ᠮᠤᠷᠢᠨ ᠬᠤᠭᠤᠷ — ᠬᠤᠶᠠᠷᠬᠠᠨ ᠴᠢᠪᠬᠠᠳᠠᠰᠤ ᠪᠡᠷ ᠵᠢᠡᠨ ᠬᠤᠷᠸ᠎ᠠ ᠵᠢ ᠤᠶᠠᠷᠠᠭᠠᠭᠰᠠᠨ ᠭᠦᠭᠵᠢᠮ
2026-07-01 10:13:42
ᠵᠣᠬᠢᠶᠠᠭ᠍ᠴᠢ᠄
ᠯᠢ ᠴᠤᠤ ᠷᠠᠨ ᠸᠠᠩ ᠯᠸᠢ ᠮᠠ ᠵᠢᠶᠦ᠋ᠨ ᠤ᠋ᠤᠢ
ᠣᠩᠱᠢᠭ᠍ᠰᠠᠨ ᠣᠳᠠᠭ᠎ᠠ᠄
★★★☆☆

ᠦᠨᠳᠦᠰᠦᠲᠡᠨ᠎ᠤ ᠬᠥᠭ᠌ᠵᠢᠮ᠎ᠤᠨ ᠵᠢᠮᠰᠡᠭ ᠬᠢᠬᠦ ᠤᠷ᠎ᠠ ᠮᠡᠷᠭᠡᠵᠢᠯ (ᠮᠣᠩᠭᠤᠯ ᠦᠨᠳᠦᠰᠦᠲᠡᠨ᠎ᠤ ᠬᠤᠭᠤᠷᠳᠠᠬᠤ ᠬᠥᠭ᠌ᠵᠢᠮ᠎ᠤᠨ ᠵᠢᠮᠰᠡᠭ ᠦᠢᠯᠡᠳᠬᠦ ᠤᠷ᠎ᠠ ᠮᠡᠷᠭᠡᠵᠢᠯ) ᠤ᠋ᠨ ᠳᠠᠷᠬᠠᠨ ᠮᠡᠳᠡᠯᠲᠦ ᠵᠢᠨ ᠲᠦᠷᠦᠭᠰᠡᠨ ᠨᠤᠲᠤᠭ ᠤᠯᠠᠭᠠᠨᠬᠠᠳᠠ ᠬᠤᠲᠠ᠎ᠶ᠋ᠢᠨ ᠪᠠᠭᠠᠷᠢᠨ ᠪᠠᠷᠠᠭᠤᠨ ᠬᠤᠱᠢᠭᠤ ᠨᠢ 《ᠳᠤᠮᠳᠠᠳᠤ ᠤᠯᠤᠰ᠎ᠤᠨ ᠭᠡᠰᠡᠷ ᠰᠣᠶᠣᠯ᠎ᠤᠨ ᠨᠤᠲᠤᠭ》 ᠭᠡᠭᠦ ᠰᠠᠢᠬᠠᠨ ᠠᠯᠳᠠᠷ ᠲᠠᠢ᠃ ᠭᠡᠰᠡᠷ ᠬᠠᠢᠯᠠᠬᠤ ᠬᠢᠭᠡᠳ ᠮᠣᠷᠢᠨ ᠬᠤᠭᠤᠷ᠎ᠤᠨ ᠠᠶᠠᠯᠭᠤᠨ᠎ᠳᠤ ᠪᠦᠤᠪᠠᠢᠯᠡᠭᠳᠡᠨ ᠦᠰᠦᠭᠰᠡᠨ ᠲᠠᠷᠠᠪᠠᠷ ᠤᠢ ᠰᠠᠭᠤᠭᠳᠠᠯ᠎ᠳᠠᠭᠠᠨ ᠬᠦᠲᠦᠯᠦᠭᠳᠡᠨ᠂ ᠮᠤᠷᠢᠨ ᠬᠤᠭᠤᠷ ᠬᠦᠭᠵᠢᠮᠳᠡᠭᠦ ᠵᠢ ᠰᠤᠷᠤᠭᠰᠠᠨ᠎ᠢᠶᠠᠷ ᠪᠠᠷᠠᠬᠤ ᠦᠭᠡᠢ ᠨᠡᠩ ᠴᠤ᠌ ᠬᠦᠴᠦ ᠬᠦᠳᠡᠯᠮᠦᠷᠢ ᠵᠠᠷᠤᠴᠠᠭᠤᠯᠤᠨ᠂ ᠤᠶᠤᠨ ᠤᠬᠠᠭᠠᠨ ᠵᠢᠡᠨ ᠰᠢᠪᠬᠠᠵᠤ᠂ ᠮᠤᠷᠢᠨ ᠬᠤᠭᠤᠷ ᠦᠢᠯᠡᠳᠭᠦ ᠮᠡᠷᠭᠡᠵᠢᠯ᠎ᠢ ᠰᠤᠷᠤᠭᠰᠠᠨ ᠪᠠᠢᠨ᠎ᠠ᠃


