ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠥᠯᠥᠪᠯᠡᠭᠡ ᠵᠢ ᠠᠬᠢᠭᠤᠯᠬᠤ ᠪᠡᠷ ᠵᠤᠷᠢᠯᠭ᠎ᠠ ᠪᠤᠯᠭᠠᠭᠰᠠᠨ ᠲᠠᠯ᠎ᠠ ᠨᠤᠲᠤᠭ ᠤᠨ ᠵᠠᠯᠠᠭᠤ ᠨᠠᠰᠤᠨ ᠤ ᠴᠤᠭᠯᠠᠭᠠᠨ ᠵᠢᠴᠢ 《ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠬᠤ》 ᠬᠤᠨᠳᠠᠭᠠᠲᠤ ᠵᠠᠯᠠᠭᠤᠴᠤᠳ ᠪᠠᠭᠠᠴᠤᠳ᠎ᠤᠨ ᠨᠢᠲᠤᠷᠭᠠᠨ ᠲᠡᠮᠡᠴᠡᠭᠡᠨ 6 ᠰᠠᠷ᠎ᠠ᠎ᠶᠢᠨ 19 ᠤ᠋ ᠡᠳᠦᠷ ᠰᠢᠯᠢᠩᠬᠣᠲᠠ᠎ᠳᠤ ᠡᠬᠢᠯᠡᠵᠦ ᠂ 4 ᠡᠳᠦᠷ᠎ᠤᠨ ᠬᠤᠭᠤᠴᠠᠭ᠎ᠠ ᠲᠠᠢ ᠶᠠᠪᠤᠭᠳᠠᠪᠠ᠃
ᠲᠣᠰ ᠠᠵᠢᠯᠯᠠᠭ᠎ᠠ ᠨᠢ ᠦᠨᠳᠦᠰᠦᠲᠡᠨ ᠦ ᠪᠦᠯᠬᠦᠮᠳᠡᠯ᠎ᠢᠶᠡᠷ ᠭᠣᠣᠯ ᠰᠢᠵᠢᠮ ᠪᠣᠯᠭᠠᠵᠤ᠂ ᠪᠡᠶ᠎ᠡ᠎ᠶᠢᠨ ᠲᠠᠮᠢᠷ ᠤᠨ ᠤᠷᠤᠯᠳᠤᠭᠠᠨ᠂ ᠰᠣᠶᠣᠯ ᠤᠨ ᠰᠤᠳᠤᠯᠤᠨ ᠰᠤᠷᠤᠯᠴᠠᠯᠭ᠎ᠠ᠎ᠪᠠᠷ ᠬᠣᠯᠪᠣᠭᠠᠰᠤ ᠪᠤᠯᠭᠠᠨ᠂ ᠣᠷᠣᠨ ᠪᠦᠰᠡ ᠠᠯᠤᠰᠯᠠᠭᠰᠠᠨ ᠵᠠᠯᠠᠭᠤᠴᠤᠳ ᠪᠠᠭᠠᠴᠤᠳ᠎ᠤᠨ ᠪᠠᠢᠩᠭᠤ ᠵᠢᠨ ᠬᠤᠷᠰᠢᠯᠴᠠᠭᠠᠨ ᠤ ᠲᠠᠪᠴᠠᠩ ᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ ᠤᠨ ᠨᠥᠬᠥᠷᠯᠡᠯ ᠢᠶᠡᠨ ᠵᠤᠵᠠᠭᠠᠳᠬᠠᠬᠤ᠂ ᠬᠠᠮᠲᠤ ᠶᠢᠨ ᠲᠠᠨᠢᠯᠲᠠ᠎ᠪᠠᠨ ᠨᠢᠭ᠍ᠲᠠᠷᠠᠭᠤᠯᠬᠤ᠂ ᠰᠡᠳᠬᠢᠯ ᠵᠢᠡᠨ ᠨᠢᠭᠡᠳᠭᠡᠨ ᠨᠢᠭᠲᠠᠷᠠᠨ ᠪᠦᠯᠬᠦᠮᠲᠠᠬᠦᠶᠢ ᠪᠦᠲᠦᠮᠵᠢᠲᠡᠶ ᠠᠬᠢᠭᠤᠯᠪᠠ᠃

ᠰᠤᠶᠤᠯ ᠤᠨ ᠰᠤᠳᠤᠯᠤᠨ ᠰᠤᠷᠤᠯᠴᠠᠭ᠎ᠠ
ᠠᠵᠢᠯᠯᠠᠭ᠎ᠠ ᠵᠢᠨ ᠡᠬᠢᠯᠡᠯᠳᠡ ᠵᠢᠨ ᠡᠳᠦᠷ᠂ ᠪᠡᠭᠡᠵᠢᠩ ᠬᠣᠲᠠ᠂ ᠴᠢᠭᠤᠯᠤᠯᠲᠤ ᠬᠠᠭᠠᠯᠭ᠎ᠠ᠂ ᠬᠥᠬᠡᠬᠣᠲᠠᠵᠡᠷᠭᠡ ᠭᠠᠵᠠᠷ ᠡᠴᠠ ᠬᠦᠷᠦᠯᠴᠡᠨ ᠢᠷᠡᠭᠰᠡᠨ ᠡᠯ᠎ᠡ ᠦᠨᠳᠦᠰᠦᠲᠡᠨ᠎ᠤ ᠵᠠᠯᠠᠭᠤᠴᠤᠳ ᠪᠠᠭᠠᠴᠤᠳ ᠲᠤᠬᠠᠢ᠎ᠶᠢᠨ ᠭᠠᠵᠠᠷ᠎ᠤᠨ ᠵᠠᠯᠠᠭᠤᠴᠤᠳ ᠪᠠᠭᠠᠴᠤᠳ᠎ᠲᠠᠢ ᠬᠠᠮᠳᠤ ᠡᠯᠪᠡᠭ ᠪᠠᠶᠠᠯᠢᠭ ᠠᠭᠤᠯᠭ᠎ᠠ ᠪᠦᠬᠦᠢ ᠪᠡᠶ᠎ᠡ ᠵᠢᠨ ᠲᠠᠮᠢᠷ᠎ᠤᠨ ᠤᠷᠤᠯᠳᠤᠭᠠᠨ᠂ ᠰᠤᠳᠤᠯᠤᠨ ᠰᠤᠷᠤᠯᠴᠠᠬᠤ ᠠᠵᠢᠯᠯᠠᠭ᠎ᠠ ᠦᠷᠨᠢᠬᠦᠯᠵᠡᠢ᠃ ᠡᠯ᠎ᠡ ᠭᠠᠵᠠᠷ ᠤᠨ ᠡᠯ᠎ᠡ ᠦᠨᠳᠦᠰᠦᠳᠡᠨ᠎ᠤ ᠵᠠᠯᠠᠭᠤᠴᠤᠳ ᠪᠠᠭᠠᠴᠤᠳ ᠤᠷᠤᠯᠳᠤᠭᠠᠨ ᠤ ᠲᠠᠯᠠᠪᠤᠷ᠎ᠲᠤ ᠤᠷ᠎ᠠ ᠴᠢᠳᠠᠪᠤᠷᠢ ᠪᠡᠨ ᠮᠥᠷᠥᠢᠴᠡᠨ᠂ ᠰᠤᠳᠤᠯᠤᠨ ᠰᠤᠷᠤᠯᠴᠠᠬᠤ ᠳᠤᠮᠳᠠ ᠲᠤᠮᠳᠠᠳᠤ ᠵᠢᠨ ᠰᠣᠶᠣᠯ ᠢ ᠪᠡᠶᠡᠴᠢᠯᠡᠨ ᠣᠢᠯᠠᠭᠠᠵᠤ᠂ ᠰᠡᠳᠬᠢᠯ ᠰᠠᠨᠠᠭ᠎ᠠ ᠪᠠᠨ ᠤᠯᠤᠯᠴᠠᠵᠠᠢ᠃

ᠭᠦᠭᠵᠢᠮ ᠭᠦᠭᠵᠢᠮᠳᠠᠨᠠ
《ᠲᠤᠰ ᠤᠳᠠᠭ᠎ᠠ᠎ᠶᠢᠨ ᠲᠠᠯ᠎ᠠ ᠨᠤᠲᠤᠭ᠎ᠤᠨ ᠠᠶᠠᠯᠠᠯ ᠨᠢ ᠨᠠᠳᠠ᠎ᠳᠤ ᠲᠠᠯ᠎ᠠ ᠨᠤᠲᠤᠭ᠎ᠤᠨ ᠥᠷᠭᠡᠨ ᠠᠭᠤᠳᠠᠮ᠎ᠢ ᠮᠡᠳᠡᠷᠡᠭᠦᠯᠦᠭᠰᠡᠨᠪᠦᠬᠡᠳ ᠪᠠᠰᠠ ᠲᠤᠬᠠᠢ᠎ᠶᠢᠨ ᠭᠠᠵᠠᠷ᠎ᠤᠨ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠲᠠᠢ ᠭᠦᠨᠵᠡᠭᠡᠢ ᠰᠤᠯᠢᠯᠴᠠᠬᠤ ᠵᠠᠪᠰᠢᠶᠠᠨ ᠬᠠᠩᠭᠠᠵᠠᠢ᠂ ᠡᠨᠡ ᠪᠣᠯ ᠣᠯᠳᠠᠰᠢ ᠦᠭᠡᠢ ᠠᠵᠠ ᠲᠣᠬᠢᠶᠠᠯ ᠶᠤᠮ》 ᠭᠡᠵᠦ ᠪᠡᠭᠡᠵᠢᠩ ᠬᠣᠲᠠ᠎ᠶᠢᠨ ᠠᠰᠫᠢᠷᠠᠨᠲ ᠬᠠᠨ ᠰᠢᠤ ᠶᠤᠸᠠᠨ ᠬᠡᠯᠡᠪᠡ᠃
ᠣᠢᠷ᠎ᠠ᠎ᠶᠢᠨ ᠵᠢᠯ᠎ᠳᠦ᠂ ᠰᠢᠯᠢᠩᠬᠣᠲᠠ ᠦᠨᠳᠦᠰᠦᠲᠡᠨ ᠨᠦᠭᠦᠳ᠎ᠦᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ᠎ᠶᠢᠨ ᠠᠵᠢᠯ᠎ᠤᠨ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠵᠤ᠂ ᠵᠠᠯᠠᠭᠤᠴᠤᠳ ᠪᠠᠭᠠᠴᠤᠳ᠎ᠤᠨ ᠲᠠᠨᠢᠨ ᠮᠡᠳᠡᠬᠦᠢ᠎ᠶᠢᠨ ᠵᠢᠮ᠎ᠡ ᠶᠣᠰᠣ᠌ ᠪᠣᠯᠣᠨ ᠦᠰᠦᠨ ᠪᠣᠶ᠋ᠢᠵᠢᠯᠲᠠ᠎ᠶᠢᠨ ᠣᠨᠴᠠᠯᠢᠭ᠎ᠤᠨ ᠲᠤᠭᠤᠷᠢᠨ ᠳ᠋ᠤ᠂ 《ᠪᠡᠶ᠎ᠡ ᠶᠢᠨ ᠲᠠᠮᠢᠷ ᠤᠨ ᠤᠷᠤᠯᠳᠤᠭᠠᠨ + ᠰᠤᠳᠤᠯᠤᠨ ᠰᠤᠷᠤᠯᠴᠠᠬᠤ ᠠᠵᠢᠯᠯᠠᠭ᠎ᠠ + ᠦᠨᠳᠦᠰᠦᠲᠡᠨ᠎ᠦ ᠪᠦᠯᠬᠦᠮᠳᠡᠯ》 ᠢ᠋ ᠭᠦᠨᠵᠡᠭᠡᠢ ᠠᠭᠤᠰᠤᠯᠴᠠᠭᠤᠯᠤᠭᠰᠠᠨ ᠠᠵᠢᠯᠯᠠᠭ᠎ᠠ ᠵᠢᠨ ᠵᠠᠭᠪᠤᠷ ᠢ ᠡᠬᠦᠳᠴᠦ᠂ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠎ᠦᠨ ᠪᠦᠬᠦ ᠶᠠᠪᠤᠴᠠ᠎ᠳᠤ ᠨᠡᠪᠴᠢᠭᠦᠯᠪᠡ᠃