11 ᠦᠨᠳᠦᠰᠦᠳᠡᠨ ᠲᠠᠢ ᠨᠠᠢᠷᠰᠠᠭ ᠰᠠᠢᠬᠠᠨ 《ᠶᠡᠬᠡ ᠬᠡᠷ ᠪᠦᠯᠢ》
2026-07-01 09:40:16
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠬᠦᠬᠡᠬᠤᠳᠠ ᠵᠢᠨ ᠢᠦᠢᠴᠢᠤᠸᠠᠨ ᠲᠣᠭᠤᠷᠢᠭ᠎ᠤᠨ ᠰᠢᠩ ᠯᠦᠩ ᠵᠡᠭᠡᠯᠢ ᠭᠤᠳᠤᠮᠵᠢ᠎ᠶ᠋ᠢᠨ ᠴᠢᠩ ᠴᠢᠤᠸᠠᠨ ᠵᠡᠭᠡᠯᠢ᠎ᠶ᠋ᠢᠨ ᠨᠡᠶ᠋ᠢᠭᠡᠮ ᠲᠣᠭᠤᠷᠢᠭ ᠪᠤᠯ  23 ᠬᠠᠭᠤᠴᠢᠨ ᠰᠠᠭᠤᠭᠠᠯᠢ ᠠᠷᠠᠳ᠎ᠦᠨ ᠲᠣᠭᠤᠷᠢᠭ᠎ᠲᠠᠢ ᠂ ᠬᠢᠲᠠᠳ᠂  ᠮᠣᠩᠭᠤᠯ᠂  ᠰᠣᠯᠤᠩᠭᠤᠰ᠂ ᠣᠷᠤᠰ  ᠵᠡᠷᠭᠡ 11 ᠦᠨᠳᠦᠰᠦᠲᠡᠨ ᠎ᠦ 7000 ᠭᠠᠷᠤᠢ ᠰᠠᠭᠤᠭᠠᠯᠢ ᠠᠷᠠᠳ ᠡᠶ᠎ᠠ ᠨᠠᠢᠷᠰᠠᠭ ᠬᠥᠷᠰᠢᠯᠳᠤᠨ ᠰᠠᠭᠤᠷᠢᠰᠢᠵᠤ ᠪᠠᠢᠭ᠎ᠠ ᠶᠡᠭᠡ ᠬᠡᠷ ᠪᠦᠯᠢ ᠪᠤᠯᠤᠨ᠎ᠠ᠃ ᠤᠢᠷ᠎ᠠ ᠵᠢᠨ ᠵᠢᠯ ᠡᠴᠡ ᠴᠢᠩ ᠴᠢᠤᠸᠠᠨ ᠵᠡᠭᠡᠯᠢ᠎ᠶ᠋ᠢᠨ ᠨᠡᠶ᠋ᠢᠭᠡᠮ ᠲᠣᠭᠤᠷᠢᠭ ᠨᠠᠮ᠎ᠦᠨ ᠦᠨᠳᠤᠰᠦᠳᠡᠨ᠎ᠤ ᠠᠵᠢᠯ ᠎ᠢ ᠴᠢᠨᠭᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠬᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠲᠤᠮᠳᠠᠳᠤ ᠵᠢᠨ ᠦᠨᠳᠤᠰᠦᠳᠡᠨ ᠎ᠤ ᠬᠠᠮᠳᠤ ᠵᠢᠨ ᠴᠤᠬᠴᠠ ᠵᠢᠨ ᠤᠬᠠᠮᠰᠠᠷ ᠎ᠢ ᠪᠠᠳᠤ ᠴᠤᠬᠴᠠᠯᠠᠬᠤ ᠪᠡᠷ ᠭᠤᠤᠯ ᠰᠢᠵᠢᠮ ᠪᠤᠯᠭᠠᠵᠤ᠂ ᠬᠠᠷᠢᠶ᠎ᠠ ᠤᠷᠤᠨ᠎ᠤ ᠦᠨᠳᠦᠰᠦᠳᠡᠨ ᠨᠤᠬᠦᠳ᠎ᠦᠨ ᠤᠯᠠᠨ ᠲᠦᠮᠡᠨ᠎ᠢ ᠲᠠᠭᠠᠭᠤᠯᠤᠨ ᠠᠨᠠᠷ᠎ᠦᠨ ᠦᠷ᠎ᠠ ᠰᠢᠭ ᠨᠢᠬᠳᠠᠷᠠᠨ ᠪᠦᠯᠬᠦᠮᠳᠡᠨ᠎ᠠ᠃

《ᠡᠨᠳᠡ ᠠᠩᠬ᠎ᠠ ᠢᠷᠡᠬᠦ᠌ ᠦᠶ᠎ᠡ᠎ᠳᠤ ᠠᠮᠢᠳᠤᠷᠠᠯ ᠮᠠᠰᠢ ᠬᠦᠴᠢᠷᠳᠡᠯᠳᠠᠢ ᠪᠠᠢᠵᠠᠢ᠂  ᠨᠡᠶ᠋ᠢᠭᠡᠮ ᠲᠣᠭᠤᠷᠢᠭ ᠎ᠦᠨ ᠬᠢᠨ ᠨᠠᠳᠠ᠎ᠶ᠋ᠢ ᠬᠠᠪᠰᠤᠷᠤᠨ ᠵᠢᠵᠢᠭ ᠳᠡᠯᠭᠡᠭᠦᠷ ᠨᠡᠭᠡᠭᠡᠵᠤ ᠦᠭᠬᠦᠭᠰᠡᠨ ᠪᠢᠯᠡ᠃ 〈ᠬᠠᠷᠢᠭᠤ ᠲᠠᠢ ᠪᠤᠯ ᠪᠢᠷᠠᠭᠤ ᠲᠠᠢ〉 ᠬᠡᠳᠡᠭᠴᠢᠯᠡᠨ ᠠᠵᠤ ᠠᠮᠢᠳᠤᠷᠠᠯ ᠦᠭᠡᠳᠡ ᠡᠰᠡᠷᠡᠭ ᠪᠤᠯᠤᠭᠰᠠᠨ ᠪᠢ ᠪᠠᠶᠠᠷ ᠲᠤᠷᠠᠰᠬᠠᠯ᠎ᠦᠨ ᠡᠳᠤᠷ᠂ ᠵᠢᠯ ᠴᠠᠭᠠᠨ ᠰᠠᠷ᠎ᠠ ᠪᠣᠯᠬᠤ ᠪᠦᠷᠢ ᠨᠤᠳᠤᠭ᠎ᠦᠨ᠎ᠢᠶᠡᠨ ᠠᠮᠲᠠᠲᠤ᠌ ᠢᠳᠡᠭᠡᠨ᠎ᠢ ᠰᠢᠷᠡᠭᠡ ᠲᠦᠬᠦᠷᠡᠨᠭ ᠪᠠᠵᠠᠭᠠᠵᠤ ᠠᠢᠯ ᠵᠡᠷᠭᠡᠯᠡᠳᠡᠭᠡ ᠲᠠᠢ ᠪᠠᠨ ᠬᠤᠪᠢᠶᠠᠯᠴᠠᠳᠠᠭ》 ᠬᠡᠵᠤ ᠰᠠᠭᠤᠭᠠᠯᠢ ᠠᠷᠠᠳ ᠯᠢ ᠰᠢᠨ ᠬᠤᠸᠠ ᠪᠠᠶᠠᠷᠳᠠᠢ ᠶᠠᠷᠢᠨ᠎ᠠ᠃


QQ20260701-094336.png

 

