ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ᠎ᠡᠴᠡ ᠨᠠᠭᠠᠰᠢ᠂ ᠮᠠᠨ᠎ᠤ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠦᠨ ᠬᠢᠨ 《ᠨᠡᠶ᠋ᠢᠲᠡ᠎ᠶᠢᠨ ᠲᠥᠯᠥᠭᠡ ᠨᠠᠮ ᠪᠠᠶ᠋ᠢᠭᠤᠯᠬᠤ᠂ ᠠᠷᠠᠳ ᠲᠦᠮᠡᠨ ᠳᠦ ᠪᠤᠶᠠᠨ ᠦᠢᠯᠡᠳᠬᠦ᠂ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠦᠨᠡᠨ ᠬᠦ᠌ ᠠᠳᠬᠤᠨ ᠪᠣᠳᠠᠲᠠᠢ ᠠᠵᠢᠯᠯᠠᠬᠤ》 ᠶᠡᠷᠦᠩᠬᠡᠢ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠪᠣᠳᠠᠲᠦ ᠠᠵᠢᠯ᠎ᠲᠠᠢ᠎ᠪᠠᠨ ᠤᠶᠠᠯᠳᠤᠭᠤᠯᠤᠨ᠂ ᠭᠦᠨᠵᠡᠭᠡᠢ ᠪᠠᠢᠴᠠᠭᠠᠨ ᠪᠣᠳᠠᠲᠠᠢ ᠰᠠᠢᠵᠢᠷᠠᠭᠤᠯᠵᠤ᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠰᠤᠷᠤᠯᠴᠠᠯᠭ᠎ᠠ ᠵᠢᠨ ᠦᠷ᠎ᠡ ᠪᠦᠲᠦᠭᠡᠯ ᠢ ᠦᠢᠯᠡᠳᠦᠯᠭᠡ᠎ᠪᠡᠨ ᠵᠢᠯᠣᠭᠣᠳᠤᠭᠤᠯᠬᠤ᠂ ᠠᠵᠢᠯ᠎ᠢᠶᠠᠨ ᠠᠬᠢᠭᠤᠯᠬᠤ ᠪᠣᠳᠠᠲᠤ ᠠᠵᠢᠯᠯᠠᠭ᠎ᠠ ᠪᠠ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠵᠠᠰᠠᠭ ᠤ᠋ᠨ ᠠᠵᠢᠯ ᠤᠨ ᠪᠦᠳᠦᠮᠵᠢ᠎ᠶᠢᠨ ᠲᠤᠬᠠᠢ ᠵᠦᠪ ᠦᠵᠡᠯᠲᠡ᠎ᠪᠡᠷ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠡᠬᠢᠯᠡᠯᠲᠡ᠎ᠶᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠬᠠᠮᠠᠳ ᠺᠠᠳ᠋ᠷ᠎ᠤᠨ ᠲᠣᠪᠴᠢᠶ᠎ᠠ ᠠᠷᠠᠳ ᠲᠦᠮᠡᠨ᠎ᠳᠦ ᠪᠤᠶᠠᠨ ᠦᠢᠯᠡᠳᠬᠦ ᠵᠠᠰᠠᠭ ᠤ᠋ᠨ ᠠᠵᠢᠯ᠎ᠤᠨ ᠪᠦᠳᠦᠮᠵᠢ᠎ᠶᠢᠨ ᠦᠵᠡᠯᠲᠡ᠎ᠶᠢ ᠪᠤᠢ ᠪᠣᠯᠭᠠᠬᠤ᠎ᠶᠢ ᠪᠠᠷᠢᠮᠲᠠᠯᠠᠵᠤ᠂ 《ᠪᠢ ᠠᠬᠠᠮᠠᠳ ᠨᠥᠬᠥᠳ᠎ᠲᠦ ᠪᠣᠳᠠᠲᠤ ᠶᠠᠪᠤᠳᠠᠯ ᠬᠢᠵᠦ ᠥᠭᠬᠦ》 ᠦᠢᠯᠡᠳᠦᠯᠭᠡ᠎ᠶᠢᠨ ᠠᠵᠢᠯᠯᠠᠭ᠎ᠠ᠎ᠶᠢ ᠰᠤᠷᠤᠯᠴᠠᠯᠭ᠎ᠠ ᠬᠥᠮᠦᠵᠢᠯ᠎ᠦᠨ ᠴᠢᠬᠤᠯᠠ ᠠᠭᠤᠯᠭ᠎ᠠ ᠪᠣᠯᠭᠠᠵᠤ᠂ ᠠᠬᠠᠮᠠᠳ ᠨᠥᠬᠥᠳ᠎ᠲᠦ ᠰᠤᠷᠤᠯᠴᠠᠯᠭ᠎ᠠ ᠬᠥᠮᠦᠵᠢᠯ᠎ᠦᠨ ᠠᠪᠴᠢᠷᠠᠭᠰᠠᠨ ᠰᠢᠨ᠎ᠡ ᠬᠤᠪᠢᠷᠠᠯᠲᠠ᠂ ᠰᠢᠨ᠎ᠡ ᠳᠦᠷᠰᠦ ᠪᠠᠢᠳᠠᠯ᠎ᠢ ᠦᠨᠡᠨ ᠬᠦ᠌ ᠮᠡᠳᠡᠷᠡᠭᠦᠯᠪᠡ᠃ ᠡᠭᠦᠳᠡ᠎ᠪᠡᠨ ᠨᠡᠭᠡᠭᠡᠵᠦ ᠬᠥᠮᠦᠵᠢᠯ ᠬᠢᠬᠦ᠎ᠶᠢ ᠪᠠᠷᠢᠮᠲᠠᠯᠠᠵᠤ᠂ ᠲᠣᠪᠴᠢᠶᠠᠨ᠎ᠤ ᠤᠳᠤᠷᠢᠳᠬᠤ ᠪᠠᠭ᠎ᠤᠨ ᠪᠦᠷᠢᠯᠳᠦᠭᠦᠨ ᠳᠠᠭᠠᠭᠤᠯᠤᠨ ᠠᠵᠢᠯ᠎ᠠᠴᠠ᠎ᠪᠠᠨ ᠳᠠᠷᠬᠠᠯᠠᠭᠳᠠᠬᠰᠠᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠢ ᠡᠷᠬᠢᠨ ᠦᠵᠡᠵᠤ᠂ ᠰᠠᠨᠠᠯ ᠰᠠᠨᠠᠭᠤᠯᠭ᠎ᠠ᠎ᠶᠢ ᠨᠢ ᠰᠣᠨᠣᠰᠴᠤ᠂ ᠦᠢᠯᠡᠴᠢᠯᠡᠭᠡᠨ᠎ᠦ ᠪᠠᠲᠤᠯᠠᠭ᠎ᠠ᠎ᠶᠢ ᠰᠠᠢᠲᠤᠷ ᠬᠢᠪᠡ᠃ ᠠᠬᠠᠮᠠᠳ ᠨᠥᠬᠥᠳ᠎ᠦᠨ ᠪᠠᠴᠢᠮᠳᠠᠵᠤ ᠲᠦᠪᠡᠭᠳᠡᠵᠦ ᠵᠤᠪᠠᠨᠢᠵᠥ ᠬᠦᠰᠡᠵᠦ ᠪᠠᠢᠭ᠎ᠠ ᠠᠰᠠᠭᠤᠳᠠᠯ᠎ᠢ ᠰᠠᠢᠲᠤᠷ ᠰᠢᠢᠳᠪᠦᠷᠢᠯᠡᠬᠦ᠎ᠶᠢᠨ ᠲᠣᠭᠣᠷᠢᠨ᠎ᠳᠤ᠂《ᠪᠤᠭᠤᠷᠤᠯᠴᠤᠳ ᠢ ᠬᠠᠯᠠᠮᠵᠢᠯᠠᠬᠤ ᠠᠵᠢᠯᠯᠠᠭ᠎ᠠ》 ᠵᠢ ᠭᠦᠨᠵᠡᠭᠡᠢ ᠬᠡᠷᠡᠭᠵᠢᠭᠦᠯᠵᠦ᠂ ᠠᠵᠢᠯ᠎ᠠᠴᠠ᠎ᠪᠠᠨ ᠳᠠᠷᠬᠠᠯᠠᠭᠳᠠᠭᠰᠠᠨ ᠺᠠᠳ᠋ᠷᠴᠤᠳ᠎ᠤᠨ 《ᠨᠢᠭᠡ ᠬᠥᠮᠥᠨ᠎ᠳᠦ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ》 ᠦᠢᠯᠡᠴᠢᠯᠡᠭᠡ ᠵᠢ ᠡᠷᠦᠬᠡ᠎ᠳᠦ ᠬᠦᠷᠬᠡᠬᠦ ᠲᠤᠬᠳᠠᠴᠠ ᠵᠢ ᠨᠠᠢᠳᠠᠪᠤᠷᠢᠵᠢᠭᠤᠯᠵᠦ᠂ ᠠᠵᠢᠯ᠎ᠠᠴᠠ᠎ᠪᠠᠨ ᠳᠠᠷᠬᠠᠯᠠᠭᠳᠠᠬᠰᠠᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ ᠤᠨ ᠬᠦᠴᠢᠷᠳᠡᠯ ᠢ ᠬᠠᠪᠰᠤᠷᠤᠨ ᠲᠡᠳᠬᠦᠬᠦ ᠲᠣᠭᠲᠠᠴᠠ᠎ᠶᠢ ᠲᠡᠭᠦᠯᠳᠡᠷᠵᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠰᠠᠯᠠᠭ᠎ᠠ ᠮᠥᠴᠢᠷ᠎ᠲᠠᠢ ᠬᠠᠮᠲᠤᠷᠠᠨ ᠠᠵᠢᠯ᠎ᠠᠴᠠ᠎ᠪᠠᠨ ᠳᠠᠷᠬᠠᠯᠠᠭᠳᠠᠬᠰᠠᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠰᠡᠳᠬᠢᠴᠡ᠎ᠶᠢᠨ ᠡᠷᠡᠭᠦᠯ ᠮᠡᠨᠳᠦ᠎ᠶᠢ ᠬᠠᠯᠠᠮᠵᠢᠯᠠᠨ ᠬᠠᠢᠷᠠᠯᠠᠬᠤ 10 ᠵᠦᠢᠯ᠎ᠦᠨ ᠪᠣᠳᠠᠲᠠᠢ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠬᠤ᠎ᠶᠢ ᠠᠬᠢᠭᠤᠯᠵᠤ᠂ ᠠᠬᠠᠮᠠᠳ ᠨᠥᠬᠥᠳ᠎ᠦᠨ ᠡᠮᠴᠢᠯᠡᠭᠡᠨ᠎ᠦ ᠰᠤᠪᠢᠯᠠᠯᠲᠠ᠂ ᠪᠠᠴᠢᠮ ᠠᠪᠤᠷᠠᠨ ᠲᠤᠰᠠᠯᠠᠯᠲᠠ᠂ ᠣᠶᠤᠨ ᠰᠠᠨᠠᠭᠠᠨ᠎ᠤ ᠲᠠᠢᠳᠬᠤᠷᠠᠭᠤᠯᠤᠯ ᠵᠡᠷᠭᠡ ᠲᠠᠯ᠎ᠠ᠎ᠶᠢᠨ ᠪᠣᠳᠠᠲᠦ ᠬᠦᠴᠢᠷᠳᠡᠯ᠎ᠢ ᠴᠢᠷᠮᠠᠢᠨ ᠰᠢᠢᠳᠪᠦᠷᠢᠯᠡᠪᠡ᠃ ᠨᠠᠰᠤᠲᠠᠢᠴᠤᠳ᠎ᠤᠨ ᠶᠡᠬᠡ ᠰᠤᠷᠭᠠᠭᠤᠯᠢ᠎ᠶᠢᠨ 《ᠰᠠᠭᠤᠳᠠᠯ ᠡᠷᠢᠬᠦ ᠳᠦ ᠬᠦᠴᠢᠷ》 ᠵᠡᠷᠭᠡ ᠲᠣᠪᠣᠢᠮ᠎ᠠ ᠠᠰᠠᠭᠤᠳᠠᠯ᠎ᠢ ᠰᠢᠢᠳᠪᠦᠷᠢᠯᠡᠬᠦ᠎ᠶᠢᠨ ᠲᠣᠭᠣᠷᠢᠨ᠎ᠳᠤ᠂ ᠠᠵᠢᠯ ᠠᠴᠠ᠎ᠪᠠᠨ ᠳᠠᠷᠬᠠᠯᠠᠭᠳᠠᠬᠰᠠᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠰᠤᠷᠤᠯᠴᠠᠯᠭ᠎ᠠ᠎ᠶᠢᠨ ᠠᠵᠢᠯᠯᠠᠭ᠎ᠠ᠎ᠶᠢᠨ ᠵᠢᠭ᠍ᠰᠠᠭᠠᠯ᠎ᠤᠨ ᠭᠠᠵᠠᠷ᠎ᠤᠨ ᠪᠠᠢᠭᠤᠯᠤᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ》 ᠵᠢ ᠭᠦᠨᠵᠡᠭᠡᠢ ᠬᠡᠷᠡᠭᠵᠢᠭᠦᠯᠵᠦ᠂ ᠰᠤᠷᠤᠯᠴᠠᠯᠭ᠎ᠠ ᠶᠢᠨ ᠵᠢᠭ᠍ᠰᠠᠭᠠᠯ ᠤᠨ ᠭᠠᠵᠠᠷ᠎ᠤᠨ ᠪᠠᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠨᠠᠰᠤᠳᠠᠢᠴᠤᠳ ᠲᠸ᠋ ᠲᠣᠬᠢᠷᠠᠬᠤ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠠᠮᠤᠷ ᠲᠦᠪᠰᠢᠨ᠎ᠦ ᠲᠦᠭᠰᠢᠭᠦᠷᠢ᠎ᠶᠢᠨ ᠬᠡᠮ ᠰᠣᠭᠣᠭ᠎ᠢ ᠪᠥᠬᠥ ᠲᠠᠯ᠎ᠠ᠎ᠪᠠᠷ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠵᠤ᠂ ᠠᠵᠢᠯ᠎ᠠᠴᠠ᠎ᠪᠠᠨ ᠳᠠᠷᠬᠠᠯᠠᠭᠳᠠᠬᠰᠠᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠣᠶᠤᠨ ᠰᠠᠨᠠᠭ᠎ᠠ ᠰᠣᠶᠣᠯ᠎ᠤᠨ ᠭᠡᠷ ᠣᠷᠣᠨ᠎ᠢ ᠬᠦᠴᠦᠯᠡᠨ ᠪᠠᠢᠭᠤᠯᠪᠠ᠃
ᠲᠦᠩᠯᠢᠶᠣᠣ ᠬᠣᠲᠠ᠎ᠶᠢᠨ ᠵᠠᠷᠤᠳ ᠬᠣᠰᠢᠭᠤ ᠣᠯᠠᠨ ᠲᠦᠮᠡᠨ᠎ᠦ ᠰᠡᠳᠬᠢᠯ᠎ᠦᠨ ᠲᠠᠭᠤᠨ ᠢ᠋ ᠥᠷᠭᠡᠨ᠎ᠢᠶᠡᠷ ᠰᠣᠨᠣᠰᠴᠤ᠂ ᠨᠡᠶ᠋ᠢᠲᠡ 5000 ᠰᠢᠬᠠᠮ ᠵᠤᠷᠪᠤᠰ ᠰᠠᠨᠠᠯ ᠰᠠᠨᠠᠭᠤᠯᠭ᠎ᠠ᠎ᠶᠢ ᠬᠣᠷᠢᠶᠠᠨ ᠴᠤᠭᠯᠠᠭᠤᠯᠵᠤ᠂ ᠡᠯ᠎ᠡ ᠲᠥᠷᠥᠯ᠎ᠦᠨ ᠠᠰᠠᠭᠤᠳᠠᠯ᠎ᠢ 4000 ᠭᠠᠷᠤᠢ ᠰᠢᠢᠳᠪᠦᠷᠢᠯᠡᠬᠦ᠎ᠶᠢ ᠠᠬᠢᠭᠤᠯᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 86 % ᠳ᠋ᠤ ᠬᠦᠷᠴᠡᠢ᠃ 《ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ ᠢ ᠳᠡᠭᠡᠭᠰᠢᠯᠡᠭᠦᠯᠬᠦ ᠣᠨ》 ᠤ᠋ ᠠᠵᠢᠯᠯᠠᠭ᠎ᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢᠯᠠᠯ᠎ᠢ ᠲᠡᠳᠬᠦᠬᠦ 28 ᠠᠰᠠᠭᠤᠳᠠᠯ᠎ᠢ ᠰᠢᠢᠳᠪᠦᠷᠢᠯᠡᠵᠦ ᠳᠠᠭᠤᠰᠬᠠᠪᠠ᠃ 《ᠲᠦᠷᠦᠯ ᠵᠦᠢᠯ᠎ᠢᠶᠡᠷ ᠭᠣᠣᠯ ᠪᠣᠯᠭᠠᠬᠤ᠂ ᠠᠷᠠᠯᠵᠢᠶᠠᠴᠢᠨ ᠤᠷᠢᠬᠤ᠎ᠪᠠᠷ ᠵᠠᠡᠭᠭᠢᠯᠠᠭ᠎ᠠ ᠪᠣᠯᠭᠠᠬᠤ》 ᠵᠢ ᠪᠠᠷᠢᠮᠲᠠᠯᠠᠵᠤ᠂ ᠬᠤᠸᠠ ᠳ᠋ᠢᠶᠠᠨ᠎ᠤ 10 ᠲᠦᠮᠡᠨ ᠺᠢᠯᠦᠸᠠᠲ᠎ᠤᠨ ᠰᠠᠯᠬᠢᠨ ᠬᠦᠴᠦᠨ ᠦ ᠴᠠᠬᠢᠯᠭᠠᠨ ᠵᠡᠷᠭᠡ 21 ᠭᠣᠣᠯᠳᠠᠯᠭ᠎ᠠ᠎ᠲᠠᠢ ᠲᠦᠷᠦᠯ ᠵᠦᠢᠯ᠎ᠤᠨ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠦᠷᠳᠡᠭ ᠨᠢ 35 ᠳ᠋ᠦᠩᠰᠢᠭᠤᠷ ᠲᠥᠭᠥᠷᠢᠭ᠎ᠢ ᠳᠠᠪᠠᠵᠤ᠂ ᠬᠤᠤᠯᠢᠨᠭᠭᠤᠯ ᠤᠨ ᠨᠡᠬᠦᠷᠡᠰᠦ ᠵᠢᠨ ᠬᠠᠮᠢᠶ᠎ᠠ ᠪᠦᠬᠦᠢ ᠲᠠᠬᠢᠨ ᠡᠭᠦᠰᠴᠦ ᠪᠣᠯᠬᠤ ᠡᠨᠧᠷᠭᠢ ᠶᠢ ᠣᠷᠣᠯᠠᠭᠤᠯᠬᠤ ᠢᠨᠵᠧᠨᠧᠷᠢᠩ᠂ ᠡᠯᠡᠰᠦᠷᠭᠡᠭᠵᠢᠯ ᠢ᠋ ᠰᠡᠷᠭᠡᠢᠯᠡᠵᠦ ᠡᠯᠡᠰᠦ᠎ᠶᠢ ᠵᠠᠰᠠᠬᠤ ᠪᠠ ᠰᠠᠯᠬᠢ ᠭᠡᠷᠡᠯ᠎ᠢ ᠨᠢᠭᠡ ᠴᠣᠭᠴᠠᠵᠢᠭᠤᠯᠬᠤ ᠢᠨᠵᠧᠨᠧᠷᠢᠩ᠂ ᠾᠧᠩ ᠸᠸᠨ᠎ᠤ ᠲᠥᠮᠥᠰᠥ᠎ᠶᠢᠨ ᠪᠦᠷᠢᠨ ᠨᠤᠨᠳᠠᠭ ᠵᠡᠷᠭᠡ 20 ᠭᠠᠷᠤᠢ ᠲᠦᠷᠦᠯ ᠵᠦᠢᠯ᠎ᠦᠨ ᠪᠠᠷᠢᠯᠭ᠎ᠠ᠎ᠪᠠᠨ ᠡᠬᠢᠯᠡᠭᠦᠯᠵᠦ ᠪᠠᠷᠢᠯᠭ᠎ᠠ᠎ᠪᠠᠨ ᠰᠡᠷᠭᠦᠭᠡᠬᠦ᠎ᠶᠢ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠦᠨᠡᠨ ᠬᠦ᠌ ᠠᠷᠠᠳ᠎ᠤᠨ ᠰᠡᠳᠬᠢᠯ᠎ᠢ ᠳᠤᠯᠠᠭᠠᠴᠠᠭᠤᠯᠬᠤ᠂ ᠠᠵᠤ ᠠᠬᠤᠢᠯᠠᠯ᠎ᠤᠨ ᠬᠦᠴᠢᠷᠳᠡᠯ᠎ᠢ ᠰᠢᠢᠳᠪᠦᠷᠢᠯᠡᠬᠦ᠂ ᠨᠡᠮᠡᠭᠳᠡᠯ᠎ᠢ ᠲᠣᠭᠲᠠᠪᠤᠷᠢᠵᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠪᠠ᠃
ᠵᠠᠰᠠᠭ ᠤ᠋ᠨ ᠠᠵᠢᠯ᠎ᠤᠨ ᠪᠦᠳᠦᠮᠵᠢ᠎ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠡᠴᠡ ᠨᠠᠭᠠᠰᠢ᠂ ᠬᠢᠩᠭᠠᠨ ᠠᠢᠮᠠᠭ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ ᠳ᠋ᠤ ᠠᠩᠬᠠᠷᠤᠯ᠎ᠢᠶᠠᠨ ᠲᠥᠪᠯᠡᠷᠡᠭᠦᠯᠦᠨ ᠤᠨᠤᠴᠠᠳᠠᠢ ᠬᠦᠴᠦᠯᠡᠨ ᠴᠢᠷᠮᠠᠢᠪᠠ᠃ ᠲᠣᠰ ᠠᠢᠮᠠᠭ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠨᠢ 《ᠠᠷᠪᠠ ᠪᠠᠢᠬᠤ》 ᠪᠠᠷᠢᠮᠵᠢᠶ᠎ᠠ᠎ᠪᠠᠷ ᠭᠡᠷ᠎ᠦᠨ ᠡᠭᠦᠳᠡᠨ᠎ᠳᠡᠬᠢ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠥᠷᠲᠡᠭᠡ᠎ᠶᠢ 59 ᠰᠢᠯᠢᠳᠡᠭᠵᠢᠭᠦᠯᠦᠨ ᠲᠠᠰ ᠳᠡᠪᠰᠢᠭᠦᠯᠵᠦ᠂ ᠠᠩᠬᠠᠳᠤᠭᠠᠷ ᠬᠤᠭᠤᠴᠠᠭᠠᠨ᠎ᠤ ᠣᠯᠠᠨ ᠨᠡᠶ᠋ᠢᠲᠡ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠤᠰᠬᠠᠢ ᠲᠤᠬᠠᠢᠯᠠᠭᠰᠠᠨ ᠠᠵᠢᠯ᠎ᠤᠨ ᠤᠷᠤᠯᠳᠤᠭᠠᠨ᠎ᠢ ᠡᠷᠭᠢᠯᠡᠪᠡ᠃ ᠬᠥᠳᠡᠯᠮᠦᠷᠢ ᠬᠦᠴᠦᠨ᠎ᠦ ᠬᠡᠷᠡᠭᠴᠡᠭᠡ ᠱᠠᠭᠠᠷᠳᠠᠯᠭ᠎ᠠ᠎ᠶᠢᠨ ᠪᠠᠢᠴᠠᠭᠠᠯᠲᠠ᠎ᠶᠢ ᠨᠡᠶ᠋ᠢᠲᠡ 259920 ᠬᠥᠮᠥᠨ ᠪᠡᠶᠡᠯᠡᠭᠦᠯᠵᠦ᠂ ᠡᠯ᠎ᠡ ᠲᠥᠷᠥᠯ᠎ᠦᠨ ᠠᠵᠢᠯᠳᠠᠨ ᠤᠷᠢᠨ ᠡᠯᠰᠡᠬᠦ ᠠᠵᠢᠯᠯᠠᠭ᠎ᠠ᠎ᠶᠢ 481 ᠤᠳᠠᠭ᠎ᠠ ᠵᠣᠬᠢᠶᠠᠨ ᠪᠠᠢᠭᠤᠯᠵᠤ᠂ ᠨᠥᠬᠥᠪᠦᠷᠢ᠎ᠶᠢᠨ ᠴᠢᠨᠠᠷᠲᠠᠢ ᠮᠡᠷᠭᠡᠵᠢᠯᠴᠢᠳᠠᠪᠤᠷᠢᠶᠢᠨ ᠪᠣᠯᠪᠠᠰᠤᠷᠠᠯ᠎ᠢ 5599 ᠬᠥᠮᠥᠨ ᠤᠳᠠᠭ᠎ᠠ ᠥᠷᠨᠢᠭᠦᠯᠪᠡ᠃ ᠲᠣᠰ ᠠᠢᠮᠠᠭ᠎ᠤᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ《ᠳᠠᠯᠪᠢᠬᠤ ᠬᠠᠮᠢᠶᠠᠷᠬᠤ ᠦᠢᠯᠡᠴᠢᠯᠡᠬᠦ》ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠰᠢᠶᠠᠩᠭᠠᠩ ᠣᠣᠮᠧᠨ᠎ᠳᠦ ᠨᠡᠪᠲᠡᠷᠡᠬᠦ ᠦᠨᠡᠮᠯᠡᠯ᠎ᠦᠨ ᠲᠠᠡᠭᠰᠠᠯᠠᠨ ᠭᠦᠢᠴᠡᠳᠬᠡᠬᠦ ᠴᠠᠭ ᠤᠨ ᠬᠢᠵᠠᠭᠠᠷ᠎ᠢ 7 ᠠᠵᠢᠯᠯᠠᠬᠤ ᠡᠳᠦᠷ ᠪᠠᠢᠭᠰᠠᠨ᠎ᠢ 3 ᠠᠵᠢᠯᠯᠠᠬᠤ ᠡᠳᠦᠷ ᠪᠣᠯᠭᠠᠨ ᠪᠣᠭᠣᠨᠢᠰᠬᠠᠵᠤ᠂ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ᠎ᠶᠢ ᠰᠦᠯᠵᠢᠶᠡᠨ ᠳᠡᠭᠡᠷ᠎ᠡ ᠭᠦᠢᠴᠡᠳᠬᠡᠬᠦ ᠴᠠᠭ᠎ᠢ 3 ᠮᠢᠨᠦ᠋ᠲ ᠪᠣᠯᠭᠠᠨ ᠪᠣᠭᠣᠨᠢᠰᠬᠠᠵᠤ᠂ ᠮᠠᠰᠢᠨ ᠲᠡᠷᠭᠡ᠎ᠶᠢᠨ ᠬᠠᠮᠢᠶᠠᠷᠤᠯᠲᠠ᠎ᠶᠢᠨ ᠲᠤᠬᠠᠢᠯᠠᠭᠰᠠᠨ ᠠᠵᠢᠯ᠎ᠳᠤ ᠣᠷᠭᠢᠯ᠎ᠤᠨ ᠬᠤᠭᠤᠴᠠᠭ᠎ᠠ᠎ᠶᠢ ᠵᠥᠷᠢᠭᠦᠯᠬᠦ ᠦᠢᠯᠡᠴᠢᠯᠡᠭᠡ᠎ᠶᠢ ᠬᠡᠷᠡᠭᠵᠢᠭᠦᠯᠵᠦ᠂ ᠡᠷᠦᠬᠡ ᠠᠮᠠ᠎ᠶᠢᠨ ᠶᠠᠪᠤᠳᠠᠯ᠎ᠤᠨ ᠲᠤᠬᠠᠢᠯᠠᠭᠰᠠᠨ ᠠᠵᠢᠯ᠎ᠳᠤ ᠣᠷᠣᠰᠢᠨ ᠰᠠᠭᠤᠬᠤ ᠦᠨᠡᠮᠯᠡᠯ᠎ᠢ ᠲᠣᠰ ᠡᠳᠦᠷ ᠲᠦ᠍ᠨᠢ ᠭᠥᠯᠢᠶᠡᠨ ᠠᠪᠴᠤ ᠰᠢᠢᠳᠪᠦᠷᠢᠯᠡᠬᠦ᠂ ᠲᠣᠰ ᠡᠳᠦᠷ᠎ᠲᠡᠬᠡᠨ ᠦᠨᠡᠮᠯᠡᠯ ᠭᠠᠷᠭᠠᠬᠤ᠂ ᠪᠠᠶᠠᠷ ᠳᠤᠷᠠᠰᠬᠠᠯ ᠠᠮᠠᠷᠠᠯᠲᠠ᠎ᠶᠢᠨ ᠡᠳᠦᠷ ᠡᠭᠦᠳᠡ᠎ᠪᠡᠨ ᠬᠠᠭᠠᠬᠤ ᠦᠭᠡᠢ ᠵᠢ ᠪᠡᠶᠡᠯᠡᠬᠦᠯᠵᠦ᠂ ᠣᠯᠠᠨ ᠲᠦᠮᠡᠨ᠎ᠦ ᠠᠵᠢᠯ ᠶᠠᠪᠤᠳᠠᠯ ᠭᠦᠢᠴᠡᠳᠬᠡᠬᠦ ᠬᠠᠨᠤᠮᠵᠢ᠎ᠶᠢᠨ ᠬᠡᠮᠵᠢᠶ᠎ᠡ ᠪᠠ ᠵᠢᠷᠭᠠᠯᠲᠤ ᠲᠥᠷᠥᠭᠳᠡᠯ᠎ᠢ ᠪᠥᠬᠥ ᠬᠦᠴᠦᠨ᠎ᠢᠶᠡᠷ᠎ᠢᠶᠡᠨ ᠳᠡᠭᠡᠭᠰᠢᠯᠡᠭᠦᠯᠪᠡ᠃ ᠲᠦᠴᠢᠦᠸᠠᠨ ᠰᠢᠶᠠᠨ ᠰᠢᠶᠠᠩ ᠪᠠᠯᠭᠠᠰᠤᠨ᠎ᠤ ᠭᠠᠯ ᠤᠨᠲᠠᠷᠠᠭᠠᠬᠤ ᠤᠰᠤᠨ᠎ᠤ ᠡᠬᠢ᠎ᠶᠢᠨ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ 《ᠵᠢᠵᠢᠭ ᠬᠡᠷᠴᠢᠭᠡᠰᠤ》 ᠪᠡᠷ 《ᠶᠡᠬᠡ ᠠᠷᠠᠳ᠎ᠤᠨ ᠠᠮᠢᠳᠤᠷᠠᠯ》 ᠢ᠋ ᠰᠠᠢᠵᠢᠷᠠᠭᠤᠯᠬᠤ ᠵᠠᠩᠭᠢᠯᠠᠭ᠎ᠠ᠎ᠶᠢᠨ ᠠᠷᠭ᠎ᠠ ᠬᠡᠮᠵᠢᠶ᠎ᠡ ᠪᠣᠯᠭᠠᠵᠤ᠂ 9 ᠰᠢᠶᠠᠩ ᠪᠠᠯᠭᠠᠰᠤᠨ᠎ᠳᠤ ᠤᠨᠤᠴᠠᠳᠠᠢ ᠪᠠᠢᠷᠢᠰᠢᠭᠤᠯᠵᠤ᠂ ᠰᠢᠶᠠᠩ ᠪᠠᠯᠭᠠᠰᠤᠨ᠎ᠤ ᠭᠠᠯ ᠰᠡᠷᠭᠡᠢᠯᠡᠵᠦ ᠭᠠᠯ ᠤᠨᠲᠠᠷᠠᠭᠠᠬᠤ 21 ᠰᠠᠭᠤᠷᠢ ᠲᠦᠬᠦᠬᠡᠷᠦᠮᠵᠢ᠎ᠶᠢ ᠪᠠᠢᠭᠤᠯᠵᠤ᠂ ᠭᠠᠯ ᠰᠡᠷᠭᠡᠢᠯᠡᠵᠦ ᠭᠠᠯ ᠤᠨᠲᠠᠷᠠᠭᠠᠬᠤ ᠲᠥᠬᠦᠭᠡᠷᠦᠮᠵᠢ ᠪᠣᠯᠣᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ᠎ᠦᠨ ᠬᠥᠭᠵᠢᠯᠲᠡ᠎ᠶᠢ ᠵᠡᠷᠭᠡ᠎ᠪᠡᠷ ᠬᠥᠭᠵᠢᠭᠦᠯᠬᠦ᠎ᠶᠢ ᠪᠡᠶᠡᠯᠡᠭᠦᠯᠵᠦ᠂ ᠦᠨᠳᠦᠰᠦᠨ ᠱᠠᠲᠤᠨ᠎ᠤ ᠭᠠᠮᠰᠢᠭ᠋᠎ᠢ ᠰᠡᠷᠭᠡᠢᠯᠡᠵᠦ ᠭᠠᠮᠰᠢᠭ᠋᠎ᠢ ᠪᠠᠭᠠᠰᠬᠠᠬᠤ ᠴᠢᠳᠠᠪᠤᠷᠢ᠎ᠶᠢ ᠦᠨᠡᠨ ᠬᠦ᠌ ᠳᠡᠭᠡᠭᠰᠢᠯᠡᠭᠦᠯᠪᠡ᠃