ᠬᠥᠬᠡᠬᠣᠲᠠ᠎ᠶᠢᠨ ᠣᠯᠠᠨ ᠤᠯᠤᠰ᠎ᠤᠨ ᠮᠠᠰᠢᠨ ᠲᠡᠷᠭᠡᠨ᠎ᠤ ᠦᠵᠡᠰᠬᠦᠯᠡᠩ 18᠎ᠳᠦ ᠡᠬᠢᠯᠡᠨ᠎ᠠ
2026-06-09 16:25:15
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 18᠎ᠤ ᠡᠳᠦᠷ᠎ᠡᠴᠡ 22᠎ᠤᠨ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠮᠧᠬᠠᠨᠢᠭ᠋᠎ᠤᠨ ᠣᠯᠠᠨ ᠤᠯᠤᠰ᠎ᠤᠨ ᠬᠠᠮᠲᠤᠷᠠᠯᠴᠠᠭᠠᠨ᠎ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠎ᠠᠴᠠ ᠭᠣᠣᠯᠯᠠᠨ ᠳᠠᠭᠠᠭᠠᠨ ᠡᠷᠭᠢᠯᠡᠭᠰᠡᠨ 2026 ᠣᠨ᠎ᠤ ᠠᠷᠪᠠᠨ ᠨᠠᠢ᠍ᠮᠠᠳᠤᠭᠠᠷ ᠬᠤᠭᠤᠴᠠᠭᠠᠨ᠎ᠤ ᠬᠥᠬᠡᠬᠣᠲᠠ᠎ᠶᠢᠨ ᠣᠯᠠᠨ ᠤᠯᠤᠰ᠎ᠤᠨ ᠮᠠᠰᠢᠨ ᠲᠡᠷᠭᠡᠨ᠎ᠦ ᠦᠵᠡᠭᠦᠯᠭᠡ ᠵᠢᠴᠢ ᠰᠢᠨ᠎ᠡ ᠡᠨᠧᠷᠭᠢ᠎ᠶᠢᠨ ᠠᠵᠤ ᠦᠢᠯᠡᠰ᠎ᠦᠨ ᠦᠵᠡᠰᠬᠦᠯᠡᠩ  (ᠳᠣᠷᠣᠭ᠍ᠰᠢ《ᠬᠥᠬᠡᠬᠣᠲᠠ᠎ᠶᠢᠨ ᠣᠯᠠᠨ ᠤᠯᠤᠰ᠎ᠤᠨ ᠮᠠᠰᠢᠨ ᠲᠡᠷᠭᠡᠨ᠎ᠦ ᠦᠵᠡᠰᠬᠦᠯᠡᠩ》 ᠭᠡᠵᠦ ᠲᠣᠪᠴᠢᠯᠠᠨ᠎ᠠ) ᠥᠪᠥᠷ ᠮᠣᠩᠭᠣᠯ᠎ᠤᠨ ᠣᠯᠠᠨ ᠤᠯᠤᠰ᠎ᠤᠨ ᠬᠤᠷᠠᠯ ᠦᠵᠡᠰᠬᠦᠯᠡᠩ᠎ᠦᠨ ᠲᠥᠪ᠎ᠲᠦ ᠶᠠᠪᠤᠭᠳᠠᠬᠤ ᠪᠡᠷ ᠪᠠᠢᠨ᠎ᠠ᠃ ᠲᠡᠷᠭᠡ ᠠᠪᠬᠤ ᠪᠤᠶᠤ ᠲᠡᠷᠭᠡ ᠰᠤᠯᠢᠬᠤ ᠰᠠᠨᠠᠭ᠎ᠠ ᠲᠠᠢ ᠬᠦᠮᠦᠰ ᠠᠩᠬᠠᠷᠤᠯ ᠵᠢᠡᠨ ᠬᠠᠨᠳᠤᠭᠤᠯᠤᠭᠠᠷᠠᠢ︕