QQ截图20260701104358.png


ᠮᠤᠷᠢᠨ ᠬᠤᠭᠤᠷ ᠭᠦᠭᠵᠢᠮᠳᠡᠨ᠎ᠠ


ᠮᠣᠷᠢᠨ ᠬᠤᠭᠤᠷ ᠪᠣᠯ ᠮᠣᠩᠭᠣᠯ ᠦᠨᠳᠦᠰᠦᠲᠡᠨ᠎ᠦ ᠬᠠᠮᠤᠭ᠎ᠤᠨ ᠲᠥᠯᠥᠭᠡᠯᠡᠬᠦ᠌ ᠴᠢᠨᠠᠷᠲᠠᠢ ᠬᠤᠭᠤᠷᠳᠠᠬᠤ ᠬᠦᠭᠵᠢᠮ᠎ᠤᠨ ᠵᠢᠮᠰᠡᠭ᠎ᠤᠨ ᠨᠢᠭᠡ ᠪᠣᠯᠤᠨ᠎ᠠ᠃ ᠬᠤᠭᠤᠷ᠎ᠤᠨ ᠠᠷᠠᠯ᠎ᠤᠨ ᠦᠵᠦᠭᠦᠷ᠎ᠲᠦ ᠮᠤᠷᠢᠨ᠎ᠤ ᠲᠣᠯᠣᠭᠠᠢ᠎ᠶ᠋ᠢ ᠰᠡᠢᠯᠦᠭ᠌ᠰᠡᠨ ᠪᠤᠯᠬᠤᠷ ᠮᠤᠷᠢᠨ ᠬᠤᠭᠤᠷ ᠭᠡᠵᠦ ᠨᠡᠷᠡᠯᠡᠵᠡᠢ᠃ ᠮᠤᠷᠢᠨ ᠬᠤᠭᠤᠷ᠎ᠤᠨ ᠳᠠᠭᠤ ᠵᠢᠨ ᠥᠩᠭᠡ ᠨᠢ ᠤᠶᠠᠷᠠᠭᠤᠨ ᠴᠢᠬᠢᠮᠠᠢ ᠪᠠᠢᠵᠤ᠂ ᠲᠦᠮᠡᠨ ᠠᠭ᠍ᠲᠠ᠎ᠶ᠋ᠢᠨ ᠲᠦᠪᠡᠷᠭᠡᠨ᠎ᠤ ᠰᠦᠷᠯᠢᠭ ᠳᠠᠯᠠᠢᠴᠠ ᠵᠢ ᠢᠯᠡᠳᠭᠡᠵᠦ ᠳᠡᠢᠯᠬᠦ ᠪᠦᠭᠡᠳ ᠲᠠᠯ᠎ᠠ ᠨᠤᠲᠤᠭ᠎ᠤᠨ ᠮᠠᠯᠵᠢᠬᠤ ᠠᠮᠢᠳᠤᠷᠠᠯ᠎ᠤᠨ ᠦᠦᠭᠡ ᠲᠡᠦᠬᠡ ᠵᠢ ᠴᠦ᠍ ᠬᠦᠦᠷᠨᠢᠵᠦ ᠳᠡᠢᠯᠦᠨ᠎ᠡ᠃ ᠡᠨᠡ ᠬᠦ᠌ ᠡᠷᠲᠡᠨ᠎ᠦ ᠬᠥᠭ᠌ᠵᠢᠮ᠎ᠦᠨ ᠵᠢᠮᠰᠡᠭ ᠨᠡᠭᠦᠳᠡᠯ ᠦᠨᠳᠦᠰᠦᠲᠡᠨ᠎ᠦ ᠪᠤᠳᠤᠯ ᠰᠡᠳᠭᠢᠯᠭᠡ ᠪᠣᠯᠤᠨ ᠤᠶᠤᠨ ᠤᠬᠠᠭᠠᠨ᠎ᠢ ᠠᠴᠢᠶᠠᠯᠠᠵᠤ᠂ ᠬᠢᠬᠦ᠌ ᠤᠷ᠎ᠠ ᠮᠡᠷᠭᠡᠵᠢᠯ ᠨᠢ ᠮᠦᠨ ᠴᠦ᠍ ᠭᠦᠨ ᠵᠤᠵᠠᠭᠠᠨ ᠠᠭᠤᠯᠤᠭᠳᠠᠬᠤᠨ ᠲᠠᠢ ᠪᠠᠢᠳᠠᠭ᠃ 2011 ᠣᠨ᠎ᠳᠤ ᠦᠨᠳᠦᠰᠦᠲᠡᠨ᠎ᠦ ᠬᠥᠭ᠌ᠵᠢᠮ᠎ᠤᠨ ᠵᠢᠮᠰᠡᠭ ᠦᠢᠯᠡᠳᠬᠦ᠌ ᠤᠷ᠎ᠠ ᠮᠡᠷᠭᠡᠵᠢᠯ (ᠮᠣᠩᠭᠤᠯ ᠦᠨᠳᠦᠰᠦᠲᠡᠨ᠎ᠤ ᠬᠤᠭᠤᠷᠳᠠᠬᠤ ᠬᠥᠭ᠌ᠵᠢᠮ᠎ᠤᠨ ᠵᠢᠮᠰᠡᠭ ᠦᠢᠯᠡᠳᠬᠦ ᠤᠷ᠎ᠠ ᠮᠡᠷᠭᠡᠵᠢᠯ) ᠤᠯᠤᠰ᠎ᠤᠨ ᠳᠡᠰ᠎ᠦᠨ ᠪᠤᠳᠠᠰ᠎ᠤᠨ ᠪᠤᠰᠤ ᠰᠤᠶᠤᠯ᠎ᠤᠨ ᠥᠪ᠎ᠦᠨ ᠨᠡᠷᠡᠰ᠎ᠤᠨ ᠵᠢᠭ᠍ᠰᠠᠭᠠᠯᠲᠠ᠎ᠶ᠋ᠢᠨ ᠦᠷᠭᠡᠳᠭᠡᠭ᠌ᠰᠡᠨ ᠲᠥᠷᠥᠯ ᠵᠦᠢᠯ᠎ᠦᠨ ᠨᠡᠷᠡᠰ᠎ᠲᠦ ᠰᠤᠩᠭᠤᠭᠳᠠᠨ᠂ ᠡᠨᠡ ᠬᠦ᠌ ᠤᠷᠠᠨ ᠭᠠᠷ᠎ᠤᠨ ᠤᠷ᠎ᠠ ᠮᠡᠷᠭᠡᠵᠢᠯ ᠵᠢᠩᠬᠢᠨᠢ ᠪᠡᠷ ᠴᠠᠭ ᠦᠶ᠎ᠡ᠎ᠳᠤ ᠲᠡᠮᠲᠡᠭᠯᠡᠭᠳᠡᠬᠰᠡᠨ ᠪᠡᠶ᠎ᠡ ᠵᠢᠨ ᠭᠠᠷᠤᠯ ᠲᠠᠢ ᠪᠤᠯᠤᠭᠰᠠᠨ ᠪᠠᠢᠨ᠎ᠠ᠃


