— 《ᠰᠢᠵᠢᠷ ᠠᠯᠳᠠᠨ ᠤᠯᠠᠷᠢᠯ ᠳ᠋ᠦ ᠦᠪᠦᠷ ᠮᠤᠨᠭᠭᠤᠯ ᠵᠢᠡᠷ ᠳᠠᠪᠠᠳᠠᠢ ᠵᠢᠭᠤᠯᠴᠢᠯᠠᠬᠤ》 ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠶ᠋ᠢᠨ ᠲᠤᠬᠠᠢ ᠮᠡᠳᠡᠭᠡᠯᠡᠯ
《ᠪᠢ ᠦᠪᠦᠷ ᠮᠤᠨᠭᠭᠤᠯ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠭᠤᠤᠯ ᠰᠡᠳᠦᠪᠲᠦ ᠰᠤᠳᠤᠨ ᠵᠢᠭᠤᠯᠴᠢᠯᠠᠯ ᠤ᠋ᠨ ᠵᠠᠮ ᠱᠤᠭᠤᠮ ᠢ᠋ ᠲᠠᠭᠠᠨ ᠲᠠᠯ᠎ᠠ ᠨᠤᠳᠤᠭ ᠤ᠋ᠨ ᠨᠡᠯᠢᠶᠡᠳ ᠤᠯᠠᠨ ᠭᠠᠵᠠᠷ ᠵᠢᠡᠷ ᠲᠤᠭᠤᠷᠢᠬᠤ ᠵᠢᠨ ᠬᠠᠮᠳᠤ ᠠᠮᠳᠠᠳᠦ ᠢᠳᠡᠭᠡᠨ ᠡᠴᠡ ᠨᠢ ᠵᠤᠭᠤᠭᠯᠠᠭᠰᠠᠨ᠃ ᠲᠠᠨ ᠤ᠋ ᠡᠨᠳᠡᠬᠢ ᠵᠢᠨ ᠤᠨᠴᠠᠯᠢᠬ᠍ᠳᠤ ᠲᠠᠸᠠᠷ ᠪᠣᠯᠤᠨ ᠦᠢᠯᠡᠴᠢᠯᠡᠭᠡ ᠨᠠᠳᠠ ᠳ᠋ᠤ ᠶᠡᠬᠡ ᠳᠠᠭᠠᠯᠠᠭᠳᠠᠭᠰᠠᠨ》 ᠭᠡᠵᠦ ᠦᠪᠤᠷ ᠮᠤᠩᠭᠤᠯ ᠤ᠋ᠨ ᠮᠦᠽᠸᠢ ᠪᠡᠷ ᠲᠤᠭᠤᠷᠢᠵᠤ ᠪᠠᠢᠭᠰᠠᠨ ᠵᠢᠶᠠᠩᠰᠤ ᠵᠢᠨ ᠵᠢᠭᠤᠯᠴᠢᠯᠠᠭᠴᠢ ᠵᠠᠩ ᠠᠪᠠᠬᠠᠢ ᠰᠤᠷᠪᠤᠯᠵᠢᠯᠠᠭᠴᠢ ᠳ᠋ᠤ ᠤᠯᠤᠯᠳᠠ ᠲᠦᠷᠦᠭᠳᠡᠯ ᠵᠢᠡᠨ ᠬᠡᠯᠡᠨ᠎ᠠ᠃
ᠮᠠᠨ ᠤ᠋ ᠤᠷᠤᠨ ᠡᠨᠡ ᠵᠢᠯ ᠡᠯ᠎ᠠ ᠭᠠᠵᠠᠷ ᠤ᠋ᠨ ᠰᠣᠶᠣᠯ ᠦᠵᠡᠰᠭᠦᠯᠡᠩ ᠤ᠋ᠨ ᠡᠬᠢ ᠪᠠᠶᠠᠯᠢᠭ ᠢ᠋ ᠨᠢᠭᠡᠳᠦᠯᠲᠡᠶ ᠲᠥᠯᠥᠪᠯᠡᠵᠤ ᠪᠠᠢᠭᠠᠳ ᠦᠪᠦᠷ ᠮᠤᠨᠭᠭᠤᠯ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠭᠤᠤᠯ ᠰᠡᠳᠦᠪᠲᠦ 10 ᠰᠣᠳᠣᠨ ᠵᠢᠭᠤᠯᠴᠢᠯᠠᠯ ᠤ᠋ᠨ ᠵᠠᠮ ᠱᠤᠭᠤᠮ ᠭᠠᠷᠭᠠᠨ᠂ 12 ᠠᠢᠮᠠᠭ ᠬᠣᠲᠠ ᠶ᠋ᠢᠨ ᠭᠤᠤᠯᠳᠠᠯᠭ᠎ᠠ ᠲᠠᠶ ᠮᠦᠽᠧᠢ ᠣᠷᠳᠣᠨ᠂ ᠪᠠᠭᠤᠷᠢ ᠬᠢᠭᠡᠳ ᠦᠵᠡᠮᠵᠢ ᠶ᠋ᠢᠨ ᠣᠷᠣᠨ ᠢ᠋ ᠬᠤᠯᠪᠤᠵᠦ᠂ ᠪᠥᠬᠥ᠌ ᠣᠷᠣᠨ ᠪᠦᠰᠡ ᠶ᠋ᠢᠨ ᠬᠠᠮᠲᠤᠷᠠᠨ ᠬᠥᠳᠡᠯᠦᠯᠴᠡᠬᠦ᠌ ᠬᠡᠷᠡᠭ᠌ᠯᠡᠭᠡ ᠵᠢᠨ ᠤᠷᠴᠢᠯ ᠢ᠋ ᠪᠦᠷᠢᠳᠦᠬᠦᠯᠪᠡ᠃ 《ᠥᠩᠭᠡᠷᠡᠭ᠌ᠰᠡᠨ ᠳ᠋ᠦ ᠪᠢᠳᠡᠨ ᠤ᠋ ᠤᠯᠠᠮᠵᠢᠯᠠᠯᠲᠤ ᠭᠠᠷ ᠤᠷᠠᠯᠠᠯ ᠤ᠋ᠨ ᠦᠢᠯᠡᠳᠬᠦᠨ ᠤ᠋ ᠪᠣᠷᠣᠯᠠᠭᠤᠯᠭ᠎ᠠ ᠬᠢᠵᠠᠭᠠᠷᠲᠠᠶ ᠪᠠᠢᠪᠠ᠃ ᠣᠲᠣ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠭᠤᠤᠯ ᠰᠡᠳᠦᠪᠲᠦ ᠵᠢᠭᠤᠯᠴᠢᠯᠠᠯ ᠂ ᠮᠦᠽᠧᠶ ᠶ᠋ᠢᠨ ᠦᠵᠡᠭᠦᠯᠭᠡ ᠶ᠋ᠢᠨ ᠴᠤᠭ᠍ᠯᠠᠭᠠᠨ᠂ ᠰᠣᠶᠣᠯ ᠵᠢᠭᠤᠯᠴᠢᠯᠠᠯ ᠤ᠋ᠨ ᠱᠢᠭᠤᠳ ᠨᠡᠪᠲᠡᠷᠡᠭᠦᠯᠭᠡ ᠵᠡᠷᠬᠡ ᠨᠢ ᠭᠠᠷ ᠤᠷᠠᠯᠠᠯ ᠤ᠋ᠨ ᠦᠢᠯᠡᠳᠬᠦᠨ ᠤ᠋ ᠪᠤᠷᠤᠯᠠᠭᠤᠯᠭ᠎ᠠ ᠵᠢ ᠶᠡᠬᠡ ᠪᠡᠷ ᠲᠠᠢᠴᠢᠯᠡᠵᠤ᠂ ᠮᠠᠨ ᠤ᠋ ᠭᠠᠷ ᠤᠷᠠᠴᠤᠳ ᠤ᠋ᠨ ᠣᠷᠣᠯᠭ᠎ᠠ ᠲᠣᠭ᠍ᠲᠠᠭᠤᠨ ᠢ᠋ᠶ᠋ᠠᠷ ᠳᠡᠭᠡᠭ᠌ᠰᠢᠯᠡᠵᠦ᠍ ᠪᠠᠢᠨ᠎ᠠ》 ᠭᠡᠵᠦ ᠱᠢᠯᠢ ᠶ᠋ᠢᠨ ᠭᠤᠤᠯᠠᠢᠮᠠᠭ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠳᠠᠷᠬᠠᠨ ᠨᠠᠷᠠᠨᠴᠡᠴᠡᠭ ᠬᠡᠯᠡᠨ᠎ᠠ᠃
