ᠳᠤᠮᠳᠠᠳᠤ᠎ᠵᠢᠨ ᠦᠯᠢᠭᠡᠷ᠎ᠢ ᠬᠡᠷᠬᠢᠨ ᠰᠠᠢᠲᠤᠷ ᠶᠠᠷᠢᠬᠤ ᠪᠤᠢ
2026-07-10 10:27:06
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠮᠠ ᠯᠢ ᠶᠠ 2025 ᠣᠨ᠎ᠤ 12 ᠰᠠᠷ᠎ᠠ᠎ᠶᠢᠨ 16 ᠎ᠤ᠋ ᠡᠳᠦᠷ᠎ᠤᠨ 《ᠸᠸᠨ ᠾᠦᠢ ᠰᠣᠨᠢᠨ》 ᠳ᠋ᠤ᠌ ᠦᠭᠦᠯᠡᠯ ᠨᠡᠢᠳᠡᠯᠡᠵᠦ᠂ ᠳᠤᠮᠳᠠᠳᠤ᠎ᠵᠢᠨ ᠦᠯᠢᠬᠡᠷ᠎ᠢ ᠰᠠᠢᠲᠤᠷ ᠶᠠᠷᠢᠬᠤ᠎ᠳᠤ ᠭᠤᠷᠪᠠᠨ ᠵᠠᠩᠭᠢᠯᠠᠭ᠎ᠠ᠎ᠶᠢᠨ ᠲᠠᠯ᠎ᠠ᠎ᠪᠠᠷ ᠬᠠᠮᠲᠤ᠎ᠪᠠᠷ ᠬᠦᠴᠦᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠡᠩ ᠲᠡᠷᠢᠭᠦᠨ᠎ᠳᠦ᠂ ᠯᠠᠪᠳᠠᠭᠤᠨ ᠪᠠᠲᠤᠲᠠᠢ ᠣᠷᠣᠨ ᠪᠦᠰᠡ ᠤᠯᠤᠰ᠎ᠤᠨ ᠢᠯᠭᠠᠯ᠎ᠤᠨ ᠮᠡᠳᠡᠯᠭᠡ᠎ᠪᠡᠷ ᠲᠠᠨᠢᠨ ᠮᠡᠳᠡᠬᠦᠢ᠎ᠶᠢᠨ ᠵᠠᠪᠰᠠᠷᠳᠠᠯ᠎ᠢ ᠰᠢᠢᠳᠪᠦᠷᠢᠯᠡᠬᠦ ᠬᠡᠷᠡᠭᠲᠡᠢ᠃ ᠣᠷᠣᠨ ᠪᠦᠰᠡ᠎ᠤᠯᠤᠰ᠎ᠤᠨ ᠢᠯᠭᠠᠯ᠎ᠤᠨ ᠰᠤᠳᠤᠯᠭᠠᠨ ᠨᠢ ᠪᠢᠳᠡᠨ᠎ᠢ ᠰᠣᠨᠢᠨ ᠮᠡᠳᠡᠭᠡᠨ᠎ᠦ ᠮᠠᠶᠢᠭ᠋᠎ᠤᠨ ᠮᠡᠳᠡᠭᠡ ᠵᠠᠩᠭᠢ᠎ᠶᠢ ᠴᠤᠭᠯᠠᠭᠤᠯᠬᠤ ᠠᠷᠭ᠎ᠠ ᠬᠡᠯᠪᠡᠷᠢ᠎ᠠᠴᠠ ᠳᠠᠪᠠᠵᠤ᠂ ᠨᠠᠩ ᠭᠦᠨ ᠳᠠᠪᠬᠤᠷᠭ᠎ᠠ᠎ᠶᠢᠨ ᠲᠠᠢᠯᠤᠮᠵᠢ ᠬᠢᠬᠦ᠎ᠶᠢ ᠱᠠᠭᠠᠷᠳᠠᠵᠤ ᠪᠤᠢ᠃ ᠭᠠᠭᠴᠠ ᠬᠦ᠌ ᠮᠠᠨ᠎ᠤ ᠮᠡᠳᠡᠯᠭᠡ᠎ᠶᠢᠨ ᠦᠢᠯᠡᠳᠪᠦᠷᠢᠯᠡᠯ ᠨᠢ ᠨᠦᠬᠦᠭᠡ ᠡᠲᠡᠭᠡᠳ᠎ᠦᠨ᠎ᠢᠶᠡᠨ ᠳᠣᠲᠣᠭᠠᠳᠤ ᠬᠡᠷᠡᠭᠴᠡᠭᠡ᠎ᠲᠠᠢ ᠭᠦᠨᠵᠡᠭᠡᠢ ᠵᠣᠯᠭᠠᠵᠤ ᠴᠢᠳᠠᠬᠤ ᠦᠶ᠎ᠡ᠎ᠳᠦ᠂ ᠳᠤᠮᠳᠠᠳᠤ ᠎ᠵᠢᠨ ᠲᠤᠷᠰᠢᠯᠭ᠎ᠠ ᠪᠠ ᠲᠥᠰᠥᠯ ᠰᠠᠶᠢ ᠵᠦᠢ ᠵᠣᠬᠢᠰᠲᠠᠢ ᠬᠡᠯᠡᠨ᠎ᠦ ᠣᠷᠴᠢᠨ᠎ᠳᠤ ᠣᠷᠣᠵᠤ᠂ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠎ᠶᠢ ᠪᠡᠶᠡᠯᠡᠭᠦᠯᠵᠦ ᠴᠢᠳᠠᠨ᠎ᠠ᠃ ᠳᠠᠷᠠᠭᠠᠯᠠᠪᠠᠯ᠂ ᠰᠣᠶᠣᠯ ᠠᠯᠤᠰᠯᠠᠭᠰᠠᠨ ᠬᠠᠮᠲᠤ᠎ᠶᠢᠨ ᠰᠡᠳᠬᠢᠯ᠎ᠤᠨ ᠴᠤᠤᠷᠢᠶ᠎ᠠ ᠡᠴᠡ ᠡᠭᠦᠰᠦᠭᠰᠡᠨ ᠬᠦᠦᠷᠨᠢᠯ᠎ᠢ ᠡᠷᠢᠵᠦ᠂ ᠣᠢᠯᠠᠭᠠᠭᠳᠠᠬᠤᠨ ᠎ᠢ ᠰᠡᠳᠬᠢᠯ ᠬᠥᠳᠡᠯᠭᠡᠮ᠎ᠡ ᠠᠮᠢᠳᠤᠯᠢᠭ᠋ ᠦᠯᠢᠭᠡᠷ ᠪᠣᠯᠭᠠᠬᠤ ᠬᠡᠷᠡᠭᠲᠡᠢ᠃ ᠦᠯᠢᠭᠡᠷ᠎ᠢᠶᠡᠷ ᠳᠠᠮᠵᠢᠨ ᠣᠯᠣᠭᠰᠠᠨ ᠣᠢᠯᠠᠭᠠᠯᠲᠠ ᠨᠢ ᠰᠡᠳᠬᠢᠯᠭᠡ᠎ᠶᠢᠨ ᠬᠠᠯᠠᠭᠤᠨ ᠲᠤᠯᠠᠭᠠᠨ᠎ᠠᠬᠤᠭᠤᠯᠤᠭᠳᠠᠳᠠᠭ ᠪᠤᠯᠬᠤᠷ ᠨᠠᠩ ᠢᠲᠡᠭᠡᠭᠦᠯᠬᠦ ᠬᠦᠴᠦᠨ᠎ᠲᠠᠢ ᠪᠤᠯᠤᠨ᠎ᠠ᠃ ᠲᠣᠭᠠᠴᠢᠯᠠᠭᠰᠠᠨ ᠴᠠᠭ ᠦᠶ᠎ᠡ᠎ᠳᠦ ᠰᠣᠶᠣᠯ᠎ᠤᠨ ᠬᠦᠦᠷᠨᠢᠯ᠎ᠢ ᠳᠠᠮᠵᠢᠭᠤᠯᠤᠨ ᠣᠷᠴᠢᠭᠤᠯᠬᠤ ᠬᠡᠯᠪᠡᠷᠢ᠎ᠨᠢ ᠨᠡᠩ ᠤᠯᠠᠨ ᠡᠰᠢᠵᠢᠭᠰᠡᠨ ᠮᠦᠷᠲᠡᠭᠡᠨ ᠨᠡᠩ ᠶᠡᠬᠡ ᠬᠤᠰᠢᠭᠤᠷᠠᠯ ᠤᠨᠴᠠᠯᠢᠭ ᠲᠠᠢ ᠪᠠᠢᠳᠠᠭ᠃ ᠠᠤᠭ᠎ᠠ ᠶᠡᠬᠡ ᠣᠢᠯᠠᠭᠠᠭᠳᠠᠬᠤᠨ᠎ᠢ ᠠᠮᠢᠳᠤᠯᠢᠭ᠋ ᠰᠠᠢᠬᠠᠨ ᠦᠯᠢᠭᠡᠷ ᠪᠣᠯᠣᠨ ᠰᠠᠢᠨ ᠦᠢᠯᠡᠳᠬᠦᠨ᠎ᠳᠦ ᠠᠭᠤᠰᠤᠯᠴᠠᠭᠤᠯᠪᠠᠯ᠂ ᠲᠣᠭᠠᠴᠢᠯᠠᠭᠰᠠᠨ ᠮᠡᠷᠭᠡᠵᠢᠯ᠎ᠦᠨ ᠳᠠᠮᠵᠢᠭᠤᠯᠭ᠎ᠠ᠎ᠶᠢᠨ ᠬᠦᠴᠦᠨ᠎ᠢ ᠰᠠᠶᠢ ᠣᠢᠯᠠᠭᠠᠯᠲᠠ᠎ᠪᠠᠨ ᠠᠬᠢᠭᠤᠯᠬᠤ ᠪᠠ ᠰᠣᠶᠣᠯ᠎ᠤᠨ ᠵᠥᠭᠡᠯᠡᠨ ᠪᠣᠳᠠᠲᠤ ᠬᠦᠴᠦᠨ᠎ᠦ ᠨᠥᠯᠥᠭᠡᠯᠡᠬᠦ ᠬᠦᠴᠦᠨ ᠪᠣᠯᠭᠠᠨ ᠪᠦᠲᠦᠮᠵᠢᠲᠡᠢ ᠬᠤᠪᠢᠷᠠᠭᠤᠯᠵᠤ ᠴᠢᠳᠠᠨ᠎ᠠ᠃ ᠡᠴᠦᠰ᠎ᠲᠦᠨᠢ᠂ ᠤᠯᠠᠨ ᠡᠰᠢᠲᠦ ᠬᠦᠦᠷᠨᠢᠯ ᠠᠬᠤᠢ᠎ᠪᠠᠢᠳᠠᠯ᠎ᠢ ᠪᠠᠢᠭᠤᠯᠵᠤ᠂ ᠳᠤᠮᠳᠠᠳᠤ᠎ᠵᠢᠨ ᠬᠦᠦᠷᠨᠢᠯ ᠡᠯᠧᠮᠧᠨ᠋ᠲ᠎ᠢ ᠦᠶ᠎ᠡ᠎ᠶᠢᠨ ᠦᠶ᠎ᠡ᠎ᠳᠦ ᠠᠮᠢᠵᠢᠷᠠᠯ ᠪᠢᠯᠬᠠᠮ᠎ᠠ ᠪᠠᠢᠯᠭᠠᠬᠤ ᠬᠡᠷᠡᠭᠳᠡᠢ᠃ ᠤᠯᠠᠨ ᠤᠯᠤᠰ᠎ᠤᠨ ᠳᠠᠮᠵᠢᠭᠤᠯᠭ᠎ᠠ᠎ᠶᠢᠨ ᠦᠢᠯᠡᠳᠦᠯ ᠴᠢᠳᠠᠪᠬᠢ᠎ᠶᠢ ᠳᠡᠭᠡᠭᠰᠢᠯᠡᠭᠦᠯᠬᠦ᠎ᠳᠦ  ᠡᠷᠬᠡᠪᠰᠢ 《ᠴᠡᠴᠡᠭ ᠪᠦᠬᠦᠨ᠎ᠢ ᠵᠡᠷᠭᠡ᠎ᠪᠡᠷ ᠳᠡᠯᠭᠡᠷᠡᠭᠦᠯᠬᠦ》 ᠤᠯᠠᠨ ᠡᠰᠢᠲᠦ ᠬᠦᠦᠷᠨᠢᠯ ᠠᠬᠤᠢ ᠪᠠᠢᠳᠠᠯ᠎ᠢ ᠪᠠᠶ᠋ᠢᠭᠤᠯᠬᠤ᠎ᠪᠠᠷ ᠴᠢᠷᠮᠠᠢᠬᠤ ᠬᠡᠷᠡᠭᠲᠡᠢ᠃ ᠤᠯᠠᠨ ᠤᠯᠠᠨ ᠭᠠᠳᠠᠭᠠᠳᠤ᠎ᠶᠢᠨ ᠪᠠᠢᠭᠤᠯᠤᠮᠵᠢ ᠰᠠᠨᠠᠭᠠᠴᠢᠯᠠᠭ᠎ᠠ ᠡᠴᠡ ᠪᠠᠨ ᠳᠤᠮᠳᠠᠳᠤ᠎ᠵᠢᠨ ᠭᠣᠣᠯ ᠰᠡᠳᠦᠪᠲᠦ ᠵᠣᠬᠢᠶᠠᠨ ᠪᠦᠲᠦᠭᠡᠯᠭᠡ᠎ᠳᠦ ᠣᠷᠣᠯᠴᠠᠬᠤ᠎ᠶᠠᠪᠤᠴᠠ᠎ᠳᠦ᠂ ᠳᠤᠮᠳᠠᠳᠤ᠎ᠵᠢᠨ ᠬᠦᠦᠷᠨᠢᠯ ᠡᠯᠧᠮᠧᠨ᠋ᠲ ᠨᠢ ᠪᠦᠬᠦ ᠪᠥᠮᠪᠥᠷᠴᠡᠭ᠎ᠦᠨ ᠰᠣᠶᠣᠯ᠎ᠤᠨ ᠦᠢᠯᠡᠳᠪᠦᠷᠢᠯᠡᠯ᠎ᠦᠨ ᠬᠡᠯᠬᠢᠶ᠎ᠡ᠎ᠳᠦ ᠰᠢᠭᠢᠳᠴᠦ᠂ ᠪᠡᠶ᠎ᠡ᠎ᠪᠡᠨ ᠳᠠᠭᠠᠭᠠᠵᠤ ᠦᠰᠦᠨ ᠪᠣᠢᠵᠢᠵᠤ᠂ ᠲᠠᠰᠤᠷᠠᠯᠳᠠ ᠦᠭᠡᠢ ᠡᠯᠪᠡᠭ ᠪᠠᠶᠠᠯᠢᠭ᠋ ᠠᠮᠢᠵᠢᠷᠠᠯ᠎ᠤᠨ ᠬᠦᠴᠦᠨ᠎ᠲᠠᠢ ᠪᠣᠯᠵᠤ ᠴᠢᠳᠠᠨ᠎ᠠ᠃ ᠡᠢᠮᠦ᠎ᠡᠴᠡ ᠦᠯᠢᠭᠡᠷ ᠶᠠᠷᠢᠬᠤ ᠨᠢ ᠲᠡᠷᠡ ᠪᠡᠶ᠎ᠡ᠎ᠪᠡᠷ᠎ᠢᠶᠡᠨ ᠨᠢᠭᠡ ᠵᠦᠢᠯ᠎ᠦᠨ ᠭᠦᠨ ᠳᠠᠪᠬᠤᠷᠭ᠎ᠠ᠎ᠶᠢᠨ ᠪᠠᠢᠯᠳᠤᠬᠤ ᠪᠣᠳᠣᠯᠭ᠎ᠠ᠎ᠶᠢᠨ ᠴᠢᠳᠠᠪᠤᠷᠢ ᠪᠠᠢᠵᠤ᠂ ᠳᠤᠮᠳᠠᠳᠤ ᠎ᠵᠢᠨ ᠦᠯᠢᠭᠡᠷ ᠪᠠ ᠣᠶᠤᠨ ᠤᠬᠠᠭᠠᠨ᠎ᠢ ᠳᠡᠯᠡᠬᠡᠢ ᠳ᠋ᠠᠬᠢᠨ᠎ᠳᠤ ᠠᠮᠠᠷᠬᠠᠨ ᠣᠢᠯᠠᠭᠠᠭᠳᠠᠬᠤ᠂ ᠳᠤᠷᠠᠲᠠᠶ᠎ᠠ ᠬᠦᠯᠢᠶᠡᠨ ᠠᠪᠬᠤ ᠴᠢᠨᠠᠭᠰᠢᠯᠠᠪᠠᠯ ᠰᠠᠨᠠᠭᠠᠴᠢᠯᠠᠭ᠎ᠠ᠎ᠠᠴᠠ᠎ᠪᠠᠨ ᠬᠡᠷᠡᠭᠯᠡᠬᠦ ᠬᠠᠮᠲᠤ᠎ᠶᠢᠨ ᠦᠭᠡ ᠬᠡᠯᠡ ᠪᠤᠯᠭᠠᠬᠤ ᠨᠢ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠲᠦ ᠠᠰᠢᠭ᠍ᠲᠠᠢ ᠭᠠᠳᠠᠭᠠᠳᠤ ᠣᠷᠴᠢᠨ᠎ᠢ ᠪᠤᠢ ᠪᠣᠯᠭᠠᠬᠤ᠎ᠳᠤ ᠪᠠᠢᠯᠳᠤᠬᠤ ᠪᠣᠳᠣᠯᠭ᠎ᠠ᠎ᠶᠢᠨ ᠲᠤᠯᠭᠠᠭᠤᠷᠢᠯᠠᠯ ᠬᠠᠩᠭᠠᠵᠤ ᠴᠢᠳᠠᠬᠤ ᠶᠤᠮ᠃

(《ᠱᠢᠨᠬᠤᠸᠠ ᠵᠤᠬᠢᠶᠠᠯ ᠤ᠋ᠨ ᠱᠦᠭᠦᠮᠡᠭ》 ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号