QQ截图20260701104424.png


ᠬᠤᠭᠤᠷ᠎ᠤᠨ ᠠᠷᠠᠯ᠎ᠢ ᠤᠷᠠᠯᠠᠨ᠎ᠠ


QQ截图20260701105009.png


ᠰᠢᠷᠳᠡᠵᠤ ᠪᠤᠳᠤᠨ᠎ᠠ


ᠬᠤᠭᠤᠷᠳᠠᠬᠤ᠎ᠡᠴᠡ ᠦᠢᠯᠡᠳᠬᠦ᠌ ᠬᠦᠷᠲᠡᠯ᠎ᠡ᠂ ᠮᠡᠳᠡᠯᠲᠤ ᠵᠢᠨ ᠪᠣᠷᠣᠭ᠍ᠵᠢᠭᠤᠨ ᠬᠦᠰᠡᠯ ᠨᠢ ᠲᠡᠭᠦᠨ᠎ᠤ ᠠᠮᠢᠳᠤᠷᠠᠯ᠎ᠤ᠋ᠨ ᠭᠣᠣᠯᠳᠠᠯᠭ᠎ᠠ᠎ᠵᠢ ᠬᠤᠪᠢᠷᠠᠭᠤᠯᠵᠠᠢ᠃ 20 ᠭᠠᠷᠤᠢ ᠵᠢᠯ᠎ᠦ᠋ᠨ ᠡᠮᠦᠨ᠎ᠡ ᠲᠡᠷᠡ ᠠᠪᠤ᠎ᠶᠢᠨ᠎ᠵᠢᠡᠨ ᠬᠢᠭ᠌ᠰᠡᠨ ᠬᠤᠭᠤᠷ᠎ᠢ ᠠᠪᠤᠭᠠᠳ ᠬᠥᠬᠡᠬᠣᠲᠠ᠎ᠳ᠋ᠤ ᠰᠤᠷᠤᠯᠴᠠᠬᠤ ᠪᠡᠷ ᠢᠷᠡᠪᠡ᠃ ᠲᠡᠭᠡᠭᠡᠳ ᠨᠡᠩ ᠤᠷᠠᠨ ᠨᠠᠷᠢᠯᠢᠭ ᠮᠤᠷᠢᠨ ᠬᠤᠭᠤᠷ᠎ᠬᠢᠬᠦ ᠤᠷ᠎ᠠ ᠮᠡᠷᠭᠡᠵᠢᠯ᠎ᠢ᠋ ᠣᠯᠵᠤ ᠦᠵᠡᠭᠡᠳ᠂ ᠥᠪᠡᠷ᠎ᠦ᠋ᠨ ᠭᠠᠷ᠎ᠢᠶᠠᠷ᠎ᠢᠶᠠᠨ ᠰᠠᠢᠨ ᠮᠤᠷᠢᠨ ᠬᠤᠭᠤᠷ ᠬᠢᠬᠦ ᠬᠦᠰᠡᠯ ᠬᠦᠪᠦᠷᠡᠭᠰᠡᠨ ᠪᠠᠢᠯ᠎ᠠ᠃ ᠮᠣᠷᠢᠨ ᠬᠤᠭᠤᠷ᠎ᠤᠨ ᠠᠶᠠᠯᠭᠤ ᠲᠠᠯ᠎ᠠ ᠨᠤᠲᠤᠭ᠎ᠲᠤ ᠬᠦᠩᠬᠢᠨᠡᠬᠦ᠎ᠪᠠᠷ ᠪᠠᠷᠠᠬᠤ ᠦᠭᠡᠶ᠂ ᠨᠡᠩ ᠠᠭᠤᠳᠠᠮ ᠬᠤᠯᠠ ᠭᠠᠵᠠᠷ ᠳᠠᠭᠤᠷᠢᠰᠬᠤ ᠵᠢ ᠲᠡᠷᠡ ᠬᠦᠰᠡᠨ᠎ᠡ᠃ ᠶᠠᠭ ᠡᠨᠡ ᠬᠦ᠌ ᠢᠲᠡᠭᠡᠯ ᠪᠢᠱᠢᠷᠡᠯ᠎ᠠᠴᠠ ᠪᠠᠨ ᠪᠤᠯᠵᠤ᠂ ᠮᠡᠳᠡᠯᠲᠦ ᠮᠤᠷᠢᠨ ᠬᠤᠭᠤᠷ᠎ᠬᠤᠭᠤᠷᠳᠠᠬᠤ ᠡᠴᠡ ᠪᠠᠨ ᠮᠤᠷᠢᠨ ᠬᠤᠭᠤᠷ ᠬᠢᠬᠦ ᠪᠤᠯᠵᠤ᠂ ᠥᠪᠥᠷ ᠮᠣᠩᠭᠤᠯ᠎ᠤᠨ ᠰᠦᠬᠡ᠎ᠶ᠋ᠢᠨ ᠰᠡᠷᠡᠯ ᠭᠡᠬᠦ ᠦᠨᠳᠦᠰᠦᠲᠡᠨ᠎ᠤ ᠬᠥᠭ᠌ᠵᠢᠮ᠎ᠤᠨ ᠵᠢᠮᠰᠡᠭ ᠦᠢᠯᠡᠳᠬᠦ᠌ ᠺᠣᠮᠫᠠᠨᠢ ᠪᠠᠢᠭᠤᠯᠵᠤ᠂ ᠮᠤᠷᠢᠨ ᠬᠤᠭᠤᠷ ᠬᠢᠬᠦ᠌ ᠠᠶᠠᠨ᠎ᠳᠤ ᠬᠠᠲᠠᠭᠤ ᠪᠡᠷᠬᠡ ᠵᠢ ᠬᠠᠢᠬᠤᠷᠤᠯ ᠦᠭᠡᠢ ᠴᠢᠷᠮᠡᠢᠵᠦ ᠵᠢᠳᠭᠦᠵᠦ ᠢᠷᠡᠭᠰᠡᠨ ᠪᠠᠢᠨ᠎ᠠ᠃


