ᠬᠥᠬᠡᠬᠣᠲᠠ᠎ᠳᠤ ᠰᠢᠨ᠎ᠡ᠎ᠶᠢ ᠡᠭᠦᠳᠬᠦ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠢᠯᠠᠯ ᠰᠢᠨ᠎ᠡ ᠪᠡᠷ 34 ᠨᠡᠮᠡᠭᠳᠡᠪᠡ
2026-06-09 15:44:17
ᠵᠣᠬᠢᠶᠠᠭ᠍ᠴᠢ᠄
ᠺᠠᠩ ᠯᠢ ᠨᠠ
ᠣᠩᠱᠢᠭ᠍ᠰᠠᠨ ᠣᠳᠠᠭ᠎ᠠ᠄
★★★☆☆

ᠬᠥᠬᠡᠬᠣᠲᠠ᠎ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠣᠪᠴᠢᠶ᠎ᠠ᠎ᠶᠢᠨ ᠮᠡᠳᠡᠭᠡ᠎ᠶᠢ ᠦᠨᠳᠦᠰᠦᠯᠡᠪᠡᠯ᠂ ᠠᠵᠤ ᠠᠬᠤᠢᠯᠠᠯ᠎ᠤᠨ ᠭᠤᠶᠤᠴᠢᠯᠠᠨ ᠮᠡᠳᠡᠭᠦᠯᠬᠦ᠂ ᠬᠣᠰᠢᠭᠤ ᠰᠢᠶᠠᠨ ᠲᠣᠭᠣᠷᠢᠭ᠋ (ᠠᠵᠤ ᠠᠬᠤᠢ᠎ᠶᠢᠨ ᠨᠡᠭᠡᠭᠡᠯᠲᠡ᠎ᠶᠢᠨ ᠲᠣᠭᠣᠷᠢᠭ᠋)᠎ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠰᠠᠯᠠᠭ᠎ᠠ ᠮᠥᠴᠢᠷ᠎ᠤᠨ ᠠᠩᠬ᠎ᠠ ᠬᠢᠨᠠᠭᠤᠯᠤᠨ ᠲᠠᠨᠢᠯᠴᠠᠭᠤᠯᠬᠤ᠂ ᠬᠣᠲᠠ᠎ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠣᠪᠴᠢᠶ᠎ᠠ᠎ᠠᠴᠠ ᠬᠢᠨᠠᠨ ᠲᠣᠭᠲᠠᠭᠠᠬᠤ᠂ ᠢᠯᠡ ᠨᠡᠢᠲᠡᠯᠡᠬᠦ ᠵᠡᠷᠭᠡ ᠲᠠᠰ ᠳᠠᠷᠠᠭᠠᠯᠠᠯ᠎ᠢᠶᠠᠷ ᠰᠢᠯᠭᠠᠷᠠᠭᠤᠯᠤᠭᠰᠠᠨ᠎ᠤ ᠡᠴᠦᠰ᠎ᠲᠤ ᠬᠥᠬᠡᠬᠣᠲᠠ ᠨᠡᠶ᠋ᠢᠲᠡ 34 ᠠᠵᠤ ᠠᠬᠤᠢᠯᠠᠯ᠎ᠢ ᠰᠢᠨ᠎ᠡ᠎ᠶᠢ ᠡᠭᠦᠳᠬᠦ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠢᠯᠠᠯ᠎ᠢᠶᠠᠷ ᠲᠤᠭᠲᠠᠭᠠᠪᠠ᠃

