(2026 ᠣᠨ᠎ᠤ 7 ᠰᠠᠷ᠎ᠠ᠎ᠶᠢᠨ 8 ᠤ᠋ ᠡᠳᠦᠷ)
ᠰᠢ ᠵᠢᠨ ᠫᠢᠩ
ᠠᠺᠠᠳᠧᠮᠢᠴᠢ ᠨᠠᠷ᠂ ᠨᠥᠬᠥᠳ ᠡ᠂ ᠨᠠᠶ᠋ᠢᠵᠠᠨᠠᠷ ᠡ᠄
ᠥᠨᠥᠳᠦᠷ᠂ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠬᠢᠭᠦᠯᠦᠨ ᠱᠠᠩᠨᠠᠬᠤ ᠶᠡᠬᠡ ᠬᠤᠷᠠᠯ᠂ ᠬᠣᠶᠠᠷ ᠬᠦᠷᠢᠶᠡᠯᠡᠩ᠎ᠦᠨ ᠠᠺᠠᠳᠧᠮᠢᠴᠢ᠎ᠶᠢᠨ ᠶᠡᠬᠡ ᠬᠤᠷᠠᠯ᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠶ᠋ᠢᠭᠡᠮᠯᠢᠭ᠎ᠦᠨ ᠠᠷᠪᠠᠨ ᠨᠢᠭᠡᠳᠦᠭᠡᠷ ᠤᠳᠠᠭᠠᠨ᠎ᠤ ᠪᠦᠬᠦ᠌ ᠤᠯᠤᠰ᠎ᠤᠨ ᠲᠥᠯᠥᠭᠡᠯᠡᠭᠴᠢᠳ᠎ᠦᠨ ᠶᠡᠬᠡ ᠬᠤᠷᠠᠯ ᠦᠪᠡᠳᠡᠭᠰᠢ ᠶᠡᠬᠡᠪᠡᠷ ᠡᠬᠢᠯᠡᠯ᠎ᠡ᠂ ᠡᠨᠡ ᠪᠣᠯ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠡᠬᠢᠯᠡᠯᠲᠡ᠎ᠶᠢᠨ ᠵᠢᠯ᠎ᠳᠦ ᠬᠤᠷᠠᠯᠳᠤᠭᠰᠠᠨ ᠨᠢᠭᠡ ᠤᠳᠠᠭᠠᠨ᠎ᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠪᠡᠳᠡᠭᠰᠢ ᠬᠤᠷᠠᠯ ᠪᠤᠯᠤᠨ᠎ᠠ᠃ ᠡᠩ ᠲᠡᠷᠢᠭᠦᠨ᠎ᠳᠦ᠂ ᠪᠢ ᠨᠠᠮ᠎ᠤᠨ ᠲᠥᠪ ᠬᠤᠷᠢᠶ᠎ᠠ ᠵᠢᠨ ᠡᠮᠦᠨ᠎ᠡ᠎ᠡᠴᠡ᠂ 2025 ᠣᠨ᠎ᠤ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠠᠩᠨᠠᠯ᠎ᠢ ᠭᠥᠷᠳᠡᠭᠰᠡᠨ ᠬᠠᠮᠲᠤ᠌ ᠪᠠ ᠬᠤᠪᠢ ᠬᠥᠮᠦᠨ᠎ᠳᠦ ᠴᠢᠩ ᠰᠡᠳᠬᠢᠯ᠎ᠦᠨ ᠪᠠᠶᠠᠷ ᠬᠦᠷᠭᠡᠵᠦ᠍ ᠪᠠᠶ᠋ᠢᠨ᠎ᠠ! ᠬᠣᠶᠠᠷ ᠬᠦᠷᠢᠶᠡᠯᠡᠩ᠎ᠦᠨ ᠠᠺᠠᠳᠧᠮᠢᠴᠢ ᠪᠣᠯᠤᠨ ᠪᠦᠬᠦ᠌ ᠤᠯᠤᠰ᠎ᠤᠨ ᠥᠷᠭᠡᠨ ᠤᠯᠠᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠳ᠎ᠲᠤ᠌ ᠴᠢᠩ ᠰᠡᠳᠬᠢᠯ᠎ᠦᠨ ᠮᠡᠨᠳᠦᠴᠢᠯᠡᠯ ᠳᠡᠪᠰᠢᠭᠦᠯᠵᠦ ᠪᠠᠢᠨ᠎ᠠ! ᠬᠤᠷᠠᠯ᠎ᠳᠤ ᠣᠷᠣᠯᠴᠠᠭᠰᠠᠨ ᠭᠠᠳᠠᠭᠠᠳᠤ᠎ᠶᠢᠨ ᠠᠺᠠᠳᠧᠮᠢᠴᠢ ᠪᠣᠯᠤᠨ ᠤᠯᠠᠨ ᠤᠯᠤᠰ᠎ᠤᠨ ᠰᠢᠨᠵᠢᠯᠡᠬᠦ᠌ ᠤᠬᠠᠭᠠᠨ᠎ᠤ ᠡᠲᠡᠭᠡᠳ᠎ᠦᠨ ᠨᠠᠶ᠋ᠢᠵᠠᠨᠠᠷᠢ ᠬᠠᠯᠠᠭᠤᠨ᠎ᠢᠶᠠᠷ ᠤᠭᠲᠤᠵᠤ ᠪᠠᠶ᠋ᠢᠬᠤ᠎ᠪᠠᠨ ᠢᠯᠡᠳᠬᠡᠶ᠎ᠡ!
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠨᠠᠮ᠎ᠤᠨ ᠲᠥᠪ ᠬᠣᠷᠢᠶ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠲᠣᠪᠣᠢᠮ᠎ᠠ ᠪᠠᠢᠷᠢᠨ᠎ᠳᠤ ᠲᠠᠯᠪᠢᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠦᠴᠦᠷᠬᠡᠭ ᠤᠯᠤᠰ᠎ᠤᠨ ᠪᠥᠳᠤᠭᠡᠨ ᠪᠠᠢᠭᠤᠯᠤᠯᠲᠠ᠎ᠶᠢᠨ ᠵᠢᠷᠤᠭ ᠲᠥᠯᠥᠪᠯᠡᠭᠡ᠎ᠶᠢ ᠰᠢᠰᠲᠧᠮ᠎ᠲᠠᠢ ᠵᠢᠷᠤᠭᠯᠠᠵᠤ᠂ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ᠎ᠶᠢ ᠭᠦᠨᠵᠡᠭᠡᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠢᠭᠤᠯᠤᠯ᠎ᠤᠨ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠢᠯᠡᠰ᠎ᠦᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ᠎ᠶᠢ ᠲᠦᠯᠬᠢᠨ ᠠᠬᠢᠭᠤᠯᠪᠠ᠃ ᠮᠠᠨ᠎ᠤ ᠤᠯᠤᠰ ᠤᠳᠤ ᠶᠠᠭ ᠪᠦᠬᠦ ᠪᠥᠮᠪᠥᠷᠴᠡᠭ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠣᠯᠴᠠᠭ᠍ᠴᠢ ᠂ ᠬᠤᠪᠢ ᠨᠡᠮᠡᠷᠢ ᠦᠵᠡᠭᠦᠯᠦᠭᠴᠢ᠎ᠡᠴᠡ ᠵᠠᠮ ᠨᠡᠭᠡᠭᠡᠭᠴᠢ᠂ ᠬᠥᠲᠥᠯᠥᠨ ᠳᠠᠭᠠᠭᠤᠯᠤᠭ᠍ᠴᠢ ᠲᠡᠢᠰᠢ ᠲᠦᠷᠭᠡᠨ ᠬᠤᠪᠢᠷᠠᠵᠤ᠂ ᠰᠢᠨ᠎ᠡ᠎ᠶᠢ ᠡᠭᠦᠳᠬᠦ ᠬᠦᠴᠦᠨ ᠬᠠᠮᠤᠭ᠎ᠤᠨ ᠲᠦᠷᠭᠡᠨ ᠳᠡᠭᠡᠭᠰᠢᠯᠡᠭᠰᠡᠨ ᠤᠯᠤᠰ᠎ᠤᠨ ᠨᠢᠭᠡ ᠪᠣᠯᠵᠤ ᠪᠠᠢᠨ᠎ᠠ᠃
2024 ᠣᠨ᠎ᠤ 6 ᠰᠠᠷ᠎ᠠ᠎ᠳᠤ ᠪᠦᠬᠦ᠌ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠶᠡᠬᠡ ᠬᠤᠷᠠᠯ᠎ᠤᠨ ᠳᠠᠷᠠᠭ᠎ᠠ᠂ ᠮᠠᠨ᠎ᠤ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠢᠯᠡᠰ ᠪᠠᠰᠠ ᠠᠯᠢ ᠤᠯᠠᠨ ᠰᠢᠨ᠎ᠡ ᠠᠮᠵᠢᠯᠲᠠ ᠣᠯᠵᠠᠢ᠃ ᠵᠢᠱ᠌ᠢᠶᠡᠯᠡᠪᠡᠯ᠂ ᠵᠣᠬᠢᠶᠠᠮᠠᠯ ᠤᠶᠤᠨ ᠴᠢᠳᠠᠪᠤᠷᠢ᠂ ᠺᠸᠨᠠᠲᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠂ ᠠᠮᠢ ᠨᠠᠰᠤᠨ᠎ᠤ ᠰᠢᠨᠵᠢᠯᠡᠬᠦ᠌ ᠤᠬᠠᠭᠠᠨ᠂ ᠪᠣᠳᠠᠰ᠎ᠤᠨ ᠰᠢᠨᠵᠢᠯᠡᠬᠦ᠌ ᠤᠬᠠᠭᠠᠨ ᠵᠡᠷᠭᠡ ᠬᠦᠷᠢᠶᠡᠨ᠎ᠳᠡᠬᠢ ᠴᠢᠬᠤᠯᠠ ᠶᠡᠬᠡ ᠤᠤᠭᠠᠯ ᠡᠭᠦᠳᠦᠯᠲᠡ᠎ᠶᠢᠨ ᠦᠷ᠎ᠡ ᠪᠦᠲᠦᠭᠡᠯ ᠲᠠᠰᠤᠷᠠᠯᠳᠠ ᠦᠭᠡᠢ ᠴᠣᠯᠭᠣᠷᠠᠨ ᠭᠠᠷᠴᠤ᠌᠂ 《ᠴᠠᠩ ᠧ ᠵᠢᠷᠭᠤᠳᠤᠭᠠᠷ》 ᠬᠥᠮᠦᠨ ᠲᠥᠷᠥᠯᠬᠢᠲᠡᠨ᠎ᠦ ᠲᠡᠤᠬᠡᠨ ᠲᠡᠭᠡᠷᠡᠬᠢ ᠠᠩᠬ᠎ᠠ ᠤᠳᠠᠭ᠎ᠠ ᠰᠠᠷᠠᠨ ᠪᠥᠮᠪᠥᠷᠴᠡᠭ᠎ᠦᠨ ᠠᠷᠤ ᠭᠠᠳᠠᠷᠭᠤ᠎ᠡᠴᠡ ᠦᠯᠢᠭᠡᠷ ᠠᠪᠴᠤ᠌ ᠪᠤᠴᠠᠵᠤ ᠢᠷᠡᠬᠦ᠎ᠶᠢ ᠪᠡᠶᠡᠯᠡᠭᠦᠯᠵᠦ᠍᠂ ᠤᠶᠤᠨᠴᠢ ᠮᠠᠰᠢᠨ ᠬᠥᠮᠦᠨ᠂ ᠵᠢᠯᠣᠭᠣᠴᠢ ᠦᠭᠡᠢ ᠨᠢᠰᠬᠡᠯ ᠵᠡᠷᠭᠡ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠣᠭᠣᠮᠲᠠ ᠰᠢᠪᠲᠤᠯᠬᠤ ᠪᠠ ᠠᠵᠤ ᠦᠢᠯᠡᠰ᠎ᠦᠨ ᠬᠥᠭᠵᠢᠯᠲᠡ᠎ᠶᠢᠨ ᠬᠢᠯᠡᠰ ᠴᠡᠭ ᠵᠠᠯᠭᠠᠭ᠎ᠠ᠎ᠪᠠᠷ ᠢᠯᠡᠷᠡᠵᠦ᠍᠂ ᠰᠢᠨ᠎ᠡ᠎ᠶᠢ ᠡᠭᠦᠳᠬᠦ᠌ ᠡᠮ ᠨᠢ ᠳᠠᠭᠤᠷᠢᠶᠠᠵᠤ᠂ ᠳᠠᠭᠠᠵᠤ ᠨᠡᠭᠡᠭᠡᠨ ᠬᠥᠭᠵᠢᠭᠦᠯᠬᠦ᠌᠎ᠡᠴᠡ ᠪᠦᠳᠦᠭᠡᠯᠴᠢ ᠪᠡᠷ ᠡᠬᠦᠳᠦᠨ ᠪᠦᠳᠦᠭᠡᠬᠦ ᠳᠠᠪᠠᠯᠲᠠ᠎ᠶᠢ ᠪᠡᠶᠡᠯᠡᠭᠦᠯᠵᠦ᠍᠂ ᠲᠠᠷᠢᠮᠠᠯ᠎ᠤᠨ ᠪᠡᠶ᠎ᠡ᠎ᠪᠡᠨ ᠳᠠᠭᠠᠭᠠᠵᠤ ᠲᠦᠷᠦᠯ ᠵᠦᠢᠯ᠎ᠢ ᠰᠣᠩᠭᠣᠨ ᠪᠣᠶ᠋ᠢᠵᠢᠭᠤᠯᠤᠭᠰᠠᠨ ᠲᠠᠯᠠᠪᠠᠢ 95% ᠵᠢ ᠳᠠᠪᠠᠭᠰᠠᠨ ᠭᠡᠬᠦ ᠮᠡᠳᠦ᠃ ᠡᠳᠡᠭᠡᠷ ᠠᠮᠵᠢᠯᠲᠠ ᠪᠦᠲᠦᠮᠵᠢ ᠨᠢ ᠮᠠᠨ᠎ᠤ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠠᠪᠰᠢᠯᠳᠠ ᠡᠳᠦᠷ ᠢᠷᠡᠬᠦᠶ᠎ᠡ ᠰᠢᠨᠡᠳᠦᠨ ᠬᠤᠪᠢᠷᠠᠵᠤ ᠪᠠᠢᠬᠤ ᠵᠢ ᠲᠤᠰᠬᠠᠵᠤ᠂ ᠬᠥᠮᠦᠰ᠎ᠢ ᠵᠣᠷᠢᠭᠵᠢᠭᠤᠯᠤᠨ ᠣᠮᠣᠭᠰᠢᠭᠤᠯᠵᠤ ᠪᠠᠶ᠋ᠢᠨ᠎ᠠ!