QQ截图20260701104956.png


ᠲᠦᠷᠭᠡᠨ ᠭᠤᠪᠢᠭᠤᠯᠭ᠎ᠠ ᠪᠡᠷ ᠢᠯᠡᠭᠡᠬᠦ ᠲᠤᠬᠠᠢ ᠵᠥᠪᠳᠡᠨ ᠶᠠᠷᠢᠯᠴᠠᠨ᠎ᠠ


ᠮᠣᠷᠢᠨ ᠬᠤᠭᠤᠷ ᠬᠢᠬᠦ᠌ ᠨᠢ ᠬᠥᠭ᠌ᠵᠢᠮ᠂ ᠮᠣᠳᠣᠨ ᠳᠠᠷᠬᠠᠨ ᠪᠣᠯᠤᠨ ᠵᠢᠷᠤᠵᠤ ᠲᠥᠯᠥᠪᠯᠡᠭ᠌ᠦ ᠠᠵᠢᠯ᠎ᠢ ᠤᠶᠠᠯᠳᠤᠭᠤᠯᠤᠭ᠍ᠰᠠᠨ ᠶᠡᠷᠦᠩᠬᠡᠢᠯᠡᠭ᠌ᠰᠡᠨ ᠤᠷ᠎ᠠ ᠮᠡᠷᠭᠡᠵᠢᠯ ᠪᠣᠯᠤᠨ᠎ᠠ᠃ ᠮᠣᠳᠣᠨ ᠮᠠᠲ᠋ᠸᠷᠢᠶᠠᠯ᠎ᠠᠴᠠ ᠮᠤᠷᠢᠨ ᠬᠤᠭᠤᠷ ᠪᠤᠯᠲᠠᠯ᠎ᠠ ᠵᠠᠭᠤ ᠭᠠᠷᠤᠢ ᠠᠵᠢᠯ᠎ᠤᠨ ᠶᠠᠪᠤᠴᠠ ᠬᠠᠷᠢᠯᠴᠠᠨ ᠠᠪᠴᠠᠯᠳᠤᠵᠤ᠂ ᠶᠠᠪᠤᠴᠠ ᠪᠦᠷᠢ᠎ᠨᠢ ᠤᠷᠠᠨ ᠲᠠᠷᠬᠠᠨ᠎ᠤ ᠲᠡᠰᠪᠦᠷᠢ ᠲᠡᠪᠴᠢᠶᠡᠷᠢ ᠪᠠ ᠡᠷᠳᠡᠮ ᠴᠢᠳᠠᠪᠤᠷᠢ᠎ᠶ᠋ᠢ ᠱᠢᠯᠭᠠᠵᠤ ᠪᠠᠢᠳᠠᠭ᠃ 《ᠮᠤᠷᠢᠨ ᠬᠤᠭᠤᠷ᠎ᠢ ᠰᠠᠢᠨ ᠬᠢᠶ᠎ᠡ ᠭᠡᠪᠡᠯ ᠶᠠᠭᠤᠨ᠎ᠤ ᠡᠮᠦᠨ᠎ᠡ ᠬᠥᠭ᠌ᠵᠢᠮ ᠮᠡᠳᠡᠬᠦ ᠬᠡᠷᠡᠭᠲᠡᠢ᠂ ᠬᠦᠭ᠌ᠵᠢᠮ᠎ᠤᠨ ᠵᠢᠮᠰᠡᠭ᠎ᠢ ᠮᠡᠳᠡᠬᠦ ᠬᠡᠷᠡᠭᠲᠡᠢ᠂ ᠳᠠᠷᠠᠭ᠎ᠠ᠎ᠨᠢ ᠰᠡᠢᠯᠦᠮᠡᠯ᠎ᠤᠨ ᠤᠷ᠎ᠠ ᠮᠡᠷᠭᠡᠵᠢᠯ᠎ᠢ ᠡᠵᠡᠮᠰᠢᠨ᠂ ᠤᠷᠠᠨ ᠵᠢᠷᠤᠭ᠎ᠤᠨ ᠰᠠᠭᠤᠷᠢ ᠪᠠᠢᠪᠠᠯ ᠰᠠᠶᠢ ᠬᠤᠭᠤᠷ᠎ᠳᠡᠭᠡᠷᠡᠬᠢ ᠮᠤᠷᠢᠨ ᠲᠤᠯᠤᠭᠠᠢ ᠵᠢ ᠤᠷᠠᠨ ᠳᠦᠷᠰᠦᠯᠢᠭ ᠰᠡᠢᠯᠵᠦ᠍ ᠳᠡᠢᠯᠦᠨ᠎ᠡ᠂ ᠡᠭᠦᠨ᠎ᠠᠴᠠ ᠭᠠᠳᠠᠨ᠎ᠠ ᠪᠠᠰᠠ ᠮᠠᠰᠢ ᠰᠠᠢᠨ ᠮᠣᠳᠣᠨ ᠳᠠᠷᠬᠠᠨ᠎ᠤ ᠠᠵᠢᠯ᠎ᠤᠨ ᠰᠠᠭᠤᠷᠢ ᠪᠠᠢᠬᠤ ᠬᠡᠷᠡᠭᠲᠡᠢ᠂ ᠡᠰᠡᠪᠡᠯ ᠬᠤᠭᠤᠷ᠎ᠤᠨ ᠳᠠᠭᠤ ᠨᠢ ᠬᠡᠳᠦᠢ ᠰᠠᠢᠨ ᠭᠠᠷᠴᠤ᠂ ᠳᠦᠷᠰᠦ᠎ᠨᠢ ᠬᠡᠳᠦᠢ ᠰᠠᠢᠬᠠᠨ ᠪᠠᠢᠯ᠎ᠠ ᠴᠦ᠍ ᠭᠡᠰᠡᠨ ᠬᠡᠰᠡᠭ ᠬᠤᠭᠤᠴᠠᠭ᠎ᠠ ᠬᠡᠷᠡᠭᠯᠡᠭᠡᠳ ᠡᠭᠡᠰᠢᠭ᠎ᠤᠨ ᠬᠠᠢᠷᠴᠠᠭ᠎ᠨᠢ ᠬᠠᠭᠠᠷᠠᠴᠢᠬᠠᠪᠠᠯ ᠲᠠᠯᠠᠭᠠᠷ ᠪᠤᠯᠤᠨ᠎ᠠ》 ᠭᠡᠵᠦ᠍ ᠮᠡᠳᠡᠯᠲᠦ ᠬᠡᠯᠡᠨ᠎ᠠ᠃ ᠵᠢᠩᠬᠢᠨᠢ ᠰᠠᠢ᠌ᠠ ᠬᠤᠭᠤᠷ ᠪᠤᠯ ᠬᠡᠲᠣᠠ ᠰᠠᠷ᠎ᠠ ᠴᠢᠨᠠᠬ᠍ᠰᠢᠯᠠᠨ ᠨᠠᠩ ᠣᠷᠲᠤ ᠬᠤᠭᠤᠴᠠᠭ᠎ᠠ ᠵᠢ ᠲᠠᠮᠵᠢᠪᠡᠯ ᠰᠠᠶᠢ ᠦᠪᠡᠷ᠎ᠤᠨ ᠰᠦᠭ ᠰᠦᠨᠡᠰᠦ ᠲᠠᠢ ᠪᠤᠯᠵᠤ ᠴᠢᠳᠠᠨ᠎ᠠ᠃


QQ截图20260701105021.png


ᠥᠪᠥᠷ ᠮᠣᠩᠭᠤᠯ᠎ᠤᠨ ᠦᠵᠡᠰᠭᠦᠯᠡᠩ᠎ᠤᠨ ᠣᠷᠳᠣᠨ᠎ᠳᠤ ᠥᠷᠨᠢᠭᠦᠯᠦᠭ᠌ᠰᠡᠨ 《ᠤᠯᠠᠮᠵᠢᠯᠠᠯᠲᠤ ᠭᠠᠷ ᠤᠷᠠᠯᠠᠯ᠎ᠤᠨ ᠬᠢᠴᠢᠶᠡᠯ᠎ᠤᠨ ᠲᠠᠩᠬᠢᠮ》 ᠳᠡᠭᠡᠷ᠎ᠡ ᠮᠡᠳᠡᠯᠲᠦ ᠦᠵᠡᠭ᠌ᠴᠢᠳ᠎ᠤᠨ ᠮᠣᠷᠢᠨ ᠬᠤᠭᠤᠷ᠎ᠤᠨ ᠵᠢᠵᠢᠭ ᠦᠯᠢᠭᠡᠷ ᠶᠠᠨᠭᠵᠤ ᠬᠢᠬᠦ ᠵᠢ ᠵᠢᠯᠤᠭᠤᠳᠴᠤ ᠪᠠᠢᠭ᠎ᠠ ᠨᠢ


ᠤᠯᠠᠮᠵᠢᠯᠠᠯ᠎ᠤᠨ ᠠᠶᠠᠨ ᠦᠢᠯᠡᠳᠭᠡᠯ᠎ᠤᠨ ᠲᠠᠰᠤᠭ᠎ᠲᠦ ᠯᠡ ᠦᠷᠭᠦᠯᠵᠢᠯᠡᠬᠦ ᠪᠢᠰᠢ᠃ ᠮᠡᠳᠡᠯᠲᠦ ᠡᠳᠡᠭᠡᠷ ᠵᠢᠯ᠎ᠤᠳ ᠲᠦ᠍ ᠮᠣᠷᠢᠨ ᠬᠤᠭᠤᠷ᠎ᠢᠶᠠᠨ ᠠᠪᠤᠭᠠᠳ ᠰᠤᠷᠭᠠᠭᠤᠯᠢ᠎ᠨᠤᠭᠤᠳ ᠵᠢᠡᠷ᠎ᠶᠠᠪᠤᠵᠤ᠂ ᠬᠡᠦᠬᠡᠳ᠎ᠤᠳ᠎ᠤᠨ ᠤᠷᠤᠯᠳᠤᠬᠤ᠎ᠳᠤ ᠲᠣᠬᠢᠷᠠᠬᠤ ᠵᠢᠭᠠᠬᠤ ᠮᠠᠲ᠋ᠧᠷᠢᠶᠠᠯ᠎ᠢ ᠰᠤᠳᠤᠯᠤᠨ ᠭᠠᠷᠭᠠᠵᠤ᠂ ᠬᠢᠴᠢᠶᠡᠯ᠎ᠤᠨ ᠭᠡᠷ ᠲᠡᠬᠢ ᠰᠤᠷᠤᠭ᠍ᠴᠢᠳ᠎ᠴᠦ ᠮᠣᠳᠤ ᠤᠷᠤᠯᠳᠤᠬᠤ ᠳᠤᠬᠢᠶᠠᠯ ᠲᠠᠢ ᠪᠤᠯᠵᠠᠢ᠃ ᠲᠡᠷᠡ ᠪᠠᠰᠠ ᠣᠬᠤᠷ ᠸᠢᠳᠢᠣ᠋᠎ᠶ᠋ᠢᠨ ᠲᠠᠪᠴᠠᠩ᠎ᠢ ᠠᠱᠢᠭ᠍ᠯᠠᠨ᠂ ᠰᠦᠯᠵᠢᠶᠡᠨ ᠳᠡᠭᠡᠷ᠎ᠡ ᠵᠢᠭᠠᠨ ᠰᠤᠷᠭᠠᠬᠤ ᠪᠠ ᠰᠣᠶᠣᠯ᠎ᠢ ᠳᠡᠯᠭᠡᠷᠡᠭᠦᠯᠬᠦ᠌ ᠠᠵᠢᠯ ᠥᠷᠨᠢᠭᠦᠯᠪᠡ᠃ ᠣᠳᠣ ᠵᠢᠯ ᠪᠦᠷᠢ ᠵᠢᠨ ᠵᠤᠨ ᠪᠤᠯᠬᠤ᠎ᠳᠤ ᠪᠦᠬᠦ᠌ ᠤᠯᠤᠰ᠎ᠤᠨ ᠡᠯ᠎ᠡ ᠭᠠᠵᠠᠷ᠎ᠤᠨ ᠳᠤᠷ᠎ᠠ ᠪᠠᠬᠠᠲᠠᠨ ᠬᠥᠬᠡᠬᠣᠲᠠ᠎ᠳᠤ ᠢᠷᠡᠭᠡᠳ ᠮᠣᠷᠢᠨ ᠬᠤᠭᠤᠷ᠎ᠤᠨ ᠵᠤᠰᠠᠯᠠᠩ᠎ᠳᠤ ᠣᠷᠣᠯᠴᠠᠵᠤ ᠪᠤᠢ᠂ ᠵᠠᠷᠢᠮ ᠨᠢ ᠮᠤᠷᠢᠨ ᠬᠤᠭᠤᠷ ᠬᠤᠭᠤᠷᠳᠠᠬᠤ ᠵᠢ ᠰᠤᠷᠬᠤ ᠵᠢᠨ ᠲᠦᠯᠦᠭᠡ ᠡᠨᠳᠡ ᠰᠠᠭᠤᠷᠢᠱᠢᠭ᠍ᠰᠠᠨ ᠪᠠᠢᠨ᠎ᠠ᠃


