ᠲᠤᠰᠢᠶᠠᠯ᠎ᠳᠤ ᠲᠣᠮᠢᠯᠠᠬᠤ᠎ᠪᠠᠷ ᠪᠠᠶ᠋ᠢᠭ᠎ᠠ ᠺᠠᠳ᠋ᠷ᠎ᠢ ᠢᠯᠡ ᠨᠡᠶ᠋ᠢᠲᠡᠯᠡᠬᠦ᠌ ᠲᠤᠬᠠᠢ ᠠᠯᠪᠠᠨ ᠵᠠᠷᠯᠠᠯ
2026-07-10 09:48:35
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠰᠤᠳᠤᠯᠬᠤ᠎ᠪᠠᠷ ᠳᠠᠮᠵᠢᠨ᠂ ᠳᠣᠣᠷᠠᠬᠢ ᠳᠡᠪᠰᠢᠭᠦᠯᠬᠦ᠌ ᠪᠡᠷ ᠪᠠᠢᠭ᠎ᠠ ᠪᠠ ᠤᠯᠠᠮ ᠨᠢᠭᠡ ᠠᠯᠬᠤᠮ ᠬᠡᠷᠡᠭᠯᠡᠬᠦ᠌᠎ᠪᠡᠷ ᠪᠠᠶ᠋ᠢᠭ᠎ᠠ 3 ᠺᠠᠳ᠋ᠷ᠎ᠢ ᠢᠯᠡ ᠨᠡᠶ᠋ᠢᠲᠡᠯᠡᠬᠦ᠌᠎ᠪᠡᠷ ᠲᠣᠭᠲᠠᠪᠠ᠃

ᠨᠢᠭᠡ᠂ ᠵᠠᠷᠯᠠᠨ ᠨᠡᠶ᠋ᠢᠲᠡᠯᠡᠬᠦ᠌ ᠨᠡᠷᠡᠰ

ᠵᠠᠩ ᠱᠧᠩ᠂ ᠡᠷᠡᠭᠲᠡᠢ᠂ ᠬᠢᠲᠠᠳ ᠦᠨᠳᠦᠰᠦᠲᠡᠨ᠂ 1970 ᠣᠨ᠎ᠤ 7 ᠰᠠᠷ᠎ᠠ᠎ᠳᠤ ᠲᠦᠷᠦᠵᠠᠢ᠂ ᠶᠡᠬᠡ ᠰᠤᠷᠭᠠᠭᠤᠯᠢ ᠵᠢᠨ ᠰᠤᠷᠤᠯᠭ᠎ᠠ ᠵᠢᠨ ᠨᠠᠮᠳᠠᠷ ᠲᠠᠢ᠂ ᠠᠵᠤ ᠠᠬᠤᠢ᠎ᠶᠢᠨ ᠤᠬᠠᠭᠠᠨ᠎ᠤ ᠮᠠᠰᠲ᠋ᠧᠷ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠭᠡᠰᠢᠭᠦᠨ᠂ ᠤᠳᠤ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠎ᠦᠨ ᠨᠠᠮ᠎ᠤᠨ ᠬᠤᠷᠢᠶ᠎ᠠ ᠵᠢᠨ ᠭᠡᠰᠢᠭᠦᠨ᠂ ᠳᠡᠳ᠋ ᠲᠢᠩᠬᠢᠮ᠎ᠦᠨ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠵᠦ᠍ ᠪᠤᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠪᠠᠶ᠋ᠢᠭᠤᠯᠭ᠎ᠠ᠎ᠶᠢᠨ ᠳᠣᠲᠣᠭᠠᠳᠤ ᠪᠠᠶ᠋ᠢᠭᠤᠯᠤᠮᠵᠢ᠎ᠶᠢᠨ ᠵᠢᠩᠬᠢᠨᠢ ᠲᠤᠰᠢᠶᠠᠯ᠎ᠤᠨ ᠵᠢᠱ᠌ᠢᠭᠳᠡᠭᠴᠢ᠎ᠪᠡᠷ ᠨᠡᠷ᠎ᠡ ᠳᠤᠷᠠᠳᠬᠤ᠎ᠪᠠᠷ ᠪᠤᠢ;