QQ截图20260609162631.png


2008 ᠣᠨ᠎ᠳᠤ ᠡᠭᠦᠰᠬᠡᠨ ᠡᠷᠭᠢᠯᠡᠭᠰᠡᠨ᠎ᠡᠴᠡ ᠨᠠᠭᠠᠰᠢ᠂ ᠬᠥᠬᠡᠬᠣᠲᠠ᠎ᠶᠢᠨ ᠣᠯᠠᠨ ᠤᠯᠤᠰ᠎ᠤᠨ ᠮᠠᠰᠢᠨ ᠲᠡᠷᠭᠡᠨ᠎ᠦ ᠦᠵᠡᠰᠬᠦᠯᠡᠩ ᠨᠢᠭᠡᠨᠲᠡ ᠠᠷᠪᠠᠨ ᠲᠤᠯᠤᠭᠠᠨ ᠬᠤᠭᠤᠴᠠᠭ᠎ᠠ ᠠᠮᠵᠢᠯᠲᠠ᠎ᠲᠠᠢ ᠶᠠᠪᠤᠭᠳᠠᠵᠤ᠂ ᠨᠡᠶ᠋ᠢᠲᠡ ᠬᠡᠳᠦᠨ ᠵᠠᠭᠤᠨ ᠲᠦᠮᠡᠨ ᠦᠵᠡᠭᠴᠢ ᠪᠣᠯᠣᠨ ᠮᠢᠩᠭ᠎ᠠ ᠲᠦᠮᠡᠨ ᠲᠡᠷᠭᠡᠨ᠎ᠦ ᠡᠵᠡᠨ᠎ᠦ ᠢᠲᠡᠭᠡᠯ ᠨᠠᠶ᠋ᠢᠳᠠᠯᠭ᠎ᠠ᠎ᠶᠢ ᠬᠦᠷᠲᠡᠭᠰᠡᠨ ᠶᠤᠮ᠃ ᠲᠤᠰ ᠬᠤᠭᠤᠴᠠᠭᠠᠨ᠎ᠤ ᠬᠥᠬᠡᠬᠣᠲᠠ᠎ᠶᠢᠨ ᠤᠯᠠᠨ ᠤᠯᠤᠰ᠎ᠤᠨ ᠮᠠᠰᠢᠨ ᠲᠡᠷᠭᠡᠨ᠎ᠦ ᠦᠵᠡᠰᠬᠦᠯᠡᠩ ᠨᠢ ᠮᠠᠰᠢᠨ ᠲᠡᠷᠭᠡᠨ᠎ᠦ ᠠᠵᠢᠯ ᠲᠦᠷᠦᠯ᠎ᠦᠨ ᠬᠢᠨ᠎ᠤ ᠵᠢᠯ᠎ᠤᠨ ᠳᠤᠮᠳᠠᠬᠢ ᠮᠠᠰᠢᠨ ᠲᠡᠷᠭᠡ ᠬᠤᠳᠠᠯᠳᠤᠬᠤ ᠬᠦᠭᠵᠢᠶᠡᠨᠲᠦ ᠪᠤᠷᠤᠯᠠᠭᠤᠯᠭ᠎ᠠ ᠪᠡᠷ ᠪᠠᠷᠠᠬᠤ ᠦᠭᠡᠢ᠂ ᠨᠡᠩ ᠴᠤ᠌ ᠲᠥᠪ᠎ᠦᠨ ᠠᠵᠤ ᠠᠬᠤᠢᠯᠠᠯ᠎ᠤᠨ ᠡᠬᠢ ᠪᠠᠶᠠᠯᠢᠭ᠋ ᠥᠪᠥᠷ ᠮᠣᠩᠭᠣᠯ᠎ᠳᠤ ᠭᠦᠨᠵᠡᠭᠡᠢ ᠦᠨᠳᠦᠰᠦ ᠬᠠᠳᠬᠤᠵᠤ᠂ ᠮᠠᠰᠢᠨ ᠲᠡᠷᠭᠡᠨ᠎ᠦ ᠪᠦᠬᠦ ᠠᠵᠤ ᠦᠢᠯᠡᠰ᠎ᠦᠨ ᠬᠡᠯᠬᠢᠶ᠎ᠡ᠎ᠶᠢ ᠪᠠᠢᠷᠢᠰᠢᠭᠤᠯᠬᠤ ᠬᠥᠰᠢᠶ᠎ᠡ ᠳᠤᠷᠠᠰᠬᠠᠯ᠎ᠦᠨ ᠬᠡᠯᠪᠡᠷᠢ ᠲᠠᠢ ᠡᠬᠢᠯᠡᠯᠲᠡ ᠵᠢ ᠬᠠᠷᠠᠭᠤᠯᠬᠤ ᠪᠤᠯᠤᠨ᠎ᠠ᠃


QQ截图20260609162650.png


ᠤᠢᠷᠠᠲᠤᠭᠠᠳ ᠪᠠᠢᠭ᠎ᠠ ᠮᠠᠰᠢᠨ ᠲᠡᠷᠭᠡᠨ᠎ᠤ ᠦᠵᠡᠰᠭᠦᠯᠡᠩ᠎ᠢ ᠡᠳᠦᠷ ᠲᠤᠭᠠᠯᠠᠨ ᠬᠦᠯᠢᠶᠡᠵᠦ ᠬᠠᠮᠲᠤ ᠪᠡᠷ ᠰᠤᠨᠢᠷᠬᠠᠬᠤ ᠵᠢᠨ ᠪᠤᠯᠵᠤᠭ᠎ᠠ ᠲᠠᠯᠪᠢᠶ᠎ᠠ᠃

ᠢᠷᠡᠯᠲᠡ᠄ ᠴᠢᠩ ᠴᠧᠩ ᠬᠠᠮ ᠵᠠᠭᠤᠴᠢᠯᠠᠭᠤᠷ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号