ᠰᠢᠨ᠎ᠡ᠎ᠶᠢ ᠡᠭᠦᠳᠬᠦ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠢᠯᠠᠯ ᠨᠢ ᠨᠡᠯᠢᠶᠡᠳ ᠥᠨᠳᠥᠷ ᠲᠤᠰᠬᠠᠢᠵᠢᠭ᠍ᠰᠠᠨ ᠬᠢᠷᠢ ᠬᠡᠮᠵᠢᠶ᠎ᠡ᠎ᠲᠠᠢ᠂ ᠰᠢᠨ᠎ᠡ᠎ᠶᠢ ᠡᠭᠦᠳᠬᠦ ᠴᠢᠳᠠᠪᠤᠷᠢ ᠪᠠ ᠬᠥᠭᠵᠢᠯᠲᠡ᠎ᠶᠢᠨ ᠨᠡᠯᠢᠶᠡᠳ ᠴᠢᠩᠭ᠎ᠠ ᠳᠠᠯᠳᠠ ᠬᠦᠴᠦᠨ᠎ᠲᠠᠢ ᠪᠠᠢᠵᠤ᠂ ᠴᠢᠨᠠᠷ ᠰᠠᠢᠲᠠᠢ ᠳᠤᠮᠳᠠ ᠪᠠᠭ᠎ᠠ ᠠᠵᠤ ᠠᠬᠤᠢᠯᠠᠯ᠎ᠤᠨ ᠰᠠᠭᠤᠷᠢ ᠬᠦᠴᠦᠨ ᠪᠣᠯᠣᠨ᠎ᠠ᠃ ᠣᠢᠯᠠᠭᠠᠭᠰᠠᠨ᠎ᠢᠶᠠᠷ᠂ ᠴᠢᠨᠠᠷ ᠰᠠᠢᠲᠠᠢ ᠳᠤᠮᠳᠠ ᠪᠠᠭ᠎ᠠ ᠠᠵᠤ ᠠᠬᠤᠢᠯᠠᠯ᠎ᠤᠨ ᠱᠠᠲᠤᠯᠢᠭ᠋ ᠡᠩᠨᠡᠭᠡ᠎ᠶᠢ ᠪᠣᠢᠵᠢᠭᠤᠯᠬᠤ ᠰᠢᠰᠲᠧᠮ᠎ᠢ ᠲᠡᠭᠦᠯᠳᠡᠷᠵᠢᠭᠦᠯᠵᠦ᠂ 《ᠨᠢᠭᠡ ᠪᠦᠯᠦᠭ᠎ᠢ ᠢᠯᠡᠷᠡᠭᠦᠯᠬᠦ᠂ ᠨᠢᠭᠡ ᠪᠦᠯᠦᠭ᠎ᠢ ᠪᠣᠢᠵᠢᠭᠤᠯᠬᠤ᠂ ᠨᠢᠭᠡ ᠪᠦᠯᠦᠭ᠎ᠢ ᠭᠤᠶᠤᠴᠢᠯᠠᠨ ᠮᠡᠳᠡᠭᠦᠯᠬᠦ᠂ ᠨᠢᠭᠡ ᠪᠦᠯᠦᠭ᠎ᠢ ᠮᠠᠭᠠᠳᠯᠠᠨ ᠲᠣᠭᠲᠠᠭᠠᠬᠤ》 ᠱᠠᠲᠤᠯᠠᠨ ᠪᠣᠢᠵᠢᠭᠤᠯᠬᠤ ᠲᠣᠭᠲᠠᠴᠠ᠎ᠶᠢ ᠪᠠᠢᠭᠤᠯᠤᠨ᠂ ᠳᠠᠯᠳᠠ ᠬᠦᠴᠦᠨ᠎ᠲᠠᠢ᠂ ᠬᠦᠰᠡᠯ ᠡᠷᠡᠮᠡᠯᠵᠡᠯ᠎ᠲᠠᠢ ᠠᠵᠤ ᠠᠬᠤᠢᠯᠠᠯ᠎ᠳᠤ ᠪᠥᠬᠥ ᠬᠡᠯᠬᠢᠶᠡᠲᠦ᠂ ᠣᠨᠣᠪᠴᠢᠲᠠᠶ ᠦᠢᠯᠡᠴᠢᠯᠡᠭᠡ ᠬᠠᠩᠭᠠᠵᠤ᠂ ᠴᠢᠨᠠᠷ ᠰᠠᠢᠲᠠᠢ ᠳᠤᠮᠳᠠ ᠪᠠᠭ᠎ᠠ ᠠᠵᠤ ᠠᠬᠤᠢᠯᠠᠯ᠎ᠤᠨ ᠦᠨᠳᠦᠰᠦᠨ ᠪᠠᠢᠳᠠᠯ᠎ᠢ ᠲᠠᠰᠤᠷᠠᠯᠲᠠ ᠦᠭᠡᠢ ᠪᠡᠬᠢᠵᠢᠭᠦᠯᠬᠦ᠎ᠶᠢᠨ ᠲᠤᠰᠠᠳᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠢᠩᠬᠢᠮ 《ᠰᠢᠨ᠎ᠡ᠎ᠶᠢ ᠡᠭᠦᠳᠬᠦ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠢᠯᠠᠯ᠎ᠢ ᠦᠨᠡᠯᠡᠬᠦ ᠠᠵᠢᠯ᠎ᠢ ᠪᠠᠢᠩᠭᠤᠵᠢᠭᠤᠯᠤᠨ ᠵᠣᠬᠢᠶᠠᠨ ᠪᠠᠢᠭᠤᠯᠵᠤ ᠥᠷᠨᠢᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭᠠᠵᠤ᠂ ᠰᠢᠨ᠎ᠡ᠎ᠶᠢ ᠡᠭᠦᠳᠬᠦ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠢᠯᠠᠯ᠎ᠢ ᠦᠨᠡᠯᠡᠬᠦ ᠠᠵᠢᠯ᠎ᠢ ᠪᠠᠢᠩᠭᠤᠵᠢᠭᠤᠯᠤᠨ ᠥᠷᠨᠢᠭᠦᠯᠵᠦ᠂ ᠰᠢᠨ᠎ᠡ᠎ᠶᠢ ᠡᠭᠦᠳᠬᠦ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠢᠯᠠᠯ᠎ᠢ ᠮᠡᠳᠡᠭᠦᠯᠬᠦ ᠪᠠ ᠦᠨᠡᠯᠡᠬᠦ᠎ᠶᠢ ᠴᠥᠮ ᠤᠯᠠᠷᠢᠯ ᠪᠦᠷᠢ᠎ᠳᠦ ᠶᠠᠪᠤᠬᠳᠠᠭᠤᠯᠬᠤ ᠪᠡᠷ ᠲᠣᠬᠢᠷᠠᠭᠤᠯᠪᠠ᠃ ᠭᠤᠶᠤᠴᠢᠯᠠᠨ ᠮᠡᠳᠡᠭᠦᠯᠬᠦ ᠠᠵᠤ ᠠᠬᠤᠢᠯᠠᠯ ᠬᠠᠷᠢᠶ᠎ᠠ ᠭᠠᠵᠠᠷ᠎ᠤᠨ ᠵᠢᠡᠨ ᠵᠠᠷᠴᠢᠮ ᠶᠣᠰᠣᠭᠠᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ᠎ᠤ ᠴᠢᠨᠠᠷ ᠰᠠᠢᠲᠠᠢ ᠳᠤᠮᠳᠠ ᠪᠠᠭ᠎ᠠ ᠠᠵᠤ ᠠᠬᠤᠢᠯᠠᠯ᠎ᠢ ᠱᠠᠲᠤᠯᠠᠨ ᠪᠣᠢᠵᠢᠭᠤᠯᠬᠤ ᠲᠠᠪᠴᠠᠩ᠎ᠳᠤ ᠭᠠᠷᠴᠤ᠂ ᠰᠢᠨ᠎ᠡ᠎ᠶᠢ ᠡᠭᠦᠳᠬᠦ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠢᠯᠠᠯ᠎ᠢ ᠦᠨᠡᠯᠡᠬᠦ ᠪᠠᠷᠢᠮᠵᠢᠶ᠎ᠠ ᠵᠢᠴᠢ ᠮᠠᠲᠧᠷᠢᠶᠠᠯ᠎ᠤᠨ ᠨᠠᠷᠢᠨ ᠬᠠᠭᠤᠳᠠᠰᠤ᠎ᠪᠠᠷ ᠯᠠᠪᠯᠠᠯᠲᠠ ᠪᠣᠯᠭᠠᠵᠤ ᠥᠪᠡᠷ᠎ᠢ ᠪᠠᠨ ᠦᠨᠡᠯᠡᠭᠰᠡᠨ ᠬᠦᠰᠦᠨᠦᠭᠲᠦ᠎ᠶᠢ ᠦᠨᠡᠨ ᠪᠣᠳᠠᠲᠠᠢ᠎ᠪᠠᠷ ᠲᠠᠭᠯᠠᠨ ᠮᠡᠳᠡᠭᠦᠯᠬᠦ᠎ᠶᠢᠨ ᠬᠠᠮᠲᠤ ᠭᠡᠷᠡᠴᠢ ᠮᠠᠲᠧᠷᠢᠶᠠᠯ᠎ᠢᠶᠠᠨ ᠰᠦᠯᠵᠢᠶ᠎ᠡ ᠪᠡᠷ ᠲᠤᠰᠢᠶᠠᠬᠤ ᠬᠡᠷᠡᠭᠲᠡᠢ᠃ ᠡᠯ᠎ᠡ ᠠᠢᠮᠠᠭ ᠬᠣᠲᠠ᠎ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠣᠪᠴᠢᠶ᠎ᠠ ᠨᠢ ᠭᠤᠶᠤᠴᠢᠯᠠᠨ ᠮᠡᠳᠡᠭᠦᠯᠬᠦ᠂ ᠦᠨᠡᠯᠡᠬᠦ᠂ ᠢᠯᠡ ᠨᠡᠢᠲᠡᠯᠡᠬᠦ ᠵᠢᠴᠢ ᠪᠦᠷᠢᠳᠬᠡᠨ ᠳᠠᠩᠰᠠᠯᠠᠵᠤ ᠳᠡᠭᠡᠭᠰᠢ ᠮᠡᠳᠡᠭᠦᠯᠬᠦ ᠠᠵᠢᠯ᠎ᠢ ᠵᠣᠬᠢᠶᠠᠨ ᠪᠠᠢᠭᠤᠯᠤᠨ᠎ᠠ᠃

