ᠨᠤᠮ᠎ᠤᠨ ᠰᠠᠩ᠎ᠤᠨ ᠬᠡᠯᠪᠡᠷᠢ᠎ᠪᠡᠨ ᠬᠤᠪᠢᠷᠠᠭᠤᠯᠬᠤ ᠲᠤᠬᠠᠢ ᠭᠤᠷᠪᠠᠨ ᠬᠠᠷᠠᠭᠠᠰᠤ
2026-07-10 10:32:21
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠶᠠᠩ ᠹᠧᠩ 2025 ᠣᠨ᠎ᠤ 12 ᠰᠠᠷ᠎ᠠ᠎ᠶᠢᠨ 17 ᠎ᠤ᠋ ᠡᠳᠦᠷ 《ᠳᠤᠮᠳᠠᠳᠤ ᠤᠯᠤᠰ᠎ᠤᠨ ᠰᠤᠷᠭᠠᠨ ᠬᠥᠮᠦᠵᠢᠯ᠎ᠦᠨ ᠰᠣᠨᠢᠨ》᠎ᠳ᠋ᠤ᠌ ᠦᠭᠦᠯᠡᠯ ᠨᠡᠢᠳᠡᠯᠡᠵᠦ᠂ ᠨᠣᠮ᠎ᠤᠨ ᠰᠠᠩ ᠨᠢ ᠬᠡᠷᠬᠢᠨ ᠬᠡᠯᠪᠡᠷᠢ᠎ᠶᠢᠨ ᠬᠤᠪᠢᠷᠠᠭᠤᠯᠤᠯᠲᠠ᠎ᠪᠡᠨ ᠠᠬᠢᠭᠤᠯᠵᠤ᠂ ᠤᠩᠰᠢᠭ᠍ᠴᠢᠳ᠎ᠤᠨ ᠣᠯᠠᠨ ᠶᠠᠩᠵᠤ᠎ᠶᠢᠨ ᠬᠡᠷᠡᠭᠴᠡᠭᠡ᠎ᠶᠢ ᠬᠠᠩᠭᠠᠬᠤ ᠪᠣᠶ?ᠨᠢᠭᠡ᠎ᠳᠦ᠂ ᠣᠶᠤᠨᠲᠤ ᠮᠠᠶᠢᠭ᠋᠎ᠤᠨ ᠦᠢᠯᠡᠴᠢᠯᠡᠭᠡᠨ᠎ᠦ ᠲᠠᠯᠠᠪᠤᠷ᠎ᠢ ᠪᠠᠢᠭᠤᠯᠵᠤ᠂ ᠬᠡᠷᠡᠭᠯᠡᠭᠡᠨ᠎ᠦ ᠲᠠᠯᠠᠪᠤᠷ᠎ᠢ ᠤᠯᠠᠮ ᠪᠠᠶᠠᠯᠢᠭ᠍ᠵᠢᠭᠤᠯᠤᠨ᠎ᠠ᠃ ᠣᠯᠠᠨ ᠨᠡᠶ᠋ᠢᠲᠡ᠎ᠶᠢᠨ ᠦᠢᠯᠡᠴᠢᠯᠡᠭᠡ ᠬᠠᠩᠭᠠᠬᠤ ᠤᠯᠠᠮᠵᠢᠯᠠᠯᠲᠤ ᠰᠠᠭᠤᠷᠢ ᠲᠥᠬᠦᠭᠡᠷᠦᠮᠵᠢ ᠪᠣᠯᠤᠭᠰᠠᠨ᠎ᠤ ᠬᠤᠪᠢ᠎ᠳᠤ᠂ ᠨᠣᠮ᠎ᠤᠨ ᠰᠠᠩ ᠨᠢ ᠶᠠᠭ ᠪᠤᠳᠠᠰ᠎ᠦᠨ ᠣᠷᠣᠨ ᠵᠠᠢ᠎ᠶᠢᠨ ᠤᠩᠰᠢᠯᠭ᠎ᠠ᠎ᠶᠢᠨ ᠦᠢᠯᠡᠴᠢᠯᠡᠭᠡ ᠪᠠ ᠮᠡᠳᠡᠯᠭᠡ ᠤᠯᠠᠮᠵᠢᠯᠠᠬᠤ ᠲᠠᠯᠠᠪᠤᠷ᠎ᠠᠴᠠ ᠰᠦᠯᠵᠢᠶᠡᠨ ᠳᠡᠭᠡᠷᠡᠬᠢ ᠪᠠ ᠪᠤᠳᠠᠳᠦ ᠠᠬᠤᠢ ᠵᠢᠨ ᠨᠢᠭᠡ ᠴᠣᠭᠴᠠᠵᠢᠭ᠍ᠰᠠᠨ᠂ ᠪᠣᠳᠠᠲᠤ ᠠᠬᠤᠢ᠎ᠶᠢᠨ ᠣᠷᠣᠨ ᠵᠠᠢ ᠪᠠ ᠬᠡᠢᠰᠪᠦᠷᠢ ᠣᠷᠣᠨ ᠵᠠᠢ᠎ᠲᠠᠢ ᠠᠭᠤᠰᠤᠯᠴᠠᠭᠰᠠᠨ᠂ ᠬᠥᠮᠥᠨ ᠮᠠᠰᠢᠨ᠎ᠤ ᠣᠶᠤᠨᠴᠢᠯᠠᠭᠰᠠᠨ ᠰᠣᠯᠪᠢᠴᠠᠭᠰᠠᠨ ᠰᠢᠨ᠎ᠡ ᠲᠠᠯᠠᠪᠤᠷ ᠳᠠᠢᠰᠢ ᠤᠯᠠᠷᠢᠨ ᠬᠤᠪᠢᠷᠠᠵᠤ ᠪᠠᠢᠨ᠎ᠠ᠃ ᠢᠯᠠᠩᠭᠤᠶ᠎ᠠ ᠵᠣᠬᠢᠶᠠᠮᠠᠯ ᠣᠶᠤᠨ ᠴᠢᠳᠠᠪᠤᠷᠢ᠎ᠶᠢᠨ ᠴᠢᠳᠠᠮᠵᠢ ᠵᠢᠨ ᠳᠣᠣᠷ᠎ᠠ᠂ ᠣᠲᠣ᠌ ᠴᠠᠭ ᠦᠶ᠎ᠡ᠎ᠳᠦ ᠨᠣᠮ᠎ᠤᠨ ᠰᠠᠩ᠎ᠤᠨ ᠦᠢᠯᠡᠴᠢᠯᠡᠭᠡ ᠨᠢ ᠶᠠᠭ ᠨᠢᠭᠡᠨᠲᠡ ᠪᠠᠢᠭ᠎ᠠ ᠡᠬᠢ ᠪᠠᠶᠠᠯᠢᠭ᠋᠎ᠤᠨ ᠳ᠋ᠡᠢᠲ᠋ᠡ ᠪᠤᠯᠭᠠᠬᠤ᠂ ᠶᠠᠪᠤᠴᠠ᠎ᠶᠢ ᠰᠦᠯᠵᠢᠶᠡᠵᠢᠭᠦᠯᠬᠦ᠂ ᠣᠯᠠᠨ ᠡᠰᠢᠵᠢᠭᠦᠯᠬᠦ ᠵᠡᠷᠭᠡ ᠮᠡᠳᠡᠭᠡ ᠵᠠᠩᠭᠢᠴᠢᠯᠠᠯᠲᠠ᠎ᠶᠢᠨ ᠰᠠᠭᠤᠷᠢᠨ ᠳᠡᠭᠡᠷ᠎ᠡ ᠦᠳᠲᠡᠷ ᠲᠦᠷᠭᠡᠨ ᠰᠢᠨ᠎ᠡ᠎ᠶᠢ ᠡᠭᠦᠳᠴᠦ ᠪᠠᠢᠨ᠎ᠠ᠃ ᠬᠣᠶᠠᠷ᠎ᠲᠤ᠂ ᠶᠡᠷᠦᠩᠬᠡᠢᠯᠡᠭᠰᠡᠨ ᠴᠣᠭᠴᠠᠲᠤ ᠦᠢᠯᠡᠴᠢᠯᠡᠭᠡᠨ᠎ᠦ ᠣᠷᠣᠨ ᠵᠠᠢ᠎ᠶᠢ ᠪᠣᠶ ᠪᠣᠯᠭᠠᠵᠤ᠂ ᠤᠩᠰᠢᠯᠭ᠎ᠠ᠎ᠶᠢᠨ ᠪᠡᠶᠡᠴᠢ ᠣᠢᠯᠠᠭᠠᠯᠲᠠ᠎ᠶᠢ ᠤᠯᠠᠮ ᠳᠡᠭᠡᠭᠰᠢᠯᠡᠭᠦᠯᠦᠨ᠎ᠡ᠃ ᠶᠡᠷᠦᠩᠬᠡᠢᠯᠡᠭᠰᠡᠨ ᠴᠣᠭᠴᠠ ᠪᠦᠬᠦᠢ ᠦᠢᠯᠡᠴᠢᠯᠡᠭᠡᠨ᠎ᠦ ᠣᠷᠣᠨ ᠵᠠᠢ᠎ᠶᠢ ᠪᠠᠶ᠋ᠢᠭᠤᠯᠬᠤ᠎ᠳᠤ ᠡᠷᠬᠡᠪᠰᠢ ᠨᠣᠮ᠎ᠤᠨ ᠰᠠᠩ᠎ᠤᠨ ᠣᠯᠠᠨ ᠨᠡᠶ᠋ᠢᠲᠡ᠎ᠶᠢᠨ ᠡᠭᠦᠷᠭᠡ ᠴᠢᠳᠠᠪᠤᠷᠢ᠎ᠶᠢᠨ ᠭᠣᠣᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠬᠡᠪᠴᠢᠶ᠎ᠡ᠎ᠶᠢᠨ ᠵᠠᠭᠠᠭ᠎ᠢ ᠠᠩᠬᠠᠷᠴᠤ᠂ ᠬᠢᠵᠠᠭᠠᠷᠯᠠᠯ ᠦᠭᠡᠢ᠂ ᠰᠠᠨᠠᠭᠠᠨ ᠲᠠᠪᠠ᠎ᠪᠠᠷ᠎ᠢᠶᠠᠨ ᠬᠡᠷᠡᠭᠯᠡᠵᠦ ᠪᠣᠯᠬᠤ ᠦᠭᠡᠢ᠃ ᠣᠲᠣ᠌ ᠦᠶ᠎ᠡ᠎ᠶᠢᠨ ᠨᠣᠮ᠎ᠤᠨ ᠰᠠᠩ᠎ᠤᠨ ᠪᠣᠳᠠᠲᠤ ᠴᠣᠭᠴᠠ᠎ᠶᠢᠨ ᠣᠷᠣᠨ ᠵᠠᠢ᠎ᠶᠢᠨ ᠦᠢᠯᠡᠴᠢᠯᠡᠭᠡᠨ᠎ᠦ ᠬᠡᠯᠪᠡᠷᠢ᠎ᠪᠡᠨ ᠬᠤᠪᠢᠷᠠᠭᠤᠯᠬᠤ᠎ᠳᠤ ᠮᠥᠨ ᠬᠦ᠌ ᠬᠥᠮᠥᠨ᠎ᠦ ᠤᠩᠰᠢᠯᠭ᠎ᠠ᠎ᠶᠢᠨ ᠪᠡᠶᠡᠴᠢ ᠣᠢᠯᠠᠭᠠᠯᠲᠠ᠎ᠶᠢ ᠳᠡᠭᠡᠭᠰᠢᠯᠡᠭᠦᠯᠬᠦ᠂ ᠬᠥᠮᠥᠨ᠎ᠦ ᠤᠩᠰᠢᠯᠭ᠎ᠠ᠎ᠶᠢᠨ ᠦᠶ᠋ᠯᠡ ᠠᠵᠢᠯᠯᠠᠭ᠎ᠠ᠎ᠶᠢ ᠠᠬᠢᠭᠤᠯᠬᠤ᠎ᠶᠢᠨ ᠲᠣᠭᠣᠷᠢᠨ᠎ᠳᠤ ᠠᠵᠢᠯ ᠵᠢᠡᠨ ᠦᠷᠨᠢᠭᠦᠯᠬᠦ ᠬᠡᠷᠡᠭᠲᠡᠢ᠂ ᠢᠩᠭᠢᠪᠡᠯ ᠰᠠᠶᠢ ᠡᠯᠪᠡᠭ ᠪᠠᠶᠠᠯᠢᠭ᠋ ᠴᠢᠨᠠᠷ᠎ᠤᠨ ᠳᠤᠮᠳᠠ ᠲᠡᠭᠦᠨ᠎ᠦ ᠭᠣᠣᠯ ᠴᠣᠭᠴᠠᠲᠤ ᠴᠢᠨᠠᠷ ᠪᠠ ᠰᠠᠨᠠᠭᠠᠴᠢᠯᠠᠭᠠᠲᠤ ᠴᠢᠨᠠᠷ᠎ᠢ ᠤᠯᠠᠮ ᠨᠢᠭᠡ ᠠᠯᠬᠤᠮ ᠢᠯᠡᠷᠡᠭᠦᠯᠵᠦ ᠴᠢᠳᠠᠨ᠎ᠠ᠃ ᠭᠤᠷᠪᠠ᠎ᠳᠤ᠂ ᠬᠣᠯᠪᠣᠭᠠᠲᠤ ᠴᠣᠭᠴᠠ ᠮᠠᠶᠢᠭ᠋᠎ᠤᠨ ᠦᠢᠯᠡᠴᠢᠯᠡᠭᠡᠨ᠎ᠦ ᠵᠢᠭ᠍ᠰᠠᠭᠠᠯ᠎ᠢ ᠪᠠᠢᠭᠤᠯᠵᠤ᠂ ᠡᠬᠢ ᠪᠠᠶᠠᠯᠢᠭ᠋᠎ᠤᠨ ᠬᠠᠮᠵᠢᠯᠴᠠᠭ᠎ᠠ᠎ᠶᠢ ᠤᠯᠠᠮ ᠭᠦᠨᠵᠡᠭᠡᠢᠷᠡᠭᠦᠯᠦᠨ᠎ᠡ᠃ ᠡᠯ᠎ᠡ ᠱᠠᠲᠤᠨ᠎ᠤ ᠡᠯ᠎ᠡ ᠲᠥᠷᠥᠯ᠎ᠦᠨ ᠨᠣᠮ᠎ᠤᠨ ᠰᠠᠩ ᠬᠢᠭᠡᠳ ᠬᠣᠲᠠ᠎ᠶᠢᠨ ᠠᠷᠠᠳ᠎ᠲᠤ ᠳᠥᠭᠥᠮ ᠦᠵᠡᠭᠦᠯᠬᠦ ᠨᠣᠮ᠎ᠤᠨ ᠳᠡᠯᠭᠡᠭᠦᠷ᠂ ᠨᠡᠢᠭᠡᠮ ᠲᠣᠭᠣᠷᠢᠭ᠋᠎ᠤᠨ ᠨᠣᠮ᠎ᠤᠨ ᠰᠠᠩ᠂ ᠲᠠᠷᠢᠶᠠᠴᠢᠨ ᠠᠢᠯ᠎ᠤᠨ ᠨᠣᠮ᠎ᠤᠨ ᠥᠷᠥᠭᠡ᠂ ᠬᠠᠢᠷ᠎ᠠ ᠬᠠᠯᠠᠮᠵᠢ᠎ᠶᠢᠨ ᠨᠣᠮ᠎ᠤᠨ ᠥᠷᠥᠭᠡ᠂ ᠨᠡᠶ᠋ᠢᠲᠡ᠎ᠶᠢᠨ ᠠᠰᠠᠷᠠᠮᠵᠢ᠎ᠶᠢᠨ ᠨᠣᠮ᠎ᠤᠨ ᠥᠷᠥᠭᠡ᠂ ᠰᠣᠶᠣᠯ ᠪᠡᠶ᠎ᠡ᠎ᠶᠢᠨ ᠲᠠᠮᠢᠷ᠎ᠤᠨ ᠲᠥᠪ᠂ ᠵᠠᠯᠠᠭᠤᠴᠤᠳ ᠪᠠᠭᠠᠴᠤᠳ᠎ᠤᠨ ᠣᠷᠳᠣᠨ ᠵᠡᠷᠭᠡ ᠣᠯᠠᠨ ᠨᠡᠶ᠋ᠢᠲᠡ᠎ᠶᠢᠨ ᠤᠩᠰᠢᠯᠭ᠎ᠠ᠎ᠶᠢᠨ ᠣᠷᠣᠨ ᠵᠠᠢ ᠯᠤᠭ᠎ᠠ ᠬᠠᠷᠢᠯᠴᠠᠬᠤ ᠲᠣᠭᠲᠠᠴᠠ᠎ᠶᠢ ᠠᠯᠬᠤᠮ ᠠᠯᠬᠤᠮ᠎ᠢᠶᠠᠷ ᠪᠠᠢᠭᠤᠯᠵᠤ᠂ ᠨᠡᠩ ᠣᠯᠠᠨ ᠭᠣᠣᠯ ᠴᠣᠭᠴᠠ᠎ᠶᠢ ᠬᠠᠮᠲᠤᠷᠠᠨ ᠬᠥᠳᠡᠯᠦᠯᠴᠡᠭᠰᠡᠨ ᠦᠢᠯᠡᠴᠢᠯᠡᠭᠡᠨ᠎ᠦ ᠴᠤᠭᠴᠠ᠎ᠳᠦ ᠣᠷᠣᠭᠤᠯᠤᠨ᠂ ᠨᠡᠩ ᠪᠣᠰᠣᠭ᠎ᠠ ᠴᠣᠭᠴᠠ᠂ ᠨᠡᠩ ᠮᠤᠨᠳᠠᠭ ᠶᠡᠬᠡ ᠬᠣᠯᠪᠣᠭᠠᠲᠤ ᠴᠣᠭᠴᠠ ᠪᠦᠬᠦᠢ ᠦᠢᠯᠡᠴᠢᠯᠡᠭᠡᠨ᠎ᠦ ᠵᠢᠭ᠍ᠰᠠᠭᠠᠯ᠎ᠤᠨ ᠭᠠᠵᠠᠷ᠎ᠢ ᠪᠣᠶ ᠪᠣᠯᠭᠠᠵᠤ᠂ ᠡᠬᠢ ᠪᠠᠶᠠᠯᠢᠭ᠋᠎ᠤᠨ ᠬᠠᠮᠵᠢᠯᠴᠠᠭ᠎ᠠ᠎ᠶᠢ ᠤᠯᠠᠮ ᠭᠦᠨᠵᠡᠭᠡᠢᠷᠡᠭᠦᠯᠬᠦ ᠬᠡᠷᠡᠭᠲᠡᠢ᠃

(《ᠱᠢᠨᠬᠤᠸᠠ ᠵᠤᠬᠢᠶᠠᠯ ᠤ᠋ᠨ ᠱᠦᠭᠦᠮᠡᠭ》 ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号