QQ截图20260701105728.png


ᠮᠣᠷᠢᠨ ᠬᠤᠭᠤᠷ ᠬᠢᠵᠦ ᠪᠠᠢ᠌ᠭ᠎ᠠ ᠨᠢ


ᠦᠢᠯᠡᠳᠪᠦᠷᠢ᠎ᠶ᠋ᠢᠨ ᠱᠠᠯᠠᠨ ᠳᠡᠭᠡᠷ᠎ᠡ ᠮᠣᠳᠣᠨ ᠦᠷᠦᠪᠳᠡᠰᠦ ᠤᠪᠤᠭᠠᠷᠠᠭᠰᠠᠭᠠᠷ ᠨᠢᠭᠡᠨ ᠭᠦᠨ ᠪᠤᠷᠤ ᠥᠩᠭᠡ᠎ᠲᠠᠢ ᠮᠣᠷᠢᠨ ᠬᠤᠭᠤᠷ᠎ᠢ ᠦᠢᠯᠡᠳᠴᠦ ᠳᠠᠭᠤᠰᠭᠠᠪᠠ᠃ ᠮᠡᠳᠡᠯᠲᠦ ᠬᠤᠭᠤᠷ᠎ᠳᠡᠭᠡᠷᠡᠬᠢ ᠲᠣᠭᠣᠰᠣ᠎ᠶ᠋ᠢ ᠦᠯᠢᠶᠡᠭᠡᠳ᠂ ᠵᠡᠭᠦᠨ ᠭᠠᠷ᠎ᠢᠶᠠᠷ᠎ᠢᠶᠠᠨ ᠡᠭᠡᠰᠢᠭ᠎ᠤᠨ ᠬᠠᠢᠷᠴᠠᠭ᠎ᠢ ᠡᠷᠭᠦᠨ᠂ ᠪᠠᠷᠠᠭᠤᠨ ᠭᠠᠷ᠎ᠢᠶᠠᠷ᠎ᠢᠶᠠᠨ ᠠᠶᠠᠷᠬᠠᠨ ᠬᠤᠭᠤᠷᠳᠠᠵᠤ ᠡᠬᠢᠯᠡᠪᠡ᠃ ᠡᠭᠡᠰᠢᠭ ᠢᠷᠠᠭᠤ ᠮᠤᠷᠢᠨ ᠬᠤᠭᠤᠷ᠎ᠤᠨ ᠠᠶᠠᠯᠭᠤ ᠰᠤᠨᠤᠷ᠎ᠢ ᠬᠦᠨᠳᠡᠨ᠂ ᠲᠠᠯ᠎ᠠ ᠨᠤᠲᠤᠭ᠎ᠤᠨ ᠦᠦᠬᠡ ᠲᠡᠦᠬᠡ ᠵᠢ ᠬᠦᠦᠷᠨᠢᠭᠦ ᠴᠤ᠌ ᠶᠤᠮᠰᠢᠭ᠂ ᠢᠷᠡᠭᠡᠳᠦᠢ᠎ᠶ᠋ᠢᠨ ᠱᠢᠨ᠎ᠡ ᠠᠶᠠᠯᠭᠤ᠎ᠶ᠋ᠢ ᠴᠢᠪᠬᠠᠳᠠᠭ᠎ᠠ ᠴᠤ᠌ ᠶᠤᠮᠰᠢᠭ ᠪᠠᠢᠯ᠎ᠠ ᠁