75 ᠨᠠᠰᠤᠲᠠᠢ ᠨᠡᠶ᠋ᠢᠭᠡᠮ ᠲᠣᠭᠤᠷᠢᠭ᠎ᠤᠨ ᠨᠠᠮ᠎ᠤᠨ ᠬᠤᠷᠢᠶᠠᠨ᠎ᠤ ᠱᠦᠵᠢ ᠡᠤ ᠾᠧ ᠰᠢᠶᠠᠩ ᠠᠯᠪᠠᠨ ᠰᠢᠷᠡᠭᠡ᠎ᠪᠠᠨ ᠦᠢᠯᠡᠴᠢᠯᠡᠭᠡᠨ᠎ᠤ ᠲᠢᠩᠬᠢᠮ᠎ᠤᠨ ᠪᠤᠯᠤᠩ᠎ᠳᠤ ᠪᠠᠢᠷᠢᠯᠠᠭᠤᠯᠵᠤ᠂  ᠰᠠᠭᠤᠭᠠᠯᠢ ᠠᠷᠠᠳ᠎ᠤᠨ ᠪᠠᠢᠳᠠᠯ᠎ᠢ ᠴᠠᠭ ᠲᠤᠬᠠᠢ ᠳ᠋ᠤᠨᠢ ᠤᠢᠯᠠᠭᠠᠨ ᠡᠵᠡᠮᠰᠢᠳᠡᠭ᠃ ᠲᠡᠷᠡ ᠪᠡᠷ ᠲᠦᠷᠦᠭᠦᠯᠡᠨ ᠪᠠᠶ᠋ᠢᠭᠤᠯᠤᠭᠰᠠᠨ 《ᠾᠧ ᠰᠢᠶᠠᠩ᠎ᠤᠨ ᠵᠣᠭᠤᠭ᠎ᠦᠨ ᠠᠩᠬᠢ 》  ᠨᠢ ᠠᠰᠠᠷ ᠲᠠᠬᠳᠤ᠂ ᠬᠦᠷᠢᠶ᠎ᠠ ᠬᠠᠰᠢᠶ᠎ᠠ ᠵᠢᠨ ᠬᠤᠭᠤᠷᠤᠨᠳᠤ ᠨᠠᠭᠠᠰᠢ ᠴᠠᠭᠠᠰᠢ ᠶᠠᠪᠤᠵᠤ᠂  ᠵᠣᠭᠤᠭ ᠳᠡᠯᠭᠡᠬᠦ᠌ ᠬᠡᠯᠪᠡᠷᠢ᠎ᠪᠠᠷ ᠤᠯᠠᠨ ᠲᠦᠮᠡᠨ᠎ᠤ ᠵᠦᠷᠢᠴᠡᠯ ᠵᠠᠭᠤᠷᠠᠯᠳᠤᠭᠠᠨ᠎ᠢ ᠰᠢᠢᠳᠪᠤᠷᠢᠯᠡᠵᠦ ᠦᠭᠳᠡᠭ ᠠᠵᠢ᠃ 《ᠠᠷᠠᠳ ᠎ᠦᠨ ᠶᠠᠪᠤᠳᠠᠯ᠎ᠦᠨ ᠠᠷᠰᠠᠷ ᠶᠠᠪᠤᠳᠠᠯ ᠎ᠢ ᠠᠭᠠᠵᠢᠮ ᠲᠠᠯᠪᠢᠭᠤ ᠪᠡᠷ ᠶᠠᠷᠢᠯᠴᠠᠨ ᠵᠣᠭᠤᠭᠳᠠᠪᠠᠯ ᠮᠠᠰᠢ ᠤᠯᠠᠨ ᠵᠦᠷᠢᠴᠡᠯ ᠮᠠᠷᠭᠤᠯᠳᠤᠭᠠᠨ ᠨᠢ ᠠᠶᠠᠨᠳᠠᠭᠠᠨ ᠰᠢᠢᠳᠪᠤᠷᠢᠯᠡᠭᠳᠡᠳᠡᠭ》  ᠭᠡᠵᠤ ᠡᠤ ᠾᠧ ᠰᠢᠶᠠᠩ ᠶᠠᠷᠢᠨ᠎ᠠ᠃

