ᠡᠬᠡ ᠤᠯᠤᠰ ᠤ᠋ᠨ ᠤᠮᠠᠷᠠᠲᠤ ᠬᠢᠯᠢ ᠳ᠋ᠤ᠂ ᠮᠤᠨᠠ ᠠᠭᠤᠯᠠ ᠵᠢᠨ ᠬᠤᠷᠮᠤᠢ ᠡᠴᠠ ᠬᠠᠲᠤᠨ ᠭᠤᠤᠯ ᠤ᠋ᠨ ᠡᠷᠬᠢ ᠬᠦᠷᠲᠠᠯ᠎ᠠ᠂ ᠪᠠᠶᠠᠨᠨᠠᠭᠤᠷ ᠬᠤᠲᠠ ᠶᠠᠭ ᠰᠢᠰᠲᠸᠮᠲᠤ ᠰᠡᠳᠬᠢᠴᠠ ᠪᠠᠷ ᠲᠤᠮᠲᠠᠲᠤ ᠵᠢᠨ ᠦᠨᠲᠤᠰᠤᠲᠠᠨ ᠤ᠋ ᠬᠠᠮᠲᠤ ᠵᠢᠨ ᠴᠤᠭᠴᠠ ᠵᠢᠨ ᠤᠬᠠᠮᠰᠠᠷ ᠢ ᠪᠠᠲᠤ ᠴᠤᠭᠴᠠᠯᠠᠨ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ᠎ᠢ ᠠᠵᠤ ᠠᠬᠤᠶ ᠨᠡᠢᠭᠡᠮ᠎ᠦᠨ ᠬᠥᠭ᠌ᠵᠢᠯᠲᠡ ᠶ᠋ᠢᠨ ᠡᠯ᠎ᠡ ᠲᠠᠯ᠎ᠠ ᠳᠤ ᠠᠭᠤᠰᠤᠯᠴᠠᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠡᠳ᠋ᠯᠡᠭᠦᠯᠵᠤ᠂ ᠦᠨᠲᠤᠰᠤᠲᠠᠨ ᠤ᠋ ᠪᠦᠯᠬᠦᠮᠲᠠᠯ ᠤ᠋ᠨ ᠰᠠᠭᠤᠷᠢ ᠶ᠋ᠢ ᠲᠠᠰᠤᠷᠠᠯᠲᠠ ᠦᠬᠡᠢ ᠪᠠᠬᠢᠵᠢᠬᠦᠯᠵᠠᠢ᠃ ᠡᠨᠡ ᠵᠢᠯ ᠦᠨ 1 ᠰᠠᠷ᠎ᠠ᠎ᠳᠤ᠂ ᠪᠠᠶᠠᠨᠨᠠᠭᠤᠷ ᠬᠣᠲᠠ ᠠᠷᠪᠠᠨ ᠬᠣᠶᠠᠳᠤᠭᠠᠷ ᠪᠦᠯᠦᠭ᠎ᠦᠨ ᠪᠥᠬᠥ᠌ ᠤᠯᠤᠰ ᠤᠨ ᠦᠨᠳᠦᠰᠦᠲᠡᠨ ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠢᠶᠠᠷ ᠨᠡᠷᠡᠢᠳᠦᠭ᠌ᠳᠠᠨ᠂ ᠣᠳᠣᠬᠠᠨ ᠪᠣᠯᠲᠠᠯ᠎ᠠ᠂ ᠪᠥᠬᠥ᠌ ᠤᠯᠤᠰ᠂ ᠪᠥᠬᠥ᠌ ᠣᠷᠣᠨ᠎ᠤ ᠵᠢᠱ᠌ᠢᠶ᠎ᠡ ᠦᠵᠡᠭᠦᠯᠬᠦ᠌ ᠨᠢᠭᠡᠴᠢ 64᠂ ᠵᠢᠱ᠌ᠢᠶᠡᠴᠢ ᠬᠠᠮᠲᠤ 122 ᠂ ᠵᠢᠱ᠌ᠢᠶᠡᠴᠢ ᠬᠤᠪᠢ ᠬᠥᠮᠦᠨ163 ᠴᠤᠯᠭᠤᠷᠠᠨ ᠭᠠᠷᠴᠠᠢ ᠁᠃
ᠤᠨᠴᠠᠯᠢᠭ᠍ᠳᠤ ᠠᠵᠤ ᠦᠶ᠋ᠯᠡᠰ᠎ᠢ ᠬᠦᠭᠵᠢᠬᠦᠯᠵᠦ ᠪᠠᠶᠠᠵᠢᠯ᠎ᠤᠨ ᠵᠠᠮ᠎ᠢ ᠨᠡᠭᠡᠭᠡᠪᠡ
ᠠᠵᠤ ᠦᠢᠯᠡᠰ᠎ᠦᠨ ᠬᠥᠭ᠌ᠵᠢᠯᠲᠡ ᠪᠣᠯ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠳᠠᠢᠴᠢᠯᠠᠬᠤ ᠴᠢᠬᠤᠯᠠ ᠬᠥᠳᠡᠯᠭᠡᠭᠦᠷ ᠮᠥᠨ᠃ ᠥᠷᠭᠡᠨ ᠠᠭᠤᠳᠠᠮ ᠪᠣᠷᠣᠲᠣᠬᠣᠢ᠎ᠶ᠋ᠢᠨ ᠡᠬᠡ ᠭᠠᠵᠠᠷ᠎ᠲᠤ ᠦᠨᠳᠦᠰᠤᠳᠡᠨ᠎ᠤ ᠪᠦᠯᠬᠦᠮᠳᠡᠯ ᠲᠠᠪᠰᠢᠯᠳᠠ ᠵᠢᠨ ᠦᠢᠯᠡᠰ ᠢ ᠳᠤᠮᠳᠠᠳᠤ ᠶ᠋ᠢᠨ ᠦᠨᠳᠦᠰᠦᠲᠡᠨ ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ ᠪᠠᠲᠤ ᠴᠣᠭ᠍ᠴᠠᠯᠠᠬᠤ ᠭᠣᠣᠯ ᠱᠢᠵᠢᠮ ᠲᠠᠢ ᠠᠮᠢᠳᠤᠯᠢᠭ ᠠᠭᠤᠰᠤᠯᠴᠠᠭᠤᠯᠤᠨ ᠪᠤᠳᠠᠳᠠᠢ ᠳ᠋ᠤ ᠦᠢᠯᠡᠳᠦᠯᠭᠡᠵᠢᠬᠦᠯᠦᠨ᠎ᠡ᠃

ᠤᠷᠠᠨ ᠰᠠᠢᠬᠠᠨ ᠤ ᠲᠤᠭᠯᠠᠯᠳᠡ
ᠥᠪᠥᠷ ᠮᠣᠩᠭᠣᠯ ᠤᠨ ᠢᠩᠭᠡᠨ ᠰᠦ ᠵᠢᠨ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠺᠣᠮᠫᠠᠨᠢ ᠮᠠᠯᠴᠢᠳ ᠤ᠋ᠨ ᠨᠠᠢᠳᠠᠨ ᠲᠡᠵᠢᠭᠡᠯᠭᠡᠭ᠌ᠰᠡᠨ ᠢᠡᠭᠬᠡᠨ ᠤ᠋ ᠰᠢᠨ᠎ᠠ ᠰᠤᠷᠭᠤᠭ ᠰᠦ᠋ ᠶ᠋ᠢ ᠡᠳ᠋ᠰᠢᠬᠦᠯᠦᠨ ᠪᠤᠯᠪᠠᠰᠤᠷᠠᠭᠤᠯᠬᠤ ᠦᠶ᠋ᠯᠡᠳᠪᠦᠷᠢ ᠵᠢᠨ ᠲᠠᠰᠤᠭ ᠲᠸ᠋ ᠱᠢᠭᠤᠳ ᠬᠦᠷᠭᠡᠵᠦ᠍ ᠪᠠᠢᠯ᠎ᠠ᠃ ᠡᠨᠡ ᠬᠦ᠌ ᠵᠠᠭ᠍ᠪᠤᠷ ᠨᠢ ᠮᠠᠯᠴᠢᠳ ᠤ᠋ᠨ ᠲᠡᠵᠢᠭᠡᠯ ᠪᠣᠷᠳᠣᠭᠠᠨ᠎ᠤ ᠥᠪᠡᠷ᠎ᠦᠨ ᠥᠷᠲᠡᠭ᠎ᠢ ᠠᠷᠪᠢᠯᠠᠭᠰᠠᠨ ᠶ᠋ᠢᠡᠷ ᠪᠠᠷᠠᠬᠤ ᠥᠬᠡᠶ᠂ ᠪᠠᠰᠠ ᠢᠩᠭᠡᠨ ᠰᠦ ᠵᠢᠨ ᠪᠣᠷᠣᠯᠠᠭᠤᠯᠭ᠎ᠠ᠎ᠶ᠋ᠢᠨ ᠠᠱᠢᠭ ᠣᠷᠣᠯᠭ᠎ᠠ᠎ᠶ᠋ᠢ ᠨᠡᠮᠡᠭᠲᠠᠬᠦᠯᠪᠠ᠃ᠤᠷᠠᠳ᠎ᠤᠨ ᠳᠤᠮᠳᠠᠳᠤ ᠬᠣᠱᠢᠭᠤᠨ᠎ᠤ 《ᠪᠠᠳᠤ ᠪᠠᠷᠢᠯᠳᠤᠯᠭ᠎ᠠ》 ᠷᠦᠩ ᠴᠤᠸᠠᠩ ᠬᠤᠳᠠᠯᠳᠤᠭᠠᠨ᠎ᠤ ᠵᠡᠭᠡᠯᠢ ᠳ᠋ᠤ ᠤᠷᠠᠳ ᠬᠠᠳᠭᠤᠮᠠᠯ᠂ ᠢᠰᠡᠭᠡᠶ ᠡᠳ᠋ᠯᠡᠯ ᠵᠡᠷᠭᠡ 9 ᠲᠥᠷᠥᠯ ᠤ᠋ᠨ 500 ᠭᠠᠷᠤᠶ ᠵᠦᠶ᠋ᠯ᠎ᠦᠨ ᠰᠣᠶᠣᠯ᠎ᠤᠨ ᠪᠦᠳᠦᠭᠡᠯᠴᠢ ᠦᠢᠯᠡᠳᠬᠦᠨ ᠬᠠᠷᠠᠭ᠎ᠠ ᠵᠢ ᠪᠠᠶᠠᠰᠬᠠᠨ᠂ ᠲᠠᠯ᠎ᠠ ᠨᠤᠲᠤᠭ᠎ᠤᠨ ᠤᠯᠠᠮᠵᠢᠯᠠᠯᠲᠤ ᠭᠠᠷ ᠤᠷᠠᠯᠠᠯ᠎ᠤᠨ ᠤᠨᠴᠠᠯᠢᠭ ᠢ ᠭᠠᠢᠬᠠᠭᠤᠯᠬᠤ ᠮᠥᠷᠲᠡᠭᠡᠨ ᠪᠠᠰᠠ ᠣᠲᠣ ᠦᠶ᠎ᠡ᠎ᠶ᠋ᠢᠨ ᠭᠤᠤ᠎ᠠ ᠲᠠᠭᠠᠱᠢᠶᠠᠯ ᠪᠠ ᠬᠡᠷᠡᠭ᠌ᠯᠡᠭᠡᠨ᠎ᠦ ᠴᠢᠳᠠᠮᠵᠢ᠎ᠵᠢ ᠪᠦᠷᠢᠳᠦᠬᠦᠯᠵᠡᠢ᠃ ᠲᠤᠰ ᠵᠡᠭᠡᠯᠢ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠢ ᠥᠭᠡᠷᠡᠴᠢᠯᠡᠯᠲᠡ ᠬᠥᠭ᠌ᠵᠢᠯᠲᠡ᠎ᠳᠦ ᠬᠦᠨᠵᠡᠭᠡᠢ ᠠᠭᠤᠰᠤᠯᠴᠠᠭᠤᠯᠬᠤ ᠱᠢᠨ᠎ᠡ ᠠᠷᠭ᠎ᠠ ᠵᠠᠮ᠎ᠢ ᠬᠠᠢᠨ ᠰᠦᠪᠡᠭ᠌ᠴᠢᠯᠡᠵᠦ᠍᠂ ᠨᠡᠢᠲᠡᠯᠢᠭ ᠬᠡᠷᠡᠭ᠎ᠦᠨ ᠵᠢᠱ᠌ᠢᠢ᠎ᠡ᠎ᠨᠢ ᠪᠦᠬᠦ᠌ ᠤᠯᠤᠰ᠎ᠲᠤ ᠳᠡᠯᠭᠡᠷᠡᠭᠦᠯᠦᠭᠳᠡᠵᠦ ᠪᠠᠢᠭ᠎ᠠ ᠠᠵᠢ᠃ ᠤᠨᠴᠠᠯᠢᠬ᠍ᠳᠤ ᠲᠡᠵᠢᠭᠡᠪᠦᠷᠢ᠎ᠶ᠋ᠢᠨ ᠦᠢᠯᠡᠰ᠎ᠡᠴᠡ ᠰᠣᠶᠣᠯ ᠤᠨ ᠪᠦᠳᠦᠭᠡᠯᠴᠢ ᠦᠢᠯᠡᠳᠬᠦᠨ᠎ᠢ ᠨᠡᠭᠡᠭᠡᠨ ᠬᠥᠭ᠌ᠵᠢᠭᠦᠯᠬᠦ ᠬᠦᠷᠲᠡᠯ᠎ᠡ᠂ ᠡᠬᠢ ᠪᠠᠶᠠᠯᠢᠭ ᠢ ᠤᠯᠠᠷᠢᠭᠤᠯᠬᠤ᠎ᠠᠴᠠ ᠲᠦᠷᠦᠯ ᠳᠡᠮᠳᠡᠭ᠎ᠢ ᠡᠭᠦᠳᠬᠦ᠌ ᠬᠦᠷᠲᠡᠯ᠎ᠡ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠤᠶᠤᠨ ᠤᠬᠠᠭᠠᠨ ᠪᠣᠯᠤᠨ ᠰᠢᠷᠭᠠᠭᠤ ᠴᠢᠷᠮᠠᠢᠯᠭ᠎ᠠ ᠳ᠋ᠠᠭᠠᠨ ᠲᠦᠱᠢᠭ᠌ᠯᠡᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠤᠨᠴᠠᠯᠢᠬ᠍ᠳᠤ ᠠᠵᠤ ᠦᠢᠯᠡᠰ᠎ᠢ ᠬᠦᠭᠵᠢᠬᠦᠯᠵᠦ᠂ ᠣᠷᠣᠯᠭ᠎ᠠ᠎ᠪᠠᠨ ᠨᠡᠮᠡᠭ᠌ᠳᠡᠭᠦᠯᠵᠦ᠍ ᠪᠠᠶᠠᠵᠢᠨ ᠴᠢᠨᠡᠭᠡᠯᠢᠭ᠌ᠵᠢᠬᠦ᠌ ᠱᠢᠨ᠎ᠡ ᠵᠠᠮ᠎ᠢ ᠨᠡᠭᠡᠭᠡᠪᠠ᠃
ᠡᠨᠡ ᠵᠢᠯ᠂ ᠪᠠᠶᠠᠨᠨᠠᠭᠤᠷ ᠬᠣᠲᠠ ᠱᠢᠨ᠎ᠡ ᠴᠠᠭ ᠦᠶ᠎ᠡ᠎ᠶ᠋ᠢᠨ ᠬᠢᠯᠢ ᠬᠢᠵᠠᠭᠠᠷ ᠣᠷᠣᠨ ᠢ ᠬᠥᠭ᠌ᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠴᠥᠭᠡᠨ ᠲᠣᠭᠠᠲᠤ ᠦᠨᠳᠦᠰᠦᠲᠡᠨ ᠦ ᠬᠥᠭ᠌ᠵᠢᠯᠲᠡ᠎ᠶ᠋ᠢᠨ ᠪᠠᠯᠠ ᠮᠥᠩᠭᠥ᠎ᠶ᠋ᠢᠨ ᠲᠥᠷᠥᠯ ᠵᠦᠶ᠋ᠯ ᠢ ᠬᠡᠷᠡᠭ᠌ᠵᠢᠭᠦᠯᠬᠦ᠌ ᠪᠡᠷ ᠳᠠᠮᠵᠢᠨ᠂ ᠬᠠᠮᠲᠤ᠎ᠶ᠋ᠢᠨ ᠣᠳᠣᠬᠢᠴᠢᠯᠠᠯᠲᠠ᠎ᠶ᠋ᠢᠨ ᠲᠤᠷᠱᠢᠯᠲᠠ᠎ᠶ᠋ᠢᠨ ᠴᠡᠭ᠂ ᠾᠧ ᠮᠧᠶ ᠱᠢᠶᠠᠩ ᠲᠣᠰᠭᠣᠨ᠎ᠤ ᠲᠤᠷᠱᠢᠯᠲᠠ᠎ᠶ᠋ᠢᠨ ᠴᠡᠭ᠎ᠦᠨ ᠪᠥᠲᠥᠭᠡᠨ ᠪᠠᠢᠭᠤᠯᠤᠯᠲᠠ ᠵᠢᠴᠢ《ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠢ ᠬᠢᠯᠢ ᠬᠢᠵᠠᠭᠠᠷ ᠣᠷᠣᠨ᠎ᠳᠤ ᠣᠷᠣᠭᠤᠯᠬᠤ》 ᠠᠵᠢᠯᠯᠠᠭ᠎ᠠ᠎ᠶ᠋ᠢ ᠭᠦᠨᠵᠡᠭᠡᠶ ᠠᠬᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠳᠠᠢᠴᠢᠯᠠᠨ ᠣᠨᠴᠠᠯᠢᠭ᠍ᠲᠤ ᠠᠵᠤ ᠦᠶ᠋ᠯᠡᠰ᠎ᠢ ᠬᠥᠭ᠌ᠵᠢᠭᠦᠯᠵᠦ᠍᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ᠎ᠠ᠃

ᠬᠠᠳᠬᠤᠮᠠᠯ ᠬᠠᠳᠬᠤᠨ᠎ᠠ
ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳ᠋ᠤ ᠬᠦᠭᠵᠢᠯᠳᠠ ᠵᠢᠨ ᠦᠷ᠎ᠠ ᠪᠦᠳᠦᠭᠡᠯ᠎ᠢ ᠡᠳ᠋ᠯᠡᠬᠦᠯᠪᠠ
ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠦᠨᠡᠨ ᠬᠦ᠌ ᠨᠡᠮᠡᠭᠳᠡᠬᠦᠯᠬᠦ ᠪᠣᠯ ᠬᠠᠮᠤᠭ᠎ᠤᠨ ᠤᠷᠢᠶᠠᠯᠠᠬᠤ ᠬᠦᠴᠦᠨ᠎ᠲᠡᠶ ᠦᠨᠳᠦᠰᠦᠲᠡᠨ᠎ᠦ ᠪᠦᠯᠬᠦᠮᠳᠡᠯ᠎ᠦᠨ ᠦᠶ᠋ᠯᠡᠳᠦᠯᠭᠡ ᠮᠥᠨ᠃ 2025 ᠣᠨ᠎ᠤ 12 ᠰᠠᠷ᠎ᠠ᠎ᠶ᠋ᠢᠨ 23 ᠤ᠋ ᠡᠳᠦᠷ᠂ ᠪᠤᠭᠤᠲᠤ ᠢᠷᠭᠠᠶ᠎ᠶ᠋ᠢᠨ ᠲᠦᠷᠭᠡᠨ᠎ᠦ ᠲᠡᠮᠦᠷ ᠵᠠᠮ ᠪᠥᠬᠥ᠌ ᠱᠤᠭᠤᠮ᠎ᠢᠶᠠᠷ ᠨᠡᠪᠲᠡᠷᠡᠵᠦ᠍᠂ ᠪᠠᠶᠠᠨᠨᠠᠭᠤᠷ ᠬᠣᠲᠠ ᠵᠢᠩᠬᠢᠨᠢ᠎ᠪᠡᠷ 《ᠲᠦᠷᠭᠡᠨ᠎ᠦ ᠲᠡᠮᠦᠷ ᠵᠠᠮ᠎ᠤᠨ ᠴᠠᠭ ᠦᠶ᠎ᠡ》 ᠳ᠋ᠤ ᠣᠷᠣᠪᠠ᠃ ᠠᠵᠢᠯ᠎ᠳᠤ ᠭᠠᠷᠬᠤ ᠬᠥᠮᠦᠰ᠂ ᠭᠠᠳᠠᠭᠠᠳᠤ᠎ᠳᠤ ᠰᠤᠷᠤᠯᠴᠠᠵᠤ ᠪᠠᠢᠭ᠎ᠠ ᠰᠤᠷᠤᠭ᠍ᠴᠢᠳ᠂ ᠦᠶ᠋ᠯᠡᠰ ᠪᠤᠰᠬᠠᠭᠴᠢ ᠨᠠᠭᠠᠰᠢ ᠴᠠᠭᠠᠰᠢ ᠶᠠᠪᠤᠵᠤ ᠰᠠᠭᠤᠬᠤ ᠳ᠋ᠤ ᠨᠠᠡᠭ ᠳᠥᠭᠥᠮ ᠳᠥᠲᠡ ᠪᠣᠯᠵᠤ᠂ ᠦᠨᠳᠤᠰᠦᠳᠡᠨ ᠨᠤᠬᠦᠳ᠎ᠦᠨ ᠤᠯᠠᠨ ᠲᠦᠮᠡᠨ ᠤ ᠬᠦᠷᠳᠡᠮᠵᠢ ᠵᠢᠨ ᠲᠦᠷᠥᠭ᠌ᠳᠡᠯ ᠢ ᠦᠨᠡᠨ ᠬᠦ᠌ ᠳᠡᠭᠡᠭ᠌ᠰᠢᠯᠡᠭᠦᠯᠪᠡ᠃