ᠯᠢ ᠭᠦᠸᠧ ᠬᠣᠩ᠂ ᠡᠮᠡᠭᠲᠡᠶ᠂ ᠬᠢᠲᠠᠳ ᠦᠨᠳᠦᠰᠦᠲᠡᠨ᠂ 1974 ᠣᠨ᠎ᠤ 12 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ ᠵᠢᠨ ᠰᠤᠷᠤᠯᠭ᠎ᠠ ᠵᠢᠨ ᠨᠠᠮᠳᠠᠷ ᠲᠠᠢ᠂ ᠲᠠᠷᠢᠶᠠᠯᠠᠩ᠎ᠤᠨ ᠰᠤᠳᠤᠯᠤᠯ᠎ᠤᠨ ᠪᠠᠴᠸᠯᠧᠷ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠭᠡᠰᠢᠭᠦᠨ᠂ ᠣᠲᠣ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠦᠨ ᠥᠪᠥᠷ ᠮᠣᠩᠭᠣᠯ᠎ᠤᠨ ᠰᠦᠯᠵᠢᠶᠡᠨ᠎ᠦ ᠬᠢᠵᠠᠭᠠᠷᠲᠤ᠌ ᠺᠣᠮᠫᠠᠨᠢ᠎ᠶᠢᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠶᠡᠷᠦᠩᠬᠡᠶ ᠳᠠᠭᠠᠭᠠᠮᠠᠯ᠂ ᠬᠡᠷᠡᠭ ᠮᠡᠳᠡᠭᠴᠢ᠎ᠶᠢᠨ ᠲᠤᠰᠢᠶᠠᠯ᠎ᠢ ᠡᠭᠦᠷᠭᠡᠯᠡᠵᠦ᠍ ᠪᠣᠶ᠂ ᠥᠪᠡᠷᠲᠡᠭᠡᠨ ᠵᠠᠰᠠᠬᠤ ᠣᠷᠣᠨ᠎ᠤ ᠣᠯᠠᠨ ᠲᠦᠮᠡᠨ᠎ᠦ ᠪᠦᠯᠬᠦᠮ᠎ᠦᠨ ᠪᠠᠶ᠋ᠢᠭᠤᠯᠭ᠎ᠠ᠎ᠶᠢᠨ ᠵᠢᠩᠬᠢᠨᠢ ᠲᠤᠰᠢᠶᠠᠯ᠎ᠤᠨ  ᠵᠢᠱ᠌ᠢᠭᠳᠡᠭᠴᠢ ᠎ᠪᠡᠷ ᠨᠡᠷ᠎ᠡ ᠳᠤᠷᠠᠳᠬᠤ᠎ᠪᠠᠷ ᠪᠣᠶ;

ᠨᠢᠶᠸ ᠶᠦᠩ ᠱᠧᠩ᠂ ᠡᠷᠡᠭᠲᠡᠢ᠂ ᠬᠢᠲᠠᠳ ᠦᠨᠳᠦᠰᠦᠲᠡᠨ᠂ 1973 ᠣᠨ᠎ᠤ 10 ᠰᠠᠷ᠎ᠠ᠎ᠳᠤ ᠲᠦᠷᠦᠵᠠᠢ᠂ ᠠᠵᠢᠯ᠎ᠤᠨ ᠪᠠᠶ᠋ᠢᠷᠢ ᠲᠡᠭᠡᠷ᠎ᠡ ᠪᠡᠨ ᠰᠤᠷᠤᠯᠴᠠᠭᠰᠠᠨ ᠶᠡᠬᠡ ᠰᠤᠷᠭᠠᠭᠤᠯᠢ ᠵᠢᠨ ᠰᠤᠷᠤᠯᠭ᠎ᠠ ᠵᠢᠨ ᠨᠠᠮᠳᠠᠷ ᠲᠠᠢ᠂ ᠨᠠᠮ ᠪᠦᠯᠦᠭ᠎ᠦᠨ ᠪᠤᠰᠤ ᠬᠥᠮᠦᠨ᠂ ᠤᠳᠤ ᠤᠷᠳᠤᠰ ᠬᠤᠳᠠ᠎ᠶᠢᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠵᠢᠨ ᠲᠡᠷᠢᠭᠦᠯᠡᠭᠴᠢ᠎ᠶᠢᠨ ᠲᠤᠰᠢᠶᠠᠯ᠎ᠢ ᠡᠭᠦᠷᠭᠡᠯᠡᠵᠦ᠍ ᠪᠤᠢ᠂ ᠠᠶ᠋ᠢᠮᠠᠭ ᠬᠤᠳᠠ᠎ᠶᠢᠨ ᠵᠠᠰᠠᠭ᠎ᠤᠨ ᠣᠷᠳᠣᠨ (ᠵᠠᠬᠢᠷᠭ᠎ᠠ) ᠤ᠋ ᠳᠡᠳ᠋ ᠲᠤᠰᠢᠶᠠᠯ᠎ᠤᠨ ᠵᠢᠱ᠌ᠢᠭᠳᠡᠭᠴᠢ᠎ᠪᠡᠷ ᠨᠡᠷ᠎ᠡ ᠳᠤᠷᠠᠳᠬᠤ᠎ᠪᠠᠷ ᠪᠤᠢ᠃

ᠬᠣᠶᠠᠷ᠂ ᠢᠯᠡ ᠨᠡᠶ᠋ᠢᠲᠡᠯᠡᠬᠦ᠌ ᠴᠠᠭ

2026 ᠣᠨ᠎ᠤ 7 ᠰᠠᠷ᠎ᠠ᠎ᠶᠢᠨ 10 ᠎ᠤ᠋ ᠡᠳᠦᠷ᠎ᠡᠴᠡ 2026 ᠣᠨ᠎ᠤ 7 ᠰᠠᠷ᠎ᠠ᠎ᠶᠢᠨ 16 ᠎ᠤ᠋ ᠡᠳᠦᠷ ᠪᠣᠯᠲᠠᠯ᠎ᠠ ᠢᠯᠡ ᠨᠡᠢᠲᠡᠯᠡᠨ᠎ᠡ᠃

ᠭᠤᠷᠪᠠ᠂ ᠬᠦᠯᠢᠶᠡᠨ ᠠᠪᠬᠤ ᠰᠢᠢᠳᠪᠦᠷᠢᠯᠡᠬᠦ ᠬᠡᠯᠪᠡᠷᠢ

ᠨᠢᠭᠡᠴᠢ ᠪᠠ ᠬᠤᠪᠢ ᠬᠥᠮᠦᠨ ᠤᠲᠠᠰᠤ᠂ ᠵᠠᠬᠢᠳᠠᠯ᠂ ᠰᠤᠷᠪᠤᠯᠵᠢᠯᠠᠯ ᠬᠢᠬᠦ᠂ ᠰᠦᠯᠵᠢᠶ᠎ᠡ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠳᠡᠭᠡᠷᠡᠬᠢ ᠢᠯᠡ ᠨᠡᠶ᠋ᠢᠲᠡᠯᠡᠭᠰᠡᠨ ᠬᠥᠮᠦᠰ᠎ᠦᠨ ᠬᠣᠯᠪᠣᠭᠳᠠᠯ ᠪᠥᠬᠥᠶ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ᠎ᠳᠤ ᠪᠠᠶ᠋ᠢᠴᠠᠭᠠᠯᠲᠠ ᠬᠢᠵᠦ ᠬᠢᠨᠠᠨ ᠲᠤᠲᠤᠯᠠᠬᠤ᠎ᠳᠤ ᠲᠥᠬᠥᠮ ᠪᠤᠯᠭᠠᠬᠤ ᠵᠢᠨ ᠲᠦᠯᠦᠭᠡ᠂ ᠠᠰᠠᠭᠤᠳᠠᠯ᠎ᠢ ᠲᠤᠰᠬᠠᠬᠤ᠎ᠳᠠᠭᠠᠨ ᠬᠣᠯᠪᠣᠭᠳᠠᠯ ᠪᠥᠬᠥᠶ ᠰᠦᠪᠡᠭᠴᠢ ᠵᠢᠴᠢ ᠲᠣᠰ ᠬᠥᠮᠦᠨ᠎ᠦ ᠪᠠᠨ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠪᠤᠶᠤ ᠠᠵᠢᠯᠯᠠᠵᠤ ᠪᠠᠢᠭ᠎ᠠ ᠪᠠᠢᠭᠤᠯᠭ᠎ᠠ ᠵᠡᠷᠭᠡ ᠮᠡᠳᠡᠭᠡ ᠵᠠᠩᠭᠢ᠎ᠪᠠᠨ ᠬᠠᠩᠭᠠᠭᠠᠷᠠᠶ᠂ ᠪᠢᠳᠡ ᠠᠵᠢᠯ᠎ᠤᠨ ᠰᠠᠬᠢᠯᠭ᠎ᠠ ᠪᠠᠲᠤ᠎ᠶᠢ ᠴᠢᠩᠭ᠎ᠠ ᠵᠢᠷᠤᠮᠯᠠᠨ᠂ ᠨᠢᠭᠤᠴᠠ᠎ᠶᠢ ᠬᠠᠮᠠᠭᠠᠯᠠᠬᠤ ᠡᠭᠦᠷᠭᠡ᠎ᠪᠡᠨ ᠭᠦᠢᠴᠡᠳᠬᠡᠵᠦ᠍᠂ ᠬᠢᠨᠠᠨ ᠲᠤᠳᠤᠯᠠᠭᠰᠠᠨ ᠪᠠᠶ᠋ᠢᠳᠠᠯ᠎ᠢᠶᠠᠨ ᠴᠠᠭ ᠲᠤᠬᠠᠶ᠎ᠳᠤᠨᠢ ᠬᠠᠷᠢᠭᠤ ᠲᠤᠰᠬᠠᠨ᠎ᠠ᠃

ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯᠯᠠᠬᠤ ᠡᠳᠦᠷ᠎ᠦᠨ ᠦᠳᠡ᠎ᠶᠢᠨ ᠡᠮᠦᠨᠡᠬᠢ 9᠄ 00 —12᠄ 00  ᠦᠳᠡ᠎ᠶᠢᠨ ᠬᠣᠶ᠋ᠢᠨ᠎ᠠ 13᠄ 30 — 17᠄ 00

ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ (0471) 12380

ᠵᠠᠬᠢᠳᠠᠯ᠎ᠢᠷᠡᠭᠦᠯᠬᠦ ᠬᠠᠶᠢᠭ᠄ ᠬᠥᠬᠡᠬᠣᠲᠠ᠎ᠶᠢᠨ ᠰᠠᠶ᠋ᠢᠬᠠᠨ ᠲᠣᠭᠣᠷᠢᠭ᠎ᠤᠨ ᠴᠡᠯᠡᠭᠡᠷ ᠲᠠᠯ᠎ᠠ ᠶᠡᠬᠡ ᠵᠡᠭᠡᠯᠢ᠎ᠶᠢᠨ 1 ᠳ᠋ᠤᠭᠡᠷ ᠨᠣᠮᠧᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠦᠨ ᠢᠯᠡᠴᠢᠯᠡᠨ ᠮᠡᠳᠡᠭᠦᠯᠬᠦ᠌ ᠲᠥᠪ (ᠰᠢᠤᠳᠠᠨ ᠨᠣᠮᠧᠷ᠄ 010098)

ᠢᠯᠡᠴᠢᠯᠡᠨ ᠮᠡᠳᠡᠭᠦᠯᠬᠦ᠌ ᠰᠦᠯᠵᠢᠶᠡᠨ᠎ᠦ ᠬᠠᠶᠢᠭ᠄ 12380.nmgdj.gov.cn

ᠡᠭᠦᠨ᠎ᠦ ᠲᠤᠯᠠ ᠣᠨᠴᠠᠭᠠᠶ᠋ᠢᠯᠠᠨ ᠵᠠᠷᠯᠠᠪᠠ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ  ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ

             2026 ᠣᠨ᠎ᠤ 7 ᠰᠠᠷ᠎ᠠ᠎ᠶᠢᠨ 9 ᠤ᠋ ᠡᠳᠦᠷ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号