ᠠᠩᠬᠠᠳᠠᠭ᠍ᠴᠢ ᠤᠯᠤᠰ᠎ᠲᠠᠭᠠᠨ ᠦᠢᠯᠡᠳᠪᠦᠷᠢᠯᠡᠭ᠌ᠰᠡᠨ ᠲᠤᠮᠤ ᠬᠡᠯᠪᠡᠷᠢ᠎ᠶᠢᠨ ᠱᠢᠦᠳᠠᠨ᠎ᠤ ᠬᠥᠯᠭᠡ ᠣᠩᠭᠣᠴᠠ《ᠠᠢ᠊ ᠳ᠋ᠠ·ᠮᠦᠸᠸ ᠳ᠋ᠦ᠋ ᠨᠡᠷᠡᠮᠵᠢᠲᠦ》 ᠱᠠᠨᠭᠬᠠᠢ᠎ᠶᠢᠨ ᠡᠦ ᠰᠦᠩ ᠺᠸᠦ᠎ᠶᠢᠨ ᠤᠯᠠᠨ ᠤᠯᠤᠰ᠎ᠤᠨ ᠱᠢᠦᠳᠠᠨ᠎ᠤ ᠬᠥᠯᠭᠡ ᠣᠩᠭᠣᠴᠠ᠎ᠶᠢᠨ ᠭᠠᠷᠠᠮ᠎ᠡᠴᠡ ᠠᠭᠠᠵᠢᠮ᠎ᠢᠶᠡᠷ ᠠᠶᠠᠯᠠᠨ ᠤᠳᠴᠤ᠂ ᠪᠦᠬᠦ᠌ ᠤᠯᠤᠰ᠎ᠤᠨ ᠠᠩᠬᠠᠳᠠᠭ᠍ᠴᠢ 《ᠨᠡᠢᠳᠡ ᠵᠢᠨ ᠲᠠᠯᠠᠢ ᠪᠡᠷ ᠴᠢᠯᠦᠭᠡᠳᠡᠢ ᠠᠶᠠᠯᠠᠬᠤ ᠵᠢᠭᠤᠯᠴᠢᠯᠠᠯ》᠎ᠤ᠋ᠨ ᠠᠶᠠᠯᠠᠯ᠎ᠤᠨ ᠱᠤᠭᠤᠮ 6 ᠰᠠᠷ᠎ᠠ᠎ᠶ᠋ᠢᠨ 6 ᠤ᠋ ᠡᠳᠦᠷ ᠱᠠᠩᠬᠠᠢ᠎ᠳᠤ ᠠᠶᠠᠯᠠᠯ᠎ᠢᠶᠠᠨ ᠡᠬᠢᠯᠡᠭᠦᠯᠪᠡ᠃
ᠲᠠᠨᠢᠯᠴᠠᠭᠤᠯᠤᠭ᠍ᠰᠠᠨ᠎ᠢᠶᠠᠷ᠂ ᠤᠯᠠᠮᠵᠢᠯᠠᠯᠲᠤ ᠱᠢᠤᠳᠠᠨ᠎ᠤ ᠬᠥᠯᠭᠡ ᠣᠩᠭᠣᠴᠠ᠎ᠶ᠋ᠢᠨ ᠠᠶᠠᠯᠠᠯ᠎ᠤᠨ ᠱᠤᠭᠤᠮ᠎ᠲᠠᠶ ᠠᠳᠠᠯᠢ ᠥᠬᠡᠶ ᠨᠢ ᠭᠡᠪᠡᠯ᠂ 《ᠨᠡᠢᠳᠡ ᠵᠢᠨ ᠲᠠᠯᠠᠢ ᠪᠡᠷ ᠴᠢᠯᠦᠭᠡᠳᠡᠢ ᠠᠶᠠᠯᠠᠬᠤ ᠵᠢᠭᠤᠯᠴᠢᠯᠠᠯ》 ᠭᠡᠳᠡᠭ ᠨᠢ ᠱᠢᠤᠳᠠᠨ᠎ᠤ ᠬᠥᠯᠭᠡ ᠣᠩᠭᠣᠴᠠ ᠤᠯᠤᠰ᠎ᠤᠨ ᠳᠣᠲᠣᠭᠠᠳᠤ᠎ᠶ᠋ᠢᠨ ᠶᠡᠷᠦᠩᠬᠡᠢ ᠭᠠᠷᠠᠮ᠎ᠡᠴᠡ ᠮᠣᠷᠳᠠᠵᠤ᠂ ᠪᠥᠬᠥ᠌ ᠶᠠᠪᠤᠴᠠ᠎ᠳᠤ ᠨᠡᠢᠲᠡ᠎ᠶ᠋ᠢᠨ ᠲᠡᠯᠡᠶ᠎ᠪᠡᠷ ᠲᠣᠭᠣᠷᠢᠨ ᠠᠶᠠᠯᠠᠵᠤ᠂ ᠶᠠᠮᠠᠷ ᠴᠤ᠌ ᠪᠣᠳᠠᠲᠠᠶ ᠭᠠᠷᠠᠮ᠎ᠳᠤ ᠵᠣᠭ᠍ᠰᠣᠬᠤ ᠥᠬᠡᠶ ᠪᠥᠭᠡᠳ ᠤᠤᠯ᠎ᠤᠨ ᠭᠠᠷᠠᠮ᠎ᠡᠴᠡ᠎ᠪᠠᠨ ᠪᠤᠴᠠᠵᠤ ᠢᠷᠡᠬᠦ᠌ ᠣᠢᠷ᠎ᠠ ᠵᠠᠮ᠎ᠤᠨ ᠱᠢᠤᠳᠠᠨ᠎ᠤ ᠬᠦᠯᠭᠡ ᠣᠩᠭᠣᠴᠠ᠎ᠶ᠋ᠢᠨ ᠵᠢᠭᠤᠯᠴᠢᠯᠠᠯ᠎ᠤᠨ ᠡᠵᠡᠩᠨᠡᠯᠲᠡ᠎ᠶ᠋ᠢᠨ ᠪᠠᠢᠳᠠᠯ᠎ᠢ ᠵᠢᠭᠠᠵᠤ ᠪᠠᠢᠨ᠎ᠠ᠃
ᠭᠠᠷᠠᠭ᠎ᠤᠨ ᠵᠢᠷᠭᠤᠭᠠᠨ᠎ᠳᠤ ᠮᠣᠷᠳᠠᠵᠤ᠂ ᠳᠠᠷᠠᠭ᠎ᠠ ᠭᠠᠷᠠᠭ᠎ᠤᠨ ᠨᠢᠭᠡᠨ᠎ᠦ ᠥᠷᠯᠥᠭᠡ ᠪᠤᠴᠠᠨ ᠢᠷᠡᠬᠦ ᠭᠤᠷᠪᠠᠨ ᠡᠳᠦᠷ ᠬᠣᠶᠠᠷ ᠰᠥᠨᠢ᠎ᠶ᠋ᠢᠨ ᠱᠢᠦᠳᠠᠨ᠎ᠤ ᠬᠦᠯᠭᠡ ᠣᠩᠭᠣᠴᠠ᠎ᠶᠢᠨ ᠵᠢᠭᠤᠯᠴᠢᠯᠠᠯ᠂ ᠮᠠᠰᠢ ᠣᠯᠠᠨ ᠵᠢᠭᠤᠯᠴᠢᠯᠠᠭᠰᠠᠳ ᠡᠭᠦᠷᠦᠪᠴᠢ ᠪᠣᠭ᠍ᠴᠣ ᠡᠭᠦᠷ᠎ᠦᠨ《ᠶᠠᠪᠤᠨ᠎ᠠ ᠭᠡᠪᠡᠯ ᠶᠠᠪᠤᠴᠢᠬᠠᠨ᠎ᠠ》᠃ 《ᠡᠨᠡ ᠤᠳᠠᠭ᠎ᠠ ᠭᠠᠳᠠᠭ᠍ᠰᠢ ᠭᠠᠷᠬᠤ ᠲᠥᠷᠥᠭ᠌ᠳᠡᠯ ᠮᠠᠰᠢ ᠲᠠᠢᠪᠤᠭᠤ᠂ ᠱᠢᠤᠳᠠᠨ᠎ᠤ ᠬᠦᠯᠭᠡ ᠣᠩᠭᠣᠴᠠᠨ᠎ᠳᠤ ᠰᠠᠭᠤᠬᠤ᠎ᠶᠢᠨ ᠲᠥᠯᠦᠭᠡ ᠴᠢᠯᠥᠭᠡ ᠭᠤᠶᠤᠬᠤ ᠴᠢᠬᠤᠯᠠ ᠥᠬᠡᠶ》 ᠭᠡᠵᠦ᠍ ᠱᠠᠩᠬᠠᠢ᠎ᠳᠤ ᠠᠵᠢᠯᠯᠠᠵᠤ ᠪᠠᠢᠭ᠎ᠠ ᠬ᠍ᠤ ᠠᠪᠠᠬᠠᠢ ᠬᠡᠯᠡᠪᠡ᠃
《ᠠᠢ᠊ ᠳ᠋ᠠ·ᠮᠦᠸᠸ ᠳ᠋ᠦ᠋ ᠨᠡᠷᠡᠮᠵᠢᠲᠦ》᠎ᠶ᠋ᠢᠨ ᠡᠵᠡᠩᠨᠡᠯᠲᠡ᠎ᠶ᠋ᠢᠨ ᠲᠠᠯ᠎ᠠ ᠨᠢ ᠣᠩᠭᠣᠴᠠᠨ ᠳᠡᠭᠡᠷᠡᠬᠢ ᠠᠵᠢᠯᠯᠠᠭ᠎ᠠ᠎ᠵᠢ ᠵᠡᠷᠭᠡ᠎ᠪᠡᠷ ᠰᠢᠯᠢᠳᠡᠭᠵᠢᠭᠦᠯᠵᠦ᠂ ᠵᠤᠭᠤᠭ᠎ᠤᠨ ᠱᠤᠸ᠂ ᠶᠧᠯᠸᠢ᠂ ᠭᠤᠤᠯ ᠰᠡᠳᠦᠪᠲᠦ ᠨᠠᠢᠷ᠂ ᠰᠥᠨᠢ ᠳᠦᠯᠢ᠎ᠶ᠋ᠢᠨ ᠬᠣᠭᠣᠯᠠᠨ ᠬᠡᠷ ᠁ ᠵᠢᠭᠤᠯᠴᠢᠯᠠᠭᠰᠠᠳ᠎ᠲᠤ ᠥᠷᠯᠥᠭᠡ᠎ᠡᠴᠡ ᠣᠷᠣᠶ ᠬᠦᠷᠲᠡᠯᠡᠬᠢ ᠭᠣᠢᠳᠠ ᠰᠠᠢᠬᠠᠨ ᠠᠵᠢᠯᠯᠠᠭ᠎ᠠ᠎ᠶ᠋ᠢ ᠬᠠᠨᠭᠭᠠᠪᠠ᠃ ᠠᠶ ᠳ᠋ᠠ ᠱᠢᠤᠳᠠᠨ᠎ᠤ ᠬᠥᠯᠭᠡ ᠣᠩᠭᠣᠴᠠ᠎ᠶ᠋ᠢᠨ ᠦᠶ᠋ᠯᠡᠳᠬᠦᠨ ᠪᠣᠯᠤᠨ ᠬᠡᠷᠡᠭ᠌ᠯᠡᠭ᠌ᠴᠢ᠎ᠶ᠋ᠢᠨ ᠪᠡᠶᠡᠴᠢᠯᠡᠨ ᠣᠢᠯᠠᠭᠠᠬᠤ ᠲᠤᠰᠠᠯᠠᠭ᠍ᠴᠢ ᠳᠡᠳ᠋ ᠶᠡᠷᠦᠩᠬᠡᠶ ᠵᠠᠬᠢᠷᠤᠯ ᠭᠦᠸᠧ ᠵᠢᠶᠠ᠂ ᠲᠣᠰ ᠤᠳᠠᠭᠠᠨ᠎ᠤ ᠠᠩᠬᠠᠨ᠎ᠤ ᠠᠶᠠᠯᠠᠯ᠎ᠤᠨ ᠵᠠᠬ᠎ᠠ ᠳᠡᠯᠭᠡᠭᠦᠷ᠎ᠦᠨ ᠲᠤᠰᠭᠠᠯ᠎ᠨᠢ ᠵᠢᠱ᠌ᠢᠯᠲᠡ᠎ᠡᠴᠡ ᠳᠠᠪᠠᠵᠤ᠂ ᠪᠡᠶᠡᠴᠢᠯᠡᠨ ᠣᠢᠯᠠᠭᠠᠬᠤ᠎ᠳᠤ ᠲᠠᠭᠠᠯᠠᠮᠵᠢᠲᠠᠶ ᠪᠠᠢᠬᠤ᠎ᠶ᠋ᠢ ᠪᠠᠲᠤᠯᠠᠬᠤ᠎ᠶ᠋ᠢᠨ ᠲᠥᠯᠥᠭᠡ᠂ ᠠᠶᠠᠨᠴᠢᠨ ᠠᠴᠢᠶᠠᠯᠠᠬᠤ ᠨᠣᠷᠮ᠎ᠠ᠎ᠶ᠋ᠢ 80% ᠪᠠᠷ ᠬᠢᠵᠠᠭᠠᠷᠯᠠᠪᠠ᠃ ᠠᠩᠬᠠᠨ᠎ᠤ ᠠᠶᠠᠯᠠᠯ᠎ᠤᠨ ᠵᠢᠭᠤᠯᠴᠢᠯᠠᠭ᠍ᠰᠡᠳ᠎ᠤᠨ ᠳᠤᠮᠳᠠᠴᠢ ᠨᠠᠰᠤ ᠨᠢ 47 ᠪᠠᠢᠵᠤ᠂ ᠡᠩ᠎ᠦᠨ ᠠᠶᠠᠯᠠᠯ᠎ᠤᠨ ᠱᠤᠭᠤᠮ᠎ᠤᠨ 55 ᠨᠠᠰᠤᠨ᠎ᠤ ᠳᠤᠮᠳᠠᠴᠢ ᠨᠠᠰᠤ᠎ᠡᠴᠡ ᠳᠤᠤᠷ᠎ᠠ ᠪᠠᠢᠳᠠᠭ ᠭᠡᠵᠦ ᠢᠯᠡᠳᠭᠡᠪᠡ᠃
《ᠨᠡᠢᠳᠡ ᠵᠢᠨ ᠲᠠᠯᠠᠢ ᠪᠡᠷ ᠴᠢᠯᠦᠭᠡᠳᠡᠢ ᠠᠶᠠᠯᠠᠬᠤ ᠵᠢᠭᠤᠯᠴᠢᠯᠠᠯ》᠎ᠢ᠋ ᠨᠡᠪᠲᠡᠷᠡᠭᠦᠯᠬᠦ᠌᠎ᠳᠦ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠡᠴᠡ ᠰᠠᠯᠵᠤ ᠴᠢᠳᠠᠬᠤ ᠥᠬᠡᠶ ᠶᠤᠮ᠃ ᠱᠠᠩᠬᠠᠶ ᠬᠣᠲᠠ᠎ᠶ᠋ᠢᠨ ᠵᠠᠮ ᠬᠠᠷᠢᠯᠴᠠᠭᠠᠨ᠎ᠤ ᠵᠥᠪᠯᠡᠯ᠎ᠦᠨ ᠨᠢᠭᠡᠳᠦᠯᠲᠡᠶ ᠲᠥᠯᠦᠪᠵᠢᠭᠦᠯᠭᠡ ᠵᠣᠬᠢᠴᠠᠭᠤᠯᠭ᠎ᠠ ᠳᠤᠤᠷ᠎ᠠ᠂ ᠰᠣᠶᠣᠯ ᠵᠢᠭᠤᠯᠴᠢᠯᠠᠯ᠂ ᠬᠤᠳᠠᠯᠳᠤᠭᠠᠨ᠎ᠤ ᠶᠠᠪᠤᠳᠠᠯ᠂ ᠳᠣᠲᠣᠭᠠᠳᠤ᠎ᠶ᠋ᠢ ᠬᠠᠮᠠᠭᠠᠯᠠᠬᠤ (ᠬᠢᠯᠢ᠎ᠪᠡᠷ ᠣᠷᠣᠵᠤ ᠭᠠᠷᠬᠤ ᠬᠠᠮᠢᠶᠠᠷᠤᠯᠲᠠ)᠂ ᠪᠣᠭᠣᠮᠲᠠ᠂ ᠬᠢᠯᠢ᠎ᠶ᠋ᠢᠨ ᠪᠠᠢᠴᠠᠭᠠᠯᠲᠠ᠂ ᠲᠡᠯᠡᠶ᠎ᠶ᠋ᠢᠨ ᠶᠠᠪᠤᠳᠠᠯ᠂ ᠴᠠᠩ ᠬᠠᠩ ᠳᠣᠲᠣᠭᠠᠳᠤ᠎ᠶ᠋ᠢ ᠬᠠᠮᠠᠭᠠᠯᠠᠬᠤ᠂ ᠪᠦᠦ ᠱᠠᠨ ᠲᠣᠭᠣᠷᠢᠭ ᠵᠡᠷᠭᠡ ᠣᠯᠠᠨ ᠰᠠᠯᠠᠭ᠎ᠠ ᠮᠥᠴᠢᠷ ᠬᠠᠮᠵᠢᠯᠴᠠᠵᠤ᠂ ᠠᠶᠠᠯᠠᠯ᠎ᠤᠨ ᠱᠤᠭᠤᠮ᠎ᠢ ᠬᠢᠨᠠᠨ ᠵᠥᠪᠱᠢᠶᠡᠷᠡᠬᠦ᠌᠂ ᠦᠨᠡᠮᠯᠡᠯ᠎ᠢ ᠭᠦᠶ᠋ᠴᠡᠳᠭᠡᠬᠦ᠌᠂ ᠬᠢᠯᠢ᠎ᠶᠢᠨ ᠪᠣᠭᠣᠮᠲᠠ᠎ᠶ᠋ᠢ ᠪᠠᠢᠴᠠᠭᠠᠨ ᠱᠢᠯᠭᠠᠬᠤ᠂ ᠣᠩᠭᠣᠴᠠᠨ᠎ᠤ ᠬᠠᠩᠭᠠᠯᠭ᠎ᠠ᠎ᠶ᠋ᠢ ᠪᠠᠲᠤᠯᠠᠬᠤ ᠵᠡᠷᠭᠡ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢ ᠨᠡᠪᠲᠡᠷᠡᠭᠦᠯᠪᠡ᠃ 6 ᠰᠠᠷ᠎ᠠ᠎ᠶ᠋ᠢᠨ 5 ᠤ᠋ ᠡᠳᠦᠷ᠂ ᠳᠣᠲᠣᠭᠠᠳᠤ᠎ᠶ᠋ᠢ ᠬᠠᠮᠠᠭᠠᠯᠠᠬᠤ ᠰᠠᠯᠠᠭ᠎ᠠ ᠮᠥᠴᠢᠷ ᠱᠠᠩᠬᠠᠶ᠎ᠳᠤ ᠪᠥᠬᠥ᠌ ᠤᠯᠤᠰ᠎ᠤᠨ ᠠᠩᠬᠠᠳᠠᠭ᠍ᠴᠢ 《ᠨᠡᠢᠳᠡ ᠵᠢᠨ ᠲᠠᠯᠠᠢ ᠪᠡᠷ ᠴᠢᠯᠦᠭᠡᠳᠡᠢ ᠠᠶᠠᠯᠠᠬᠤ ᠵᠢᠭᠤᠯᠴᠢᠯᠠᠯ》᠎ᠤ᠋ᠨ ᠬᠢᠯᠢ᠎ᠪᠡᠷ ᠣᠷᠣᠵᠤ ᠭᠠᠷᠬᠤ ᠦᠨᠡᠮᠯᠡᠯ ᠣᠯᠭᠣᠪᠠ᠃ 6 ᠰᠠᠷ᠎ᠠ᠎ᠶ᠋ᠢᠨ 6 ᠤ᠋ ᠡᠳᠦᠷ᠂ ᠠᠶᠠᠨᠴᠢᠳ ᠣᠩᠭᠣᠴᠠᠨ᠎ᠳᠤ ᠭᠠᠷᠴᠤ᠌ ᠪᠣᠭᠣᠮᠲᠠ᠂ ᠬᠢᠯᠢ᠎ᠶ᠋ᠢᠨ ᠪᠠᠢᠴᠠᠭᠠᠯᠲᠠ ᠵᠡᠷᠭᠡ ᠣᠯᠠᠨ ᠰᠠᠯᠠᠭ᠎ᠠ ᠮᠥᠴᠢᠷ᠎ᠦᠨ ᠬᠠᠩᠭᠠᠭ᠍ᠰᠠᠨ ᠦᠶ᠋ᠯᠡᠴᠢᠯᠡᠭᠡ ᠪᠠ ᠪᠠᠲᠤᠯᠠᠭ᠎ᠠ᠎ᠶ᠋ᠢ ᠪᠡᠶᠡᠴᠢᠯᠡᠨ ᠣᠢᠯᠠᠭᠠᠪᠠ᠃
