ᠰᠤᠷᠪᠤᠯᠵᠢᠯᠠᠭ᠍ᠴᠢ ᠤᠰᠤᠨ ᠠᠱᠢᠭ᠍ᠯᠠᠯᠲᠠ᠎ᠶ᠋ᠢᠨ ᠶᠠᠮᠤᠨ᠎ᠡᠴᠡ ᠣᠢᠯᠠᠭᠠᠭ᠍ᠰᠠᠨ᠎ᠢᠶᠠᠷ᠂ ᠤᠰᠤᠨ ᠠᠱᠢᠭ᠍ᠯᠠᠯᠲᠠ᠎ᠶ᠋ᠢᠨ ᠶᠠᠮᠤᠨ 7 ᠤ᠋ ᠡᠳᠦᠷ ᠬᠤᠨᠠᠨ᠂ ᠭᠤᠸᠠᠩᠳᠦ᠋ᠩ᠂ ᠭᠤᠸᠠᠩᠰᠢ᠂ ᠴᠦᠩᠴᠢᠩ᠂ ᠰᠸᠴᠤᠸᠠᠨ᠂ ᠭᠦᠶ᠋ᠵᠧᠸ᠋ ᠵᠡᠷᠭᠡ 6 ᠮᠤᠵᠢ ᠣᠷᠣᠨ᠎ᠳᠤ ᠦᠶᠡᠷ᠎ᠢ᠋ ᠰᠡᠷᠭᠡᠢᠯᠡᠬᠦⅣᠲᠠᠰ᠎ᠤᠨ ᠪᠠᠴᠢᠮ ᠪᠠᠢᠳᠠᠯ᠎ᠢ ᠠᠷᠭᠠᠴᠠᠭᠠᠬᠤ ᠲᠦᠰᠤᠯ ᠢ᠋ ᠡᠬᠢᠯᠡᠭᠦᠯᠪᠡ᠃
ᠤᠰᠤᠨ ᠠᠱᠢᠭ᠍ᠯᠠᠯᠲᠠ᠎ᠶ᠋ᠢᠨ ᠶᠠᠮᠤᠨ᠎ᠤ ᠬᠤᠯᠪᠤᠬᠳᠠᠯ ᠪᠥᠬᠥᠶ ᠬᠠᠷᠢᠭᠤᠴᠠᠯᠭᠠᠲᠠᠨ᠂ 6 ᠰᠠᠷ᠎ᠠ᠎ᠶ᠋ᠢᠨ 7 ᠡᠴᠡ 9 ᠤ᠋ ᠡᠳᠦᠷ ᠪᠣᠯᠲᠠᠯ᠎ᠠ᠂ ᠰᠸᠴᠤᠸᠠᠨ᠂ ᠴᠦᠩᠴᠢᠩ᠂ ᠭᠦᠶ᠋ᠵᠧᠸ᠋᠂ ᠬᠤᠨᠠᠨ᠂ ᠭᠤᠸᠠᠩᠰᠢ᠂ ᠭᠤᠸᠠᠩᠳᠦ᠋ᠩ ᠵᠡᠷᠭᠡ ᠭᠠᠵᠠᠷ᠎ᠲᠤ ᠱᠢᠷᠦᠭᠦᠨ ᠪᠣᠷᠣᠭᠠᠨ ᠣᠷᠣᠨ᠎ᠠ᠂ ᠡᠭᠦᠨ᠎ᠳᠦ ᠴᠦᠩᠴᠢᠩ᠎ᠦᠨ ᠳᠤᠮᠳᠠ ᠪᠡᠶ᠎ᠠ᠂ ᠭᠦᠶ᠋ᠵᠧᠤ᠎ᠶ᠋ᠢᠨ ᠳᠤᠮᠳᠠ ᠡᠮᠦᠨ᠎ᠠ ᠪᠡᠶ᠎ᠠ ᠪᠠ ᠵᠡᠭᠦᠨ ᠪᠡᠶ᠎ᠠ᠂ ᠬᠤᠨᠠᠨ᠎ᠤ ᠪᠠᠷᠠᠭᠤᠨ ᠪᠡᠶ᠎ᠠ ᠵᠢᠨ ᠡᠮᠦᠨᠡᠲᠦ ᠬᠡᠰᠡᠭ᠂ ᠭᠤᠸᠠᠩᠰᠢ᠎ᠶ᠋ᠢᠨ ᠬᠣᠢᠲᠤ ᠪᠡᠶ᠎ᠠ ᠪᠠ ᠡᠮᠦᠨ᠎ᠠ ᠪᠡᠶ᠎ᠠ᠂ ᠭᠤᠸᠠᠩᠳᠦ᠋ᠩ᠎ᠦᠨ ᠳᠤᠮᠳᠠ ᠪᠠ ᠡᠮᠦᠨ᠎ᠠ ᠪᠡᠶ᠎ᠠ ᠵᠡᠷᠭᠡ ᠭᠠᠵᠠᠷ᠎ᠤᠨ ᠬᠡᠰᠡᠭ ᠭᠠᠵᠠᠷ᠎ᠲᠤ ᠱᠢᠷᠦᠭᠦᠨ ᠪᠣᠷᠣᠭᠠᠨ ᠣᠷᠣᠬᠤ ᠪᠥᠭᠡᠳ ᠣᠬᠣᠷᠬᠠᠨ ᠬᠤᠭᠤᠴᠠᠭᠠᠨ᠎ᠤ ᠱᠢᠷᠦᠭᠦᠨ ᠪᠣᠷᠣᠭᠠᠨ ᠣᠷᠣᠨ᠎ᠠ᠃ ᠰᠸᠴᠤᠸᠠᠨ᠎ᠤ ᠴᠢᠦᠢ ᠵᠢᠶᠠᠩ ᠮᠥᠷᠡᠨ᠂ ᠴᠦᠩᠴᠢᠩ᠎ᠦᠨ ᠵᠢᠶᠠ ᠯᠢᠩ ᠵᠢᠶᠠᠩ ᠮᠥᠷᠡᠨ᠂ ᠭᠦᠶ᠋ᠵᠧᠤ᠎ᠶ᠋ᠢᠨ ᠦᠵᠢᠶᠠᠩ ᠮᠥᠷᠡᠨ ᠪᠣᠯᠤᠨ ᠶᠤᠸᠠᠨᠵᠢᠶᠠᠩ ᠮᠥᠷᠡᠨ᠎ᠦ ᠳᠡᠭᠡᠳᠦ ᠤᠷᠤᠰᠭᠠᠯ ᠵᠢᠴᠢ ᠯᠢᠦᠵᠢᠶᠠᠩ ᠮᠥᠷᠡᠨ᠎ᠦ ᠳᠡᠭᠡᠳᠦ ᠤᠷᠤᠰᠭᠠᠯ᠎ᠤᠨ ᠳ᠋ᠦ᠋ ᠯᠢᠦ ᠵᠢᠶᠠᠩ ᠮᠥᠷᠡᠨ᠂ ᠬᠤᠨᠠᠨ᠎ᠤ ᠶᠤᠸᠠᠨᠵᠢᠶᠠᠩ ᠮᠦᠷᠡᠨ ᠽᠢ ᠱᠦᠶ ᠮᠦᠷᠡᠨ ᠵᠢᠴᠢ ᠱᠢᠶᠠᠩᠵᠢᠶᠠᠩ ᠮᠥᠷᠡᠨ᠎ᠦ ᠳᠡᠭᠡᠳᠦ ᠤᠷᠤᠰᠭᠠᠯ᠂ ᠭᠤᠸᠠᠩᠰᠢ᠎ᠶ᠋ᠢᠨ ᠪᠸᠢ ᠫᠠᠨ ᠵᠢᠶᠠᠩ ᠮᠥᠷᠡᠨ ᠵᠢᠴᠢ ᠯᠢᠦᠵᠢᠶᠠᠩ ᠮᠦᠷᠡᠨ ᠬᠦᠢᠵᠢᠶᠠᠩ ᠮᠥᠷᠡᠨ᠂ ᠭᠤᠸᠠᠩᠳᠦ᠋ᠩ ᠤ᠋ᠨ ᠪᠧᠢᠵᠢᠶᠠᠩ ᠮᠥᠷᠡᠨ ᠵᠢᠴᠢ ᠲᠡᠯᠡᠶ ᠳᠠᠭᠠᠤ᠎ᠶ᠋ᠢᠨ ᠣᠯᠠᠨ ᠭᠤᠤᠯ᠎ᠳᠤ ᠤᠰᠤᠨ ᠲᠦᠪᠰᠢᠨ ᠥᠰᠭᠦ ᠶᠠᠪᠤᠴᠠ ᠢᠯᠡᠷᠡᠨ᠎ᠡ᠂ ᠡᠭᠦᠨ᠎ᠳᠦ ᠭᠤᠷᠪᠠᠨ ᠬᠠᠪᠴᠢᠯ᠎ᠤᠨ ᠬᠣᠭᠣᠷᠣᠨᠳᠣᠬᠢ ᠪᠢ ᠰᠢ ᠾᠧ ᠭᠤᠤᠯ᠂ ᠳ᠋ᠠ ᠬᠣᠩ ᠾᠧ ᠭᠤᠤᠯ᠂ ᠽᠢ ᠱᠦᠶ ᠮᠦᠷᠡᠨ ᠤ᠋ ᠰᠠᠯᠪᠤᠷᠢ ᠤᠷᠤᠰᠭᠠᠯ᠎ᠤᠨ ᠳ᠋ᠠ ᠪᠠ ᠾᠧ ᠭᠤᠤᠯ᠂ ᠦᠵᠢᠶᠠᠩ ᠮᠥᠷᠡᠨ᠎ᠦ ᠰᠠᠯᠪᠤᠷᠢ ᠤᠷᠤᠰᠭᠠᠯ ᠪᠣᠯᠬᠤ ᠯᠦᠩ ᠲᠠᠨ ᠾᠧ ᠭᠤᠤᠯ᠂ ᠱᠢᠵᠢᠶᠠᠩ ᠮᠥᠷᠡᠨ᠎ᠦ ᠳᠤᠤᠷᠠᠳᠤ ᠤᠷᠤᠰᠭᠠᠯ᠎ᠤᠨ ᠰᠠᠯᠪᠤᠷᠢ ᠤᠷᠤᠰᠭᠠᠯ ᠪᠣᠯᠬᠤ ᠯᠦᠸᠧ ᠳ᠋ᠢᠩ ᠵᠢᠶᠠᠩ ᠮᠥᠷᠡᠨ ᠵᠡᠷᠭᠡ ᠰᠢᠷᠦᠬᠦᠨ ᠪᠣᠷᠣᠭᠠᠨ᠎ᠤ ᠣᠷᠣᠨ᠎ᠤ ᠳᠣᠲᠣᠷᠠᠬᠢ ᠳᠤᠮᠳᠠ ᠪᠠᠭ᠎ᠠ ᠭᠤᠤᠯ ᠮᠥᠷᠡᠨ᠎ᠳᠦ ᠰᠡᠷᠡᠮᠵᠢ᠎ᠶ᠋ᠢᠨ ᠱᠤᠭᠤᠮ᠎ᠡᠴᠡ ᠲᠠᠪᠠᠬᠰᠡᠨ ᠦᠶᠠᠷ ᠡᠬᠦᠰᠬᠦ ᠪᠤᠯᠤᠯᠴᠠᠭ᠎ᠠ ᠲᠠᠢ᠃ ᠠᠭᠤᠯᠠᠷᠬᠠᠭ ᠣᠷᠣᠨ᠎ᠤ ᠠᠭᠤᠯᠠᠨ ᠦᠶᠡᠷ᠎ᠦᠨ ᠭᠠᠮᠱᠢᠭ ᠨᠡᠯᠢᠶᠡᠳ ᠶᠡᠬᠡ ᠪᠠᠢᠨ᠎ᠠ ᠭᠡᠵᠤ ᠲᠠᠨᠢᠯᠴᠠᠭᠤᠯᠪᠠ᠃
ᠭᠠᠷᠴᠤ᠌ ᠮᠡᠳᠡᠬᠦ᠌ ᠦᠶᠡᠷ᠎ᠦᠨ ᠪᠠᠢᠳᠠᠯ᠎ᠢ ᠠᠷᠭᠠᠴᠠᠭᠠᠬᠤ᠎ᠶ᠋ᠢᠨ ᠲᠥᠯᠥᠭᠡ᠂ 6 ᠰᠠᠷ᠎ᠠ᠎ᠶ᠋ᠢᠨ 7 ᠤ᠋ ᠡᠳᠦᠷ᠂ ᠤᠰᠤᠨ ᠠᠱᠢᠭ᠍ᠯᠠᠯᠲᠠ᠎ᠶ᠋ᠢᠨ ᠶᠠᠮᠤᠨ᠎ᠡᠴᠡ ᠬᠣᠯᠪᠣᠭ᠍ᠳᠠᠯ ᠪᠥᠬᠥᠶ ᠮᠤᠵᠢ᠎ᠶ᠋ᠢᠨ ᠤᠰᠤᠨ ᠠᠱᠢᠭ᠍ᠯᠠᠯᠲᠠ᠎ᠶ᠋ᠢᠨ ᠰᠠᠯᠠᠭ᠎ᠠ ᠮᠥᠴᠢᠷ ᠪᠣᠯᠤᠨ ᠰᠠᠪᠠ ᠭᠠᠵᠠᠷ᠎ᠤᠨ ᠬᠠᠮᠢᠶᠠᠷᠤᠯᠲᠠ᠎ᠶ᠋ᠢᠨ ᠪᠠᠢᠭᠤᠯᠤᠮᠵᠢ᠎ᠳᠤ ᠮᠡᠳᠡᠭ᠌ᠳᠡᠯ ᠪᠠᠭᠤᠯᠭᠠᠵᠤ᠂ ᠱᠢᠷᠦᠭᠦᠨ ᠪᠣᠷᠣᠭᠠᠨ᠎ᠢ ᠰᠡᠷᠭᠡᠢᠯᠡᠬᠦ᠌ ᠠᠵᠢᠯ᠎ᠳᠤ ᠪᠣᠳᠠᠲᠠᠶ ᠲᠣᠬᠢᠷᠠᠭᠤᠯᠤᠯᠲᠠ ᠬᠢᠪᠠ᠂ ᠢᠯᠠᠩᠭᠤᠶ᠎ᠠ ᠶᠡᠭᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠤᠯᠤᠰ ᠤ᠋ᠨ ᠨᠢᠭᠡᠳᠦᠯᠲᠡᠶ ᠱᠢᠯᠭᠠᠯᠲᠠ᠎ᠶ᠋ᠢᠨ ᠱᠢᠯᠭᠠᠯᠲᠠ᠎ᠶ᠋ᠢᠨ ᠴᠡᠭ ᠵᠢᠴᠢ ᠡᠷᠬᠢᠨ ᠲᠣᠭᠣᠷᠢᠨ᠎ᠤ ᠭᠤᠤᠯ ᠮᠥᠷᠡᠨ᠎ᠦ ᠦᠶᠡᠷ᠂ ᠠᠭᠤᠯᠠᠨ ᠦᠶᠡᠷ᠎ᠦᠨ ᠭᠠᠮᠱᠢᠭ᠎ᠢ ᠰᠡᠷᠭᠡᠢᠯᠡᠬᠦ᠌ ᠵᠡᠷᠭᠡ ᠠᠵᠢᠯ᠎ᠢ ᠲᠣᠪᠣᠢᠮ᠎ᠠ ᠰᠠᠢᠲᠤᠷ ᠠᠳᠭᠤᠵᠤ᠂ ᠦᠶᠡᠷ᠎ᠢ ᠰᠡᠷᠭᠡᠢᠯᠡᠵᠤ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ᠍ ᠱᠠᠭᠠᠷᠳᠠᠪᠠ; ᠭᠢᠷᠢᠨ᠂ ᠵᠧᠵᠢᠶᠠᠩ᠂ ᠵᠢᠶᠠᠩᠰᠢ᠂ ᠬᠤᠨᠠᠨ᠂ ᠭᠤᠸᠠᠩᠳᠦ᠋ᠩ᠂ ᠭᠤᠸᠠᠩᠰᠢ᠂ ᠴᠦᠩᠴᠢᠩ᠂ ᠰᠸᠴᠤᠸᠠᠨ᠂ ᠭᠦᠶ᠋ᠵᠧᠸ᠋᠂ ᠬᠥᠬᠡᠨᠠᠭᠤᠷ ᠵᠡᠷᠭᠡ 10 ᠮᠤᠵᠢ ᠣᠷᠣᠨ᠎ᠳᠤ 《ᠨᠢᠭᠡ ᠮᠤᠵᠢ ᠳ᠋ᠤ ᠨᠢᠭᠡ ᠲᠦᠰᠤᠯ》 ᠪᠠᠭᠤᠯᠭᠠᠵᠤ᠂ ᠱᠢᠷᠦᠭᠦᠨ ᠪᠣᠷᠣᠭᠠᠨ᠎ᠤ ᠬᠠᠮᠤᠷᠬᠤ ᠬᠡᠪᠴᠢᠶ᠎ᠡ᠎ᠶ᠋ᠢᠨ ᠱᠢᠶᠠᠨ (ᠬᠣᠲᠠ᠂ ᠲᠣᠭᠣᠷᠢᠭ) ᠤ᠋ ᠨᠡᠷᠡᠰ᠂ ᠤᠰᠤᠨ ᠴᠥᠭᠥᠷᠥᠮ᠎ᠦᠨ ᠨᠡᠷᠡᠰ᠂ ᠠᠭᠤᠯᠠᠨ ᠦᠶᠡᠷ᠎ᠦᠨ ᠭᠠᠮᠱᠢᠭ᠎ᠤᠨ ᠲᠦᠭ᠌ᠰᠢᠭᠦᠷᠢ᠎ᠶ᠋ᠢᠨ ᠣᠷᠣᠨ ᠪᠦᠰᠡ ᠵᠢᠴᠢ ᠣᠷᠣᠨ ᠪᠠᠢᠷᠢ᠎ᠶ᠋ᠢ ᠵᠠᠷᠯᠠᠨ ᠮᠡᠳᠡᠭ᠌ᠳᠡᠵᠦ᠍᠂ ᠰᠡᠷᠭᠡᠢᠯᠡᠬᠦ᠌ ᠠᠷᠭ᠎ᠠ ᠬᠡᠮᠵᠢᠶ᠎ᠡ᠎ᠶ᠋ᠢ ᠬᠠᠨᠳᠤᠯᠭᠠᠲᠤ ᠴᠢᠨᠠᠷᠲᠠᠶ᠎ᠪᠠᠷ ᠴᠢᠩᠭᠠᠳᠭᠠᠬᠤ᠎ᠶ᠋ᠢ ᠰᠠᠨᠠᠭᠤᠯᠪᠠ᠃ ᠠᠵᠢᠯᠯᠠᠬᠤ ᠳᠤᠭᠤᠢᠯᠠᠩ ᠲᠣᠮᠢᠯᠠᠵᠤ ᠬᠤᠨᠠᠨ ᠮᠤᠵᠢ᠎ᠳᠤ ᠬᠦᠷᠴᠦ᠍ ᠱᠢᠷᠦᠭᠦᠨ ᠪᠣᠷᠣᠭᠠᠨ ᠦᠶᠡᠷ᠎ᠢ᠋ ᠰᠡᠷᠭᠡᠢᠯᠡᠬᠦ᠌ ᠠᠵᠢᠯ᠎ᠢ ᠬᠠᠪᠰᠤᠷᠤᠨ ᠵᠢᠯᠣᠭᠣᠳᠪᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 6 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ)