ᠥᠪᠥᠷ ᠮᠣᠩᠭᠣᠯ᠎ᠤᠨ 20 ᠵᠦᠢᠯ᠎ᠦᠨ ᠠᠭᠤᠷᠬᠠᠢ ᠵᠢᠨ ᠬᠠᠳᠠᠭᠠᠯᠠᠬᠳᠠᠴᠠ ᠪᠥᠬᠥ ᠤᠯᠤᠰ᠎ᠲᠦ ᠲᠡᠷᠢᠭᠦᠯᠡᠵᠦ ᠪᠤᠢ
2026-06-09 15:50:49
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ ᠶᠠᠪᠤᠬᠳᠠᠬᠰᠠᠨ 2026 ᠣᠨ᠎ᠤ ᠳᠤᠮᠳᠠᠳᠤ ᠤᠯᠤᠰ᠎ᠤᠨ ᠠᠭᠤᠷᠬᠠᠢ ᠬᠠᠢᠨ ᠰᠢᠨᠵᠢᠯᠡᠭᠴᠢ᠎ᠶᠢᠨ ᠣᠨ᠎ᠤ ᠬᠤᠷᠠᠯ ᠳᠡᠭᠡᠷᠡᠬᠢ ᠴᠢᠮᠡᠭᠡ ᠵᠢ ᠦᠨᠳᠦᠰᠦᠯᠡᠪᠡᠯ᠄ ᠣᠳᠣᠬᠠᠨ ᠪᠣᠯᠲᠠᠯ᠎ᠠ᠂ ᠥᠪᠥᠷ ᠮᠣᠩᠭᠣᠯ᠎ᠤᠨ ᠪᠠᠢᠴᠠᠭᠠᠨ ᠲᠣᠳᠣᠯᠠᠭᠰᠠᠨ ᠡᠬᠢ ᠪᠠᠶᠠᠯᠢᠭ᠋᠎ᠤᠨ ᠬᠠᠳᠠᠭᠠᠯᠠᠭᠳᠠᠴᠠ᠎ᠶᠢᠨ ᠠᠭᠤᠷᠬᠠᠢ᠎ᠶᠢᠨ ᠲᠥᠷᠥᠯ ᠨᠡᠶ᠋ᠢᠲᠡ 152 ᠵᠦᠢᠯ ᠪᠠᠢᠨ᠎ᠠ᠃ ᠡᠭᠦᠨ᠎ᠳᠦ᠂ ᠨᠡᠭᠦᠷᠡᠰᠦ᠂ ᠬᠣᠪᠣᠷ ᠰᠢᠷᠣᠢ᠂ ᠡᠩ᠎ᠦᠨ ᠬᠠᠢᠯᠤᠭᠤᠷ ᠵᠤᠩᠰᠢ᠂ ᠼᠢᠷᠺᠦᠨ᠂ ᠨᠢᠦᠪᠢ᠂ ᠪᠠᠢᠭᠠᠯᠢ᠎ᠶᠢᠨ ᠬᠤᠵᠢᠷ᠂ ᠬᠠᠷ᠎ᠠ ᠲᠤᠭᠤᠯᠭ᠎ᠠ᠂ ᠴᠠᠢᠷ᠂ ᠮᠥᠩᠭᠥ ᠵᠡᠷᠭᠡ 20 ᠵᠦᠢᠯ᠎ᠦᠨ ᠠᠭᠤᠷᠬᠠᠢ᠎ᠶᠢᠨ ᠲᠥᠷᠥᠯ᠎ᠦᠨ ᠡᠬᠢ ᠪᠠᠶᠠᠯᠢᠭ᠋᠎ᠤᠨ ᠬᠠᠳᠠᠭᠠᠯᠠᠯᠲᠠ᠎ᠶᠢᠨ ᠬᠡᠮᠵᠢᠶ᠎ᠡ ᠨᠢ ᠪᠥᠬᠥ ᠤᠯᠤᠰ᠎ᠲᠤ ᠲᠡᠷᠢᠭᠦᠯᠡᠵᠦ ᠪᠠᠢᠨ᠎ᠠ᠃

ᠣᠢᠷ᠎ᠠ᠎ᠶᠢᠨ ᠵᠢᠯ᠎ᠦᠨ ᠲᠤᠷᠰᠢ᠂ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ ᠵᠡᠷᠭᠡ ᠤᠯᠤᠰ᠎ᠤᠨ ᠶᠠᠮᠤᠨ ᠵᠥᠪᠯᠡᠯ᠎ᠦᠨ ᠳᠡᠮᠵᠢᠯᠭᠡ ᠳᠣᠣᠷ᠎ᠠ᠂ ᠥᠪᠥᠷ ᠮᠣᠩᠭᠣᠯ ᠰᠢᠨ᠎ᠡ ᠨᠢᠭᠡ ᠡᠭᠡᠯᠵᠢ᠎ᠶᠢᠨ ᠠᠭᠤᠷᠬᠠᠢ ᠡᠷᠢᠬᠦ ᠰᠢᠪᠲᠤᠯᠤᠯᠲᠠ᠎ᠶᠢᠨ ᠪᠠᠢᠯᠳᠤᠬᠤ ᠪᠣᠳᠣᠯᠭ᠎ᠠ᠎ᠶᠢᠨ ᠠᠵᠢᠯᠯᠠᠭ᠎ᠠ᠎ᠶᠢ ᠭᠦᠨᠵᠡᠭᠡᠢ ᠥᠷᠨᠢᠭᠦᠯᠵᠦ᠂ ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠋᠎ᠢ ᠬᠠᠢᠨ ᠪᠠᠢᠴᠠᠭᠠᠬᠤ ᠪᠠ ᠨᠡᠭᠡᠭᠡᠨ ᠠᠰᠢᠭ᠍ᠯᠠᠬᠤ ᠡᠷᠴᠢᠮ᠎ᠢᠶᠡᠨ ᠲᠠᠰᠤᠷᠠᠯᠲᠠ ᠦᠭᠡᠢ ᠴᠢᠩᠭᠠᠷᠠᠭᠤᠯᠤᠬᠰᠠᠨ ᠵᠢᠡᠷ᠂ ᠪᠥᠬᠥ ᠣᠷᠣᠨ᠎ᠤ ᠡᠬᠢ ᠪᠠᠶᠠᠯᠢᠭ᠋᠎ᠤᠨ ᠬᠠᠳᠠᠭᠠᠯᠠᠯᠲᠠ᠎ᠶᠢᠨ ᠬᠡᠮᠵᠢᠶ᠎ᠡ᠎ᠪᠡᠷ ᠪᠥᠬᠥ ᠤᠯᠤᠰ᠎ᠤᠨ ᠲᠦᠷᠦᠭᠦᠦ ᠭᠤᠷᠪᠠ᠎ᠳᠤ ᠵᠢᠭ᠍ᠰᠠᠭᠠᠭᠳᠠᠵᠤ ᠪᠠᠢᠭ᠎ᠠ ᠠᠭᠤᠷᠬᠠᠢ᠎ᠶᠢᠨ ᠲᠥᠷᠥᠯ 55 ᠵᠦᠢᠯ  (ᠡᠬᠢ ᠪᠠᠶᠠᠯᠢᠭ᠋᠎ᠤᠨ ᠬᠠᠳᠠᠭᠠᠯᠠᠯᠲᠠ᠎ᠶᠢᠨ ᠬᠡᠮᠵᠢᠶ᠎ᠡ᠎ᠪᠡᠷ ᠪᠥᠬᠥ ᠤᠯᠤᠰ᠎ᠤᠨ ᠨᠢᠭᠡᠳᠦᠭᠡᠷ᠂ ᠬᠣᠶᠠᠳᠤᠭᠠᠷ᠂ ᠭᠤᠷᠪᠠᠳᠤᠭᠠᠷ  ᠲᠤ᠌ ᠪᠠᠢᠷᠢᠯᠠᠵᠤ ᠪᠠᠢᠭ᠎ᠠ ᠠᠭᠤᠷᠬᠠᠢ᠎ᠶᠢᠨ ᠲᠥᠷᠥᠯ ᠪᠠᠭᠲᠠᠨ᠎ᠠ) ᠪᠤᠯᠤᠨ ᠨᠡᠮᠡᠭᠳᠡᠭᠰᠡᠨ ᠪᠦᠭᠡᠳ  ᠶᠡᠬᠡ ᠬᠢᠩᠭᠠᠨ ᠳᠠᠪᠠᠭ᠎ᠠ ᠵᠡᠷᠭᠡ ᠠᠭᠤᠷᠬᠠᠢ ᠪᠦᠷᠢᠯᠳᠦᠭᠰᠡᠡ ᠭᠣᠣᠯᠳᠠᠯᠭ᠎ᠠ᠎ᠲᠠᠢ ᠪᠦᠰᠡ᠎ᠪᠡᠷ ᠠᠭᠤᠷᠬᠠᠢ ᠬᠠᠢᠨ ᠨᠡᠭᠡᠭᠡᠬᠦ ᠪᠤᠯᠤᠮᠵᠢ ᠶᠡᠬᠡ ᠪᠠᠢᠭ᠎ᠠ ᠵᠢ ᠪᠠᠢᠴᠠᠭᠠᠨ ᠲᠤᠳᠤᠯᠠᠵᠠᠢ᠃ ᠡᠭᠦᠨ᠎ᠦ ᠬᠠᠮᠲᠤ᠂ ᠥᠪᠥᠷ ᠮᠣᠩᠭᠣᠯ ᠣᠨᠴᠠ ᠥᠨᠳᠥᠷ ᠬᠦᠴᠦᠳᠡᠯᠲᠦ ᠴᠠᠬᠢᠯᠭᠠᠨ ᠲᠣᠣᠷ᠎ᠢᠶᠠᠷ ᠳᠠᠮᠵᠢᠭᠤᠯᠤᠨ ᠵᠢᠶᠠᠩᠰᠤ᠂ ᠱᠠᠨᠳᠦ᠋ᠩ᠂ ᠭᠤᠸᠠᠩᠳᠦ᠋ᠩ ᠵᠡᠷᠭᠡ 10 ᠭᠠᠷᠤᠢ ᠮᠤᠵᠢ ᠣᠷᠣᠨ᠎ᠳᠤ ᠴᠠᠬᠢᠯᠭᠠᠨ ᠬᠦᠷᠭᠡᠵᠦ᠂ ᠭᠠᠳᠠᠭᠠᠳᠤ᠎ᠳᠤ ᠬᠠᠩᠭᠠᠬᠤ ᠨᠡᠭᠦᠷᠡᠰᠦ ᠨᠢ ᠤᠯᠤᠰ᠎ᠤᠨ ᠳᠣᠲᠣᠭᠠᠳᠤ᠎ᠶᠢᠨ 20 ᠭᠠᠷᠤᠢ ᠮᠤᠵᠢ᠂ ᠣᠷᠣᠨ᠂ ᠬᠣᠲᠠ᠎ᠶᠢᠨ ᠨᠡᠭᠦᠷᠡᠰᠦ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠶᠢᠨ ᠳᠤᠲᠠᠭᠤᠳᠠᠯ᠎ᠢ ᠨᠥᠬᠥᠪᠦᠷᠢᠯᠡᠵᠦ᠂ ᠭᠠᠳᠠᠭᠠᠳᠤ᠎ᠳᠤ ᠬᠠᠩᠭᠠᠬᠤ ᠨᠡᠭᠦᠷᠡᠰᠦ᠂ ᠴᠠᠬᠢᠯᠭᠠᠨ᠎ᠤ ᠬᠡᠮᠵᠢᠶ᠎ᠡ ᠨᠢ ᠨᠢᠭᠡᠨᠲᠡ ᠣᠯᠠᠨ ᠵᠢᠯ ᠪᠥᠬᠥ ᠤᠯᠤᠰ᠎ᠲᠦ ᠲᠡᠷᠢᠬᠦᠯᠡᠵᠦ᠂ ᠤᠯᠤᠰ᠎ᠤᠨ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠠᠮᠤᠷ ᠲᠦᠪᠰᠢᠨ᠎ᠢ ᠪᠠᠲᠤᠯᠠᠬᠤ᠂ ᠠᠵᠤ ᠠᠬᠤᠢ᠎ᠶᠢᠨ ᠬᠥᠭᠵᠢᠯᠲᠡ᠎ᠶᠢᠨ ᠦᠨᠳᠦᠰᠦᠨ ᠪᠠᠢᠳᠠᠯ᠎ᠢ ᠲᠣᠭᠲᠠᠪᠤᠷᠢᠵᠢᠭᠤᠯᠬᠤ᠎ᠳᠤ ᠴᠢᠬᠤᠯᠠ ᠦᠢᠯᠡᠳᠦᠯ ᠦᠵᠡᠭᠦᠯᠪᠡ᠃

ᠢᠷᠡᠯᠲᠡ ᠄ ᠲᠠᠯ᠎ᠠ ᠨᠤᠲᠤᠬ᠎ᠤᠨ ᠡᠭᠦᠯᠡ ᠰᠢᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号