠭᠡᠨ᠎ᠦ ᠠᠮᠢᠵᠢᠷᠠᠯ᠎ᠤᠨ ᠬᠦᠴᠦᠨ ᠨᠡᠮᠡᠷᠢᠯᠡᠵᠦ᠍᠂ ᠣᠷᠣᠨ ᠪᠦᠰᠡ᠎ᠶ᠋ᠢᠨ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠨ᠎ᠡ》 ᠬᠡᠵᠤ ᠥᠪᠥᠷ ᠮᠣᠩᠭᠣᠯ᠎ᠤᠨ ᠬᠦᠳᠡᠬᠡ ᠲᠤᠰᠬᠤᠨ ᠤ᠋ ᠬᠤᠳᠠᠯᠳᠤᠭᠠᠨ ᠤ᠋ ᠪᠠᠩᠬᠢ᠎ᠶ᠋ᠢᠨ ᠬᠠᠮᠢᠶ᠎ᠡ ᠪᠥᠬᠥᠶ ᠬᠠᠷᠢᠭᠤᠴᠠᠯᠭᠠᠲᠠᠨ ᠡᠴᠡ ᠲᠠᠨᠢᠯᠴᠠᠭᠤᠯᠵᠠᠢ᠃