ᠰᠢᠨ᠎ᠡ᠎ᠶᠢ ᠡᠭᠦᠳᠬᠦ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠢᠯᠠᠯ ᠪᠤᠯ ᠲᠤᠰᠬᠠᠢ᠂ ᠨᠠᠷᠢᠯᠢᠭ᠋᠂ ᠣᠨᠴᠠ᠂ ᠰᠢᠨ᠎ᠡ ᠳᠤᠮᠳᠠ ᠪᠠᠭ᠎ᠠ ᠠᠵᠤ ᠠᠬᠤᠢᠯᠠᠯ᠎ᠢ ᠭᠤᠶᠤᠴᠢᠯᠠᠨ ᠮᠡᠳᠡᠭᠦᠯᠬᠦ᠎ᠶᠢᠨ ᠤᠷᠢᠲᠠᠯ ᠮᠥᠨ᠂ ᠲᠠᠷᠠᠭᠠᠴᠢ᠎ᠶᠢᠨ ᠠᠯᠬᠤᠮ᠎ᠳᠤ᠂ ᠬᠥᠬᠡᠬᠣᠲᠠ᠎ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠣᠪᠴᠢᠶ᠎ᠠ ᠨᠢ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢᠨ ᠡᠷᠴᠢᠮ᠎ᠢᠶᠡᠨ ᠴᠢᠩᠭᠠᠷᠠᠭᠤᠯᠵᠤ᠂ ᠠᠵᠤ ᠠᠬᠤᠢᠯᠠᠯ᠎ᠤᠨ ᠭᠤᠶᠤᠴᠢᠯᠠᠨ ᠮᠡᠳᠡᠭᠦᠯᠬᠦ ᠠᠵᠢᠯ ᠪᠠ ᠬᠣᠯᠪᠣᠭᠳᠠᠯ ᠪᠦᠬᠦᠢ ᠲᠥᠷᠥ᠎ᠶᠢᠨ ᠪᠣᠳᠣᠯᠭ᠎ᠠ᠎ᠶᠢ ᠣᠢᠯᠠᠭᠠᠬᠤ ᠨᠣᠷᠮ᠎ᠠ᠎ᠶᠢ ᠳᠡᠭᠡᠭᠰᠢᠯᠡᠭᠦᠯᠵᠦ᠂ ᠠᠵᠤ ᠠᠬᠤᠢᠯᠠᠯ᠎ᠤᠨ ᠰᠢᠨ᠎ᠡ᠎ᠶᠢ ᠡᠭᠦᠳᠬᠦ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠢᠯᠠᠯ᠎ᠢ ᠢᠳᠡᠪᠬᠢᠲᠡᠢ᠎ᠪᠡᠷ ᠭᠤᠶᠤᠴᠢᠯᠠᠨ ᠮᠡᠳᠡᠭᠦᠯᠬᠦ᠎ᠶᠢ ᠵᠣᠷᠢᠭ᠍ᠵᠢᠭᠤᠯᠬᠤ᠎ᠶᠢᠨ ᠬᠠᠮᠲᠤ᠂ ᠳᠠᠯᠳᠠ ᠬᠦᠴᠦᠨ᠎ᠲᠠᠢ ᠠᠵᠤ ᠠᠬᠤᠢᠯᠠᠯ᠎ᠢ ᠲᠤᠰᠬᠠᠢ᠂ ᠨᠠᠷᠢᠯᠢᠭ᠋᠂ ᠣᠨᠴᠠ᠂ ᠰᠢᠨ᠎ᠡ ᠳᠤᠮᠳᠠ ᠪᠠᠭ᠎ᠠ ᠠᠵᠤ ᠠᠬᠤᠢᠯᠠᠯ᠎ᠤᠨ ᠪᠡᠯᠡᠳᠬᠡᠯ ᠬᠥᠮᠥᠷᠭᠡ᠎ᠳᠦ ᠣᠷᠣᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号