ᠲᠦᠷᠦᠬᠦᠬᠡᠨ 2026 ᠣᠨ ᠤ᠋ ᠣᠯᠠᠨ ᠤᠯᠤᠰ ᠤ᠋ᠨ ᠮᠦᠽᠧᠶ ᠶ᠋ᠢᠨ ᠡᠳᠦᠷ ᠲᠦ᠍ ᠵᠤᠷᠢᠭᠤᠯᠤᠨ ᠬᠦᠬᠡᠬᠤᠳᠠ ᠵᠢᠨ ᠬᠢᠨ ᠪᠤᠭᠤᠮᠳᠠ ᠶ᠋ᠢᠨ ᠬᠠᠭᠤᠴᠢᠨ ᠵᠡᠬᠡᠯᠢ ᠳ᠋ᠤ 《ᠮᠦᠽᠧᠢ ᠶ᠋ᠢᠨ ᠰᠥᠨᠢ ᠶ᠋ᠢᠨ ᠵᠢᠭᠤᠯᠴᠢᠯᠠᠯ》 ᠤ᠋ᠨ ᠠᠵᠢᠯᠯᠠᠭ᠎ᠠ ᠦᠷᠨᠢᠬᠦᠯᠵᠤ᠂ ᠤᠷᠠᠨ ᠰᠠᠢᠬᠠᠨ ᠤ᠋ ᠲᠤᠭᠯᠠᠯᠳᠠ᠂ ᠪᠤᠳᠠᠰ ᠤ᠋ᠨ ᠪᠤᠰᠤ ᠰᠤᠶᠤᠯ ᠤ᠋ᠨ ᠦᠪ ᠤ᠋ᠨ ᠪᠦᠳᠦᠭᠡᠬᠳᠡᠬᠦᠨ᠂ ᠦᠩᠬᠡᠳᠦ ᠳ᠋ᠧᠩ ᠤ᠋ᠨ ᠦᠵᠡᠬᠦᠯᠬᠡ ᠵᠡᠷᠭᠡ ᠲᠤᠭᠯᠠᠯᠳᠠ ᠪᠠ ᠦᠵᠡᠬᠦᠯᠬᠡ ᠨᠢ ᠬᠦᠮᠦᠰ ᠤ᠋ᠨ ᠪᠠᠬ᠎ᠠ ᠵᠢ ᠳᠠᠳᠠᠵᠦ᠂ ᠵᠡᠭᠡᠯᠢ ᠲᠤᠭᠤᠷᠢᠭ ᠤ᠋ᠨ ᠬᠡᠷᠡᠭᠯᠡᠭᠡ ᠵᠢ ᠶᠡᠬᠡ ᠪᠡᠷ ᠬᠦᠭᠵᠢᠬᠡᠨ᠂ ᠵᠠᠬ᠎ᠠ ᠳᠡᠯᠭᠡᠬᠦᠷ ᠢ᠋ ᠤᠯᠠᠮ ᠬᠦᠭᠵᠢᠶᠡᠨᠳᠡᠢ ᠪᠤᠯᠭᠠᠵᠠᠢ᠃ 《〈ᠮᠦᠽᠧᠶ ᠶ᠋ᠢᠨ ᠰᠥᠨᠢ ᠶ᠋ᠢᠨ ᠵᠢᠭᠤᠯᠴᠢᠯᠠᠯ〉 ᠨᠢ ᠪᠦᠬᠦᠢᠯᠡ ᠵᠡᠭᠡᠯᠢ ᠭᠤᠳᠤᠮᠵᠢ ᠵᠢ ᠲᠤᠢᠯ ᠤ᠋ᠨ ᠬᠥᠭ᠌ᠵᠢᠶᠡᠨᠲᠡᠶ ᠪᠣᠯᠭᠠᠵᠤ᠂ ᠵᠢᠭᠤᠯᠴᠢᠯᠠᠭᠰᠠᠳ ᠣᠯᠠᠱᠢᠷᠠᠨ᠂ ᠢᠳᠡᠭᠡᠨ ᠤᠮᠳᠠᠭᠠᠨ᠂ ᠴᠠᠭᠠᠨ ᠢᠳᠡᠭᠡᠨ ᠪᠠ ᠦᠨᠳᠦᠰᠦᠲᠡᠨ ᠤ᠋ ᠭᠠᠷ ᠤᠷᠠᠯᠠᠯ ᠤ᠋ᠨ ᠪᠦᠲᠦᠭᠡᠭ᠌ᠳᠡᠬᠦᠨ ᠵᠡᠷᠬᠡ ᠵᠢᠨ ᠪᠣᠷᠣᠯᠠᠭᠤᠯᠭ᠎ᠠ ᠴᠥᠮ ᠳᠠᠭᠠᠯᠳᠤᠨ ᠳᠡᠭᠡᠭ᠌ᠰᠢᠯᠡᠵᠦ᠍᠂ ᠪᠢᠳᠡᠨ ᠤ᠋ ᠠᠷᠠᠯᠵᠢᠶ᠎ᠠ ᠮᠠᠢᠮᠠᠶ ᠡᠩ ᠤ᠋ᠨ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ ᠢᠯᠡᠳᠳᠡ ᠰᠠᠢᠵᠢᠷᠠᠪᠠ》 ᠭᠡᠵᠦ ᠪᠤᠭᠤᠮᠳᠠ ᠶ᠋ᠢᠨ ᠬᠠᠭᠤᠴᠢᠨ ᠵᠡᠬᠡᠯᠢ ᠳ᠋ᠤ ᠤᠨᠴᠠᠯᠢᠭ᠍ᠲᠤ ᠣᠨᠴᠠ ᠭᠠᠷᠤᠯᠲᠠ ᠵᠢ ᠤᠯᠠᠨ ᠵᠢᠯ ᠡᠵᠡᠩᠨᠡᠭ᠌ᠰᠡᠨ ᠬᠤᠳᠠᠯᠳᠤᠭᠠᠴᠢᠨ ᠸᠠᠩ ᠯᠢᠶᠠᠩ ᠰᠤᠷᠪᠤᠯᠵᠢᠯᠠᠭᠴᠢ ᠳ᠋ᠤ ᠬᠡᠯᠡᠨ᠎ᠠ᠃

ᠵᠢᠭᠤᠯᠴᠢᠯᠠᠬᠰᠠᠳ ᠦᠪᠦᠷ ᠮᠤᠩᠭᠤᠯᠦᠨ ᠮᠦᠽᠸᠢ ᠪᠡᠷ ᠲᠤᠭᠤᠷᠢᠵᠦ ᠪᠠᠢᠭ᠎ᠠ ᠨᠢ᠃
ᠡᠨᠡ ᠵᠢᠯ ᠡᠴᠡ ᠨᠠᠭᠠᠰᠢ᠂ ᠥᠪᠥᠷ ᠮᠣᠩᠭᠣᠯ ᠤ᠋ᠨ ᠡᠯ᠎ᠡ ᠭᠠᠵᠠᠷ ᠤ᠋ᠨ ᠰᠣᠶᠣᠯ ᠦᠵᠡᠰᠭᠦᠯᠡᠩ ᠤ᠋ᠨ ᠣᠷᠳᠣᠨ ᠨᠢ ᠠᠵᠢᠯᠯᠠᠭ᠎ᠠ ᠶ᠋ᠢᠨ ᠭᠤᠤᠯ ᠰᠡᠳᠦᠪ ᠤ᠋ᠨ ᠲᠣᠭᠣᠷᠢᠨ ᠳ᠋ᠦ ᠣᠨᠴᠠᠯᠢᠭ᠍ᠲᠤ ᠦᠵᠡᠰᠭᠦᠯᠡᠩ᠂ ᠭᠤᠤᠯ ᠰᠡᠳᠦᠪᠲᠦ ᠵᠢᠭᠤᠯᠴᠢᠯᠠᠯ ᠤ᠋ᠨ ᠱᠤᠭᠤᠮ᠂ ᠰᠣᠶᠣᠯ ᠤ᠋ᠨ ᠪᠦᠳᠦᠬᠡᠯᠴᠢ ᠦᠢᠯᠡᠳᠬᠦᠨ ᠤ᠋ ᠵᠠᠬ᠎ᠠ ᠳᠡᠯᠭᠡᠭᠦᠷ᠂ ᠰᠤᠳᠤᠯᠤᠨ ᠰᠤᠷᠤᠯᠴᠠᠬᠤ ᠵᠢᠭᠤᠯᠴᠢᠯᠠᠯ ᠤ᠋ᠨ ᠵᠠᠮ ᠱᠤᠭᠤᠮ᠂ ᠰᠥᠨᠢ ᠶ᠋ᠢᠨ ᠪᠡᠶᠡᠴᠢᠯᠡᠨ ᠣᠢᠯᠠᠭᠠᠯᠲᠠ ᠵᠡᠷᠭᠡ ᠣᠯᠠᠨ ᠡᠱᠢᠲᠦ ᠡᠵᠡᠩᠨᠡᠯᠲᠡ ᠶ᠋ᠢᠨ ᠪᠠᠢᠳᠠᠯ ᠢ᠋ᠶ᠋ᠠᠷ ᠭᠠᠷᠳᠠᠴᠠ ᠪᠣᠯᠭᠠᠵᠤ᠂ ᠰᠣᠶᠣᠯ ᠦᠵᠡᠰᠭᠦᠯᠡᠩ ᠤ᠋ᠨ ᠡᠬᠢ ᠪᠠᠶᠠᠯᠢᠭ ᠬᠢᠭᠡᠳ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡ ᠶ᠋ᠢᠨ ᠭᠦᠨᠵᠡᠭᠡᠶ ᠠᠭᠤᠰᠤᠯᠴᠠᠯ ᠢ᠋ ᠠᠬᠢᠭᠤᠯᠵᠤ ᠪᠠᠢᠨ᠎ᠠ᠃
