ᠱᠢᠨᠵᠢᠯᠡᠬᠦ᠌ ᠤᠬᠠᠭᠠᠨ᠎ᠤ ᠮᠡᠳᠡᠯᠭᠡ᠎ᠶ᠋ᠢ ᠲᠤᠷᠱᠢᠯᠲᠠ᠎ᠶ᠋ᠢᠨ ᠲᠠᠰᠤᠭ᠎ᠠᠴᠠ ᠲᠦᠭ ᠲᠦᠮᠡᠨ ᠠᠢᠯ ᠡᠷᠦᠬᠡ᠎ᠳᠦ ᠬᠦᠷᠭᠡᠨ᠎ᠡ
2026-06-09 11:51:58
ᠵᠣᠬᠢᠶᠠᠭ᠍ᠴᠢ᠄
​ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

2026 ᠣᠨ᠎ᠤ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠯᠠᠭᠠᠨ᠎ᠤ ᠭᠠᠷᠠᠭ ᠵᠢᠴᠢ ᠪᠥᠬᠥ᠌ ᠣᠷᠣᠨ᠎ᠤ ᠭᠤᠴᠢᠨ ᠨᠢᠭᠡᠳᠦᠭᠡᠷ ᠬᠤᠭᠤᠴᠠᠭᠠᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠠᠵᠢᠯᠯᠠᠭ᠎ᠠ᠎ᠶ᠋ᠢᠨ ᠤᠬᠠᠭᠤᠯᠭ᠎ᠠ᠎ᠶ᠋ᠢᠨ ᠭᠠᠷᠠᠭ᠎ᠤᠨ ᠡᠬᠢᠯᠡᠯᠲᠡ᠎ᠶ᠋ᠢᠨ ᠶᠣᠰᠣᠯᠠᠯ ᠤᠢᠷ᠎ᠡ᠎ᠳᠦ ᠬᠦᠬᠡᠬᠤᠲᠠ᠎ᠶᠢᠨ ᠰᠠᠢᠬᠠᠨ ᠲᠣᠭᠣᠷᠢᠭ᠎ᠲᠤ ᠶᠠᠪᠤᠭ᠍ᠳᠠᠪᠠ᠃

ᠠᠵᠢᠯᠯᠠᠭ᠎ᠠ ᠨᠢ 《〈ᠠᠷᠪᠠᠨ ᠲᠠᠪᠤᠳᠤᠭᠠᠷ ᠲᠠᠪᠤᠨ ᠵᠢᠯ〉 ᠎ᠤ᠋ᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ ᠡᠷᠡᠯᠬᠡᠭ᠌ᠯᠡᠨ ᠤᠷᠤᠭ᠍ᠰᠢᠯᠠᠬᠤ》 ᠪᠡᠷ ᠭᠣᠣᠯ ᠰᠡᠳᠦᠪ ᠪᠣᠯᠭᠠᠵᠤ᠂ ᠬᠠᠷᠢᠶ᠎ᠠ ᠣᠷᠣᠨ᠎ᠤ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠠᠵᠤ ᠠᠬᠤᠢᠯᠠᠯ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠠᠵᠢᠯ ᠲᠦᠷᠦᠯ᠎ᠦᠨ ᠨᠡᠢᠭᠡᠮᠯᠢᠭ᠎ᠤᠨ ᠬᠢᠨ ᠲᠤᠰ ᠠᠵᠢᠯᠯᠠᠭ᠎ᠠ᠎ᠳᠦ ᠤᠷᠤᠯᠴᠠᠪᠠ᠃

ᠡᠬᠢᠯᠡᠯᠲᠡ᠎ᠶ᠋ᠢᠨ ᠶᠣᠰᠣᠯᠠᠯ᠎ᠢ ᠬᠦᠬᠡᠬᠤᠲᠠ᠎ᠶᠢᠨ ᠰᠠᠢᠬᠠᠨ ᠲᠣᠭᠣᠷᠢᠭ᠎ᠤᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠲᠣᠪᠴᠢᠢ᠎ᠠ᠂ ᠬᠦᠬᠡᠬᠤᠲᠠ᠎ᠶᠢᠨ ᠰᠠᠢᠬᠠᠨ ᠲᠣᠭᠣᠷᠢᠭ᠎ᠤᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠬᠦᠬᠡᠬᠤᠲᠠ᠎ᠶᠢᠨ ᠰᠠᠢᠬᠠᠨ ᠲᠣᠭᠣᠷᠢᠭ᠎ᠤᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠨᠡᠢᠭᠡᠮᠯᠢᠭ ᠬᠠᠮᠲᠤᠷᠠᠨ ᠡᠷᠬᠢᠯᠡᠵᠦ᠍᠂ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠦᠷ᠎ᠡ ᠪᠦᠲᠦᠭᠡᠯ᠎ᠢ ᠦᠨᠡᠨ ᠬᠦ᠌ ᠤᠯᠠᠨ ᠲᠦᠮᠡᠨ᠎ᠦ ᠳᠡᠷᠭᠡᠳᠡ ᠬᠦᠷᠭᠡᠵᠦ᠍᠂ ᠡᠳᠦᠷ ᠲᠤᠳᠤᠮ᠎ᠤᠨ ᠠᠮᠢᠳᠤᠷᠠᠯ᠎ᠳᠤ ᠠᠭᠤᠰᠤᠯᠴᠠᠭᠤᠯᠪᠠ᠃