ᠣᠶ᠋ᠢᠷ᠎ᠠ᠎ᠶ᠋ᠢᠨ ᠵᠢᠯ᠎ᠳᠤ ᠢᠦᠢᠴᠢᠤᠸᠠᠨ ᠲᠣᠭᠤᠷᠢᠭ᠎ᠤᠨ ᠨᠠᠮ᠎ᠤᠨ ᠬᠤᠷᠢᠶᠠᠨ ᠎ᠤ ᠵᠣᠬᠢᠶᠠᠨ ᠪᠠᠶ᠋ᠢᠭᠤᠯᠬᠤ ᠬᠡᠯᠲᠡᠰ᠎ᠠᠴᠠ ᠴᠢᠩ ᠴᠢᠤᠸᠠᠨ ᠵᠡᠭᠡᠯᠢ ᠎ᠶ᠋ᠢᠨ ᠨᠡᠶ᠋ᠢᠭᠡᠮ ᠲᠣᠭᠤᠷᠢᠭ᠎ᠲᠠᠢ ᠬᠠᠮᠲᠤᠷᠠᠨ 《ᠾᠧ ᠰᠢᠶᠠᠩ᠎ᠦᠨ ᠵᠤᠭᠤᠭ᠎ᠦᠨ ᠦᠷᠦᠭᠡ》 ᠵᠢᠨ ᠲᠦᠷᠦᠯ ᠵᠦᠢᠯ᠎ᠢ ᠬᠡᠷᠡᠭᠵᠢᠬᠦᠯᠵᠦ᠂ ᠢᠦᠢᠴᠢᠤᠸᠠᠨ ᠲᠣᠭᠤᠷᠢᠭ ᠎ᠲᠤ᠌ 13 ᠾᠧ ᠰᠢᠶᠠᠩ᠎ᠦᠨ ᠠᠵᠢᠯᠯᠠᠬᠤ ᠦᠷᠦᠭᠡ ᠵᠢ ᠪᠠᠶ᠋ᠢᠭᠤᠯᠪᠠ᠃ ᠡᠤ ᠾᠧ ᠰᠢᠶᠠᠩ ᠎ᠤᠨ ᠳᠠᠭᠠᠭᠤᠯᠭ᠎ᠠ᠎ᠪᠠᠷ᠂  1200 ᠭᠠᠷᠤᠢ ᠬᠥᠮᠦᠨ᠎ᠢ ᠤᠷᠤᠯᠴᠠᠭᠤᠯᠤᠭᠰᠠᠨ《ᠰᠤᠯᠤᠩᠭ᠎ᠠ ᠰᠠᠶ᠋ᠢᠨ ᠳᠤᠷ᠎ᠠ᠎ᠶ᠋ᠢᠨ ᠦᠢᠯᠡᠴᠢᠯᠡᠭᠡᠨ᠎ᠤ ᠠᠩᠭᠢ》ᠵᠢᠨ ᠬᠢᠨ ᠰᠠᠭᠤᠭᠠᠯᠢ ᠠᠷᠠᠳ᠎ᠤᠨ ᠬᠡᠷᠡᠭᠴᠡᠭᠡ ᠱᠠᠭᠠᠷᠳᠠᠯᠭ᠎ᠠ᠎ᠵᠢ ᠦᠨᠳᠦᠰᠦᠯᠡᠨ ᠵᠢᠯ ᠪᠦᠷᠢ 2000 ᠭᠠᠷᠤᠢ ᠬᠥᠮᠦᠨ ᠤᠳᠠᠭ᠎ᠠ ᠳ᠋ᠤ ᠰᠠᠶ᠋ᠢᠨ ᠳᠤᠷ᠎ᠠ᠎ᠶ᠋ᠢᠨ ᠦᠢᠯᠡᠴᠢᠯᠡᠭᠡ᠎ᠬᠠᠨᠭᠭᠠᠳᠠᠭ᠃  ᠡᠭᠦᠨ᠎ᠤ ᠬᠠᠮᠲᠤ᠌᠂  ᠨᠡᠶ᠋ᠢᠭᠡᠮ ᠲᠣᠭᠤᠷᠢᠭ ᠎ᠤᠨ ᠬᠢᠨ ᠪᠠᠰᠠ 27 ᠬᠠᠮᠲᠤ ᠪᠠᠷ ᠪᠠᠶ᠋ᠢᠭᠤᠯᠬᠤ ᠨᠢᠭᠡᠴᠢ᠎ᠲᠠᠢ ᠬᠤᠯᠪᠤᠭᠠᠯᠠᠨ᠂  ᠵᠢᠯ ᠪᠦᠷᠢ 200 ᠭᠠᠷᠤᠢ ᠲᠠᠯᠠᠪᠤᠷ ᠠᠷᠠᠳ᠎ᠲᠤ᠌ ᠠᠰᠢᠭ ᠬᠦᠷᠲᠡᠭᠡᠬᠦ᠌ ᠰᠠᠶ᠋ᠢᠨ ᠳᠤᠷ᠎ᠠ᠎ᠶ᠋ᠢᠨ ᠠᠵᠢᠯᠯᠠᠭ᠎ᠠ ᠥᠷᠨᠢᠭᠦᠯᠵᠦ᠍᠂  ᠤᠰᠤ ᠳᠤᠯᠠᠭᠠᠯᠠᠭ᠎ᠠ᠎ᠶ᠋ᠢ ᠰᠡᠯᠪᠢᠨ ᠵᠠᠰᠠᠬᠤ᠂  ᠵᠠᠮ᠎ᠤᠨ ᠭᠠᠳᠠᠷᠭᠤ᠎ᠶ᠋ᠢ ᠲᠡᠭᠰᠢᠯᠡᠨ ᠵᠠᠰᠠᠬᠤ᠂  ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠠᠷᠠᠳ᠎ᠲᠤ ᠠᠰᠢᠭ ᠬᠦᠷᠲᠡᠭᠡᠬᠦ᠌ 10 ᠭᠠᠷᠤᠢ ᠲᠦᠷᠦᠯ ᠵᠦᠢᠯ ᠎ᠢ ᠵᠤᠬᠢᠶᠠᠨ ᠪᠠᠢᠭᠤᠯᠤᠨ ᠦᠷᠨᠢᠬᠦᠯᠵᠤ᠂  ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ ᠦᠢᠯᠡᠴᠢᠯᠡᠬᠦ᠌ 《ᠬᠥᠭᠦᠷᠭᠡ》 ᠶ᠋ᠢ ᠪᠠᠢᠭᠤᠯᠪᠠ᠃

ᠨᠡᠶ᠋ᠢᠭᠡᠮ ᠲᠣᠭᠤᠷᠢᠭ᠎ᠤᠨ᠎ᠬᠢᠨ ᠰᠢᠨ᠎ᠡ ᠴᠠᠭ ᠦᠶ᠎ᠡ᠎ᠶ᠋ᠢᠨ 《ᠹᠧᠩᠴᠢᠶᠤᠤ ᠎ᠶ᠋ᠢᠨ ᠲᠤᠷᠰᠢᠯᠭ᠎ᠠ》 ᠶ᠋ᠢ ᠦᠢᠯᠡᠳᠦᠯᠭᠡᠵᠢᠭᠦᠯᠵᠦ᠍᠂  2007 ᠣᠨ ᠎ᠳᠤ ᠪᠦᠬᠦ᠌ ᠤᠯᠤᠰ᠎ᠤᠨ ᠠᠩᠬᠠᠳᠠᠭᠴᠢ ᠨᠡᠶ᠋ᠢᠭᠡᠮ ᠲᠣᠭᠤᠷᠢᠭ᠎ᠤᠨ ᠬᠠᠤᠯᠢ᠎ᠶ᠋ᠢᠨ ᠶᠠᠪᠤᠳᠠᠯ᠎ᠤᠨ ᠲᠠᠰᠤᠭ᠎ᠢ ᠪᠠᠶ᠋ᠢᠭᠤᠯᠵᠤ᠂  ᠵᠡᠭᠡᠯᠢ ᠭᠤᠳᠤᠮᠵᠢ᠎ᠶ᠋ᠢᠨ ᠶᠡᠷᠦᠩᠬᠡᠶ᠋ᠢᠯᠡᠨ ᠵᠠᠰᠠᠬᠤ ᠲᠥᠪ᠂  ᠲᠣᠮᠢᠯᠠᠭᠰᠠᠨ ᠰᠠᠯᠪᠤᠷᠢ᠂  ᠬᠠᠤᠯᠢ ᠴᠠᠭᠠᠵᠠ᠎ᠶ᠋ᠢᠨ ᠭᠠᠵᠠᠷ᠂  ᠲᠤᠭᠤᠷᠢᠭ ᠎ᠲᠤ᠌ ᠰᠠᠭᠤᠭ᠎ᠠ ᠬᠠᠤᠯᠢᠴᠢ ᠵᠡᠷᠭᠡ ᠡᠬᠢ ᠪᠠᠶᠠᠯᠢᠭ᠎ᠢ ᠨᠡᠶ᠋ᠢᠳᠬᠡᠵᠦ᠍᠂  ᠵᠠᠭᠠᠯᠳᠤᠯᠭ᠎ᠠ ᠎ᠶ᠋ᠢ ᠭᠥᠯᠢᠶᠡᠨ ᠠᠪᠤᠮᠠᠭᠴᠠ ᠰᠢᠢᠳᠪᠦᠷᠢᠯᠡᠬᠦ᠂ ᠬᠥᠷᠰᠢ ᠵᠡᠷᠭᠡᠯᠡᠳᠡᠭᠡ᠎ᠶ᠋ᠢᠨ ᠵᠠᠭᠤᠷᠠᠯᠳᠤᠭᠠᠨ᠂  ᠤᠷᠤᠭ ᠭᠡᠷ ᠪᠦᠯᠢ ᠎ᠶ᠋ᠢᠨ ᠵᠠᠭᠤᠷᠠᠯᠳᠤᠭᠠᠨ ᠎ᠵᠡᠷᠭᠡ ᠨᠡᠶ᠋ᠢᠲᠡ 3000 ᠭᠠᠷᠤᠢ ᠵᠥᠷᠢᠴᠡᠯ ᠵᠠᠭᠤᠷᠠᠯᠳᠤᠭᠠᠨ ᠎ᠢ ᠴᠠᠭ ᠲᠤᠬᠠᠢ ᠳ᠋ᠤᠨᠢ ᠰᠢᠢᠳᠪᠦᠷᠢᠯᠡᠵᠦ᠍ ᠦᠭᠴᠠᠢ᠃


QQ20260701-094345.png


ᠴᠢᠩ ᠴᠢᠤᠸᠠᠨ ᠵᠡᠭᠡᠯᠢ ᠵᠢᠨ ᠨᠡᠶ᠋ᠢᠭᠡᠮ ᠲᠣᠭᠤᠷᠢᠭ᠎ᠨᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭᠴᠠ᠎ᠶ᠋ᠢᠨ ᠤᠬᠠᠮᠰᠠᠷ ᠎ᠢ ᠪᠠᠲᠤ᠌ ᠴᠣᠭᠴᠠᠯᠠᠬᠤ᠎ᠪᠠᠷ ᠭᠤᠤᠯ ᠰᠢᠵᠢᠮ ᠪᠣᠯᠭᠠᠬᠤ᠎ᠶ᠋ᠢ ᠪᠠᠷᠢᠮᠲᠠᠯᠠᠵᠤ᠂  ᠨᠠᠮ ᠎ᠤᠨ ᠪᠠᠶ᠋ᠢᠭᠤᠯᠤᠯᠲᠠ᠎ᠶ᠋ᠢᠨ ᠲᠤᠤᠷᠵᠢᠯ᠂  ᠶᠡᠷᠦᠩᠬᠡᠶ᠋ᠢᠯᠡᠨ ᠵᠠᠰᠠᠬᠤ ᠲᠤᠤᠷᠵᠢᠯ᠂  ᠦᠢᠯᠡᠴᠢᠯᠡᠭᠡᠨ᠎ᠤ ᠲᠤᠤᠷᠵᠢᠯ᠂  ᠥᠪᠡᠷᠲᠡᠭᠡᠨ ᠵᠠᠰᠠᠬᠤ ᠲᠤᠤᠷᠵᠢᠯ《ᠲᠦᠷᠪᠡᠨ ᠲᠤᠤᠷᠵᠢᠯ᠎ᠢ ᠠᠭᠤᠰᠤᠯᠴᠠᠭᠤᠯᠬᠤ》ᠪᠠᠷ ᠭᠠᠷᠳᠠᠴᠠ ᠪᠣᠯᠭᠠᠵᠤ᠂  ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶ᠋ᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠮᠠᠶᠢᠭ᠎ᠤᠨ ᠨᠡᠶ᠋ᠢᠭᠡᠮ ᠲᠣᠭᠤᠷᠢᠭ᠎ᠤᠨ ᠣᠷᠴᠢᠨ ᠲᠣᠭᠤᠷᠢᠨ᠎ᠢ ᠬᠦᠴᠦᠯᠡᠨ ᠪᠠᠶ᠋ᠢᠭᠤᠯᠤᠨ᠎ᠠ᠃

 ᠣᠯᠠᠨ ᠵᠢᠯ᠎ᠤᠨ ᠲᠤᠷᠰᠢ᠂  ᠴᠢᠩ ᠴᠢᠤᠸᠠᠨ ᠵᠡᠭᠡᠯᠢ᠎ᠶ᠋ᠢᠨ ᠨᠡᠶ᠋ᠢᠭᠡᠮ ᠲᠣᠭᠤᠷᠢᠭ ᠤᠷᠢᠳ ᠬᠤᠵᠢᠳ ᠪᠦᠬᠦ᠌ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ᠎ᠶ᠋ᠢ ᠡᠭᠦᠳᠦᠨ ᠪᠠᠶ᠋ᠢᠭᠤᠯᠬᠤ ᠵᠢᠱ᠌ᠢᠶ᠎ᠡ ᠦᠵᠡᠭᠦᠯᠬᠦ᠌ ᠨᠡᠶ᠋ᠢᠭᠡᠮ ᠲᠣᠭᠤᠷᠢᠭ᠂  ᠪᠦᠬᠦ᠌ ᠤᠯᠤᠰ᠎ᠤᠨ ᠰᠢᠨ᠎ᠡ ᠴᠠᠭ ᠦᠶ᠎ᠡ᠎ᠶ᠋ᠢᠨ 《ᠹᠧᠩᠴᠢᠶᠤᠤ ᠎ᠶ᠋ᠢᠨ ᠲᠤᠷᠰᠢᠯᠭ᠎ᠠ》 ᠶ᠋ᠢᠨ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠡᠷᠭᠡ ᠤᠯᠤᠰ᠎ᠤᠨ ᠲᠡᠰ᠎ᠤᠨ ᠢᠷᠠᠭᠤ ᠠᠯᠳᠠᠷ᠎ᠢ 24  ᠤᠳᠠᠭ᠎ᠠ ᠬᠦᠷᠳᠡᠵᠦ᠂ 2024 ᠣᠨ᠎ᠤ 9 ᠰᠠᠷ᠎ᠠ᠎ᠳᠤ 《ᠪᠦᠬᠦ᠌ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ᠎ᠶ᠋ᠢᠨ ᠵᠢᠱ᠌ᠢᠶᠡᠴᠢ  ᠬᠠᠮᠲᠤ᠌》 ᠶ᠋ᠢᠨ ᠴᠣᠯᠠ᠎ᠵᠢ ᠬᠦᠷᠳᠡᠭᠰᠡᠨ ᠪᠠᠢᠨ᠎ᠠ᠃

  ᠰᠢᠨ᠎ᠡ ᠴᠠᠭ ᠦᠶ᠎ᠡ᠂ ᠰᠢᠨ᠎ᠡ ᠪᠠᠢᠳᠠᠯ ᠲᠤᠤᠷ᠎ᠠ᠂ ᠴᠢᠩ ᠴᠢᠤᠸᠠᠨ ᠵᠡᠭᠡᠯᠢ᠎ᠶ᠋ᠢᠨ ᠨᠡᠢᠭᠡᠮ ᠲᠣᠭᠤᠷᠢᠭ  ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢᠨ ᠠᠵᠢᠯ᠎ᠢ ᠰᠠᠢᠳᠤᠷ ᠬᠢᠬᠦ ᠴᠢᠳᠠᠪᠤᠷᠢ ᠪᠠ ᠲᠦᠪᠰᠢᠨ᠎ᠢᠶᠡᠨ ᠲᠠᠰᠤᠷᠠᠯᠳᠠ ᠦᠭᠡᠢ ᠲᠡᠭᠡᠭᠰᠢᠯᠡᠬᠦᠯᠵᠤ᠂ ᠦᠨᠳᠦᠰᠦᠳᠡᠨ ᠨᠤᠬᠦᠳ᠎ᠦᠨ ᠤᠯᠠᠨ ᠲᠦᠮᠡᠨ ᠎ᠤ ᠤᠶᠤᠨ ᠤᠬᠠᠭᠠᠨ ᠬᠦᠴᠦᠨ ᠴᠢᠳᠡᠯ᠎ᠢ ᠨᠢᠬᠳᠠᠷᠠᠭᠤᠯᠤᠨ᠂ ᠦᠨᠳᠦᠰᠦᠳᠡᠨ ᠨᠤᠬᠦᠳ᠎ᠦᠨ ᠤᠯᠠᠨ ᠲᠦᠮᠡᠨ᠎ᠤ ᠠᠮᠢᠳᠤᠷᠠᠯ᠎ᠦᠨ ᠪᠠᠳᠤᠯᠠᠭ᠎ᠠ ᠵᠢᠨ ᠤᠷᠴᠢᠨ ᠲᠤᠭᠤᠷᠢᠨ᠎ᠢ ᠬᠦᠴᠦᠯᠡᠨ ᠰᠠᠢᠵᠢᠷᠠᠭᠤᠯᠵᠤ᠂ ᠦᠨᠳᠦᠰᠦᠳᠡᠨ᠎ᠤ ᠪᠦᠯᠬᠦᠮᠳᠡᠯ᠎ᠦᠨ ᠢᠷᠠᠭᠤ ᠠᠯᠳᠠᠷ᠎ᠢᠶᠡᠨ ᠨᠡᠩ ᠰᠠᠢᠳᠤᠷ ᠤᠯᠠᠮᠵᠢᠯᠠᠨ ᠪᠠᠳᠠᠷᠠᠭᠤᠯᠵᠤ᠂ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢᠨ ᠵᠠᠮ᠎ᠢᠶᠡᠷ ᠢᠳᠡᠷᠡᠬᠦᠨ ᠤᠷᠤᠭᠰᠢᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号