ᠤᠷᠳᠤᠰ ᠬᠤᠳᠠ ᠶ᠋ᠢᠨ ᠰᠣᠶᠣᠯ ᠪᠠ ᠵᠢᠭᠤᠯᠴᠢᠯᠠᠯ ᠤ᠋ᠨ ᠲᠤᠪᠴᠢᠶ᠎ᠠ ᠨᠢ ᠰᠣᠶᠣᠯ ᠦᠵᠡᠰᠭᠦᠯᠡᠩ ᠤ᠋ᠨ IP ᠪᠠᠷ ᠭᠤᠤᠯ ᠪᠣᠯᠭᠠᠨ ᠪᠥᠬᠥ᠌ ᠣᠷᠣᠨ ᠪᠦᠰᠡ ᠶ᠋ᠢᠨ ᠡᠬᠢ ᠪᠠᠶᠠᠯᠢᠭ ᠢ᠋ ᠬᠣᠯᠪᠣᠵᠤ᠂ ᠲᠡᠦᠬᠡ ᠰᠣᠶᠣᠯ ᠢ᠋ ᠨᠠᠩ ᠣᠯᠠᠨ ᠬᠥᠮᠦᠨ ᠳ᠋ᠦ ᠲᠠᠨᠢᠭᠤᠯᠤᠭ᠍ᠰᠠᠨ ᠪᠥᠭᠡᠳ ᠪᠠᠰᠠ ᠬᠥᠳᠡᠭᠡ ᠲᠣᠰᠭᠣᠨ ᠤ᠋ ᠰᠣᠶᠣᠯ ᠵᠢᠭᠤᠯᠴᠢᠯᠠᠯ ᠤ᠋ᠨ ᠬᠦᠭᠵᠢᠯᠳᠡ ᠬᠦᠷᠦᠯᠴᠡᠬᠦ ᠦᠬᠡᠢ ᠪᠠᠢᠬᠤ ᠳᠤᠲᠠᠭᠤᠳᠠᠯ ᠢ᠋ ᠨᠥᠬᠥᠪᠥᠷᠢᠯᠡᠵᠦ᠍᠂ ᠰᠣᠶᠣᠯ ᠪᠠ ᠵᠢᠭᠤᠯᠴᠢᠯᠠᠯ ᠢ᠋ ᠬᠠᠷᠢᠯᠴᠠᠨ ᠠᠬᠢᠭᠤᠯᠬᠤ ᠰᠠᠢᠨ ᠣᠷᠴᠢᠯ ᠢ᠋ ᠪᠣᠶ ᠪᠣᠯᠭᠠᠵᠤ ᠪᠠᠢᠨ᠎ᠠ᠃ ᠤᠷᠳᠤᠰ ᠬᠤᠳᠠ ᠭᠦᠨ ᠵᠤᠵᠠᠭᠠᠨ ᠲᠡᠦᠬᠡ ᠰᠣᠶᠣᠯ ᠤ᠋ᠨ ᠠᠭᠤᠯᠤᠭ᠍ᠳᠠᠬᠤᠨ ᠳ᠋ᠦ ᠲᠦᠱᠢᠭ᠌ᠯᠡᠨ ᠣᠢᠷ᠎ᠠ ᠵᠠᠮ ᠤ᠋ᠨ ᠰᠤᠳᠤᠯᠤᠨ ᠰᠤᠷᠤᠯᠴᠠᠬᠤ ᠵᠢᠭᠤᠯᠴᠢᠯᠠᠯ ᠤ᠋ᠨ ᠵᠠᠮ ᠱᠤᠭᠤᠮ ᠭᠠᠷᠭᠠᠵᠤ᠂ ᠮᠦᠽᠧᠶ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠶ᠋ᠯᠡᠳᠭᠡᠯ ᠤ᠋ᠨ ᠭᠠᠵᠠᠷ᠂ ᠬᠥᠳᠡᠭᠡ ᠲᠣᠰᠭᠣᠨ ᠤ᠋ ᠠᠷᠠᠳ ᠤ᠋ᠨ ᠰᠠᠭᠤᠴᠠ ᠵᠢ ᠨᠢᠭᠡ ᠴᠣᠭ᠍ᠴᠠᠵᠢᠭᠤᠯᠤᠭ᠍ᠰᠠᠨ ᠰᠣᠶᠣᠯ ᠵᠢᠭᠤᠯᠴᠢᠯᠠᠯ ᠤ᠋ᠨ ᠦᠶ᠋ᠯᠡᠳᠬᠦᠨ ᠭᠠᠷᠭᠠᠭᠰᠠᠨ ᠢ᠋ᠶ᠋ᠡᠷ ᠰᠤᠳᠤᠯᠤᠨ ᠰᠤᠷᠤᠯᠴᠠᠬᠤ ᠵᠢᠭᠤᠯᠴᠢᠯᠠᠯ ᠤ᠋ᠨ ᠵᠠᠬᠢᠶᠠᠯᠠᠭ᠎ᠠ ᠢᠯᠡᠳᠲᠡ ᠨᠡᠮᠡᠭᠳᠡᠵᠦ᠂ ᠣᠢᠷ᠎ᠠ ᠲᠡᠭᠦᠷᠭᠡ ᠶ᠋ᠢᠨ ᠠᠷᠠᠳ ᠤ᠋ᠨ ᠰᠠᠭᠤᠴᠠ᠂ ᠮᠠᠯᠴᠢᠨ ᠠᠢᠯ ᠤ᠋ᠨ ᠵᠢᠭᠤᠯᠴᠢᠯᠠᠯ ᠪᠠ ᠲᠠᠷᠢᠶᠠᠴᠢᠨ ᠠᠢᠯ ᠤ᠋ᠨ ᠵᠢᠭᠤᠯᠴᠢᠯᠠᠯ ᠤ᠋ᠨ ᠬᠦᠯᠢᠶᠡᠨ ᠠᠪᠬᠤ ᠬᠦᠮᠦᠨ ᠤ᠋ ᠲᠤᠭ᠎ᠠ ᠶᠡᠬᠡ ᠪᠡᠷ ᠨᠡᠮᠡᠭᠳᠡᠨ᠂ ᠬᠥᠳᠡᠭᠡ ᠲᠣᠰᠭᠣᠨ ᠤ᠋ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡ ᠵᠢ ᠪᠦᠲᠦᠮᠵᠢᠲᠡᠶ ᠬᠥᠭ᠌ᠵᠢᠭᠡᠪᠡ᠃《ᠥᠩᠭᠡᠷᠡᠭ᠌ᠰᠡᠨ ᠬᠠᠪᠤᠷ ᠵᠣᠴᠢᠳ ᠴᠥᠭᠡᠨ ᠪᠠᠢᠭ᠍ᠰᠠᠨ᠂ ᠡᠨᠡ ᠵᠢᠯ ᠬᠤᠳᠠ ᠡᠴᠡ ᠰᠤᠶᠤᠯ ᠦᠵᠡᠰᠬᠦᠯᠡᠩ ᠤ᠋ᠨ ᠰᠤᠳᠤᠯᠤᠨ ᠰᠤᠷᠤᠯᠴᠠᠬᠤ ᠵᠠᠮ ᠱᠤᠭᠤᠮ ᠭᠠᠷᠭᠠᠬᠰᠠᠨ ᠢ᠋ᠶ᠋ᠡᠷ ᠵᠣᠴᠢᠳ ᠤ᠋ᠨ ᠥᠷᠥᠭᠡ ᠪᠠᠷᠤᠭ ᠡᠳᠦᠷ ᠪᠦᠷᠢ ᠳᠦᠭᠦᠷᠡᠩ ᠪᠠᠢᠵᠤ᠂ ᠤᠢᠷ᠎ᠠ ᠬᠠᠪᠢ ᠵᠢᠨ ᠲᠠᠷᠢᠶᠠᠴᠢᠨ ᠠᠢᠯ ᠤ᠋ᠨ ᠨᠣᠭᠣᠭ᠎ᠠ᠂ ᠲᠠᠷᠢᠶᠠᠯᠠᠩ ᠤ᠋ᠨ ᠣᠨᠴᠠ ᠪᠦᠲᠦᠭᠡᠭ᠌ᠳᠡᠬᠦᠨ ᠤ᠋ ᠪᠣᠷᠣᠯᠠᠭᠤᠯᠭ᠎ᠠ ᠴᠦ᠍ ᠪᠠᠷᠤᠭ ᠳᠠᠬᠢᠨ ᠢ᠋ᠶ᠋ᠠᠷ ᠨᠡᠮᠡᠭ᠌ᠳᠡᠵᠤ ᠪᠠᠢᠨ᠎ᠠ》 ᠭᠡᠵᠤ ᠤᠷᠳᠤᠰ ᠬᠤᠳᠠ ᠶ᠋ᠢᠨ ᠨᠢᠭᠡᠨ ᠠᠷᠠᠳ ᠤ᠋ᠨ ᠰᠠᠭᠤᠴᠠ ᠶ᠋ᠢᠨ ᠡᠵᠡᠩᠨᠡᠭ᠌ᠴᠢ ᠰᠤᠷᠪᠤᠯᠵᠢᠯᠠᠭ᠎ᠠ ᠬᠦᠯᠢᠶᠡᠬᠦ᠌ ᠳ᠋ᠡᠭᠡᠨ ᠶᠠᠷᠢᠵᠤ ᠪᠠᠢᠭᠰᠠᠨ ᠢ᠋ ᠵᠠᠭᠤᠴᠢᠯᠠᠭᠤᠷ ᠤ᠋ᠨ ᠮᠡᠳᠡᠬᠡᠯᠡᠯ ᠡᠴᠡ ᠤᠯᠵᠤ ᠬᠠᠷᠠᠯ᠎ᠠ᠃