ᠱᠠᠩᠬᠠᠢ ᠬᠤᠳᠠ᠎ᠶ᠋ᠢᠨ ᠵᠠᠮ ᠬᠠᠷᠢᠯᠴᠠᠭᠠᠨ᠎ᠤ ᠵᠥᠪᠯᠡᠯ᠎ᠦᠨ ᠭᠠᠷᠠᠮ᠎ᠢ ᠬᠢᠨᠠᠨ ᠬᠠᠮᠢᠶᠠᠷᠬᠤ ᠭᠠᠵᠠᠷ᠎ᠤᠨ ᠳᠥᠷᠪᠡᠳᠦᠭᠡᠷ ᠳᠡᠰ᠎ᠤᠨ ᠪᠠᠢᠴᠠᠭᠠᠨ ᠰᠤᠳᠤᠯᠤᠭ᠍ᠴᠢ ᠲᠦᠩ ᠳ᠋ᠠᠨ ᠶᠢᠩ᠂ 《ᠨᠡᠢᠳᠡ ᠵᠢᠨ ᠲᠠᠯᠠᠢ ᠪᠡᠷ ᠴᠢᠯᠦᠭᠡᠳᠡᠢ ᠠᠶᠠᠯᠠᠬᠤ ᠵᠢᠭᠤᠯᠴᠢᠯᠠᠯ》 ᠪᠣᠯ ᠤᠯᠠᠮᠵᠢᠯᠠᠯᠲᠤ ᠱᠢᠦᠳᠠᠨ᠎ᠤ ᠬᠥᠯᠭᠡ ᠣᠩᠭᠣᠴᠠ᠎ᠶ᠋ᠢᠨ ᠠᠶᠠᠯᠠᠯ᠎ᠤᠨ ᠱᠤᠭᠤᠮ᠎ᠤᠨ ᠳᠥᠭᠥᠮᠴᠢᠯᠡᠭ᠌ᠰᠡᠨ ᠬᠡᠪᠯᠡᠯ ᠪᠢᠰᠢ᠂ ᠬᠠᠷᠢᠨ ᠨᠢᠭᠡ ᠵᠦᠢᠯ᠎ᠦᠨ ᠴᠣ ᠱᠢᠨ᠎ᠡ ᠱᠢᠦᠳᠠᠨ᠎ᠤ ᠬᠥᠯᠭᠡ ᠣᠩᠭᠣᠴᠠ᠎ᠶ᠋ᠢᠨ ᠵᠢᠭᠤᠯᠴᠢᠯᠠᠯ᠎ᠤᠨ ᠦᠢᠯᠡᠳᠬᠦᠨ ᠪᠣᠯᠤᠨ᠎ᠠ᠃ ᠲᠡᠷᠡ ᠨᠢ ᠱᠢᠦᠳᠠᠨ᠎ᠤ ᠬᠥᠯᠭᠡ ᠣᠩᠭᠣᠴᠠ᠎ᠶ᠋ᠢ ᠵᠠᠮ ᠬᠠᠷᠢᠯᠴᠠᠭᠠᠨ᠎ᠤ ᠪᠠᠭᠠᠵᠢ᠎ᠡᠴᠡ ᠵᠣᠷᠢᠭ᠍ᠰᠠᠨ ᠭᠠᠵᠠᠷ ᠪᠣᠯᠭᠠᠨ ᠬᠤᠪᠢᠷᠠᠭᠤᠯᠵᠤ᠂ ᠬᠡᠷᠡᠭ᠌ᠯᠡᠭᠡᠨ᠎ᠦ ᠱᠢᠨ᠎ᠡ ᠪᠠᠢᠳᠠᠯ᠎ᠢ ᠡᠭᠦᠳᠴᠦ᠍᠂ ᠨᠢᠭᠡ ᠤᠳᠠᠭᠠᠨ᠎ᠤ 《ᠱᠢᠨ᠎ᠡ ᠬᠠᠩᠭᠠᠯᠭ᠎ᠠ᠎ᠪᠠᠷ ᠱᠢᠨ᠎ᠡ ᠬᠡᠷᠡᠭ᠌ᠴᠡᠭᠡ᠎ᠶ᠋ᠢ ᠡᠭᠦᠳᠬᠦ᠌》 ᠰᠦᠪᠡᠭ᠌ᠴᠢᠯᠡᠯ ᠪᠣᠯᠵᠠᠢ ᠭᠡᠪᠡ᠃
(ᠱᠢᠨᠬᠤᠸᠠ ᠬᠣᠷᠢᠶ᠎ᠠ᠎ᠶᠢᠨ ᠱᠠᠩᠬᠠᠢ᠎ᠶ᠋ᠢᠨ 6 ᠰᠠᠷ᠎ᠠ᠎ᠶ᠋ᠢᠨ 6 ᠤ᠋ ᠴᠠᠬᠢᠯᠭᠠᠨ ᠮᠡᠳᠡᠭᠡ)