ᠲᠤᠬᠠᠢ᠎ᠶ᠋ᠢᠨ ᠲᠠᠯᠠᠪᠠᠢ᠎ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠦᠨ ᠦᠵᠡᠭᠦᠯᠭᠡ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌᠎ᠶ᠋ᠢ ᠪᠡᠶᠡᠴᠢᠯᠡᠨ ᠣᠢᠯᠠᠭᠠᠬᠤ ᠲᠣᠭᠣᠷᠢᠭ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠠᠷᠠᠳ᠎ᠲᠤ ᠠᠱᠢᠭ ᠬᠦᠷᠲᠡᠭᠡᠬᠦ᠌ ᠦᠢᠯᠡᠴᠢᠯᠡᠭᠡᠨ᠎ᠦ ᠲᠣᠭᠣᠷᠢᠭ ᠵᠡᠷᠭᠡ ᠵᠢ ᠨᠠᠷᠢᠯᠢᠭ ᠪᠠᠢᠷᠢᠯᠠᠭᠤᠯᠵᠤ᠂ ᠵᠣᠬᠢᠶᠠᠮᠠᠯ ᠤᠶᠤᠨ ᠴᠢᠳᠠᠪᠤᠷᠢ᠂ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭᠠᠯᠠᠬᠤ᠂ ᠣᠶᠤᠨᠴᠢ ᠲᠠᠷᠢᠶᠠᠯᠠᠩ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠭᠣᠣᠯᠳᠠᠯᠭ᠎ᠠ᠎ᠲᠠᠶ ᠬᠦᠷᠢᠶᠡᠨ᠎ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠬᠠᠮᠤᠭ᠎ᠤᠨ ᠱᠢᠨ᠎ᠡ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠪᠡ᠃

ᠡᠬᠢᠯᠡᠯᠲᠡ᠎ᠶ᠋ᠢᠨ ᠶᠣᠰᠣᠯᠠᠯ᠎ᠤᠨ ᠳᠠᠷᠠᠭ᠎ᠠ᠂ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠪᠴᠢᠶ᠎ᠠ ᠪᠠᠰᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠠᠵᠢᠯ᠎ᠢ ᠨᠡᠢᠭᠡᠮ ᠲᠣᠭᠣᠷᠢᠭ᠎ᠲᠤ ᠣᠷᠣᠭᠤᠯᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠬᠥᠳᠡᠭᠡ ᠪᠠᠭᠤᠯᠭᠠᠬᠤ᠂ ᠱᠢᠨᠵᠢᠯᠡᠬᠦ᠌ ᠤᠬᠠᠭᠠᠨᠲᠠᠨ᠎ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ ᠵᠡᠷᠭᠡ ᠤᠨᠴᠠᠯᠢᠬ᠍ᠳᠤ ᠱᠢᠷᠢᠰ ᠠᠵᠢᠯᠯᠠᠭ᠎ᠠ᠎ᠶ᠋ᠢ ᠦᠷᠭᠦᠯᠵᠢᠯᠡᠨ ᠵᠣᠬᠢᠶᠠᠨ ᠪᠠᠢᠭᠤᠯᠵᠤ᠂ ᠴᠢᠨᠠᠷ ᠰᠠᠢᠲᠠᠶ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠡᠬᠢ  ᠪᠠᠶᠠᠯᠢᠭ᠎ᠢ ᠦᠨᠳᠦᠰᠦᠨ ᠱᠠᠲᠤᠨ᠎ᠳᠤ ᠪᠠᠭᠤᠯᠭᠠᠬᠤ᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠯᠠᠨ ᠲᠦᠮᠡᠨ᠎ᠳᠦ ᠦᠶ᠋ᠯᠡᠴᠢᠯᠡᠬᠦ᠌ 《ᠡᠴᠦᠰ᠎ᠦᠨ ᠨᠢᠭᠡ ᠺᠢᠯᠣᠮᠧᠲ᠋ᠷ》 ᠎ᠢ᠋ ᠨᠡᠪᠲᠡᠷᠡᠭᠦᠯᠵᠦ᠍᠂ ᠱᠢᠨᠵᠢᠯᠡᠬᠦ᠌ ᠤᠬᠠᠭᠠᠨ᠎ᠤ ᠮᠡᠳᠡᠯᠭᠡ᠎ᠶ᠋ᠢ ᠲᠤᠷᠱᠢᠯᠲᠠ᠎ᠶ᠋ᠢᠨ ᠲᠠᠰᠤᠭ᠎ᠠᠴᠠ ᠭᠠᠷᠭᠠᠨ᠂ ᠲᠦᠭ ᠲᠦᠮᠡᠨ ᠠᠢᠯ ᠡᠷᠦᠬᠡ᠎ᠳᠦ ᠣᠷᠣᠭᠤᠯᠵᠤ᠂ ᠵᠠᠯᠠᠭᠤᠴᠤᠳ ᠪᠠᠭᠠᠴᠤᠳ᠎ᠤᠨ ᠰᠡᠳᠭᠢᠯ᠎ᠳᠦ ᠱᠢᠨ᠎ᠡ᠎ᠶ᠋ᠢ ᠡᠭᠦᠳᠬᠦ᠌ ᠦᠷ᠎ᠡ ᠪᠦᠲᠦᠭᠡᠯ᠎ᠢ ᠦᠨᠳᠦᠰᠦᠯᠡᠬᠦᠯᠵᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠬᠠᠷᠢᠶ᠎ᠠ ᠣᠷᠣᠨ᠎ᠤ ᠣᠯᠠᠨ ᠲᠦᠮᠡᠨ᠎ᠳᠦ ᠨᠠᠩ ᠣᠯᠠᠨ ᠨᠠᠩ ᠡᠷᠬᠡ ᠲᠡᠭ᠌ᠰᠢ᠎ᠪᠡᠷ ᠬᠦᠷᠲᠡᠭᠡᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号