ᠤᠯᠠᠭᠠᠨᠬᠠᠳᠠ ᠬᠤᠳᠠ ᠬᠤᠩᠱᠠᠨ ᠰᠣᠶᠣᠯ᠂ ᠯᠢᠶᠣᠤ ᠤᠯᠤᠰ ᠤ᠋ᠨ ᠰᠣᠶᠣᠯ ᠲᠡᠥᠬᠡ ᠶ᠋ᠢᠨ ᠡᠬᠢ ᠪᠠᠶᠠᠯᠢᠭ ᠲᠦ᠍ ᠰᠠᠭᠤᠷᠢᠯᠠᠨ᠂ ᠣᠷᠣᠨ ᠪᠦᠰᠡ ᠠᠯᠤᠰᠯᠠᠭ᠍ᠰᠠᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠭᠤᠤᠯ ᠰᠡᠳᠦᠪᠲᠦ ᠵᠢᠭᠤᠯᠴᠢᠯᠠᠯ ᠤ᠋ᠨ ᠵᠠᠮ ᠱᠤᠭᠤᠮ ᠭᠠᠷᠭᠠᠭᠰᠠᠨ ᠨᠢ ᠮᠤᠵᠢ ᠠᠯᠤᠰᠯᠠᠭ᠍ᠰᠠᠨ ᠵᠢᠭᠤᠯᠴᠢᠯᠠᠭ᠍ᠰᠠᠳ ᠤ᠋ᠨ ᠬᠦᠷᠢᠶᠡᠯᠡᠯ ᠢ᠋ ᠣᠯᠵᠤ᠂ ᠵᠢᠭᠤᠯᠴᠢᠯᠠᠭ᠍ᠰᠠᠳ ᠤ᠋ᠨ ᠵᠢᠭᠤᠯᠴᠢᠯᠠᠨ ᠰᠠᠭᠤᠬᠤ ᠴᠠᠭ ᠬᠤᠭᠤᠴᠠᠭ᠎ᠠ ᠨᠢ ᠴᠦ᠍ ᠤᠷᠳᠤ ᠪᠤᠯᠵᠤ᠂ ᠵᠠᠮ ᠬᠠᠷᠢᠯᠴᠠᠭ᠎ᠠ᠂ ᠬᠣᠨᠣᠭ ᠪᠠᠭᠤᠳᠠᠯ᠂ ᠡᠳ᠋ ᠪᠠᠷᠠᠭ᠎ᠠ ᠵᠢᠴᠢ ᠪᠡᠶᠡᠴᠢᠯᠡᠨ ᠣᠢᠯᠠᠭᠠᠬᠤ ᠵᠡᠷᠭᠡ ᠪᠥᠬᠥ᠌ ᠬᠡᠯᠬᠢᠶ᠎ᠡ ᠵᠢᠨ ᠬᠡᠷᠡᠭ᠌ᠯᠡᠭᠡ ᠵᠢ ᠱᠢᠭᠤᠳ ᠳᠠᠢᠴᠢᠯᠠᠪᠠ᠃ ᠲᠤᠰ ᠬᠤᠳᠠ ᠵᠢᠨ ᠭᠠᠷᠭᠠᠭᠰᠠᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠭᠤᠤᠯ ᠰᠡᠳᠦᠪᠲᠦ ᠵᠢᠭᠤᠯᠴᠢᠯᠠᠯ ᠤ᠋ᠨ ᠵᠠᠮ ᠱᠤᠭᠤᠮ ᠨᠢ ᠤᠯᠠᠮᠵᠢᠯᠠᠯᠲᠤ ᠲᠣᠭᠣᠷᠢᠨ ᠦᠵᠡᠬᠦ᠌ ᠵᠠᠭ᠍ᠪᠤᠷ ᠢ᠋ ᠬᠤᠪᠢᠷᠠᠭᠤᠯᠵᠤ᠂ ᠮᠡᠳᠡᠯᠭᠡᠳᠦ ᠴᠢᠨᠠᠷ ᠢ᠋ᠶ᠋ᠡᠷ ᠴᠢᠩᠭ᠎ᠠ ᠪᠦᠬᠡᠳ ᠮᠠᠰᠢ ᠶᠡᠬᠡ ᠰᠤᠨᠢᠷᠬᠠᠯᠳᠦ ᠰᠢᠨᠵᠢ ᠲᠠᠢ ᠪᠤᠯᠬᠤᠷ ᠡᠯ᠎ᠠ ᠭᠠᠵᠠᠷ ᠡᠴᠡ ᠢᠷᠡᠬᠦ ᠵᠢᠭᠤᠯᠴᠢᠯᠠᠭᠰᠠᠳ ᠡᠳᠤᠷ ᠢᠷᠡᠬᠦᠶ᠎ᠠ ᠨᠡᠮᠡᠭᠳᠡᠵᠤ ᠪᠠᠢᠨ᠎ᠠ᠃
ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠤᠯᠠᠩᠬᠢ ᠨᠢ ᠮᠦᠽᠸᠢ ᠳ᠋ᠤ ᠬᠠᠳᠠᠭᠠᠯᠠᠭᠳᠠᠵᠤ ᠪᠤᠢ᠃ ᠲᠠᠬᠡᠬᠦ ᠪᠡᠷ ᠨᠢᠭᠡ ᠮᠦᠽᠧᠢ ᠵᠢ ᠵᠤᠷᠢᠵᠦ ᠨᠢᠭᠡ ᠬᠤᠳᠠ ᠳ᠋ᠦ ᠵᠤᠷᠴᠢᠬᠤ ᠬᠦᠮᠦᠰ ᠡᠳᠦᠷ ᠢᠷᠡᠬᠦᠶ᠎ᠠ ᠤᠯᠠᠰᠢᠷᠠᠵᠠᠢ᠃ ᠡᠬᠦᠨ ᠳ᠋ᠤ ᠪᠥᠬᠥ᠌ ᠣᠷᠣᠨ ᠤ᠋ ᠡᠯ᠎ᠠ ᠭᠠᠵᠠᠷ ᠤ᠋ᠨ ᠬᠢᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠵ᠋ ᠠᠮᠢᠳᠤᠯᠢᠭ ᠵᠢᠡᠷ ᠠᠰᠢᠬᠯᠠᠵᠤ᠂ ᠰᠣᠶᠣᠯ ᠤ᠋ᠨ ᠰᠤᠨᠢᠷᠬᠠᠮᠵᠢ ᠪᠠᠷ ᠵᠢᠭᠤᠯᠴᠢᠯᠠᠯ ᠤ᠋ᠨ ᠬᠠᠯᠠᠮᠱᠢᠯ ᠢ᠋ ᠪᠤᠢ ᠪᠤᠯᠭᠠᠨ᠂ ᠬᠡᠷᠡᠭᠯᠡᠬᠡ ᠵᠢ ᠠᠬᠢᠭᠤᠯᠵᠤ᠂ ᠰᠣᠶᠣᠯ ᠤ᠋ᠨ ᠵᠥᠭᠡᠯᠡᠨ ᠪᠣᠳᠠᠲᠤ ᠬᠦᠴᠦᠨ ᠢ᠋ ᠠᠵᠤ ᠠᠬᠤᠢ ᠵᠢᠨ ᠬᠥᠭ᠌ᠵᠢᠯᠲᠡ ᠶ᠋ᠢᠨ ᠬᠦᠴᠦᠳᠤ ᠬᠦᠰᠢᠬᠦᠷᠬᠡ ᠪᠣᠯᠭᠠᠵᠤ ᠪᠠᠢᠨ᠎ᠠ᠃ ᠥᠪᠥᠷ ᠮᠣᠩᠭᠣᠯ ᠤ᠋ᠨ ᠮᠦᠽᠧᠢ ᠶ᠋ᠢᠨ ᠬᠠᠷᠢᠭᠤᠴᠠᠯᠭᠠᠲᠠᠨ ᠰᠤᠷᠪᠤᠯᠵᠢᠯᠠᠭ᠎ᠠ ᠬᠦᠯᠢᠶᠡᠬᠦ᠌ ᠳ᠋ᠡᠭᠡᠨ᠄ 《ᠤᠳᠤ ᠦᠶ᠎ᠡ ᠶ᠋ᠢᠨ ᠮᠦᠽᠧᠢ ᠠᠯᠢ ᠬᠡᠳᠦᠢᠨ ᠰᠣᠶᠣᠯ ᠤ᠋ᠨ ᠳᠡᠯᠭᠡᠨ ᠦᠵᠡᠭᠦᠯᠬᠡ ᠶ᠋ᠢᠨ ᠴᠢᠳᠠᠮᠵᠢ ᠡᠴᠡ ᠳᠠᠪᠠᠵᠤ᠂ ᠨᠢᠬᠡᠨᠳᠡ ᠵᠢᠭᠤᠯᠴᠢᠯᠠᠭᠰᠠᠳ ᠢ᠋ ᠲᠠᠲᠠᠬᠤ᠂ ᠬᠡᠷᠡᠭ᠌ᠯᠡᠭᠡ ᠵᠢ ᠳᠠᠢᠴᠢᠯᠠᠬᠤ᠂ ᠤᠯᠠᠨ ᠲᠦᠮᠡᠨ ᠤ᠋ ᠣᠷᠣᠯᠭ᠎ᠠ ᠵᠢ ᠨᠡᠮᠡᠭ᠌ᠳᠡᠭᠦᠯᠬᠦ᠌ ᠴᠢᠬᠤᠯᠠ ᠲᠠᠪᠴᠠᠩ ᠪᠣᠯᠪᠠ》 ᠭᠡᠵᠦ᠍ ᠬᠡᠯᠡᠵᠤ ᠪᠠᠢᠯ᠎ᠠ᠃