ᠡᠭᠦᠨ᠎ᠦ ᠬᠠᠮᠲᠤ᠌᠂ ᠮᠠᠨ᠎ᠤ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠥᠭᠵᠢᠯᠲᠡ᠎ᠳᠦ ᠪᠠᠰᠠ ᠵᠠᠷᠢᠮ ᠬᠦᠷᠢᠶᠡᠨ᠎ᠳᠡᠬᠢ ᠤᠤᠭᠠᠯ ᠡᠭᠦᠳᠦᠯᠳᠡ ᠵᠢᠨ ᠴᠢᠳᠠᠪᠤᠷᠢ ᠬᠦᠷᠦᠯᠴᠡᠬᠦ᠌ ᠦᠭᠡᠢ᠂ ᠴᠢᠳᠠᠪᠤᠷᠢᠲᠠᠨ᠎ᠤ ᠡᠩᠨᠡᠭᠡᠨ᠎ᠦ ᠪᠦᠲᠦᠴᠡ ᠵᠤᠬᠢᠰ ᠦᠭᠡᠢ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠣᠷᠣᠭᠤᠯᠤᠯᠲᠠ᠎ᠶᠢᠨ ᠦᠷ᠎ᠡ ᠪᠦᠲᠦᠮᠵᠢ ᠥᠨᠳᠥᠷ ᠪᠢᠰᠢ ᠵᠡᠷᠭᠡ ᠠᠰᠠᠭᠤᠳᠠᠯ ᠣᠷᠣᠰᠢᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯ᠎ᠳᠤ ᠦᠵᠡᠯ ᠰᠠᠨᠠᠭ᠎ᠠ ᠲᠠᠨᠢᠯᠲᠠ᠂ ᠪᠠᠶ᠋ᠢᠭᠤᠯᠤᠯ ᠲᠣᠭᠲᠡᠴᠡ ᠵᠡᠷᠭᠡ ᠲᠠᠯ᠎ᠠ᠎ᠪᠠᠷ ᠪᠠᠰᠠ ᠡᠳᠦᠢ ᠲᠡᠳᠦᠢ ᠪᠤᠭᠤᠮᠢ ᠬᠠᠷᠰᠢ ᠰᠠᠭᠠᠳ ᠣᠷᠣᠰᠢᠵᠤ ᠪᠠᠶ᠋ᠢᠬᠤ᠎ᠶᠢ ᠰᠡᠷᠭᠡᠭ᠎ᠢᠶᠡᠷ ᠣᠯᠵᠤ ᠬᠠᠷᠠᠬᠤ ᠬᠡᠷᠡᠭᠲᠡᠢ᠃ ᠪᠢᠳᠡ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ᠌ ᠪᠠᠶ᠋ᠢᠭᠠᠳ ᠰᠢ᠌ᠳᠪᠦᠷᠢᠯᠡᠬᠦ᠌ ᠬᠡᠷᠡᠭᠲᠡᠢ᠃
ᠠᠺᠠᠳᠧᠮᠢᠴᠢ ᠨᠠᠷ᠂ ᠨᠥᠬᠥᠳ ᠡ᠂ ᠨᠠᠶ᠋ᠢᠵᠠᠨᠠᠷ ᠡ!
ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠪᠣᠯ ᠬᠥᠮᠦᠨ ᠲᠥᠷᠥᠯᠬᠢᠲᠡᠨ᠎ᠦ ᠪᠣᠯᠪᠠᠰᠤᠨ᠎ᠤ ᠲᠠᠪᠰᠢᠯᠳᠠ᠎ᠶᠢᠨ ᠮᠦᠩᠬᠡ ᠵᠢᠨ ᠬᠥᠳᠡᠯᠭᠡᠭᠴᠢ ᠬᠦᠴᠦᠨ ᠮᠥᠨ᠂ ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠤᠪᠢᠰᠬᠠᠯ ᠪᠠ ᠠᠵᠤ ᠦᠢᠯᠡᠰ᠎ᠦᠨ ᠬᠤᠪᠢᠰᠤᠯᠲᠠ ᠨᠢ ᠬᠥᠮᠦᠨ ᠲᠥᠷᠥᠯᠬᠢᠲᠡᠨ᠎ᠦ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ ᠪᠠ ᠳᠡᠯᠡᠬᠡᠢ᠎ᠶᠢᠨ ᠬᠥᠭᠵᠢᠯᠲᠡ᠎ᠶᠢᠨ ᠪᠠᠶ᠋ᠢᠷᠢᠰᠢᠯ᠎ᠢ ᠭᠦᠨᠵᠡᠭᠡᠢ ᠬᠤᠪᠢᠷᠠᠭᠤᠯᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠣᠳᠠᠲᠤ᠌ ᠬᠦᠴᠦᠨ ᠪᠠ ᠰᠢᠨ᠎ᠡ᠎ᠶᠢ ᠡᠭᠦᠳᠬᠦ᠌ ᠴᠢᠳᠠᠪᠤᠷᠢ ᠨᠢ ᠤᠯᠠᠮ᠎ᠡᠴᠡ ᠤᠯᠠᠮ ᠤᠯᠤᠰ᠎ᠤᠨ ᠭᠣᠣᠯᠯᠠᠬᠤ ᠦᠷᠢᠰᠦᠯᠳᠦᠬᠦ᠌ ᠬᠦᠴᠦᠨ ᠪᠤᠯᠵᠤ ᠪᠠᠶ᠋ᠢᠨ᠎ᠠ᠃ ᠣᠳᠣᠬᠠᠨ᠎ᠳᠤ᠂ ᠵᠣᠬᠢᠶᠠᠮᠠᠯ ᠣᠶᠤᠨ ᠴᠢᠳᠠᠪᠤᠷᠢ ᠥᠷᠨᠢᠨ ᠬᠥᠭᠵᠢᠵᠦ᠍᠂ ᠲᠣᠭ᠎ᠠ ᠪᠠᠷᠢᠮᠲᠠ᠂ ᠪᠤᠳᠤᠯᠲᠠ ᠵᠢᠨ ᠬᠦᠴᠦᠨ᠂ ᠪᠤᠳᠤᠯᠲᠠ ᠵᠢᠨ ᠠᠷᠭ᠎ᠠ ᠵᠡᠷᠭᠡ᠎ᠪᠡᠷ ᠵᠠᠩᠭᠢᠯᠠᠭ᠎ᠠ᠎ᠶᠢᠨ ᠡᠯᠧᠮᠧᠨ᠋ᠲ ᠪᠣᠯᠭᠠᠵᠤ᠂ ᠮᠡᠳᠡᠷᠡᠯ᠎ᠦᠨ ᠰᠢᠨᠵᠢᠯᠡᠬᠦ᠌ ᠤᠬᠠᠭᠠᠨ᠂ ᠲᠠᠨᠢᠨ ᠮᠡᠳᠡᠬᠦᠶ᠎ᠶᠢᠨ ᠰᠢᠨᠵᠢᠯᠡᠬᠦ᠌ ᠤᠬᠠᠭᠠᠨ᠂ ᠪᠣᠳᠣᠯᠭ᠎ᠠ᠎ᠶᠢᠨ ᠰᠢᠨᠵᠢᠯᠡᠬᠦ᠌ ᠤᠬᠠᠭᠠᠨ᠂ ᠲᠣᠭᠠᠨ᠎ᠤ ᠤᠬᠠᠭᠠᠨ ᠵᠡᠷᠭᠡ ᠣᠨᠣᠯ᠎ᠤᠨ ᠰᠢᠪᠲᠤᠯᠤᠯᠲᠠ ᠪᠠ ᠰᠢᠨᠵᠢᠯᠡᠭᠡᠨ᠎ᠦ ᠰᠠᠯᠠᠭ᠎ᠠ᠎ᠶᠢᠨ ᠰᠣᠯᠪᠢᠴᠠᠯ᠎ᠢᠶᠠᠷ ᠰᠠᠭᠤᠷᠢ ᠪᠣᠯᠭᠠᠵᠤ᠂ ᠤᠶᠤᠨᠴᠢ ᠬᠣᠰᠢᠭᠤᠷᠠᠯ ᠮᠡᠷᠭᠡᠵᠢᠯ᠎ᠦᠨ ᠬᠠᠮᠲᠤᠯᠢᠭ᠎ᠤᠨ ᠴᠢᠨᠠᠷᠲᠠᠶ ᠰᠢᠪᠲᠤᠯᠤᠯᠲᠠ ᠪᠠ ᠥᠷᠭᠡᠨ ᠳᠡᠯᠭᠡᠷ ᠨᠡᠪᠴᠢᠯᠲᠡ ᠪᠡᠷ ᠡᠨᠧᠷᠭᠢ ᠣᠯᠭᠣᠬᠤ᠎ᠪᠠᠷ ᠪᠡᠯᠭᠡ ᠲᠡᠮᠳᠡᠭ ᠪᠤᠯᠭᠠᠨ᠂ ᠲᠣᠭ᠎ᠠ ᠪᠠᠷᠢᠮᠲᠠ᠎ᠪᠠᠷ ᠬᠥᠳᠡᠯᠭᠡᠭᠦᠷ ᠪᠣᠯᠭᠠᠬᠤ᠂ ᠲᠦᠮᠡᠨ ᠪᠣᠳᠠᠰ ᠬᠤᠯᠪᠤᠯᠳᠤᠨ ᠨᠡᠪᠲᠡᠷᠡᠯᠴᠡᠬᠦ᠂ ᠬᠥᠮᠦᠨ ᠮᠠᠰᠢᠨ ᠬᠠᠮᠵᠢᠯᠴᠠᠬᠤ᠂ ᠬᠢᠯᠢ ᠲᠠᠮᠵᠢᠨ ᠠᠭᠤᠰᠤᠯᠴᠠᠬᠤ ᠵᠡᠷᠭᠡ ᠢᠯᠡᠳᠲᠡ ᠣᠨᠴᠠᠯᠢᠭ᠎ᠢ ᠢᠯᠡᠷᠡᠭᠦᠯᠪᠡ᠃ ᠠᠬᠤᠢ ᠪᠠᠶ᠋ᠢᠳᠠᠯ ᠬᠥᠮᠦᠰ᠎ᠤᠨ ᠵᠤᠷᠢᠭ᠎ᠢ ᠬᠦᠪᠴᠢᠯᠡᠨ ᠡᠷᠡᠮᠡᠭᠡᠢᠯᠡᠨ ᠤᠷᠤᠭᠰᠢᠯᠠᠭᠤᠯᠤᠨ᠎ᠠ᠃ ᠪᠢᠳᠡ ᠡᠷᠬᠡᠪᠰᠢ ᠲᠡᠦᠬᠡ᠎ᠶᠢᠨ ᠠᠵᠠ ᠲᠣᠬᠢᠶᠠᠯ᠎ᠢ ᠠᠮᠵᠢᠨ᠂ ᠴᠠᠭ ᠦᠶ᠎ᠡ᠎ᠶᠢᠨ ᠥᠷᠢᠰᠥᠯᠳᠦᠭᠡᠨ᠎ᠢ ᠤᠭᠲᠤᠵᠤ᠂ ᠥᠨᠳᠥᠷ ᠲᠦᠪᠰᠢᠨ ᠪᠥᠬᠥᠶ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠠᠯ᠎ᠠ ᠪᠡᠷ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠌᠎ᠶᠢ ᠲᠦᠷᠭᠡᠳᠬᠡᠨ ᠠᠬᠢᠭᠤᠯᠵᠤ᠂ 2035 ᠣᠨ ᠪᠣᠯᠬᠤ᠎ᠳᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠴᠦᠷᠬᠡᠭ ᠤᠯᠤᠰ᠎ᠢ ᠪᠠᠢᠭᠤᠯᠤᠨ ᠪᠦᠳᠦᠭᠡᠬᠦ ᠬᠠᠷᠠᠯᠲᠠ ᠲᠡᠶ᠋ᠢᠰᠢ ᠡᠷᠡᠰ ᠪᠠᠲᠤ᠌ ᠤᠷᠤᠭᠰᠢᠯᠠᠵᠤ᠂ ᠯᠠᠪᠳᠠᠭᠤᠨ ᠪᠠᠲᠤᠲᠠᠶ᠎ᠪᠠᠷ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠵᠢ ᠡᠭᠦᠳᠬᠦ ᠪᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢ ᠲᠤᠯᠭᠠᠭᠤᠷᠢᠯᠠᠬᠤ ᠪᠠ ᠬᠥᠲᠥᠯᠥᠨ ᠳᠠᠭᠠᠭᠤᠯᠬᠤ ᠬᠡᠷᠡᠭᠲᠡᠶ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠴᠣᠷᠭᠡᠭ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠵᠠᠩᠭᠢᠯᠠᠭ᠎ᠠ᠎ᠶᠢᠨ ᠪᠣᠭᠣᠮᠲᠠ ᠰᠢᠪᠲᠤᠯᠬᠤ ᠬᠤᠭᠤᠴᠠᠭ᠎ᠠ ᠮᠥᠨ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠢᠯᠡᠰ᠎ᠦᠨ ᠲᠤᠬᠠᠢ ᠨᠠᠮ᠎ᠤᠨ ᠲᠥᠪ ᠬᠤᠷᠢᠶ᠎ᠠ ᠵᠢᠨ ᠡᠯ᠎ᠡ ᠵᠦᠢᠯ᠎ᠦᠨ ᠪᠠᠶ᠋ᠢᠷᠢᠯᠠᠭᠤᠯᠤᠯᠲᠠ᠎ᠶᠢᠨ ᠨᠠᠶ᠋ᠢᠳᠠᠪᠤᠷᠢᠵᠢᠭᠤᠯᠤᠯᠲᠠ᠎ᠶᠢ ᠪᠦᠬᠦ᠌ ᠬᠦᠴᠦᠨ᠎ᠢᠶᠡᠷ᠎ᠢᠶᠡᠨ ᠰᠠᠶ᠋ᠢᠲᠤᠷ ᠠᠳᠬᠤᠬᠤ ᠬᠡᠷᠡᠭᠲᠡᠢ᠃ ᠡᠨᠳᠡ ᠪᠢ 6 ᠲᠠᠯ᠎ᠠ᠎ᠶᠢ ᠴᠢᠬᠤᠯᠠᠴᠢᠯᠠᠶ᠎ᠠ᠃
ᠨᠢᠭᠡᠳᠦᠭᠡᠷᠲᠦ᠍᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠰᠢᠰᠲ᠋ᠧᠮᠴᠢᠯᠡᠭᠰᠡᠨ ᠪᠤᠭᠤᠮᠳᠠ ᠰᠢᠪᠳᠤᠯᠬᠤ ᠴᠢᠳᠠᠪᠤᠷᠢ᠎ᠶᠢ ᠴᠢᠩᠭᠠᠳᠬᠠᠨ᠎ᠠ᠃ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠨᠢ ᠬᠤᠯᠪᠤᠭᠳᠠᠬᠤ ᠬᠦᠷᠢᠶ᠎ᠡ ᠴᠠᠷᠠᠭ᠎ᠠ᠂ ᠪᠡᠶᠡᠴᠢ ᠴᠣᠭᠴᠠ᠂ ᠡᠯᠧᠮᠧᠨ᠋ᠲ ᠤᠯᠠᠨ ᠪᠠᠶ᠋ᠢᠳᠠᠭ ᠪᠣᠯᠬᠣᠷ ᠨᠢᠭᠡᠨ ᠮᠤᠨᠳᠠᠭ ᠶᠡᠬᠡ ᠰᠢᠰᠲ᠋ᠧᠮ ᠪᠣᠯᠬᠤ ᠶᠤᠮ᠃ ᠡᠳᠡᠭᠡᠷ ᠵᠢᠯᠦᠳᠲᠦ᠍᠂ ᠪᠢᠳᠡ ᠰᠢᠨ᠎ᠡ ᠬᠡᠯᠪᠡᠷᠢ᠎ᠶᠢᠨ ᠤᠯᠤᠰ ᠳᠠᠶᠠᠭᠠᠷ᠎ᠤᠨ ᠪᠠᠶ᠋ᠢᠭᠤᠯᠤᠯ᠎ᠤᠨ ᠳᠠᠪᠠᠭᠤᠯᠢᠭ᠎ᠢ ᠪᠠᠳᠠᠷᠠᠭᠤᠯᠵᠤ᠂ ᠡᠬᠢ ᠪᠠᠶᠠᠯᠢᠭ᠎ᠤᠨ ᠬᠦᠴᠦᠨ᠎ᠢ ᠨᠡᠢᠳᠭᠡᠵᠦ᠂ ᠰᠢᠰᠲ᠋ᠧᠮᠵᠢᠭᠦᠯᠦᠨ ᠪᠤᠭᠤᠮᠳᠠ ᠰᠢᠪᠳᠤᠯᠬᠤ ᠲᠠᠯ᠎ᠠ᠎ᠪᠠᠷ ᠴᠥᠭᠡᠨ ᠪᠤᠰᠤ ᠲᠤᠷᠰᠢᠯᠭ᠎ᠠ ᠬᠤᠷᠠᠮᠳᠤᠭᠤᠯᠪᠠ᠃ 《ᠳᠥᠷᠪᠡ᠎ᠳᠦ ᠬᠠᠨᠳᠤᠭᠤᠯᠬᠤ》 ᠪᠠᠶ᠋ᠢᠯᠳᠤᠬᠤ ᠪᠣᠳᠣᠯᠭ᠎ᠠ᠎ᠶᠢᠨ ᠤᠳᠤᠷᠢᠳᠤᠮᠵᠢ᠎ᠶᠢ ᠪᠠᠷᠢᠮᠲᠠᠯᠠᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠠᠶ᠋ᠢᠯᠳᠤᠬᠤ ᠪᠣᠳᠣᠯᠭ᠎ᠠ᠎ᠶᠢᠨ ᠲᠥᠯᠥᠪᠵᠢᠭᠦᠯᠭᠡ᠂ ᠲᠥᠷᠥ᠎ᠶᠢᠨ ᠪᠣᠳᠣᠯᠭ᠎ᠠ᠎ᠶᠢᠨ ᠠᠷᠭ᠎ᠠ ᠬᠡᠮᠵᠢᠶ᠎ᠡ᠂ ᠴᠢᠬᠤᠯᠠ ᠶᠡᠬᠡ ᠡᠭᠦᠷᠭᠡ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠴᠦᠨ᠂ ᠡᠬᠢ ᠪᠠᠶᠠᠯᠢᠭ᠎ᠤᠨ ᠲᠠᠪᠴᠠᠩ᠂ ᠣᠷᠣᠨ ᠪᠦᠰᠡ᠎ᠶᠢᠨ ᠰᠢᠨ᠎ᠡ᠎ᠶᠢ ᠡᠭᠦᠳᠬᠦ᠌ ᠵᠡᠷᠭᠡ ᠲᠠᠯ᠎ᠠ᠎ᠪᠠᠷ ᠨᠢᠭᠡᠳᠦᠯᠲᠡᠶ ᠲᠥᠯᠥᠪᠵᠢᠭᠦᠯᠬᠦ᠎ᠶᠢ ᠴᠢᠨᠠᠭᠰᠢᠲᠠ ᠴᠢᠩᠭᠠᠳᠬᠠᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠣᠭᠣᠮᠲᠠ ᠰᠢᠪᠲᠤᠯᠤᠯᠳᠠ᠎ᠶᠢᠨ ᠵᠣᠬᠢᠶᠠᠨ ᠪᠠᠶ᠋ᠢᠭᠤᠯᠤᠯᠴᠠᠬᠤ ᠬᠡᠮᠵᠢᠶ᠎ᠡ᠎ᠶᠢ ᠳᠡᠭᠡᠭᠰᠢᠯᠡᠭᠦᠯᠦᠨ᠂ ᠤᠯᠤᠰ᠎ᠤᠨ ᠰᠢᠨ᠎ᠡ᠎ᠶᠢ ᠡᠭᠦᠳᠬᠦ᠌ ᠰᠢᠰᠲ᠋ᠧᠮᠤᠨᠪᠦᠬᠦᠯᠢ ᠴᠣᠭᠴᠠ᠎ᠶᠢᠨ ᠬᠦᠴᠦᠨ ᠴᠢᠳᠠᠪᠤᠷᠢ᠎ᠶᠢ ᠳᠡᠭᠡᠭᠰᠢᠯᠡᠭᠦᠯᠬᠦ᠌ ᠬᠡᠷᠡᠭᠲᠡᠶ᠃
ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠡᠭᠦᠷᠭᠡ᠎ᠶᠢ ᠲᠦᠯᠬᠢᠨ ᠠᠬᠢᠭᠤᠯᠬᠤ ᠲᠠᠯ᠎ᠠ᠎ᠪᠠᠷ᠂ ᠤᠯᠤᠰ᠎ᠤᠨ ᠴᠢᠬᠤᠯᠠ ᠶᠡᠬᠡ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠡᠭᠦᠷᠭᠡ᠎ᠶᠢ ᠪᠠᠶ᠋ᠢᠷᠢᠯᠠᠭᠤᠯᠬᠤ ᠪᠠ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ᠌ ᠲᠣᠭᠲᠠᠴᠠ᠎ᠶᠢ ᠭᠣᠣᠯᠳᠠᠯᠭ᠎ᠠ᠎ᠲᠠᠶ ᠲᠡᠭᠦᠯᠳᠡᠷᠵᠢᠭᠦᠯᠵᠦ᠍᠂ ᠵᠣᠬᠢᠶᠠᠮᠠᠯ ᠤᠶᠤᠨ ᠴᠢᠳᠠᠪᠤᠷᠢ᠂ ᠺᠸᠨᠠᠲᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠂ ᠠᠮᠢ ᠨᠠᠰᠤᠨ᠎ᠤ ᠰᠢᠨᠵᠢᠯᠡᠬᠦ᠌ ᠤᠬᠠᠭᠠᠨ ᠵᠡᠷᠭᠡ ᠬᠣᠰᠢᠭᠤᠷᠠᠯ ᠬᠦᠷᠢᠢ᠎ᠡ᠎ᠳᠦ ᠠᠨᠭᠬᠠᠷᠤᠯ ᠵᠢᠡᠨ ᠲᠦᠪᠯᠡᠷᠡᠭᠦᠯᠵᠦ᠂ ᠬᠤᠷᠠᠮᠠᠯ ᠴᠠᠬᠢᠯᠭᠠᠨ ᠬᠡᠯᠬᠢᠶ᠎ᠡ᠂ ᠲᠡᠷᠢᠭᠦᠨ᠎ᠦ ᠦᠢᠯᠡᠳᠬᠦ᠌ ᠦᠢᠯᠡᠰ ᠵᠡᠷᠭᠡ ᠭᠣᠣᠯᠳᠠᠯᠭ᠎ᠠ᠎ᠲᠠᠶ ᠬᠦᠷᠢᠢ᠎ᠡ᠂ ᠭᠦᠨ ᠲᠠᠯᠠᠢ᠂ ᠭᠦᠨ ᠣᠭᠲᠠᠷᠭᠤᠢ᠂ ᠭᠦᠨ ᠡᠬᠡ ᠬᠠᠭᠤᠷᠠᠢ ᠵᠡᠷᠭᠡ ᠪᠠᠶ᠋ᠢᠯᠳᠤᠬᠤ ᠪᠤᠳᠤᠯᠭ᠎ᠠ᠎ᠶᠢᠨ ᠬᠦᠷᠢᠢ᠎ᠡ᠎ᠵᠢ ᠨᠡᠢᠳᠭᠡᠵᠦ᠂ ᠴᠢᠬᠤᠯᠠ ᠶᠡᠬᠡ ᠢᠨᠵᠧᠨᠧᠷᠢᠩ ᠪᠠ ᠴᠢᠬᠤᠯᠠ ᠶᠡᠬᠡ ᠲᠦᠷᠦᠯ ᠵᠦᠢᠯ᠎ᠢ ᠨᠢᠭᠡ ᠴᠤᠬᠴᠠᠵᠢᠭᠤᠯᠤᠨ ᠪᠠᠶ᠋ᠢᠷᠢᠯᠠᠭᠤᠯᠵᠤ᠂ ᠤᠤᠭᠠᠯ ᠡᠭᠦᠳᠦᠯᠲᠡ ᠪᠠ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠰᠢᠪᠲᠤᠯᠬᠤ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠴᠢᠬᠤᠯᠠ ᠶᠡᠬᠡ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠠᠭᠤᠷᠢ ᠲᠥᠬᠥᠭᠡᠷᠦᠮᠵᠢ᠎ᠶᠢ ᠤᠷᠢᠳᠴᠢᠯᠠᠨ ᠪᠠᠶ᠋ᠢᠷᠢᠰᠢᠭᠤᠯᠤᠨ ᠪᠦᠳᠦᠭᠡᠨ ᠪᠠᠶ᠋ᠢᠭᠤᠯᠵᠤ᠂ ᠳᠡᠭᠡᠳᠦ ᠲᠡᠰ᠎ᠤᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠡᠮᠵᠢᠭᠦᠷᠯᠢᠭ᠂ ᠰᠢᠨᠵᠢᠯᠡᠬᠦ᠌ ᠤᠬᠠᠭᠠᠨ᠎ᠤ ᠲᠣᠭ᠎ᠠ ᠪᠠᠷᠢᠮᠲᠠ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠤᠭᠤᠴᠠᠭᠠᠲᠤ᠌ ᠰᠡᠳᠬᠦᠯ ᠵᠡᠷᠭᠡ ᠰᠠᠭᠤᠷᠢ ᠨᠥᠬᠥᠴᠡᠯ᠎ᠢ ᠪᠡᠶ᠎ᠡ᠎ᠪᠡᠨ ᠳᠠᠭᠠᠭᠠᠵᠤ ᠪᠠᠲᠤᠯᠠᠬᠤ᠎ᠶᠢ ᠴᠢᠩᠭᠠᠳᠬᠠᠵᠤ᠂ ᠵᠣᠬᠢᠶᠠᠮᠠᠯ ᠤᠶᠤᠨ ᠴᠢᠳᠠᠪᠤᠷᠢ᠎ᠪᠠᠷ ᠡᠨᠧᠷᠭᠢ ᠣᠯᠭᠣᠬᠤ ᠰᠢᠨᠵᠢᠯᠡᠬᠦ᠌ ᠤᠬᠠᠭᠠᠨ᠎ᠤ ᠰᠤᠳᠤᠯᠭᠠᠨ᠎ᠢ ᠠᠬᠢᠭᠤᠯᠬᠤ ᠬᠡᠷᠡᠭᠲᠡᠢ᠃
ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠴᠦᠨ᠎ᠦ ᠪᠠᠶ᠋ᠢᠭᠤᠯᠤᠯᠲᠠ᠎ᠶᠢᠨ ᠲᠠᠯ᠎ᠠ᠎ᠪᠠᠷ᠂ ᠤᠯᠤᠰ᠎ᠤᠨ ᠪᠠᠶ᠋ᠢᠯᠳᠤᠬᠤ ᠪᠤᠳᠤᠯᠭ᠎ᠠ᠎ᠶᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠴᠦᠨ᠎ᠦ ᠴᠢᠳᠠᠮᠵᠢ᠎ᠶᠢᠨ ᠪᠠᠶ᠋ᠢᠷᠢ ᠲᠣᠭᠲᠠᠭᠠᠯᠲᠠ ᠪᠠ ᠪᠠᠶ᠋ᠢᠷᠢᠯᠠᠭᠤᠯᠤᠯᠲᠠ᠎ᠶᠢ ᠭᠣᠣᠯᠳᠠᠯᠭ᠎ᠠ᠎ᠲᠠᠶ ᠰᠢᠯᠢᠳᠡᠭᠵᠢᠭᠦᠯᠵᠦ᠍᠂ ᠡᠭᠦᠷᠭᠡ᠎ᠶᠢ ᠬᠠᠮᠵᠢᠯᠴᠠᠭᠤᠯᠬᠤ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌᠂ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠬᠦ᠌᠎ᠶᠢ ᠠᠬᠢᠭᠤᠯᠵᠤ᠂ ᠤᠯᠤᠰ᠎ᠤᠨ ᠪᠠᠶ᠋ᠢᠯᠳᠤᠬᠤ ᠪᠤᠳᠤᠯᠭ᠎ᠠ᠎ᠶᠢᠨ ᠡᠭᠦᠷᠭᠡ᠎ᠶᠢ ᠨᠡᠩ ᠰᠠᠢ᠌ᠨ ᠡᠭᠦᠷᠭᠡᠯᠡᠵᠦ᠍᠂ ᠨᠡᠩ ᠤᠯᠠᠨ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ᠎ᠶᠢᠨ ᠦᠷ᠎ᠡ ᠪᠦᠲᠦᠭᠡᠯ ᠭᠠᠷᠭᠠᠬᠤ ᠬᠡᠷᠡᠭᠲᠡᠢ᠃ ᠤᠯᠤᠰ᠎ᠤᠨ ᠪᠠᠶ᠋ᠢᠯᠳᠤᠬᠤ ᠪᠤᠳᠤᠯᠭ᠎ᠠ᠎ᠶᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠴᠦᠨ ᠬᠢᠭᠡᠳ ᠪᠤᠰᠤᠳ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠴᠦᠨ᠎ᠦ ᠬᠠᠮᠲᠤᠷᠠᠨ ᠪᠤᠭᠤᠮᠳᠠ ᠰᠢᠪᠳᠤᠯᠬᠤ᠌ᠶᠢ ᠲᠡᠮᠵᠢᠵᠤ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠡᠭᠦᠷᠭᠡ᠂ ᠲᠠᠪᠴᠠᠩ᠎ᠤᠨ ᠰᠠᠭᠤᠷᠢᠨ᠂ ᠵᠠᠩᠭᠢᠯᠠᠭ᠎ᠠ᠎ᠶᠢᠨ ᠴᠢᠳᠠᠪᠤᠷᠢᠲᠠᠨ᠎ᠢ ᠨᠢᠭᠡᠳᠦᠯᠲᠡᠢ ᠲᠦᠯᠦᠪᠵᠢᠭᠦᠯᠦᠨ ᠲᠤᠬᠢᠷᠠᠭᠤᠯᠵᠤ᠂ ᠰᠠᠭᠤᠷᠢ ᠰᠤᠳᠤᠯᠭᠠᠨ᠂ ᠬᠡᠷᠡᠭᠯᠡᠯᠲᠡ ᠵᠢᠨ ᠨᠡᠭᠡᠭᠡᠨ ᠬᠥᠭᠵᠢᠭᠦᠯᠦᠯᠲᠡ᠂ ᠦᠷ᠎ᠡ ᠪᠦᠲᠦᠭᠡᠯ᠎ᠦᠨ ᠤᠨᠳᠤᠤᠰᠢᠭᠤᠯᠤᠯᠲᠠ᠎ᠶᠢᠨ ᠰᠢᠰᠲ᠋ᠧᠮᠴᠢᠯᠡᠭᠰᠡᠨ ᠪᠤᠭᠤᠮᠳᠠ ᠰᠢᠪᠳᠤᠯᠬᠤ᠌ ᠪᠠᠶ᠋ᠢᠷᠢᠰᠢᠯ᠎ᠢ ᠪᠤᠢ ᠪᠣᠯᠭᠠᠬᠤ ᠬᠡᠷᠡᠭᠲᠡᠢ᠃
ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠲᠤᠬᠠᠢ ᠬᠣᠯᠪᠣᠯᠳᠤᠨ ᠬᠥᠳᠡᠯᠦᠯᠴᠡᠬᠦ᠌ ᠲᠠᠯ᠎ᠠ᠎ᠪᠠᠷ᠂ ᠡᠯ᠎ᠡ ᠱᠠᠳᠤ ᠳᠠᠪᠬᠤᠷᠭ᠎ᠠ᠎ᠶᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯ᠎ᠢ ᠨᠢᠭᠡᠳᠦᠯᠲᠡᠢ ᠲᠦᠯᠦᠪᠵᠢᠭᠦᠯᠦᠨ ᠵᠢᠯᠣᠭᠣᠳᠬᠤ᠎ᠪᠠᠨ ᠭᠣᠣᠯᠳᠠᠯᠭ᠎ᠠ᠎ᠲᠠᠶ ᠴᠢᠩᠭᠠᠳᠬᠠᠵᠤ᠂ ᠲᠥᠪ ᠪᠠ ᠣᠷᠣᠨ ᠨᠤᠲᠤᠭ ᠬᠠᠮᠵᠢᠯᠴᠠᠬᠤ᠂ ᠣᠷᠣᠨ ᠪᠦᠰᠡ ᠬᠣᠯᠪᠣᠯᠳᠤᠨ ᠬᠥᠳᠡᠯᠦᠯᠴᠡᠬᠦ᠌ ᠲᠦᠷᠢᠮ᠎ᠦᠨ ᠲᠤᠬᠢᠷᠠᠭᠤᠯᠤᠯᠳᠠ᠎ᠶᠢ ᠪᠤᠢ ᠪᠣᠯᠭᠠᠵᠤ᠂ ᠤᠯᠠᠨ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠲᠥᠪ ᠪᠠ ᠣᠷᠣᠨ ᠪᠦᠰᠡ᠎ᠶᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠲᠥᠪ᠎ᠢ ᠨᠢᠭᠡᠳᠦᠯᠲᠡᠢ ᠲᠦᠯᠦᠪᠵᠢᠭᠦᠯᠦᠨ ᠪᠠᠶ᠋ᠢᠭᠤᠯᠵᠤ᠂ ᠣᠷᠣᠨ ᠪᠦᠰᠡ᠎ᠶᠢᠨ ᠬᠠᠮᠵᠢᠯᠴᠠᠨ ᠰᠢᠨ᠎ᠡ᠎ᠶᠢ ᠡᠭᠦᠳᠬᠦ᠌᠎ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ᠎ᠤ ᠪᠠᠶ᠋ᠢᠳᠠᠯ ᠠᠳᠠᠯᠢ ᠦᠭᠡᠢ ᠪᠣᠯᠬᠣᠷ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠰᠢᠨ᠎ᠡ᠎ᠶᠢ ᠡᠭᠦᠳᠬᠦ᠌ ᠬᠥᠭᠵᠢᠯᠲᠡ᠎ᠶᠢᠨ ᠠᠷᠭ᠎ᠠ ᠵᠠᠮ᠎ᠢ ᠬᠠᠶ᠋ᠢᠨ ᠰᠦᠪᠡᠭᠴᠢᠯᠡᠵᠦ᠍᠂ ᠬᠠᠷᠢᠴᠠᠩᠭᠤᠢ ᠳᠠᠪᠠᠭᠤᠯᠢᠭ᠎ᠢ ᠪᠤᠢ ᠪᠣᠯᠭᠠᠨ᠂ ᠦᠪᠡᠷᠮᠢᠴᠡ ᠣᠨᠴᠠᠯᠢᠭ ᠪᠦᠬᠦᠢ ᠰᠢᠨ᠎ᠡ᠎ᠶᠢ ᠡᠭᠦᠳᠬᠦ᠌ ᠥᠨᠳᠥᠷᠯᠢᠭ ᠭᠠᠵᠠᠷ᠎ᠢ ᠪᠠᠶ᠋ᠢᠭᠤᠯᠬᠤ ᠬᠡᠷᠡᠭᠳᠡᠢ᠂ ᠰᠣᠬᠣᠷ ᠪᠠᠯᠠᠢ᠎ᠪᠠᠷ ᠰᠠᠯᠬᠢᠨ᠎ᠤ ᠠᠶ᠎ᠠ᠎ᠪᠠᠷ ᠬᠠᠯᠠᠮᠰᠢᠯ᠎ᠢ ᠲᠠᠭᠠᠵᠤ᠂ 《ᠳᠣᠲᠣᠭᠠᠳᠤ ᠵᠢᠨ ᠰᠢᠷᠦᠭᠦᠨ ᠦᠷᠢᠰᠦᠯᠳᠦᠭᠡᠨ》᠂ ᠢᠵᠢᠯ ᠴᠢᠨᠠᠷ᠎ᠤᠨ ᠬᠥᠭᠵᠢᠯᠲᠡ᠎ᠶᠢ ᠬᠢᠵᠦ᠍ ᠪᠣᠯᠬᠤ ᠦᠭᠡᠢ᠃
ᠬᠣᠶᠠᠳᠤᠭᠠᠷᠲᠤ᠌᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠵᠢ ᠡᠭᠦᠳᠬᠦ ᠪᠠ ᠠᠵᠤ ᠦᠢᠯᠡᠰ᠎ᠦᠨ ᠰᠢᠨ᠎ᠡ ᠵᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ᠃ ᠡᠨᠡ ᠪᠣᠯ ᠥᠨᠳᠥᠷ ᠲᠦᠪᠰᠢᠨ ᠪᠦᠬᠦᠢ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠲᠠᠯ᠎ᠠ ᠪᠡᠷ ᠪᠡᠶ᠎ᠡ᠎ᠪᠡᠨ ᠳᠠᠭᠠᠭᠠᠵᠤ ᠬᠦᠴᠦᠷᠬᠡᠭᠵᠢᠵᠦ᠍ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠌᠎ᠶᠢ ᠬᠦᠳᠦᠯᠦᠨ ᠳᠠᠭᠠᠭᠤᠯᠬᠤ ᠵᠠᠩᠭᠢᠯᠠᠭ᠎ᠠ ᠪᠣᠯᠤᠨ᠎ᠠ᠃ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠬᠠᠩᠭᠠᠯᠭ᠎ᠠ ᠪᠣᠯᠤᠨ ᠠᠵᠤ ᠦᠢᠯᠡᠰ᠎ᠦᠨ ᠬᠡᠷᠡᠭᠴᠡᠭᠡ᠎ᠪᠡᠷ ᠬᠦᠳᠦᠯᠥᠨ ᠳᠠᠭᠠᠭᠤᠯᠬᠤ᠎ᠶᠢ ᠲᠤᠪᠤᠢ᠌ᠯᠭᠠᠵᠥ᠍᠂ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ ᠠᠭᠤᠰᠤᠯᠴᠠᠨ ᠨᠡᠪᠲᠡᠷᠡᠯᠴᠡᠵᠦ᠍ ᠰᠢᠨ᠎ᠡ᠎ᠶᠢ ᠡᠭᠦᠳᠬᠦ᠌᠎ᠶᠢ ᠠᠬᠢᠭᠤᠯᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠪᠣᠳᠠᠲᠤ᠌ ᠦᠢᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠬᠤ᠎ᠶᠢ ᠲᠦᠷᠭᠡᠳᠬᠡᠬᠦ᠌ ᠵᠠᠮ᠎ᠢ ᠨᠡᠪᠲᠡᠷᠡᠭᠦᠯᠬᠦ᠌ ᠬᠡᠷᠡᠭᠲᠡᠢ᠃ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌᠎ᠳᠦ ᠬᠡᠷᠡᠭᠯᠡᠭᠡᠨ᠎ᠤ ᠤᠳᠤᠷᠢᠳᠤᠮᠵᠢ᠎ᠶᠢ ᠳᠣᠪᠣᠶ᠋ᠢᠯᠭᠠᠵᠤ᠂ ᠶᠡᠬᠡ ᠳᠡᠭᠡᠳᠦ ᠰᠤᠷᠭᠠᠭᠤᠯᠢ ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠢ ᠠᠵᠤ ᠠᠬᠤᠶ᠋ᠢᠯᠠᠯ᠎ᠲᠠᠶ ᠵᠣᠯᠭᠠᠭᠤᠯᠵᠤ ᠪᠠᠶ᠋ᠢᠭᠠᠳ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠣᠭᠣᠮᠲᠠ ᠰᠢᠪᠲᠤᠯᠬᠤ ᠪᠠ ᠴᠢᠳᠠᠪᠤᠷᠢᠲᠠᠨ ᠬᠥᠮᠦᠵᠢᠭᠦᠯᠬᠦ᠌ ᠠᠵᠢᠯ ᠥᠷᠨᠢᠭᠦᠯᠬᠦ᠌᠎ᠶᠢ ᠳᠡᠮᠵᠢᠵᠦ᠍᠂ ᠴᠢᠨᠠᠷ ᠰᠠᠶ᠋ᠢᠲᠠᠶ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠬᠠᠨᠭᠭᠠᠯᠭ᠎ᠠ ᠪᠡᠷ ᠠᠵᠤ ᠦᠢᠯᠡᠰ᠎ᠦᠨ ᠰᠢᠨ᠎ᠡ᠎ᠶᠢ ᠡᠭᠦᠳᠬᠦ᠌ᠳᠦᠡᠨᠧᠷᠭᠢ ᠣᠯᠭᠣᠬᠤ ᠬᠡᠷᠡᠭᠳᠡᠢ᠃ ᠠᠵᠤ ᠦᠢᠯᠡᠰ᠎ᠦᠨ ᠰᠢᠨ᠎ᠡ᠎ᠶᠢ ᠡᠭᠦᠳᠬᠦ᠌᠎ᠳᠦ ᠰᠢᠨᠵᠢᠯᠡᠬᠦ᠌ ᠤᠬᠠᠭᠠᠨ᠎ᠤ ᠠᠰᠠᠭᠤᠳᠠᠯ᠎ᠢ ᠳᠤᠷᠠᠳᠴᠤ᠌᠂ ᠠᠵᠤ ᠠᠬᠤᠶ᠋ᠢᠯᠠᠯ᠎ᠤᠨ ᠰᠢᠨ᠎ᠡ᠎ᠶᠢ ᠡᠭᠦᠳᠬᠦ᠌ ᠭᠣᠣᠯ ᠴᠣᠭᠴᠠ᠎ᠶᠢᠨ ᠪᠠᠶ᠋ᠢᠷᠢ ᠰᠠᠭᠤᠷᠢ᠎ᠶᠢ ᠴᠢᠩᠭᠠᠳᠬᠠᠵᠤ᠂ ᠠᠵᠤ ᠠᠬᠤᠶ᠋ᠢᠯᠠᠯ ᠪᠣᠯᠤᠨ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠬᠠᠮᠲᠤ ᠪᠠᠷ ᠲᠠᠪᠴᠠᠩ ᠪᠠᠶ᠋ᠢᠭᠤᠯᠬᠤ᠎ᠶᠢ ᠲᠡᠮᠵᠢᠵᠥ᠍᠂ ᠬᠦᠴᠢᠷ ᠠᠰᠠᠭᠤᠳᠠᠯ᠎ᠢ ᠬᠠᠮᠲᠤ ᠪᠠᠷ ᠲᠤᠭᠤᠯᠵᠤ᠂ ᠳᠡᠭᠡᠳᠦ ᠲᠡᠰᠵᠢᠭᠰᠡᠨ᠂ ᠪᠣᠬᠢᠷᠲᠤᠯ ᠦᠬᠡᠢ᠂ ᠤᠶᠤᠨᠴᠢᠯᠠᠭᠰᠠᠨ ᠠᠵᠤ ᠦᠢᠯᠡᠰ᠎ᠦᠨ ᠬᠡᠷᠡᠭᠴᠡᠭᠡ᠎ᠪᠡᠷ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌᠎ᠶᠢ ᠳᠠᠶ᠋ᠢᠴᠢᠯᠠᠬᠤ ᠬᠡᠷᠡᠭᠲᠡᠢ᠃
ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠤᠨᠳᠤᠤᠰᠢᠭᠤᠯᠤᠯᠳᠠ᠎ᠶᠢᠨ ᠨᠤᠷᠮ᠎ᠠ ᠥᠨᠳᠥᠷ ᠪᠢᠰᠢ ᠪᠠᠢᠬᠤ ᠨᠢ ᠪᠢᠳᠡᠨ᠎ᠳᠦ ᠶᠡᠷᠦ᠎ᠡᠴᠡ ᠲᠤᠯᠭᠠᠷᠠᠭᠰᠠᠭᠠᠷ ᠢᠷᠡᠭᠰᠡᠨ ᠨᠢᠭᠡᠨ ᠲᠣᠪᠣᠢᠮ᠎ᠠ ᠠᠰᠠᠭᠤᠳᠠᠯ ᠶᠤᠮ᠃ ᠤᠯᠤᠰ᠎ᠤᠨ ᠮᠡᠷᠭᠡᠵᠢᠯ᠎ᠢ ᠰᠢᠯᠵᠢᠭᠦᠯᠬᠦ ᠰᠢᠰᠲᠧᠮ᠎ᠦᠨ ᠪᠠᠢᠭᠤᠯᠤᠯᠲᠠ᠎ᠶᠢ ᠴᠢᠩᠭᠠᠳᠬᠠᠵᠤ᠂ ᠨᠢᠭᠡ ᠪᠦᠯᠦᠭ ᠤᠬᠠᠭᠳᠠᠬᠤᠨ᠎ᠢ ᠰᠢᠯᠭᠠᠨ ᠪᠠᠲᠤᠯᠠᠬᠤ ᠲᠥᠪ ᠪᠠ ᠵᠠᠪᠰᠠᠷ᠎ᠤᠨ ᠲᠤᠷᠰᠢᠯᠲᠠ᠎ᠶᠢᠨ ᠲᠠᠪᠴᠠᠩ᠎ᠢ ᠪᠠᠢᠷᠢᠯᠠᠭᠤᠯᠤᠨ ᠪᠠᠢᠭᠤᠯᠵᠤ᠂ ᠠᠩᠬᠠᠨ᠎ᠤ ᠬᠤᠭᠤᠴᠠᠭᠠᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠤᠨᠳᠤᠤᠰᠢᠭᠤᠯᠤᠯᠳᠠ᠎ᠶᠢ ᠬᠢᠵᠠᠭᠠᠷᠯᠠᠵᠤ ᠪᠠᠢᠭᠰᠠᠨ ᠪᠣᠭᠣᠮᠢ᠎ᠶᠢ ᠲᠠᠢᠯᠬᠤ ᠬᠡᠷᠡᠭᠲᠡᠢ᠃ ᠤᠯᠠᠨ ᠡᠰᠢᠵᠢᠭᠰᠡᠨ ᠬᠡᠷᠡᠭᠯᠡᠭᠡᠨ᠎ᠤ ᠠᠬᠤᠢ ᠪᠠᠢᠳᠠᠯ ᠪᠠ ᠥᠨᠳᠥᠷ ᠲᠦᠪᠰᠢᠨ ᠪᠦᠬᠦᠢ ᠠᠵᠤ ᠦᠢᠯᠡᠰ᠎ᠦᠨ ᠪᠦᠯᠦᠭᠵᠢᠯ᠎ᠢ ᠪᠤᠢ ᠪᠣᠯᠭᠠᠵᠤ᠂ ᠡᠳ᠋᠎ᠦᠨ ᠵᠠᠰᠠᠭ᠂ ᠵᠣᠭᠣᠰ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠠᠵᠤ ᠦᠢᠯᠡᠰ᠎ᠦᠨ ᠲᠦᠷᠦ᠎ᠶᠢᠨ ᠪᠣᠳᠣᠯᠭ᠎ᠠ᠎ᠶᠢ ᠶᠡᠷᠦᠩᠬᠡᠢᠯᠡᠨ ᠬᠡᠷᠡᠭᠯᠡᠵᠦ᠂ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠬᠦ ᠮᠡᠷᠭᠡᠵᠢᠯ᠎ᠦᠨ ᠦᠢᠯᠡᠳᠬᠦᠨ᠎ᠢ ᠳᠡᠯᠭᠡᠷᠡᠭᠦᠯᠦᠨ ᠬᠡᠷᠡᠭᠯᠡᠬᠦ ᠪᠠ ᠲᠡᠰ ᠳᠡᠪᠰᠢᠭᠦᠯᠬᠦ᠎ᠶᠢ ᠠᠬᠢᠭᠤᠯᠬᠤ ᠬᠡᠷᠡᠭᠳᠡᠢ᠃ ᠮᠡᠳᠡᠯᠭᠡ᠎ᠶᠢᠨ ᠥᠮᠴᠢᠯᠡᠯ᠎ᠤᠨ ᠡᠷᠬᠡ᠎ᠶᠢ ᠬᠠᠮᠠᠭᠠᠯᠠᠬᠤ ᠳᠦᠷᠢᠮ᠎ᠢ ᠲᠡᠭᠦᠯᠳᠡᠷᠵᠢᠭᠦᠯᠵᠦ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠠᠵᠤ ᠠᠬᠤᠢᠯᠠᠯ᠎ᠤᠨ ᠬᠣᠭᠣᠷᠣᠨᠳᠣᠬᠢ ᠰᠢᠨ᠎ᠡ᠎ᠶᠢ ᠡᠭᠦᠳᠬᠦ ᠬᠦᠴᠦᠨ ᠵᠦᠢᠯ᠎ᠤᠨ ᠰᠢᠯᠵᠢᠯᠲᠡ᠎ᠶᠢᠨ ᠪᠡᠬᠢᠯᠡᠯᠲᠡ᠎ᠶᠢ ᠡᠪᠳᠡᠬᠦ ᠬᠡᠷᠡᠭᠲᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦᠯᠤᠭᠡ ᠵᠣᠬᠢᠴᠠᠯᠳᠤᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠮᠥᠩᠭᠥᠨ ᠭᠦᠢᠯᠭᠡᠭᠡᠨ᠎ᠦ ᠪᠠᠢᠭᠤᠯᠤᠯ᠎ᠢ ᠪᠠᠢᠭᠤᠯᠵᠤ᠂ ᠦᠢᠯᠡᠰ ᠪᠣᠰᠬᠠᠬᠤ ᠪᠡᠯᠡ ᠣᠷᠣᠭᠤᠯᠤᠯᠲᠠ᠎ᠶᠢᠨ ᠵᠠᠬ᠎ᠠ ᠳᠡᠯᠭᠡᠭᠦᠷ᠎ᠦᠨ ᠡᠷᠡᠭᠦᠯ ᠲᠣᠭᠲᠠᠭᠤᠨ᠎ᠢᠶᠠᠷ ᠬᠥᠭᠵᠢᠬᠦ᠎ᠶᠢ ᠲᠦᠯᠬᠢᠨ ᠠᠬᠢᠭᠤᠯᠵᠤ᠂ ᠠᠵᠤ ᠠᠬᠤᠢᠯᠠᠯ᠎ᠤᠨ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠠᠷᠭ᠎ᠠ ᠵᠠᠮ᠎ᠢ ᠰᠠᠭᠠᠳ ᠦᠭᠡᠢ ᠨᠠᠪᠲᠠᠷᠡᠭᠦᠯᠵᠦ᠂ ᠮᠥᠩᠭᠥᠨ ᠭᠦᠢᠯᠭᠡᠭᠡᠨ᠎ᠦ ᠪᠡᠯᠡ ᠣᠷᠣᠭᠤᠯᠤᠯᠲᠠ ᠵᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠡᠭᠦᠳᠦᠯᠳᠡ ᠵᠢᠨ ᠬᠤᠭᠤᠴᠠᠭᠠᠨ ᠳ᠋ᠦ ᠪᠡᠯᠡ ᠣᠷᠣᠭᠤᠯᠬᠤ᠂ ᠪᠠᠭ᠎ᠠ ᠬᠡᠪᠴᠢᠶᠡᠨ᠎ᠤ ᠠᠵᠤ ᠠᠬᠤᠢᠯᠠᠯ ᠳ᠋ᠦ ᠪᠡᠯᠡ ᠣᠷᠣᠭᠤᠯᠬᠤ᠂ ᠤᠷᠳᠤ ᠬᠤᠭᠤᠴᠠᠭ᠎ᠠ ᠪᠡᠯᠡ ᠣᠷᠣᠭᠤᠯᠬᠤ᠂ ᠵᠠᠩᠭᠢᠯᠠᠭ᠎ᠠ ᠵᠢᠨ ᠭᠤᠤᠯᠯᠠᠬᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠲᠦᠷᠦᠯ ᠵᠦᠢᠯ ᠳ᠋ᠦ ᠪᠡᠯᠡ ᠣᠷᠣᠭᠤᠯᠬᠤ᠎ᠶᠢ ᠬᠥᠲᠥᠯᠥᠨ ᠵᠢᠯᠤᠭᠣᠳᠬᠤ ᠬᠡᠷᠡᠭᠲᠡᠢ᠃
ᠭᠤᠷᠪᠠᠳᠤᠭᠠᠷ᠎ᠲᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠯᠢᠳᠡᠭ ᠵᠠᠯᠠᠭᠤ ᠴᠢᠳᠠᠪᠤᠷᠢᠲᠠᠨ᠎ᠢ ᠶᠡᠬᠡ ᠪᠡᠷ ᠬᠥᠮᠥᠵᠢᠭᠦᠯᠦᠨᠠ᠃ ᠰᠢᠨᠵᠢᠯᠡᠬᠦ ᠤᠬᠠᠭᠠᠨ᠎ᠤ ᠢᠷᠡᠭᠡᠳᠦᠢ ᠵᠠᠯᠠᠭᠤᠴᠤᠳ᠎ᠲᠤ ᠪᠤᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠵᠠᠯᠠᠭᠤ ᠴᠢᠳᠠᠪᠤᠷᠢᠲᠠᠨ ᠤᠯᠠᠮ᠎ᠡᠴᠡ ᠤᠯᠡᠠ ᠴᠣᠯᠭᠣᠷᠠᠨ ᠭᠠᠷᠴᠤ᠂ ᠬᠦᠨᠳᠦ ᠡᠭᠦᠷᠭᠡ᠎ᠶᠢ ᠵᠣᠷᠢᠭ᠍ᠲᠠᠢ ᠡᠭᠦᠷᠭᠡᠯᠡᠵᠦ ᠪᠠᠢᠬᠤ᠎ᠶᠢ ᠪᠢᠳᠠ ᠪᠠᠶᠠᠷᠲᠠᠢ᠎ᠪᠠᠷ ᠣᠯᠵᠤ ᠬᠠᠷᠠᠯ᠎ᠠ᠃ ᠵᠠᠯᠠᠭᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠡᠩᠨᠡᠭᠡ᠎ᠶᠢᠨ ᠪᠠᠢᠭᠤᠯᠤᠯᠲᠠ᠎ᠶᠢ ᠨᠢᠭᠡ ᠵᠦᠢᠯ᠎ᠦᠨ ᠪᠠᠢᠯᠳᠤᠬᠤ ᠪᠣᠳᠣᠯᠭ᠎ᠠ᠎ᠶᠢᠨ ᠢᠨᠵᠧᠨᠧᠷᠢᠩ ᠪᠣᠯᠭᠠᠵᠤ᠂ ᠬᠥᠮᠥᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ ᠠᠵᠢᠯ᠎ᠢ ᠪᠦᠬᠦ ᠲᠠᠯ᠎ᠠ᠎ᠪᠠᠷ ᠰᠠᠢᠲᠤᠷ ᠬᠢᠬᠦ ᠬᠡᠷᠡᠭᠲᠡᠢ᠃
ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠬᠥᠭᠵᠢᠯᠲᠡ᠎ᠶᠢ ᠨᠢᠭᠡ ᠴᠣᠭᠴᠠᠵᠢᠭᠤᠯᠤᠨ ᠠᠬᠢᠭᠤᠯᠬᠤ ᠪᠣᠯ ᠪᠢᠳᠡᠨ᠎ᠦ ᠦᠢᠯᠡᠳᠦᠯᠭᠡ᠎ᠶᠢᠨ ᠳᠤᠮᠳᠠ ᠰᠦᠪᠡᠭᠴᠢᠯᠡᠨ ᠳ᠋ᠦᠩᠨᠡᠭᠰᠡᠨ ᠠᠮᠵᠢᠯᠲᠠ᠎ᠲᠠᠢ ᠲᠤᠷᠰᠢᠯᠭ᠎ᠠ ᠮᠥᠨ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ᠎ᠢ ᠬᠠᠮᠵᠢᠯᠴᠠᠭᠤᠯᠤᠨ ᠬᠥᠮᠥᠨ᠎ᠢ ᠬᠥᠮᠥᠵᠢᠭᠦᠯᠬᠦ ᠲᠣᠭᠲᠡᠴᠡ᠎ᠶᠢ ᠰᠢᠯᠢᠳᠡᠭᠵᠢᠭᠦᠯᠵᠦ᠂ ᠬᠥᠮᠥᠵᠢᠭᠦᠯᠬᠦ ᠶᠠᠪᠤᠴᠠ᠎ᠳᠤ ᠬᠡᠷᠡᠭᠯᠡᠬᠦ᠂ ᠬᠡᠷᠡᠭᠯᠡᠬᠦ ᠶᠠᠪᠤᠴᠠ᠎ᠳᠤ ᠬᠥᠮᠥᠵᠢᠭᠦᠯᠬᠦ᠎ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠨᠢᠭᠡᠳᠦᠭᠡᠷ ᠹᠷᠣᠨᠲ᠎ᠲᠤ ᠨᠡᠩ ᠤᠯᠠᠨ ᠰᠢᠯᠢᠳᠡᠭ ᠵᠠᠯᠠᠭᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠢᠯᠡᠷᠡᠭᠦᠯᠬᠦ ᠪᠠ ᠬᠥᠮᠥᠵᠢᠭᠦᠯᠬᠦ᠎ᠶᠢ ᠴᠢᠬᠤᠯᠠᠴᠢᠯᠠᠬᠤ ᠬᠡᠷᠡᠭᠲᠡᠢ᠃ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠳ᠎ᠤᠨ ᠠᠵᠢᠯ ᠮᠡᠷᠭᠡᠵᠢᠯ᠎ᠦᠨ ᠠᠩᠬᠠᠨ᠎ᠤ ᠬᠤᠭᠤᠴᠠᠭ᠎ᠠ ᠪᠠ ᠤᠷᠳᠤ ᠦᠶᠡᠯᠡᠯ᠎ᠦᠨ ᠬᠤᠭᠤᠴᠠᠭᠠᠨ᠎ᠤ ᠲᠣᠭᠲᠠᠭᠤᠨ ᠳᠡᠮᠵᠢᠯᠭᠡ᠎ᠶᠢᠨ ᠡᠷᠴᠢᠮ᠎ᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠱᠠᠩᠨᠠᠯ᠂ ᠣᠷᠣᠯᠭ᠎ᠠ᠎ᠶᠢᠨ ᠬᠤᠪᠢᠶᠠᠷᠢᠯᠠᠯᠲᠠ ᠵᠡᠷᠭᠡ ᠳᠦᠷᠢᠮ᠎ᠢ ᠲᠡᠭᠦᠯᠳᠡᠷᠵᠢᠭᠦᠯᠵᠦ᠂ ᠪᠣᠳᠠᠲᠦ ᠬᠦᠴᠢᠷᠳᠡᠯ᠎ᠢ ᠨᠢ ᠬᠠᠪᠰᠤᠷᠤᠨ ᠰᠢᠢᠳᠪᠦᠷᠢᠯᠡᠵᠦ᠂ ᠲᠡᠳᠡᠨ᠎ᠤ ᠨᠢᠭᠡ ᠰᠡᠳᠬᠢᠯ ᠨᠢᠭᠡ ᠵᠣᠷᠢᠭ᠋᠎ᠢᠶᠠᠷ ᠰᠤᠳᠤᠯᠭᠠᠨ ᠬᠢᠵᠦ᠂ ᠠᠮᠤᠷ ᠲᠠᠢᠪᠤᠩ ᠠᠵᠤ ᠲᠦᠷᠦᠭᠦ ᠵᠢ ᠪᠠᠳᠤᠯᠠᠬᠤ ᠬᠡᠷᠡᠭᠳᠡᠢ᠃ ᠪᠦᠬᠦ ᠪᠥᠮᠪᠥᠷᠴᠡᠭ᠎ᠦᠨ ᠴᠢᠳᠠᠪᠤᠷᠢᠲᠠᠨ᠎ᠤ ᠰᠢᠯᠵᠢᠯᠲᠡ᠎ᠶᠢᠨ ᠬᠤᠭᠤᠴᠠᠭ᠎ᠠ᠎ᠶᠢ ᠡᠵᠡᠮᠳᠡᠵᠦ᠂ ᠭᠠᠳᠠᠭᠠᠳᠤ᠎ᠶᠢᠨ ᠰᠢᠯᠢᠳᠡᠭ ᠵᠠᠯᠠᠭᠤ ᠴᠢᠳᠠᠪᠤᠷᠢᠲᠠᠨ ᠪᠣᠯᠣᠨ ᠪᠦᠯᠬᠦᠮ᠎ᠢ ᠢᠳᠡᠪᠬᠢᠲᠡᠢ᠎ᠪᠡᠷ ᠣᠷᠣᠭᠤᠯᠤᠨ ᠠᠪᠴᠢᠷᠠᠬᠤ ᠬᠡᠷᠡᠭᠲᠡᠢ᠃ ᠵᠠᠯᠠᠭᠤᠴᠤᠳ ᠪᠠᠭᠠᠴᠤᠳ᠎ᠤᠨ ᠳᠤᠷ᠎ᠠ ᠰᠣᠨᠢᠷᠬᠠᠯ ᠠᠪᠢᠶᠠᠰ ᠴᠢᠳᠠᠪᠤᠷᠢ᠂ ᠰᠢᠨᠵᠢᠯᠡᠬᠦ ᠤᠬᠠᠭᠠᠨ᠎ᠤ ᠬᠡᠪ ᠪᠣᠯᠪᠠᠰᠤᠷᠠᠯ᠂ ᠲᠤᠷᠰᠢᠯᠲᠠ᠎ᠶᠢᠨ ᠴᠢᠳᠠᠪᠤᠷᠢ᠎ᠶᠢ ᠠᠭᠤᠳᠠᠯᠤᠨ ᠬᠥᠮᠥᠵᠢᠭᠦᠯᠬᠦ᠎ᠶᠢ ᠴᠢᠬᠤᠯᠠᠴᠢᠯᠠᠵᠤ᠂ ᠨᠡᠩ ᠤᠯᠠᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠳᠠᠯᠳᠠ ᠴᠢᠳᠠᠪᠤᠷᠢ᠎ᠲᠠᠢ ᠵᠠᠯᠠᠭᠤᠴᠤᠳ ᠪᠠᠭᠠᠴᠤᠳ᠎ᠢ ᠲᠠᠲᠠᠵᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠢᠯᠡᠰ᠎ᠲᠦ ᠣᠷᠣᠯᠴᠠᠬᠤ᠎ᠪᠠᠷ ᠵᠣᠷᠢᠭ᠋ ᠰᠢᠭᠤᠳᠤᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠵᠠᠯᠠᠭᠤ ᠴᠢᠳᠠᠪᠤᠷᠢᠲᠠᠨ᠎ᠤ ᠦᠰᠦᠨ ᠪᠣᠶ᠋ᠢᠵᠢᠯᠲᠠ ᠨᠢ ᠠᠬᠠᠮᠠᠳ ᠦᠶ᠎ᠡ᠎ᠶᠢᠨ ᠰᠢᠨᠵᠢᠯᠡᠬᠦ ᠤᠬᠠᠭᠠᠨᠲᠠᠳ᠎ᠤᠨ ᠳᠡᠮᠵᠢᠯᠭᠡ ᠪᠠ ᠵᠣᠷᠢᠭ᠍ᠵᠢᠭᠤᠯᠤᠯ᠎ᠡᠴᠡ ᠰᠠᠯᠵᠤ ᠴᠢᠳᠠᠬᠤ ᠦᠭᠡᠢ ᠶᠤᠮ᠂ ᠬᠣᠶᠠᠷ ᠬᠦᠷᠢᠶᠡᠯᠡᠩ᠎ᠦᠨ ᠠᠺᠠᠳᠧᠮᠢᠴᠢ ᠲᠦᠷᠦᠭᠦᠯᠡᠨ ᠳᠤᠷᠠᠲᠠᠶ᠎ᠠ ᠦᠪᠡᠷ᠎ᠢ ᠪᠠᠨ ᠦᠷᠡᠭᠳᠡᠭᠦᠯᠵᠦ᠂ ᠬᠤᠢᠴᠢ ᠦᠶ᠎ᠠ ᠵᠢᠨ ᠬᠢᠨᠢ ᠵᠢᠭᠠᠨ ᠰᠤᠷᠭᠠᠵᠤ᠂ ᠰᠡᠳᠬᠢᠯ ᠲᠠᠯᠪᠢᠨ ᠬᠠᠢᠷ᠎ᠠ ᠰᠡᠳᠬᠢᠯᠭᠡᠲᠡᠢ ᠪᠡᠷ ᠤᠯᠠᠮᠵᠢᠯᠠᠬᠤ ᠬᠠᠪᠰᠤᠷᠬᠤ ᠳᠠᠭᠠᠭᠤᠯᠬᠤ ᠠᠵᠢᠯ᠎ᠢ ᠰᠠᠢᠲᠤᠷ ᠬᠢᠬᠦ ᠬᠡᠷᠡᠭᠲᠡᠢ᠃
ᠳᠥᠷᠪᠡᠳᠦᠭᠡᠷ᠎ᠲᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠣᠷᠣᠭᠤᠯᠤᠯᠲᠠ᠎ᠶᠢᠨ ᠦᠷ᠎ᠠ ᠠᠰᠢᠭ᠎ᠢ ᠳᠡᠭᠡᠭᠰᠢᠯᠡᠭᠦᠯᠤᠨ᠎ᠠ᠃ 《 ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠮᠠᠨ᠎ᠤ ᠤᠯᠤᠰ᠎ᠤᠨ ᠪᠦᠬᠦ ᠨᠡᠢᠭᠡᠮ᠎ᠦᠨ ᠰᠤᠳᠤᠯᠤᠨ ᠨᠡᠭᠡᠭᠡᠬᠦ ᠵᠠᠷᠤᠳᠠᠯ᠎ᠤᠨ ᠣᠷᠣᠭᠤᠯᠤᠯᠲᠠ ᠵᠢᠯ ᠳᠤᠮᠳᠠᠴᠢ᠎ᠪᠠᠷ 10% ᠵᠢᠨ ᠨᠡᠮᠡᠭᠳᠡᠯ᠎ᠢ ᠪᠠᠲᠤᠯᠠᠵᠤ᠂ ᠣᠷᠣᠭᠤᠯᠤᠯᠲᠠ᠎ᠶᠢᠨ ᠡᠷᠴᠢᠮ ᠨᠢ 2025 ᠣᠨ᠎ᠳᠤ 2.8%᠎ᠳᠤ ᠬᠦᠷᠴᠦ᠂ ᠠᠩᠬ᠎ᠠ ᠤᠳᠠᠭ᠎ᠠ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠤᠯᠤᠰ᠎ᠤᠨ ᠳᠤᠮᠳᠠᠴᠢ ᠲᠦᠪᠰᠢᠨ᠎ᠡᠴᠡ ᠳᠠᠪᠠᠪᠠ᠂ ᠡᠨᠡ ᠦᠨᠡᠬᠡᠷ ᠬᠢᠯᠪᠠᠷ ᠪᠤᠰᠤ ᠶᠠᠪᠤᠳᠠᠯ ᠪᠠᠢᠵᠤ᠂ ᠨᠠᠮ ᠪᠣᠯᠣᠨ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠢᠯᠡᠰ᠎ᠢ ᠬᠥᠭᠵᠢᠭᠦᠯᠬᠦ ᠡᠷᠡᠰ ᠪᠠᠲᠤ ᠵᠣᠷᠢᠭ᠋᠎ᠢ ᠭᠦᠢᠴᠡᠳ ᠢᠯᠡᠷᠡᠭᠦᠯᠪᠡ᠃ ᠡᠭᠦᠨ᠎ᠦ ᠵᠡᠷᠭᠡ᠎ᠳᠦ᠂ ᠪᠣᠳᠠᠲᠠᠢ ᠠᠵᠢᠯ᠎ᠤᠨ ᠳᠤᠮᠳᠠ ᠰᠢᠨᠵᠢᠯᠡᠬᠦ ᠤᠬᠠᠭᠠᠨ᠎ᠤ ᠰᠤᠳᠤᠯᠭᠠᠨ᠎ᠤ ᠵᠠᠷᠤᠳᠠᠯ᠎ᠢ ᠪᠦᠷᠢᠯᠭᠡᠨ ᠰᠦᠢᠳᠬᠡᠬᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠣᠭᠤᠯᠤᠯᠲᠠ ᠳᠣᠣᠷ᠎ᠠ ᠦᠷ᠎ᠡ ᠪᠦᠲᠦᠮᠵᠢ ᠳᠠᠪᠬᠤᠴᠠᠬᠤ ᠵᠡᠷᠭᠡ ᠠᠰᠠᠭᠤᠳᠠᠯ ᠴᠤ᠌ ᠠᠳᠠᠯᠢ ᠪᠤᠰᠤ ᠬᠡᠮᠵᠢᠶ᠎ᠡ᠎ᠪᠡᠷ ᠣᠷᠣᠰᠢᠵᠤ ᠪᠠᠢᠨ᠎ᠠ᠃ ᠡᠯ᠎ᠡ ᠱᠠᠲᠤᠨ᠎ᠤ ᠡᠯ᠎ᠡ ᠬᠣᠯᠪᠣᠭᠳᠠᠯ ᠪᠦᠬᠦᠢ ᠲᠠᠯ᠎ᠠ᠎ᠶᠢᠨ ᠬᠢᠨ ᠳᠦᠷᠢᠮ ᠲᠣᠭᠲᠡᠴᠡ᠎ᠪᠠᠨ ᠲᠡᠭᠦᠯᠳᠡᠷᠵᠢᠭᠦᠯᠵᠦ᠂ ᠬᠠᠮᠢᠶᠠᠷᠤᠯᠲᠠ᠎ᠶᠢᠨ ᠠᠷᠭ᠎ᠠ᠎ᠪᠠᠨ ᠬᠠᠯᠠᠨ ᠰᠠᠢᠵᠢᠷᠠᠭᠤᠯᠵᠤ᠂ ᠪᠡᠯᠡ ᠮᠦᠨᠭᠭᠦ ᠵᠢ ᠪᠤᠳᠠᠲᠠᠢ᠎ᠳᠦ ᠨᠠᠢᠳᠠᠪᠤᠷᠢᠵᠢᠭᠤᠯᠤᠨ᠂ ᠨᠡᠩ ᠴᠦ᠍ ᠵᠤᠬᠢᠰᠲᠠᠢ ᠬᠡᠷᠡᠭᠯᠡᠬᠦ᠎ᠶᠢ ᠦᠨᠡᠨ ᠬᠦ᠌ ᠪᠠᠲᠤᠯᠠᠵᠤ᠂ ᠣᠷᠣᠭᠤᠯᠤᠯᠲᠠ᠎ᠶᠢᠨ ᠬᠡᠪᠴᠢᠶ᠎ᠡ᠎ᠶᠢ ᠨᠡᠮᠡᠭᠳᠡᠭᠦᠯᠬᠦ ᠪᠠ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠶᠢ ᠨᠢᠭᠡᠳᠬᠡᠬᠦ᠎ᠶᠢ ᠪᠡᠶᠡᠯᠡᠭᠦᠯᠬᠦ ᠬᠡᠷᠡᠭᠲᠡᠢ᠃
ᠡᠳ᠋᠎ᠦᠨ ᠵᠠᠰᠠᠭ᠎ᠤᠨ ᠵᠠᠷᠤᠳᠠᠯ ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠣᠭᠤᠯᠤᠯᠲᠠ᠎ᠶᠢᠨ ᠳᠤᠮᠳᠠ ᠬᠠᠨᠳᠤᠰᠢ ᠴᠢᠭᠯᠡᠯ᠎ᠤᠨ ᠦᠢᠯᠡᠳᠦᠯ᠎ᠲᠠᠢ ᠶᠤᠮ᠃ ᠲᠥᠪ᠎ᠦᠨ ᠡᠳ᠋᠎ᠦᠨ ᠵᠠᠰᠠᠭ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠵᠠᠷᠤᠳᠠᠯ᠎ᠤᠨ ᠬᠤᠪᠢᠶᠠᠷᠢᠯᠠᠯᠲᠠ ᠪᠠ ᠬᠠᠮᠢᠶᠠᠷᠤᠯᠲᠠ ᠬᠡᠷᠡᠭᠯᠡᠯᠲᠡ᠎ᠶᠢᠨ ᠲᠣᠭᠲᠡᠴᠡ᠎ᠶᠢ ᠲᠡᠭᠦᠯᠳᠡᠷᠵᠢᠭᠦᠯᠵᠦ᠂ ᠭᠣᠣᠯᠳᠠᠯᠭ᠎ᠠ᠎ᠪᠠᠨ ᠪᠠᠢᠯᠳᠤᠬᠤ ᠪᠣᠳᠣᠯᠭ᠎ᠠ᠎ᠶᠢᠨ ᠴᠢᠨᠠᠷᠲᠠᠢ᠂ ᠵᠠᠩᠭᠢᠯᠠᠭ᠎ᠠ᠎ᠶᠢᠨ ᠴᠢᠨᠠᠷᠲᠠᠢ ᠬᠦᠷᠢᠶ᠎ᠡ ᠲᠡᠢᠰᠢ ᠬᠡᠯᠪᠡᠢᠯᠭᠡᠬᠦ ᠬᠡᠷᠡᠭᠲᠡᠢ; ᠴᠢᠬᠤᠯᠠ ᠶᠡᠬᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠡᠭᠦᠷᠭᠡ ᠵᠢᠨ ᠲᠠᠯ᠎ᠠ ᠪᠡᠷ ᠲᠥᠪ ᠪᠠ ᠣᠷᠣᠨ ᠨᠤᠲᠤᠭ ᠡᠴᠡ ᠣᠷᠣᠭᠤᠯᠤᠯᠲᠠ᠎ᠶᠢ ᠬᠠᠮᠲᠤ᠎ᠪᠠᠷ ᠡᠭᠦᠷᠭᠡᠯᠡᠬᠦ ᠲᠣᠭᠲᠡᠴᠡ᠎ᠶᠢ ᠪᠦᠷᠢᠨᠰᠢᠭᠦᠯᠵᠤ᠂ ᠲᠥᠪ᠎ᠦᠨ ᠪᠠ ᠣᠷᠣᠨ ᠨᠤᠲᠤᠭ᠎ᠤᠨ ᠡᠳ᠋᠎ᠦᠨ ᠵᠠᠰᠠᠭ᠎ᠤᠨ ᠪᠡᠯᠡ ᠮᠥᠩᠭᠥ᠎ᠶᠢ ᠵᠦᠢ ᠵᠣᠬᠢᠰᠲᠠᠢ ᠲᠣᠬᠢᠷᠠᠭᠤᠯᠵᠤ᠂ ᠣᠷᠣᠨ ᠨᠤᠲᠤᠭ᠎ᠢ ᠬᠥᠲᠥᠯᠥᠨ ᠵᠢᠯᠤᠭᠣᠳᠴᠤ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠰᠤᠳᠤᠯᠤᠨ ᠨᠡᠭᠡᠭᠡᠬᠦ ᠣᠷᠣᠭᠤᠯᠤᠯᠲᠠ᠎ᠶᠢ ᠨᠡᠮᠡᠭᠳᠡᠭᠦᠯᠬᠦ ᠬᠡᠷᠡᠭᠳᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠥᠯᠥᠪᠯᠡᠭᠡ᠎ᠶᠢᠨ ᠬᠠᠮᠢᠶᠠᠷᠤᠯᠲᠠ᠎ᠶᠢ ᠰᠠᠢᠵᠢᠷᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠦᠷᠦᠯ ᠵᠦᠢᠯ᠎ᠦᠨ ᠬᠢᠨᠠᠯᠲᠠ ᠪᠠᠢᠴᠠᠭᠠᠯᠲᠠ ᠪᠠ ᠦᠷ᠎ᠡ ᠪᠦᠲᠦᠮᠵᠢ᠎ᠶᠢᠨ ᠦᠨᠡᠯᠡᠯᠲᠡ᠎ᠶᠢ ᠴᠢᠩᠭᠠᠳᠬᠠᠵᠤ᠂ ᠵᠠᠷᠤᠳᠠᠯ᠎ᠤᠨ ᠬᠠᠮᠢᠶᠠᠷᠤᠯᠲᠠ᠂ ᠲᠦᠷᠦᠯ ᠵᠦᠢᠯ᠎ᠢ ᠭᠤᠶᠤᠴᠢᠯᠠᠨ ᠮᠡᠳᠡᠭᠦᠯᠬᠦ᠂ ᠲᠤᠨᠤᠭ ᠲᠥᠬᠦᠭᠡᠷᠦᠮᠵᠢ ᠬᠤᠳᠠᠯᠳᠤᠨ ᠠᠪᠬᠤ ᠶᠠᠪᠤᠴᠠ᠎ᠳᠤ ᠠᠰᠢᠭ ᠬᠦᠭᠡᠭᠡᠴᠡᠯᠳᠤᠵᠤ ᠠᠮᠢ ᠪᠡᠨ ᠪᠤᠷᠳᠤᠬᠤ ᠵᠡᠷᠭᠡ ᠢᠯᠵᠠᠷᠡᠯ᠎ᠦᠨ ᠠᠵᠢᠯᠯᠠᠭ᠎ᠠ᠎ᠶᠢ ᠴᠢᠩᠭ᠎ᠠ ᠪᠠᠢᠴᠠᠭᠠᠨ ᠰᠢᠢᠳᠪᠦᠷᠢᠯᠡᠬᠦ ᠬᠡᠷᠡᠭᠲᠡᠢ᠃ ᠠᠵᠤ ᠠᠬᠤᠢᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ᠎ᠪᠠᠨ ᠨᠡᠮᠡᠭᠳᠡᠭᠦᠯᠬᠦ᠎ᠶᠢ ᠬᠥᠲᠥᠯᠥᠨ ᠵᠢᠯᠤᠭᠣᠳᠴᠤ᠂ ᠨᠡᠩ ᠤᠯᠠᠨ ᠨᠡᠢᠭᠡᠮ᠎ᠦᠨ ᠬᠦᠴᠦᠨ ᠡᠴᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠳᠡᠮᠵᠢᠭᠦ ᠵᠢ ᠲᠠᠢ᠍ᠢᠴᠢᠯᠠᠬᠤ ᠬᠡᠷᠡᠭᠳᠡᠢ᠃
ᠲᠠᠪᠤᠳᠤᠭᠠᠷ᠎ᠲᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠨᠡᠯᠡᠯᠲᠡ᠎ᠶᠢᠨ ᠳᠣᠬᠢᠭᠤᠷᠢ ᠰᠠᠢᠲᠤᠷ ᠬᠡᠷᠡᠭᠯᠡᠨ᠎ᠠ᠃ ᠡᠲᠡᠭᠡᠷ ᠵᠢᠯ᠎ᠦᠳ᠎ᠲᠦ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠨᠡᠯᠡᠯᠲᠡ᠎ᠶᠢᠨ ᠥᠭᠡᠷᠡᠴᠢᠯᠡᠯᠲᠡ᠎ᠶᠢ ᠢᠮᠠᠭᠲᠠ ᠠᠬᠢᠭᠤᠯᠵᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠯᠠᠭ᠎ᠠ᠎ᠶᠢ ᠠᠬᠢᠭᠤᠯᠬᠤ᠂ ᠰᠢᠨ᠎ᠡ᠎ᠶᠢ ᠡᠭᠦᠳᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ᠎ᠳᠦ ᠢᠳᠡᠪᠬᠢᠲᠡᠢ ᠦᠢᠯᠡᠳᠦᠯ ᠦᠵᠡᠭᠦᠯᠵᠡᠢ᠂ ᠭᠡᠪᠡᠴᠦ ᠡᠨᠡ ᠲᠠᠯ᠎ᠠ᠎ᠪᠠᠷ ᠮᠥᠨ ᠬᠦ᠌ ᠴᠥᠭᠡᠨ ᠪᠤᠰᠤ ᠠᠰᠠᠭᠤᠳᠠᠯ ᠣᠷᠣᠰᠢᠵᠤ ᠪᠠᠢᠨ᠎ᠠ᠂ 《ᠳᠥᠷᠪᠡ᠎ᠶᠢ ᠬᠦᠭᠡᠭᠡᠴᠡᠯᠳᠦᠬᠦ》 ᠵᠢ ᠡᠪᠳᠡᠬᠦ᠎ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠨᠡᠯᠡᠯᠲᠡ᠎ᠶᠢᠨ ᠳᠣᠬᠢᠭᠤᠷ᠎ᠤᠨ ᠦᠢᠯᠡᠳᠦᠯ᠎ᠢ ᠪᠦᠲᠦᠮᠵᠢᠲᠡᠶ ᠪᠠᠳᠠᠷᠠᠭᠤᠯᠬᠤ ᠬᠡᠷᠡᠭᠲᠡᠢ᠃
ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠨᠡᠯᠡᠯᠲᠡ᠎ᠶᠢᠨ ᠭᠣᠣᠯᠳᠠᠯᠭ᠎ᠠ ᠨᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠵᠢᠮ᠎ᠡ ᠶᠣᠰᠣ᠌᠎ᠪᠠᠷ ᠠᠵᠢᠯᠯᠠᠬᠤ᠎ᠳᠤ ᠪᠤᠢ᠃ ᠲᠦᠷᠦᠯ ᠵᠦᠢᠯ᠎ᠢ ᠬᠢᠨᠠᠨ ᠲᠣᠭᠲᠠᠭᠠᠬᠤ᠂ ᠪᠠᠢᠭᠤᠯᠤᠮᠵᠢ᠎ᠶᠢ ᠦᠨᠡᠯᠡᠨ ᠵᠢᠱ᠌ᠢᠬᠦ᠂ ᠴᠢᠳᠠᠪᠤᠷᠢᠲᠠᠨ᠎ᠢ ᠦᠨᠡᠯᠡᠬᠦ᠎ᠳᠦ ᠴᠥᠮ ᠰᠢᠨ᠎ᠡ᠎ᠶᠢ ᠡᠭᠦᠳᠬᠦ ᠴᠢᠳᠠᠪᠤᠷᠢ᠂ ᠶᠠᠰᠤ ᠴᠢᠨᠠᠷ᠂ ᠪᠣᠳᠠᠲᠤ ᠦᠷ᠎ᠡ ᠪᠦᠲᠦᠮᠵᠢ᠂ ᠬᠤᠪᠢ ᠨᠡᠮᠡᠷᠢ ᠪᠡᠷ ᠤᠳᠤᠷᠢᠳᠤᠮᠵᠢ ᠪᠤᠯᠭᠠᠬᠤ᠎ᠶᠢ ᠴᠢᠩᠭᠠᠳᠬᠠᠵᠤ᠂ ᠠᠳᠠᠯᠢ ᠪᠤᠰᠤ ᠲᠥᠷᠥᠯ ᠢᠯᠭᠠᠯ᠎ᠤᠨ ᠵᠥᠷᠢᠶᠡᠲᠦ ᠴᠢᠨᠠᠷ᠎ᠢ ᠢᠯᠡᠷᠡᠭᠦᠯᠵᠦ᠂ ᠦᠨᠡᠯᠡᠯᠳᠡ᠎ᠶᠢᠨ ᠭᠦᠢᠴᠡᠳᠬᠡᠯ ᠲᠣᠭ᠎ᠠ᠎ᠶᠢᠨ ᠡᠵᠡᠯᠡᠬᠦ ᠬᠠᠷᠢᠴᠠᠯ᠎ᠢ ᠪᠠᠯᠠᠷᠬᠠᠢ ᠪᠠᠢᠯᠭᠠᠵᠤ ᠪᠤᠯᠬᠤ ᠦᠭᠡᠢ᠂ ᠢᠯᠠᠩᠭᠤᠶ᠎ᠠ ᠡᠬᠢ ᠠᠳᠠᠭ ᠨᠢ ᠲᠣᠩᠭᠣᠷᠠᠭᠤᠯᠵᠤ ᠪᠣᠯᠬᠤ ᠦᠭᠡᠢ᠂ 《ᠨᠢᠭᠡ ᠯᠡ ᠠᠳᠠᠯᠢ᠎ᠪᠠᠷ ᠱᠠᠭᠠᠷᠳᠠᠵᠤ》᠂ 《ᠡᠭᠡᠭᠡ ᠠᠳᠠᠯᠢ᠎ᠪᠠᠷ ᠬᠠᠨᠳᠤᠵᠤ》 ᠪᠣᠯᠬᠤ ᠦᠭᠡᠢ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ᠎ᠦᠨ ᠡᠲᠡᠭᠡᠳ᠎ᠦᠨ 《ᠢᠷᠠᠭᠤ ᠠᠯᠳᠠᠷ᠎ᠢ ᠯᠡ ᠬᠦᠭᠡᠭᠡᠴᠡᠯᠳᠦᠬᠦ》 ᠵᠢ ᠴᠡᠭᠴᠡᠯᠡᠨ ᠵᠠᠰᠠᠬᠤ ᠵᠢ ᠦᠷᠭᠦᠯᠵᠢᠯᠡᠨ ᠭᠦᠨᠵᠡᠭᠡᠢᠷᠡᠭᠦᠯᠵᠦ᠂ ᠳᠥᠭᠥᠮᠬᠡᠨ᠎ᠢᠶᠡᠷ ᠴᠣᠯᠠ ᠬᠡᠷᠬᠡᠮᠢ ᠯᠡ ᠦᠵᠡᠵᠦ ᠴᠠᠯᠢᠩ ᠣᠯᠭᠣᠮᠵᠢ᠎ᠶᠢ ᠲᠣᠭᠲᠠᠭᠠᠬᠤ ᠪᠠ ᠰᠢᠨ᠎ᠡ᠎ᠶᠢ ᠡᠭᠦᠳᠬᠦ ᠡᠬᠢ ᠪᠠᠶᠠᠯᠢᠭ᠋᠎ᠢ ᠲᠣᠬᠢᠷᠠᠭᠤᠯᠬᠤ ᠡᠴᠡ ᠰᠡᠷᠭᠡᠢᠯᠡᠬᠦ ᠬᠡᠷᠡᠭᠲᠡᠢ᠃ ᠰᠢᠨᠵᠢᠯᠡᠬᠦ ᠤᠬᠠᠭᠠᠨᠲᠠᠨ᠎ᠤ ᠵᠣᠷᠢᠭ᠋ ᠰᠠᠨᠠᠭ᠎ᠠ᠎ᠶᠢ ᠶᠡᠬᠡᠪᠡᠷ ᠪᠠᠳᠠᠷᠠᠭᠤᠯᠵᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠦᠨᠡᠨᠴᠢ ᠢᠲᠡᠭᠡᠮᠵᠢ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠨᠡᠩ ᠴᠢᠩᠭ᠎ᠠ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠤᠪᠤᠷ ᠰᠤᠷᠲᠠᠯ ᠡᠷᠳᠡᠮ ᠰᠢᠨᠵᠢᠯᠡᠭᠡᠨ᠎ᠦ ᠰᠤᠷᠲᠠᠯ᠎ᠤᠨ ᠲᠣᠪᠣᠢᠮ᠎ᠠ ᠠᠰᠠᠭᠤᠳᠠᠯ᠎ᠢ ᠴᠡᠭᠴᠡᠯᠡᠨ ᠵᠠᠰᠠᠵᠤ᠂ ᠡᠷᠳᠡᠮ ᠰᠢᠨᠵᠢᠯᠡᠭᠡᠨ᠎ᠦ ᠲᠥᠪ ᠪᠤᠰᠤ ᠠᠵᠢᠯᠯᠠᠭ᠎ᠠ᠎ᠶᠢ ᠴᠢᠩᠭ᠎ᠠ ᠵᠠᠯᠬᠠᠭᠠᠨ ᠰᠢᠢᠳᠬᠡᠵᠦ᠂ ᠰᠤᠷᠲᠠᠯ ᠴᠢᠬᠡᠴᠢ ᠣᠪᠣᠷ ᠲᠥᠪ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠮᠢ ᠠᠬᠤᠢ᠎ᠶᠢ ᠪᠤᠢ ᠪᠣᠯᠭᠠᠬᠤ ᠬᠡᠷᠡᠭᠲᠡᠢ᠃
ᠵᠢᠷᠭᠤᠳᠤᠭᠠᠷ᠎ᠲᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠡᠰᠢ ᠶᠣᠰᠣ᠌ ᠪᠠ ᠠᠮᠤᠷ ᠲᠦᠪᠰᠢᠨ᠎ᠦ ᠵᠠᠰᠠᠯᠲᠠ᠎ᠶᠢ ᠴᠢᠩᠭᠠᠳᠬᠠᠨ᠎ᠠ᠃ ᠵᠣᠬᠢᠶᠠᠮᠠᠯ ᠣᠶᠤᠨ ᠴᠢᠳᠠᠪᠤᠷᠢ ᠵᠡᠷᠭᠡ ᠬᠣᠰᠢᠭᠤᠷᠠᠯ ᠮᠡᠷᠭᠡᠵᠢᠯ᠎ᠢ ᠳᠡᠰ ᠳᠡᠪᠰᠢᠬᠦᠯᠦᠨ ᠬᠡᠷᠡᠭᠯᠡᠬᠦ ᠨᠢ ᠳᠦᠷᠭᠡᠳᠴᠦ᠂ 《ᠬᠣᠣᠰ ᠢᠷᠲᠦ ᠰᠡᠯᠡᠮ᠎ᠡ》 ᠶ᠋ᠢᠨ ᠨᠦᠯᠦᠭᠡᠯᠡᠯ ᠡᠳᠦᠷ ᠢᠷᠡᠬᠦᠶ᠎ᠡ ᠢᠯᠡᠷᠡᠵᠦ ᠪᠠᠢᠨ᠎ᠠ᠃ ᠬᠥᠭᠵᠢᠯᠲᠡ ᠪᠣᠯᠣᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠮᠡᠷᠭᠡᠵᠢᠯ ᠰᠢᠨ᠎ᠡ ᠬᠡᠷᠡᠭᠯᠡᠭᠡᠨ᠎ᠦ ᠬᠥᠭᠵᠢᠯᠲᠡ᠎ᠶᠢᠨ ᠪᠠᠢᠳᠠᠯ᠎ᠢ ᠨᠢᠭ᠍ᠲᠠ ᠮᠥᠷᠳᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠵᠠᠰᠠᠯᠲᠠ᠎ᠶᠢᠨ ᠰᠢᠰᠲᠧᠮ ᠪᠣᠯᠣᠨ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠥᠭᠡᠳᠡᠷᠬᠡᠭ ᠴᠠᠢᠯᠭᠠᠨ᠂ ᠠᠮᠤᠷ ᠲᠦᠪᠰᠢᠨ ᠡᠵᠡᠮᠳᠡᠵᠦ ᠪᠣᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ᠎ᠶᠢ ᠠᠬᠢᠭᠤᠯᠬᠤ ᠬᠡᠷᠡᠭᠲᠡᠢ᠃
ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠡᠰᠢ ᠶᠣᠰᠣ᠌ ᠪᠠ ᠠᠮᠤᠷ ᠲᠦᠪᠰᠢᠨ᠎ᠦ ᠵᠠᠰᠠᠯᠲᠠ᠎ᠶᠢ ᠴᠢᠩᠭᠠᠳᠬᠠᠬᠤ᠎ᠶᠢᠨ ᠭᠣᠣᠯᠳᠠᠯᠭ᠎ᠠ ᠨᠢ ᠲᠦᠷᠦ᠎ᠶᠢᠨ ᠪᠣᠳᠣᠯᠭ᠎ᠠ ᠳᠦᠷᠢᠮ ᠲᠤᠭᠳᠠᠭᠠᠯ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠵᠠᠰᠠᠯᠲᠠ᠎ᠶᠢᠨ ᠵᠢᠷᠤᠮᠵᠢᠯ᠎ᠢ ᠲᠡᠭᠦᠯᠳᠡᠷᠵᠢᠭᠦᠯᠵᠦ᠂ ᠤᠯᠠᠨ ᠲᠠᠯ᠎ᠠ᠎ᠶᠢᠨ ᠬᠢᠨ ᠣᠷᠣᠯᠴᠠᠬᠤ᠂ ᠬᠠᠮᠵᠢᠯᠴᠠᠨ ᠬᠠᠮᠲᠤ᠎ᠪᠠᠷ ᠵᠠᠰᠠᠬᠤ ᠪᠠᠢᠭᠤᠯᠤᠯ ᠲᠣᠭᠲᠠᠴᠠ᠎ᠶᠢ ᠪᠦᠷᠢᠨᠰᠢᠭᠦᠯᠬᠦ᠎ᠳᠦ ᠪᠠᠢᠨ᠎ᠠ᠃ ᠵᠣᠬᠢᠶᠠᠮᠠᠯ ᠤᠶᠤᠨ ᠴᠢᠳᠠᠪᠤᠷᠢ᠂ ᠠᠮᠢ ᠨᠠᠰᠤᠨ᠎ᠤ ᠰᠢᠨᠵᠢᠯᠡᠬᠦ ᠤᠬᠠᠭᠠᠨ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠦ ᠴᠢᠭᠯᠡᠭᠦᠯᠦᠨ᠂ ᠡᠰᠢ ᠶᠣᠰᠣᠨ᠎ᠤ ᠪᠠᠷᠢᠮᠵᠢᠶ᠎ᠠ ᠪᠣᠯᠣᠨ ᠵᠢᠯᠣᠭᠣᠳᠤᠯᠭ᠎ᠠ᠎ᠵᠢ ᠲᠣᠳᠣᠷᠬᠠᠢᠯᠠᠵᠤ᠂ ᠳᠦᠷᠢᠮ᠎ᠦᠨ ᠮᠥᠷᠭᠥᠯᠳᠦᠭᠡᠨ ᠪᠣᠯᠣᠨ ᠶᠣᠰᠣ᠌ ᠰᠤᠷᠲᠠᠬᠤᠨ᠎ᠤ ᠥᠷᠢᠰᠦᠯᠳᠦᠭᠡᠨ᠎ᠢ ᠪᠦᠲᠦᠮᠵᠢᠲᠡᠢ ᠠᠷᠭᠠᠴᠠᠭᠠᠬᠤ ᠬᠡᠷᠡᠭᠲᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠰᠤᠳᠤᠯᠤᠨ ᠮᠠᠭᠠᠳᠯᠠᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠢᠳᠠᠯ᠎ᠢ ᠠᠷᠭᠠᠴᠠᠭᠠᠬᠤ᠎ᠶᠢ ᠴᠢᠩᠭᠠᠳᠬᠠᠵᠤ᠂ ᠳᠡᠭᠡᠳᠦ ᠮᠡᠷᠭᠡᠵᠢᠯ᠎ᠦᠨ ᠰᠤᠳᠤᠯᠤᠨ ᠨᠡᠭᠡᠭᠡᠬᠦ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠵᠠᠩᠭᠢᠯᠠᠭ᠎ᠠ᠎ᠶᠢᠨ ᠬᠡᠰᠡᠭ ᠪᠠ ᠲᠥᠬᠦᠭᠡᠷᠦᠮᠵᠢ᠎ᠶᠢᠨ ᠠᠮᠤᠷ ᠲᠦᠪᠰᠢᠨ᠎ᠦ ᠰᠡᠷᠭᠡᠢᠯᠡᠨ ᠬᠠᠮᠠᠭᠠᠯᠠᠬᠤ ᠴᠢᠳᠠᠪᠤᠷᠢ᠎ᠶᠢ ᠳᠡᠭᠡᠭᠰᠢᠯᠡᠭᠦᠯᠬᠦ ᠬᠡᠷᠡᠭᠲᠡᠢ᠃ ᠪᠦᠬᠦ ᠪᠥᠮᠪᠥᠷᠴᠡᠭ᠎ᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠵᠠᠰᠠᠯᠲᠠ᠎ᠳᠤ ᠭᠦᠨᠵᠡᠭᠡᠢ ᠣᠷᠣᠯᠴᠠᠵᠤ᠂ ᠳᠤᠮᠳᠠᠳᠤ ᠤᠯᠤᠰ᠎ᠤᠨ ᠵᠣᠷᠢᠯᠲᠠ ᠪᠣᠯᠣᠨ ᠳᠤᠮᠳᠠᠳᠤ ᠤᠯᠤᠰ᠎ᠤᠨ ᠲᠥᠰᠥᠯ᠎ᠢ ᠥᠷᠭᠡᠨ᠎ᠢᠶᠡᠷ ᠤᠬᠠᠭᠤᠯᠤᠨ ᠲᠠᠨᠢᠯᠴᠠᠭᠤᠯᠵᠤ᠂ ᠤᠯᠠᠨ ᠤᠯᠤᠰ᠎ᠤᠨ ᠳᠦᠷᠢᠮ᠎ᠢ ᠲᠣᠭᠲᠠᠭᠠᠬᠤ ᠦᠭᠡ ᠬᠡᠯᠡᠬᠦ ᠡᠷᠬᠡ ᠪᠣᠯᠣᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠬᠦ ᠬᠡᠷᠡᠭᠲᠡᠢ᠃
ᠠᠺᠠᠳᠧᠮᠢᠴᠢ ᠨᠠᠷ᠂ ᠨᠥᠬᠥᠳ ᠡ᠂ ᠨᠠᠢᠵᠠ ᠨᠠᠷ ᠡ !
ᠮᠠᠨ᠎ᠤ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠢᠯᠡᠰ᠎ᠦᠨ ᠴᠡᠴᠡᠭᠯᠡᠯ ᠬᠦᠭᠵᠢᠯ᠎ᠢ ᠠᠬᠢᠭᠤᠯᠬᠤ᠎ᠳᠤ ᠪᠦᠬᠦ ᠨᠠᠮ ᠪᠦᠬᠦ ᠨᠡᠢᠭᠡᠮ᠎ᠦᠨ ᠬᠠᠮᠲᠤ᠎ᠶᠢᠨ ᠴᠢᠷᠮᠠᠢᠯᠭ᠎ᠠ ᠱᠠᠭᠠᠷᠳᠠᠭᠳᠠᠨ᠎ᠠ᠃ ᠨᠠᠮ᠎ᠤᠨ ᠲᠥᠪ ᠬᠤᠷᠢᠶ᠎ᠠ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠵᠢᠯ᠎ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠡᠯ᠎ᠡ ᠲᠠᠯ᠎ᠠ᠎ᠶᠢᠨ ᠬᠢᠨᠢ ᠥᠷᠭᠡᠨ᠎ᠢᠶᠡᠷ ᠲᠠᠢ᠍ᠢᠴᠢᠯᠠᠨ ᠣᠷᠣᠯᠴᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠬᠤ ᠬᠡᠷᠡᠭᠲᠡᠢ᠃ ᠡᠳᠡᠭᠡᠷ ᠵᠢᠯ᠎ᠦᠳ᠎ᠲᠦ ᠬᠣᠶᠠᠷ ᠬᠦᠷᠢᠶᠡᠯᠡᠩ᠎ᠦᠨ ᠠᠺᠠᠳᠧᠮᠢᠴᠢ᠎ᠶᠢᠨ ᠶᠡᠬᠡ ᠬᠤᠷᠠᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠨᠡᠢᠭᠡᠮᠯᠢᠭ᠎ᠦᠨ ᠪᠦᠬᠦ ᠤᠯᠤᠰ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠳᠤ ᠪᠢ ᠣᠷᠣᠯᠴᠠᠬᠤ᠎ᠶᠢᠨ ᠬᠠᠮᠲᠤ ᠶᠠᠷᠢᠶ᠎ᠠ ᠲᠠᠯᠪᠢᠵᠤ ᠪᠠᠢᠭ᠎ᠠ᠎ᠶᠢᠨ ᠵᠣᠷᠢᠯᠭ᠎ᠠ ᠨᠢ ᠪᠦᠬᠦ ᠨᠠᠮ ᠪᠦᠬᠦ ᠨᠡᠢᠭᠡᠮ᠎ᠢᠶᠡᠷ᠎ᠢᠶᠡᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠥᠭᠵᠢᠯᠲᠡ᠎ᠶᠢ ᠳᠡᠮᠵᠢᠬᠦ᠂ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠵᠢ ᠳᠠᠢ᠍ᠢᠴᠢᠯᠠᠬᠤᠶᠢᠨ ᠲᠥᠯᠥᠭᠡ ᠶᠤᠮ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠢᠯ᠎ᠢ ᠡᠳᠦᠷ ᠲᠤᠳᠤᠮ᠎ᠤᠨ ᠴᠢᠬᠤᠯᠠ ᠵᠥᠪᠯᠡᠬᠦ ᠵᠦᠢᠯ᠎ᠳᠡᠭᠡᠨ ᠣᠷᠣᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠤᠳᠠᠭᠠᠨ ᠳᠠᠭᠠᠭᠠᠮᠠᠭᠠᠢ ᠵᠢᠳᠬᠦᠵᠦ᠂ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠭᠠᠷᠭᠠᠬᠤ ᠬᠡᠷᠡᠭᠲᠡᠢ᠃
ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ ᠨᠢ ᠮᠠᠨ᠎ᠤ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠡᠲᠡᠭᠡᠳ ᠪᠠ ᠢᠨᠵᠧᠨᠧᠷᠢᠩ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠡᠲᠡᠭᠡᠳ᠎ᠦᠨ ᠬᠠᠮᠤᠭ᠎ᠤᠨ ᠳᠡᠭᠡᠳᠦ ᠡᠷᠳᠡᠮ ᠰᠢᠨᠵᠢᠯᠡᠭᠡᠨ᠎ᠦ ᠪᠠᠢᠭᠤᠯᠤᠮᠵᠢ ᠪᠣᠯᠤᠭᠰᠠᠨ᠎ᠤ ᠬᠤᠪᠢ᠎ᠳᠤ᠂ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠦᠴᠦᠨ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠵᠡᠯ ᠰᠠᠨᠠᠭᠠᠨ᠎ᠤ ᠬᠥᠮᠥᠷᠭᠡ᠎ᠶᠢᠨ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠵᠦ᠂ ᠪᠦᠬᠦ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠡᠲᠡᠭᠡᠳ᠎ᠲᠠᠢ ᠪᠦᠯᠬᠦᠮᠳᠡᠨ ᠰᠢᠨ᠎ᠡ ᠨᠢᠭᠡᠨ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ᠎ᠤᠨ ᠴᠢᠭᠯᠡᠯ᠎ᠢ ᠡᠵᠡᠮᠳᠡᠵᠦ᠂ ᠳᠡᠯᠡᠬᠡᠢ᠎ᠶᠢᠨ ᠰᠢᠨᠵᠢᠯᠡᠬᠦ ᠤᠬᠠᠭᠠᠨ᠎ᠤ ᠨᠣᠶᠠᠨ ᠤᠷᠬᠢᠯ᠎ᠳᠤ ᠵᠣᠷᠢᠭ᠍ᠲᠠᠢ᠎ᠪᠠᠷ ᠠᠪᠠᠷᠢᠬᠤ ᠬᠡᠷᠡᠭᠲᠡᠢ᠃
ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠨᠡᠢᠭᠡᠮᠯᠢᠭ ᠨᠢ ᠨᠠᠮ ᠪᠠ ᠵᠠᠰᠠᠭ᠎ᠤᠨ ᠣᠷᠳᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠨ᠎ᠲᠠᠢ ᠬᠠᠷᠢᠯᠴᠠᠬᠤ ᠬᠥᠭᠥᠷᠭᠡ ᠪᠠ ᠬᠣᠯᠪᠣᠭᠠᠰᠤ ᠮᠥᠨ᠂ ᠬᠠᠢᠨ ᠰᠦᠪᠡᠭᠴᠢᠯᠡᠵᠦ ᠰᠢᠨ᠎ᠡ᠎ᠶᠢ ᠡᠭᠦᠳᠬᠦ᠎ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠳ᠎ᠲᠤ ᠪᠦᠬᠦ ᠰᠡᠳᠬᠢᠯ ᠪᠦᠬᠦ ᠴᠢᠳᠠᠯ᠎ᠢᠶᠠᠷ᠎ᠢᠶᠠᠨ ᠦᠢᠯᠡᠴᠢᠯᠡᠵᠦ᠂ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ ᠬᠥᠭᠵᠢᠯᠲᠡ᠎ᠳᠤ ᠦᠢᠯᠡᠴᠢᠯᠡᠵᠦ᠂ ᠪᠦᠬᠦ ᠠᠷᠠᠳ᠎ᠤᠨ ᠰᠢᠨᠵᠢᠯᠡᠬᠦ ᠤᠬᠠᠭᠠᠨ᠎ᠤ ᠬᠡᠪ ᠴᠢᠨᠠᠷ᠎ᠢ ᠳᠡᠭᠡᠭᠰᠢᠯᠡᠭᠦᠯᠬᠦ᠎ᠳᠦ ᠦᠢᠯᠡᠴᠢᠯᠡᠵᠦ᠂ ᠨᠠᠮ ᠪᠠ ᠵᠠᠰᠠᠭ᠎ᠤᠨ ᠣᠷᠳᠣᠨ᠎ᠤ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠦᠢᠯᠡᠴᠢᠯᠡᠬᠦ ᠬᠡᠷᠡᠭᠲᠡᠢ᠃
ᠬᠣᠶᠠᠷ ᠬᠦᠷᠢᠶᠡᠯᠡᠩ᠎ᠦᠨ ᠠᠺᠠᠳ᠋ᠸᠮᠢᠴᠢᠳ ᠪᠣᠯ ᠨᠠᠮ ᠪᠠ ᠠᠷᠠᠳ ᠲᠦᠮᠡᠨ᠎ᠦ ᠣᠮᠣᠭ᠍ᠰᠢᠯ ᠮᠥᠨ᠂ ᠤᠯᠠᠨ᠎ᠢᠶᠡᠷ᠎ᠢᠶᠡᠨ ᠢᠷᠠᠭᠤ ᠠᠯᠳᠠᠷ᠎ᠢᠶᠠᠨ ᠨᠠᠨᠳᠢᠩᠨᠠᠨ᠂ ᠴᠥᠬᠥᠷᠡᠰᠢ ᠦᠭᠡᠢ ᠲᠡᠮᠡᠴᠡᠵᠦ᠍᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠣᠰᠢᠭᠤᠷᠠᠯ᠎ᠢ ᠨᠡᠭᠡᠭᠡᠬᠦ᠌᠂ ᠴᠢᠬᠤᠯᠠ ᠶᠡᠬᠡ ᠡᠭᠦᠷᠭᠡ᠎ᠶᠢ ᠡᠭᠦᠷᠭᠡᠯᠡᠬᠦ᠌᠂ ᠵᠠᠯᠠᠭᠤ ᠴᠢᠳᠠᠪᠤᠷᠢᠲᠠᠨ᠎ᠢ ᠬᠥᠮᠦᠵᠢᠭᠦᠯᠬᠦ᠌᠂ ᠰᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ᠎ᠶᠢ ᠦᠢᠯᠡᠳᠦᠯᠭᠡᠵᠢᠭᠦᠯᠬᠦ᠌ ᠲᠠᠯ᠎ᠠ᠎ᠪᠠᠷ ᠵᠢᠱ᠌ᠢᠢ᠎ᠡ ᠦᠵᠡᠭᠦᠯᠵᠦ᠍ ᠬᠦᠲᠦᠯᠦᠨ ᠳᠠᠭᠠᠭᠤᠯᠬᠤ ᠦᠢᠯᠡᠳᠦᠯ᠎ᠢᠶᠡᠨ ᠪᠠᠳᠠᠷᠠᠭᠤᠯᠬᠤ᠎ᠶᠢ ᠬᠦᠰᠡᠵᠦ᠍ ᠪᠠᠶ᠋ᠢᠨ᠎ᠠ᠃ ᠥᠷᠭᠡᠨ ᠤᠯᠠᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠳᠠᠨ ᠪᠤᠯ ᠨᠡᠢᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠴᠢᠬᠤᠯᠠ ᠬᠦᠴᠦᠨ ᠮᠥᠨ᠂ ᠤᠯᠠᠨ᠎ᠢᠶᠡᠷ᠎ᠢᠶᠡᠨ ᠤᠯᠤᠰ ᠣᠷᠣᠨ᠎ᠳᠤ ᠦᠢᠯᠡᠴᠢᠯᠡᠬᠦ᠌᠂ ᠠᠷᠠᠳ ᠲᠦᠮᠡᠨ᠎ᠳᠦ ᠪᠤᠶᠠᠨ ᠦᠢᠯᠡᠳᠬᠦ᠌ ᠰᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠴᠦᠷᠬᠡᠭ ᠤᠯᠤᠰ᠎ᠢ ᠪᠦᠳᠦᠭᠡᠨ ᠪᠠᠶ᠋ᠢᠭᠤᠯᠬᠤ᠎ᠳᠤ ᠢᠯᠡᠭᠦᠬᠡᠨ ᠰᠢᠨ᠎ᠡ ᠭᠠᠪᠢᠶ᠎ᠠ ᠪᠠᠶ᠋ᠢᠭᠤᠯᠬᠤ᠎ᠶᠢ ᠬᠦᠰᠡᠵᠦ᠍ ᠪᠠᠶ᠋ᠢᠨ᠎ᠠ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 7 ᠰᠠᠷ᠎ᠠ᠎ᠶᠢᠨ 8᠎ᠤ᠋ ᠴᠠᠬᠢᠯᠭᠠᠨ ᠮᠡᠳᠡᠭᠡ)