ᠬᠡᠷ ᠦᠨ ᠶᠠᠪᠤᠳᠠᠯ ᠤᠨ ᠦᠢᠯᠡᠴᠢᠯᠡᠭᠡᠨ᠎ᠤ ᠠᠵᠢᠯᠲᠠᠨ ᠹᠠᠨ ᠸᠸᠨ ᠵᠢᠩ ᠦᠶ᠋ᠯᠡᠴᠢᠯᠡᠭᠡᠨ᠎ᠦ ᠵᠠᠪᠰᠠᠷ᠎ᠲᠠᠭᠠᠨ 《ᠮᠥᠩᠬᠡ ᠰᠤᠪᠠᠭ ᠡᠭᠦᠯᠡᠨ ᠠᠵᠢᠯᠴᠢᠨ᠎ᠤ ᠶᠠᠪᠤᠳᠠᠯ》 ᠤ᠋ᠨ ᠲᠠᠪᠴᠠᠩᠵᠢᠡᠷ ᠲᠠᠮᠵᠢᠨ ᠴᠠᠯᠢᠩ ᠮᠥᠩᠭᠥ᠎ᠨᠢ ᠨᠢᠭᠡᠨᠳᠡ ᠲᠠᠩᠰᠠᠨ᠎ᠳᠤ ᠣᠷᠣᠬᠰᠠᠨ ᠰᠠᠨᠠᠭᠤᠯᠤᠮᠵᠢ᠎ᠶ᠋ᠢ ᠤᠯᠪᠠ᠃ ᠥᠩᠭᠡᠷᠡᠭ᠌ᠰᠡᠨ᠎ᠳᠦ 《ᠠᠵᠢᠯ ᠤᠯᠬᠤ᠎ᠳᠤ ᠬᠦᠴᠢᠷᠲᠡᠶ᠂ ᠣᠷᠣᠯᠭ᠎ᠠ ᠲᠣᠭ᠍ᠲᠠᠭᠤᠨ ᠪᠤᠰᠤ》 ᠪᠠᠢᠬᠤ ᠵᠢᠨ ᠲᠥᠯᠥᠭᠡ ᠰᠠᠨᠠᠭ᠎ᠠ ᠵᠣᠪᠠᠵᠤ ᠪᠠᠢᠭ᠍ᠰᠠᠨ ᠪᠣᠯ᠂ ᠣᠲᠣ ᠲᠡᠷᠡ ᠲᠠᠪᠴᠠᠩ᠎ᠤᠨ ᠣᠶᠤᠨᠴᠢ ᠵᠣᠬᠢᠴᠠᠭᠤᠯᠭ᠎ᠠ ᠪᠠ ᠤᠷ᠎ᠠ ᠮᠡᠷᠬᠡᠵᠢᠯ ᠤ᠋ᠨ ᠪᠣᠯᠪᠠᠰᠤᠷᠠᠯ᠎ᠳᠤ ᠲᠦᠱᠢᠭ᠌ᠯᠡᠨ᠂ ᠦᠶ᠋ᠯᠡᠴᠢᠯᠡᠭᠡᠨ᠎ᠦ ᠬᠡᠪᠴᠢᠶ᠎ᠡ᠎ᠪᠡᠨ ᠥᠷᠭᠡᠳᠭᠡᠵᠦ᠍᠂ ᠥᠪᠡᠷ᠎ᠦᠨ ᠤᠷᠤᠯᠭ᠎ᠠ ᠪᠠᠨ ᠪᠦᠳᠦᠮᠵᠢᠳᠠᠢ ᠳᠡᠭᠡᠭ᠌ᠰᠢᠯᠡᠭᠦᠯᠵᠠᠢ᠃ 《ᠤᠳᠤ ᠪᠢᠳᠠ ᠰᠠᠨᠠᠭ᠎ᠠ ᠠᠮᠠᠷ ᠪᠣᠯᠵᠠᠢ》 ᠭᠡᠬᠦ᠌ ᠨᠢ ᠠᠵᠢᠯ ᠣᠯᠭᠣᠯᠲᠠ — ᠡᠨᠡᠬᠦ᠌ ᠬᠠᠮᠤᠭ᠎ᠤᠨ ᠶᠡᠬᠡ ᠠᠷᠠᠳ᠎ᠤᠨ ᠠᠮᠢᠳᠤᠷᠠᠯ ᠪᠠᠲᠤᠯᠠᠭ᠎ᠠ᠎ᠲᠠᠶ ᠪᠣᠯᠤᠭ᠍ᠰᠠᠨ ᠤ ᠦᠨᠡᠨ ᠪᠣᠳᠠᠲᠠᠢ ᠲᠤᠰᠭᠠᠯ ᠪᠤᠯᠤᠭᠰᠠᠨ ᠪᠢᠯᠡ᠃ 2025 ᠣᠨ᠎ᠳᠤ᠂ ᠪᠥᠬᠥ᠌ ᠬᠣᠲᠠ᠎ᠳᠤ ᠬᠣᠲᠠ ᠪᠠᠯᠭᠠᠰᠤᠨ᠎ᠤ 8170 ᠬᠥᠮᠦᠨ᠎ᠳᠦ ᠱᠢᠨ᠎ᠡ᠎ᠪᠡᠷ ᠠᠵᠢᠯ ᠣᠯᠭᠣᠵᠤ᠂ ᠮᠠᠯᠵᠢᠬᠤ ᠲᠠᠷᠢᠶᠠᠯᠠᠬᠤ ᠣᠷᠣᠨ᠎ᠤ 12.7 ᠲᠦᠮᠡᠨ ᠬᠥᠳᠡᠯᠮᠦᠷᠢ ᠬᠦᠴᠦᠨ᠎ᠢ ᠱᠢᠯᠵᠢᠭᠦᠯᠦᠨ ᠠᠵᠢᠯ ᠣᠯᠭᠣᠪᠠ᠃ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠤᠭᠰᠠᠨ ᠦᠨᠡᠨ ᠪᠤᠳᠠᠳᠠᠢ ᠦᠷ᠎ᠡ ᠪᠦᠲᠦᠭᠡᠯ ᠨᠢ ᠲᠦᠭ ᠲᠦᠮᠡᠨ ᠭᠡᠷ ᠪᠦᠯᠢ᠎ᠶ᠋ᠢᠨ ᠠᠮᠤᠷ ᠲᠣᠭ᠍ᠲᠠᠭᠤᠨ ᠵᠤᠯ ᠵᠢᠷᠭᠠᠯᠲᠤ ᠠᠮᠢᠳᠤᠷᠠᠯ᠎ᠤᠨ ᠰᠠᠭᠤᠷᠢᠪᠤᠯᠤᠭᠰᠠᠨ ᠪᠠᠢᠨ᠎ᠠ᠃
ᠡᠨᠡ ᠵᠢᠯ ᠂ ᠪᠠᠶᠠᠨᠨᠠᠭᠤᠷ ᠬᠣᠲᠠ ᠥᠪᠡᠷᠲᠡᠭᠡᠨ ᠵᠠᠰᠠᠬᠤ ᠣᠷᠣᠨ ᠤ᠋ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ 》 ᠢ᠋ ᠭᠦᠨᠵᠡᠭᠡᠶ ᠬᠡᠷᠡᠭ᠌ᠵᠢᠭᠦᠯᠵᠦ᠍᠂ ᠲᠦᠭᠡᠮᠡᠯ ᠬᠠᠷᠠᠭᠠᠯᠵᠠᠯ᠎ᠦᠵᠡᠬᠦᠯᠬᠦ ᠴᠢᠨᠠᠷᠲᠠᠶ ᠰᠠᠭᠤᠷᠢ ᠴᠢᠨᠠᠷᠲᠠᠶ ᠦᠨᠳᠦᠰᠦᠨ ᠵᠦᠶ᠋ᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠦᠶ᠋ᠯᠡᠰ᠎ᠢ ᠰᠠᠢᠲᠤᠷ ᠠᠳᠭᠤᠵᠤ᠂ ᠬᠥᠮᠦᠨ ᠠᠮᠠ᠎ᠶ᠋ᠢᠨ ᠬᠤᠪᠢᠷᠠᠯᠲᠠ᠎ᠶ᠋ᠢᠨ ᠬᠠᠨᠳᠤᠰᠢ᠎ᠳᠤ ᠵᠣᠬᠢᠴᠠᠭᠤᠯᠤᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠬᠠᠩᠭᠠᠯᠭ᠎ᠠ᠎ᠶ᠋ᠢ ᠱᠢᠯᠢᠳᠡᠭ᠌ᠵᠢᠭᠦᠯᠤᠨ᠂ ᠠᠷᠠᠳ ᠣᠯᠠᠨ᠎ᠤ ᠴᠢᠨᠠᠷ ᠰᠠᠢᠲᠠᠶ ᠠᠮᠢᠳᠤᠷᠠᠯ᠎ᠤᠨ ᠬᠡᠷᠡᠭ᠌ᠴᠡᠭᠡ᠎ᠶ᠋ᠢ ᠲᠠᠰᠤᠷᠠᠯᠲᠠ ᠥᠬᠡᠶ ᠬᠠᠩᠭᠠᠨ᠎ᠠ᠃
ᠦᠨᠳᠦᠰᠦᠲᠡᠨ᠎ᠦ ᠪᠦᠯᠬᠦᠮᠳᠡᠯ᠎ᠦᠨ ᠰᠠᠭᠤᠷᠢ᠎ᠶ᠋ᠢ ᠲᠠᠰᠤᠷᠠᠯᠲᠠ ᠥᠬᠡᠶ ᠪᠡᠬᠢᠵᠢᠭᠦᠯᠪᠡ
ᠤᠳᠤ ᠦᠶ᠎ᠡ᠎ᠶ᠋ᠢᠨ ᠲᠤᠮᠤ ᠬᠡᠯᠪᠡᠷᠢ᠎ᠶ᠋ᠢᠨ ᠡᠯ ᠷᠧᠨ᠎ᠲᠡᠶ ᠵᠦᠴᠦᠭᠡ 《ᠠᠪᠤᠷᠭᠤ ᠲᠤᠮᠤ ᠮᠣᠳᠣ》 ᠵᠢ ᠮᠧᠢ ᠯᠠᠨ ᠹᠠᠩ ᠵᠦᠴᠦᠭᠡ᠎ᠶ᠋ᠢᠨ ᠬᠦᠷᠢᠶᠡᠯᠡᠩ᠎ᠳᠦ ᠲᠤᠭᠯᠠᠭᠰᠠᠨ ᠨᠢ ᠤᠯᠠᠨ ᠲᠦᠮᠡᠨ᠎ᠤ ᠦᠨᠳᠦᠰᠦᠲᠡᠨ᠎ᠦ ᠪᠦᠯᠬᠦᠮᠳᠡᠯ᠎ᠦᠨ ᠲᠤᠬᠠᠢ ᠣᠢᠯᠠᠭᠠᠯᠲᠠ᠎ᠵᠢ ᠴᠢᠨᠠᠭᠰᠢᠳᠠ ᠭᠦᠨᠵᠡᠭᠡᠢᠷᠡᠭᠦᠯᠪᠠ᠃
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ ᠨᠢ ᠠᠯᠢ ᠬᠡᠳᠦᠢᠨ ᠦᠨᠳᠦᠰᠦᠳᠡᠨ᠎ᠤ ᠨᠤᠬᠦᠳ᠎ᠤᠨ ᠡᠳᠦᠷ ᠳᠤᠳᠤᠮ᠎ᠤᠨ ᠠᠮᠢᠳᠤᠷᠠᠯ᠎ᠳᠤ ᠠᠭᠤᠰᠤᠯᠴᠠᠵᠠᠢ᠃ ᠯᠢᠨ ᠾᠧ ᠲᠣᠭᠣᠷᠢᠭ᠎ᠤᠨ ᠬᠤᠢ ᠹᠧᠩ ᠰᠤᠷᠭᠠᠭᠤᠯᠢ᠎ᠶ᠋ᠢᠨ ᠲᠠᠪᠤᠳᠤᠭᠠᠷ ᠣᠨ᠎ᠤ ᠰᠤᠷᠤᠭ᠍ᠴᠢ ᠴᠢᠦᠢ ᠴᠧᠨ 《ᠰᠤᠷᠭᠠᠭᠤᠯᠢ ᠡᠬᠢᠯᠡᠬᠦ᠌ ᠠᠨᠭᠬᠠᠨ᠎ᠤ ᠬᠢᠴᠢᠶᠡᠯ》 ᠲᠡᠭᠡᠷ᠎ᠡ ᠄ 《ᠦᠨᠳᠦᠰᠦᠲᠡᠨ᠎ᠦ ᠪᠦᠯᠬᠦᠮᠳᠡᠯ ᠬᠦᠮᠦᠰ᠎ᠤᠨ ᠠᠮᠢᠳᠤᠷᠠᠯ᠎ᠤᠨ ᠨᠠᠷᠢᠨ ᠵᠦᠢᠯᠡᠰ ᠪᠣᠯᠭᠠᠨ᠎ᠳᠤ ᠢᠯᠡᠷᠡᠵᠦ ᠪᠠᠢᠨ᠎ᠠ᠃ ᠰᠤᠷᠭᠠᠭᠤᠯᠢ ᠵᠢᠨ ᠬᠦᠷᠢᠶᠡᠨ᠎ᠳᠤ᠂ ᠠᠳᠠᠯᠢ ᠪᠤᠰᠤ ᠦᠨᠳᠦᠰᠦᠲᠡᠨ᠎ᠦ ᠰᠤᠷᠤᠭ᠍ᠴᠢᠳ ᠬᠠᠮᠲᠤ᠎ᠪᠠᠷ ᠰᠤᠷᠤᠯᠴᠠᠵᠤ᠂ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠪᠠᠭ᠍ᠲᠠᠭᠠᠵᠤ᠂ ᠡᠶ᠎ᠡ ᠨᠠᠢᠷᠰᠠᠭ ᠰᠤᠷᠭᠠᠭᠤᠯᠢ ᠵᠢᠨ ᠬᠦᠷᠢᠶ᠎ᠡ ᠵᠢ ᠪᠠᠢᠭᠤᠯᠪᠠ》 ᠬᠡᠵᠦ ᠦᠪᠡᠷ᠎ᠤᠨ ᠦᠢᠯᠠᠭᠠᠯᠳᠠ ᠲᠦᠷᠦᠭᠳᠡᠯ ᠵᠢᠡᠨ ᠪᠤᠷᠤᠭᠵᠢᠭᠤᠨ ᠶᠠᠷᠢᠭᠰᠠᠨ ᠪᠠᠢᠯ᠎ᠠ᠃
ᠪᠠᠶᠠᠨᠨᠠᠭᠤᠷ ᠬᠤᠳᠠ᠂ 《ᠣᠯᠠᠨ ᠲᠦᠮᠡᠨ᠎ᠳᠦ ᠶᠠᠷᠢᠵᠤ ᠰᠣᠨᠣᠰᠭᠠᠬᠤ》 ᠤᠬᠠᠭᠤᠯᠤᠨ ᠲᠠᠢᠯᠪᠤᠷᠢᠯᠠᠬᠤ ᠵᠠᠭ᠍ᠪᠤᠷ᠎ᠤᠨ ᠱᠢᠨ᠎ᠡ᠎ᠶ᠋ᠢ ᠡᠭᠦᠳᠴᠦ᠂《ᠪᠣᠷᠣᠲᠣᠬᠣᠢ ᠶ᠋ᠢᠨ ᠶᠠᠷᠢᠶᠠᠨ᠎ᠤ ᠲᠠᠩᠬᠢᠮ》 ᠵᠡᠷᠭᠡ ᠶᠤᠰᠤ ᠰᠤᠷᠳᠠᠬᠤᠨ ᠵᠢᠡᠷ ᠬᠦᠮᠦᠰ᠎ᠤᠨ ᠰᠡᠳᠬᠢᠯ ᠢ ᠤᠮᠳᠠᠯᠠᠬᠤ ᠤᠬᠠᠭᠤᠯᠭ᠎ᠠ ᠵᠢᠨ ᠲᠠᠯᠠᠪᠤᠷ ᠢ 50 ᠪᠠᠢᠭᠤᠯᠵᠤ᠂ ᠣᠬᠣᠷ ᠸᠢᠳᠢᠣ᠋᠂ ᠦᠵᠡᠭ᠌ᠳᠡᠯᠲᠦ ᠵᠦᠴᠦᠭᠡ ᠵᠡᠷᠭᠡ 38 ᠪᠦᠲᠦᠭᠡᠯ᠎ᠢ ᠵᠣᠬᠢᠶᠠᠨ ᠪᠦᠲᠦᠭᠡᠪᠡ ; 《ᠠᠨᠠᠷ ᠤ᠋ᠨ ᠦᠷ᠎ᠠ ᠰᠢᠭ ᠨᠢᠭᠲᠠᠷᠠᠨ ᠪᠦᠯᠬᠦᠮᠲᠠᠵᠤ ᠰᠡᠳᠭᠢᠯ ᠨᠢᠭᠡᠳᠦᠨ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ ᠢᠨᠵᠧᠨᠧᠷᠢᠩ》 ᠢ᠋ ᠪᠥᠬᠥ᠌ ᠬᠦᠷᠢᠶᠠᠨ᠎ᠳᠤ ᠬᠡᠷᠡᠭ᠌ᠵᠢᠭᠦᠯᠵᠦ᠍᠂ 21 ᠭᠤᠤᠯ ᠰᠡᠳᠦᠪᠲᠦ ᠳᠠᠭᠤᠤ᠂ 17 ᠭᠤᠤᠯ ᠰᠡᠳᠦᠪᠲᠦ ᠵᠦᠴᠦᠭᠡ᠂ 56 ᠰᠣᠶᠣᠯ᠎ᠤᠨ ᠪᠦᠳᠦᠭᠡᠯᠴᠢ ᠦᠢᠯᠡᠳᠬᠦᠨ᠂ 56 ᠨᠡᠢᠲᠡᠯᠢᠭ ᠵᠢᠱ᠌ᠢᠶ᠎ᠡ᠎ᠶ᠋ᠢ ᠰᠣᠩᠭᠣᠨ ᠱᠤᠭᠤᠵᠤ᠂ 326 ᠲᠠᠯᠠᠪᠤᠷ ᠤᠳᠠᠭ᠎ᠠ ᠭᠤᠤᠯ ᠰᠡᠳᠦᠪᠲᠦ ᠠᠵᠢᠯᠯᠠᠭ᠎ᠠ ᠡᠷᠭᠢᠯᠡᠵᠤ᠂ 18 ᠤᠯᠠᠮᠵᠢᠯᠠᠨ ᠰᠤᠷᠭᠠᠬᠤ ᠲᠠᠯᠠᠪᠤᠷ᠂ 19 ᠭᠤᠤᠯ ᠰᠡᠳᠦᠪᠲᠦ ᠴᠡᠴᠡᠷᠯᠢᠭ᠎ᠦᠨ ᠠᠭᠤᠳᠠᠮ ᠲᠠᠯᠠᠪᠠᠶ᠂ 26 ᠭᠤᠤᠯ ᠰᠡᠳᠦᠪᠲᠦ ᠲᠠᠯᠠᠪᠤᠷ ᠣᠷᠳᠣᠨ ᠂ 23 ᠦᠶ᠋ᠯᠡᠰ ᠪᠤᠰᠬᠠᠵᠤ ᠠᠵᠢᠯ ᠣᠯᠭᠣᠬᠤ ᠵᠡᠭᠡᠯᠢ ᠭᠤᠳᠤᠮᠵᠢ ᠵᠢ ᠪᠠᠢᠭᠤᠯᠬᠤ᠂ 32 ᠵᠤᠷᠪᠤᠰ ᠰᠣᠳᠣᠨ ᠰᠤᠳᠤᠯᠤᠨ ᠰᠤᠷᠤᠯᠴᠠᠬᠤ ᠵᠠᠮ ᠱᠤᠭᠤᠮ᠎ᠢ ᠨᠡᠭᠡᠭᠡᠨ ᠬᠥᠭ᠌ᠵᠢᠭᠦᠯᠬᠦ᠌ ᠁ ᠠᠯᠢ ᠣᠯᠠᠨ ᠢᠯᠡ ᠲᠣᠳᠣ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠌᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠵᠠᠢ᠃ ᠡᠨᠡ ᠵᠢᠯ᠂ ᠪᠠᠶᠠᠨᠨᠠᠭᠤᠷ ᠬᠣᠲᠠ 《ᠨᠠᠮ ᠤᠨ ᠠᠴᠢ ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠬᠤ》 ᠣᠯᠠᠨ ᠲᠦᠮᠡᠨᠴᠢ ᠬᠥᠮᠦᠵᠢᠯ᠎ᠢ ᠭᠦᠨᠵᠡᠭᠡᠶ ᠥᠷᠨᠢᠭᠦᠯᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠬᠡᠷ ᠣᠷᠣᠨ᠎ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ ᠵᠢ ᠴᠢᠨᠠᠭᠰᠢᠳᠠ ᠬᠦᠳᠦᠯᠦᠨ ᠵᠢᠯᠤᠭᠤᠳᠴᠠᠢ᠃
ᠢᠷᠡᠭᠡᠳᠦᠶ ᠪᠡᠨ ᠪᠠᠷᠠᠯᠠᠬᠤᠶ᠎ᠠ᠂ ᠪᠠᠶᠠᠨᠨᠠᠭᠤᠷ ᠬᠣᠲᠠ ᠶ᠋ᠢᠨ ᠦᠨᠳᠦᠰᠦᠲᠡᠨ᠎ᠨᠦᠭᠦᠳ ᠦᠨ ᠣᠯᠠᠨ ᠲᠦᠮᠡᠨ ᠨᠠᠩ ᠨᠢᠭ᠍ᠲᠠᠷᠠᠨ ᠪᠦᠯᠬᠦᠮᠳᠡᠵᠦ᠍᠂ ᠰᠠᠢᠨ ᠰᠠᠢᠬᠠᠨ ᠬᠡᠷ ᠣᠷᠣᠨ᠎ᠢᠶᠠᠨ ᠬᠠᠮᠲᠤ᠎ᠪᠠᠷ ᠪᠥᠲᠥᠭᠡᠨ ᠪᠠᠢᠭᠤᠯᠵᠤ᠂ ᠦᠨᠳᠦᠰᠦᠲᠡᠨ ᠦ ᠪᠦᠯᠬᠦᠮᠳᠡᠯ᠎ᠦᠨ ᠴᠡᠴᠡᠬᠡᠰ ᠢ ᠪᠣᠷᠣᠲᠣᠬᠣᠶ ᠶ᠋ᠢᠨ ᠡᠬᠡ ᠭᠠᠵᠠᠷ᠎ᠲᠤ ᠥᠨᠢᠳᠡ ᠳᠡᠯᠭᠡᠷᠡᠭᠦᠯᠦᠨ᠎ᠡ᠃