QQ截图20260701105711.png


ᠤᠷᠠᠯᠠᠨ ᠰᠡᠢ᠌ᠯᠦᠭᠰᠡᠨ ᠮᠣᠷᠢᠨ ᠬᠤᠭᠤᠷ


ᠪᠤᠳᠠᠰ᠎ᠤᠨ ᠪᠤᠰᠤ ᠰᠤᠶᠤᠯ᠎ᠤᠨ ᠦᠪ᠎ᠤᠨ ᠲᠦᠭᠦᠮ ᠮᠡᠳᠡᠯᠭᠡ

ᠮᠣᠩᠭᠣᠯ ᠦᠨᠳᠦᠰᠦᠲᠡᠨ᠎ᠦ ᠬᠤᠭᠤᠷᠳᠠᠬᠤ ᠬᠥᠭ᠌ᠵᠢᠮ᠎ᠦᠨ ᠵᠢᠮᠰᠡᠭ ᠲᠦ᠍ ᠴᠤᠭᠤᠷ᠂ ᠮᠣᠷᠢᠨ ᠬᠤᠭᠤᠷ᠂ ᠳᠥᠷᠪᠡᠨ ᠤᠲᠠᠰᠤᠲᠤ ᠬᠤᠭᠤᠷ᠎ᠢ ᠪᠠᠭᠲᠠᠭᠠᠵᠤ ᠪᠤᠢ᠃ ᠴᠤᠭᠤᠷ᠎ᠤᠨ ᠬᠡᠯᠪᠡᠷᠢ ᠬᠢᠴᠡ ᠨᠢ ᠮᠣᠷᠢᠨ ᠬᠤᠭᠤᠷ ᠲᠠᠢ ᠲᠦᠰᠦᠭᠡᠲᠡᠢ᠃ ᠮᠤᠷᠢᠨ ᠬᠤᠭᠤᠷ᠎ᠢ ᠤᠯᠠᠩᠬᠢ᠎ᠳᠠᠭᠠᠨ ᠭᠤᠴᠤᠯᠠᠯ (ᠳᠠᠭᠠᠭᠤᠯᠬᠤ) ᠬᠦᠭ᠌ᠵᠢᠮ᠂ ᠬᠤᠤᠰᠯᠠᠯ ᠬᠦᠭ᠌ᠵᠢᠮ᠂ ᠬᠠᠮᠲᠤ ᠵᠢᠨ ᠬᠦᠭ᠌ᠵᠢᠮ᠎ᠢ ᠬᠦᠭᠵᠢᠮᠳᠡᠬᠦ ᠵᠢᠴᠢ ᠨᠠᠢᠷᠠᠯ ᠬᠦᠭ᠌ᠵᠢᠮ᠎ᠤᠨ ᠠᠩᠬᠢ᠂᠎ᠦᠯᠢᠶᠡᠬᠦ ᠴᠢᠪᠬᠠᠳᠠᠬᠤ ᠬᠦᠭᠵᠢᠮ᠎ᠤᠨ ᠠᠩᠬᠢ ᠲᠠᠢ ᠬᠠᠮᠵᠢᠨ ᠬᠦᠭᠵᠢᠮᠳᠡᠬᠦ᠎ᠳᠤ ᠬᠡᠷᠡᠭᠯᠡᠳᠡᠭ᠃ ᠲᠤᠤᠯᠢ ᠬᠠᠢᠯᠠᠬᠤ᠎ᠳᠤ ᠮᠣᠷᠢᠨ ᠬᠤᠭᠤᠷ ᠦᠷᠭᠦᠯᠵᠢ ᠲᠣᠭ᠍ᠯᠠᠭ᠍ᠴᠢᠳ᠎ᠤᠨ ᠪᠠᠭᠠᠵᠢ ᠪᠣᠯᠳᠠᠭ᠃ ᠮᠣᠩᠭᠤᠯ ᠦᠨᠳᠦᠰᠦᠲᠡᠨ᠎ᠤ ᠬᠤᠭᠤᠷᠳᠠᠬᠤ ᠬᠥᠭ᠌ᠵᠢᠮ᠎ᠤᠨ ᠵᠢᠮᠰᠡᠭ ᠦᠢᠯᠡᠳᠬᠦ ᠤᠷ᠎ᠠ ᠮᠡᠷᠭᠡᠵᠢᠯ ᠬᠥᠳᠡᠯᠮᠦᠷᠢᠴᠢᠨ ᠠᠷᠠᠳ ᠲᠦᠮᠡᠨ᠎ᠦ᠌ ᠣᠶᠤᠨ ᠤᠬᠠᠭᠠᠨ᠂ ᠪᠦᠲᠦᠭᠡᠯᠴᠢ ᠴᠢᠳᠠᠪᠤᠷᠢ ᠪᠣᠯᠤᠨ ᠦᠢᠯᠡᠰ ᠵᠢᠡᠨ ᠳᠡᠭᠡᠳᠦᠯᠡᠬᠦ᠌ ᠵᠣᠷᠢᠭ ᠰᠠᠨᠠᠭ᠎ᠠ ᠵᠢ ᠨᠢᠭᠲᠠᠷᠠᠭᠤᠯᠵᠤ᠂ ᠲᠡᠦᠬᠡ᠎ᠶᠢᠨ ᠦᠨ᠎ᠡ ᠦᠷᠲᠡᠭ᠎ᠪᠤᠯᠤᠨ ᠡᠷᠳᠡᠮ ᠱᠢᠨᠵᠢᠯᠡᠭᠡᠨ᠎ᠦ᠌ ᠦᠨ᠎ᠡ ᠴᠠᠨ᠎ᠠ᠎ᠲᠠᠢ ᠲᠡᠳᠦᠢ ᠦᠭᠡᠢ ᠪᠠᠰᠠ ᠪᠣᠳᠠᠲᠤ ᠠᠬᠤᠢ ᠵᠢᠨ ᠡᠳᠦᠷ ᠳᠣᠳᠣᠮ᠎ᠤ᠋ᠨ ᠬᠡᠷᠡᠭ᠌ᠯᠡᠭᠡᠨ᠎ᠦ᠌ ᠦᠨ᠎ᠡ ᠦᠷᠲᠡᠭ᠂ ᠤᠷᠠᠯᠢᠬ᠎ᠤᠨ ᠦᠨ᠎ᠡ ᠦᠷᠲᠡᠭ᠂ ᠬᠦᠮᠦᠨ ᠰᠤᠶᠤᠯ᠎ᠤᠨ ᠦᠨ᠎ᠡ ᠦᠷᠲᠡᠭ ᠪᠤᠯᠤᠨ ᠠᠵᠤ ᠠᠬᠤᠢ ᠵᠢᠨ ᠦᠨ᠎ᠡ ᠦᠷᠲᠡᠭ᠎ᠲᠠᠢ ᠪᠠᠢᠳᠠᠭ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号