90 ᠲᠦᠮᠡᠨ ᠲᠥᠭᠦᠷᠢᠭ ᠤ᠋ᠨ ᠣᠷᠣᠯᠭ᠎ᠠ ᠡᠭᠦᠳᠦᠭᠰᠡᠨ ᠤᠢᠮ᠎ᠠ ᠨᠣᠭᠤᠭ᠎ᠠ
2026-07-10 11:17:27
ᠵᠣᠬᠢᠶᠠᠭ᠍ᠴᠢ᠄
ᠰᠡᠴᠡᠩᠭᠤᠸ᠎ᠠ
ᠣᠩᠱᠢᠭ᠍ᠰᠠᠨ ᠣᠳᠠᠭ᠎ᠠ᠄
★★★☆☆

ᠵᠤᠨ ᠪᠤᠯᠬᠤ ᠪᠡᠷ ᠤᠢᠮ᠎ᠠ ᠨᠤᠭᠤᠭ᠎ᠠ ᠪᠤᠯᠪᠠᠰᠤᠷᠠᠵᠦ᠍᠂ ᠲᠡᠭᠦᠵᠦ᠍ ᠬᠤᠷᠢᠶᠠᠬᠤ ᠬᠤᠭᠤᠴᠠᠭᠠᠨ ᠳ᠋ᠤ ᠤᠷᠤᠯ᠎ᠠ᠃ ᠬᠡᠱᠢᠭ᠌ᠳᠡᠨ ᠬᠤᠱᠢᠭᠤᠨ ᠤ᠋ ᠬᠤᠩ ᠱᠠᠨ ᠽᠢ ᠱᠢᠶᠠᠩ ᠤᠢᠷ᠎ᠠ ᠶ᠋ᠢᠨ ᠵᠢᠯ ᠳ᠋ᠤ ᠤᠷᠤᠨ ᠨᠤᠳᠤᠭ ᠤ᠋ᠨ ᠵᠢᠡᠨ ᠣᠶ ᠬᠦᠪᠴᠢ ᠶ᠋ᠢᠨ ᠡᠬᠢ ᠪᠠᠶᠠᠯᠢᠭ ᠢ᠋ ᠬᠦᠨᠵᠡᠭᠡᠢ ᠠᠭᠤᠳᠠᠯᠵᠤ᠂ ᠬᠡᠭᠡᠷ᠎ᠡ ᠶ᠋ᠢᠨ ᠨᠣᠭᠤᠭ᠎ᠠ ᠶ᠋ᠢᠨ ᠠᠵᠤ ᠦᠢᠯᠡᠰ ᠢ᠋ ᠬᠦᠭᠵᠢᠭᠦᠯᠦᠨ᠂ ᠵᠢᠵᠢᠭᠬᠡᠨ ᠤᠢᠮ᠎ᠠ ᠨᠤᠭᠤᠭ᠎ᠠ ᠪᠡᠷ 90 ᠲᠦᠮᠡᠨ ᠲᠦᠭᠦᠷᠢᠭ ᠤ᠋ᠨ ᠤᠷᠤᠯᠭ᠎ᠠ ᠡᠭᠦᠳᠦᠭᠰᠡᠨ ᠶᠠᠪᠤᠳᠠᠯ ᠨᠢ ᠬᠤᠯᠠ ᠤᠢᠷ᠎ᠠ ᠶ᠋ᠢᠨ ᠬᠠᠯᠠᠮᠰᠢᠯ ᠮᠡᠳᠡᠭᠡ ᠪᠤᠯᠵᠤ ᠪᠠᠢᠨ᠎ᠠ᠃

ᠬᠤᠩ ᠱᠠᠨ ᠽᠢ ᠱᠢᠶᠠᠩ ᠤ᠋ᠨ ᠤᠢ ᠬᠦᠪᠴᠢ ᠶ᠋ᠢᠨ ᠲᠠᠯᠠᠪᠠᠢ ᠶᠡᠭᠡ᠂ ᠬᠥᠷᠥᠰᠥ᠍ ᠱᠢᠷᠣᠢ ᠶ᠋ᠢᠨ ᠨᠥᠬᠦᠴᠡᠯ ᠰᠠᠢᠨ ᠪᠠᠢᠵᠤ᠂ ᠠᠳᠡᠬᠢ ᠬᠡᠭᠡᠷ᠎ᠡ ᠶ᠋ᠢᠨ ᠤᠢᠮ᠎ᠠ ᠨᠤᠭᠤᠭ᠎ᠠ ᠨᠢ ᠪᠣᠬᠢᠷᠲᠤᠯ ᠦᠭᠡᠢ᠂ ᠦᠨᠦᠷ ᠠᠮᠲᠠ ᠰᠠᠢᠨ ᠪᠦᠭᠡᠳ ᠴᠢᠨᠠᠷ ᠶ᠋ᠢᠡᠷ ᠴᠤ᠌ ᠰᠠᠢᠨ ᠪᠠᠢᠳᠠᠭ ᠶ᠋ᠢᠡᠷ ᠬᠡᠷᠡᠭ᠌ᠯᠡᠭ᠌ᠴᠢᠳ ᠤ᠋ᠨ ᠬᠦᠷᠢᠶᠡᠯᠡᠯ ᠢ᠋ ᠶᠡᠬᠡᠳᠡ ᠤᠯᠵᠤ ᠪᠤᠢ᠃ ᠬᠠᠩᠭᠠᠢ ᠳᠡᠯᠡᠬᠡᠢ ᠶ᠋ᠢᠨ ᠡᠬᠢ ᠪᠠᠶᠠᠯᠢᠭ ᠢ᠋ ᠠᠮᠢᠯᠠᠭᠤᠯᠵᠤ᠂ ᠤᠯᠠᠨ ᠲᠦᠮᠡᠨ ᠤ᠋ ᠣᠷᠣᠯᠭ᠎ᠠ ᠶ᠋ᠢ ᠨᠡᠮᠡᠭ᠌ᠳᠡᠭᠦᠯᠬᠦ᠌ ᠠᠷᠭ᠎ᠠ ᠵᠠᠮ ᠢ᠋ ᠥᠷᠭᠡᠳᠭᠡᠬᠦ᠌᠎ᠶ᠋ᠢᠨ ᠲᠥᠯᠥᠭᠡ᠂ ᠲᠤᠰ ᠱᠢᠶᠠᠩ ᠲᠠᠷᠢᠶᠠᠯᠠᠬᠤ ᠡᠷᠦᠬᠡ ᠶ᠋ᠢ ᠢᠳᠡᠪᠬᠢᠲᠡᠢ ᠬᠦᠳᠦᠯᠦᠨ ᠵᠢᠯᠤᠭᠤᠳᠴᠤ᠂ ᠲᠠᠷᠢᠶᠠᠯᠠᠩ ᠤ᠋ᠨ ᠰᠡᠯᠡᠭᠦᠤ ᠴᠠᠭ ᠶ᠋ᠢᠡᠷ ᠠᠭᠤᠯᠠᠨ ᠳ᠋ᠤ ᠭᠠᠷᠴᠤ᠌ ᠤᠢᠮ᠎ᠠ ᠨᠣᠭᠤᠭ᠎ᠠ ᠲᠡᠭᠦᠵᠦ᠍ ᠬᠤᠷᠢᠶᠠᠬᠤ ᠶ᠋ᠢᠨ ᠬᠠᠮᠲᠤ᠌ ᠲᠤᠰᠬᠠᠢ ᠬᠤᠷᠰᠢᠶ᠎ᠠ ᠪᠡᠷ ᠳᠠᠮᠵᠢᠭᠤᠯᠤᠨ ᠪᠣᠷᠣᠯᠠᠭᠤᠯᠭ᠎ᠠ ᠶ᠋ᠢᠨ ᠵᠠᠮ ᠢ᠋ ᠰᠢᠯᠤᠭᠤᠳᠬᠠᠵᠠᠢ᠃

《ᠣᠳᠣ ᠪᠣᠯ ᠶᠠᠭ ᠬᠤᠩ ᠱᠠᠨ ᠽᠢ ᠱᠢᠶᠠᠩ ᠤ᠋ᠨ ᠤᠢᠮ᠎ᠠ ᠨᠣᠭᠤᠭ᠎ᠠ ᠲᠡᠭᠦᠵᠦ᠍ ᠬᠤᠷᠢᠶᠠᠬᠤ ᠬᠥᠭ᠌ᠵᠢᠶᠡᠨ ᠲᠠᠢ ᠤᠯᠠᠷᠢᠯ᠂ ᠪᠢᠳᠡ ᠡᠳᠦᠷ ᠪᠦᠷᠢ ᠨᠡᠯᠢᠶᠡᠳ ᠢ᠋ ᠬᠤᠷᠢᠶᠠᠵᠤ ᠪᠠᠢᠨ᠎ᠠ᠃ ᠨᠤᠲᠤᠭ ᠤ᠋ᠨ ᠬᠥᠮᠦᠰ ᠤ᠋ᠨ ᠢᠳᠡᠪᠬᠢᠵᠢᠯ ᠤᠨᠴᠠᠭᠠᠢ ᠥᠨᠳᠥᠷ᠂ ᠡᠳᠦᠷ ᠪᠦᠷᠢ ᠠᠭᠤᠯᠠᠨ ᠳ᠋ᠤ ᠭᠠᠷᠴᠦ᠍ ᠤᠢᠮ᠎ᠠ ᠨᠤᠭᠤᠭ᠎ᠠ ᠲᠡᠭᠦᠳᠡᠭ ᠲᠤᠰᠭᠤᠨ ᠤ᠋ ᠠᠷᠠᠳ ᠪᠠᠷᠤᠭ 100 ᠭᠠᠷᠤᠢ ᠪᠠᠢᠨ᠎ᠠ᠃ ᠮᠠᠨ ᠤ᠋ ᠤᠢᠮ᠎ᠠ ᠨᠣᠭᠤᠭ᠎ᠠ ᠶ᠋ᠢᠨ ᠪᠣᠷᠣᠯᠠᠭᠤᠯᠭ᠎ᠠ ᠴᠤ᠌ ᠨᠡᠯᠢᠶᠡᠳ ᠵᠦᠭᠡᠷ᠂ ᠡᠷᠬᠢᠨ ᠲᠣᠭᠤᠷᠢᠨ ᠤ᠋ ᠭᠠᠵᠠᠷ ᠣᠷᠣᠨ ᠪᠤᠯᠤᠨ ᠭᠠᠳᠠᠷ ᠣᠷᠣᠨ ᠳ᠋ᠤ ᠴᠥᠮ ᠵᠠᠬ᠎ᠠ ᠳᠡᠯᠭᠡᠭᠦᠷ ᠢ᠋ ᠨᠡᠭᠡᠭᠡᠵᠠᠢ᠃ ᠳᠠᠷᠠᠭᠠᠴᠢ ᠪᠡᠷ ᠬᠡᠳᠦᠨ ᠱᠢᠨ᠎ᠡ ᠦᠢᠯᠡᠳᠪᠦᠷᠢᠯᠡᠯ ᠤ᠋ᠨ ᠱᠤᠭᠤᠮ᠎ᠢ ᠨᠡᠮᠡᠵᠦ᠍᠂ ᠨᠢᠭᠡ ᠪᠦᠯᠦᠭ ᠱᠢᠨ᠎ᠡ ᠲᠦᠷᠦᠯ ᠵᠦᠢᠯ ᠢ᠋ ᠨᠡᠭᠡᠭᠡᠨ ᠬᠥᠭ᠌ᠵᠢᠭᠦᠯᠵᠦ᠍᠂ ᠬᠡᠪᠴᠢᠶ᠎ᠡ ᠪᠠᠨ ᠨᠡᠩ ᠦᠷᠭᠡᠳᠭᠡᠬᠦ᠌ ᠶ᠋ᠢ ᠪᠤᠳᠤᠵᠤ ᠪᠠᠢᠨ᠎ᠠ》 ᠭᠡᠵᠦ᠍ ᠬᠡᠱᠢᠭ᠌ᠳᠡᠨ ᠬᠤᠱᠢᠭᠤᠨ ᠤ᠋ ᠱᠢᠨ ᠶᠧ ᠲᠠᠷᠢᠶᠠᠴᠢᠳ ᠤ᠋ᠨ ᠲᠤᠰᠭᠠᠢ ᠬᠤᠷᠰᠢᠶ᠎ᠠ ᠶ᠋ᠢᠨ ᠬᠠᠷᠢᠭᠤᠴᠠᠯᠭᠠᠲᠠᠨ ᠮᠢ ᠱᠠᠨ ᠶᠠᠷᠢᠨ᠎ᠠ᠃

ᠬᠡᠭᠡᠷ᠎ᠡ ᠶ᠋ᠢᠨ ᠨᠤᠭᠤᠭ᠎ᠠ ᠲᠡᠭᠦᠬᠦ᠌ ᠬᠤᠭᠤᠴᠠᠭᠠᠨ ᠳ᠋ᠤ᠂ ᠱᠢᠨ ᠶᠧ ᠲᠤᠰᠬᠠᠢ ᠬᠤᠷᠰᠢᠶ᠎ᠠ ᠲᠤᠰᠭᠠᠢ ᠬᠤᠳᠠᠯᠳᠤᠨ ᠠᠪᠬᠤ ᠴᠡᠭ ᠭᠠᠷᠭᠠᠵᠤ᠂ ᠲᠠᠷᠢᠶᠠᠴᠢᠳ ᠤ᠋ᠨ ᠲᠡᠭᠦᠭ᠌ᠰᠡᠨ ᠱᠢᠨ᠎ᠡ ᠰᠣᠷᠭᠤᠭ ᠣᠢᠮ᠎ᠠ ᠨᠣᠭᠤᠭ᠎ᠠ ᠶ᠋ᠢ ᠪᠡᠯᠡᠨ ᠵᠣᠭᠤᠰ ᠶ᠋ᠢᠡᠷ ᠬᠤᠷᠢᠶᠠᠨ ᠠᠪᠳᠠᠭ᠃ 《ᠠᠭᠤᠯᠠᠨ ᠡᠴᠡ ᠲᠡᠭᠦᠭ᠌ᠰᠡᠨ ᠭᠡᠭᠡᠷ᠎ᠡ ᠶ᠋ᠢᠨ ᠨᠤᠭᠤᠭ᠎ᠠ ᠪᠠᠨ ᠲᠠᠷᠤᠢ ᠳ᠋ᠤᠨᠢ ᠪᠡᠯᠡᠨ ᠵᠣᠭᠤᠰ ᠪᠣᠯᠭᠠᠨ ᠬᠤᠪᠢᠷᠠᠭᠤᠯᠵᠤ᠂ ᠭᠡᠷ ᠤ᠋ᠨ ᠶ᠋ᠢᠡᠨ ᠡᠭᠦᠳᠡᠨ ᠳ᠋ᠤ ᠣᠷᠣᠯᠭ᠎ᠠ ᠪᠠᠨ ᠨᠡᠮᠡᠭ᠌ᠳᠡᠭᠦᠯᠵᠦ᠍ ᠴᠢᠳᠠᠭ᠍ᠰᠠᠨ 》 ᠭᠡᠵᠦ ᠲᠤᠰᠬᠤᠨ ᠤ᠋ ᠠᠷᠠᠳ ᠬᠡᠭᠡᠷ᠎ᠡ ᠶ᠋ᠢᠨ ᠨᠤᠭᠤᠭ᠎ᠠ ᠪᠡᠨ ᠶᠠᠭᠠᠬᠢᠵᠤ ᠪᠣᠷᠣᠯᠠᠭᠤᠯᠬᠤ ᠭᠡᠮᠡᠨ ᠵᠤᠪᠠᠬᠤ ᠴᠢᠬᠤᠯᠠ ᠦᠭᠡᠢ ᠪᠤᠯᠬᠤᠷ ᠶᠡᠬᠡ ᠯᠡ ᠪᠠᠶᠠᠷᠳᠠᠢ ᠪᠠᠢᠯ᠎ᠠ᠃

ᠣᠢᠯᠠᠭᠠᠭ᠍ᠰᠠᠨ᠎ᠢᠶᠠᠷ᠂ ᠱᠢᠨ ᠶᠧ ᠲᠤᠰᠬᠠᠢ ᠬᠤᠷᠰᠢᠶ᠎ᠠ ᠨᠢ ᠲᠠᠷᠢᠶᠠᠴᠢᠳ ᠤ᠋ᠨ ᠲᠡᠭᠦᠭ᠌ᠰᠡᠨ ᠣᠢᠮ᠎ᠠ ᠨᠣᠭᠤᠭ᠎ᠠ ᠶ᠋ᠢ ᠵᠢᠯ ᠪᠦᠷᠢ 50 ᠭᠠᠷᠤᠶ ᠲᠣᠨ ᠬᠤᠳᠠᠯᠳᠤᠨ ᠠᠪᠴᠤ᠌᠂ 90 ᠭᠠᠷᠤᠶ ᠲᠦᠮᠡᠨ ᠲᠥᠭᠦᠷᠢᠭ ᠤ᠋ᠨ ᠣᠷᠣᠯᠭ᠎ᠠ ᠡᠭᠦᠳᠴᠤ᠂ ᠶᠡᠭᠡ ᠬᠡᠮᠵᠢᠶᠠᠨ ᠤ᠋ ᠪᠡᠯᠡ ᠣᠷᠣᠭᠤᠯᠤᠯᠲᠠ ᠬᠢᠬᠦ᠌ ᠴᠢᠬᠤᠯᠠ ᠦᠭᠡᠢ ᠪᠡᠷ ᠬᠠᠩᠭᠠᠢ ᠳᠡᠯᠡᠭᠡᠢ᠎ᠶ᠋ᠢᠨ ᠡᠬᠢ ᠪᠠᠶᠠᠯᠢᠭ ᠲᠤ᠌ ᠲᠦᠱᠢᠭ᠌ᠯᠡᠨ ᠦᠷᠭᠦᠯᠵᠢᠯᠡᠨ ᠬᠥᠭ᠌ᠵᠢᠬᠦ᠌ ᠶ᠋ᠢ ᠪᠡᠶᠡᠯᠡᠭᠦᠯᠵᠤ᠂ ᠬᠥᠳᠡᠭᠡ ᠲᠣᠰᠭᠤᠨ ᠤ᠋ ᠤᠨᠴᠠᠯᠢᠬ᠍ᠳᠤ ᠠᠵᠤ ᠦᠢᠯᠡᠰ ᠤ᠋ᠨ ᠲᠤᠳᠠᠭᠤᠳᠠᠯ ᠢ᠋ ᠪᠦᠳᠦᠮᠵᠢᠳᠠᠢ ᠨᠥᠬᠦᠪᠦᠷᠢᠯᠡᠵᠠᠢ᠃

《ᠪᠢᠳᠡ ᠱᠢᠨ ᠶᠧ ᠲᠤᠰᠭᠠᠢ ᠬᠤᠷᠰᠢᠶ᠎ᠠ ᠳ᠋ᠤ ᠲᠦᠱᠢᠭ᠌ᠯᠡᠨ ᠲᠠᠷᠢᠶᠠᠴᠢᠳ ᠤ᠋ᠨ ᠲᠡᠭᠦᠭ᠌ᠰᠡᠨ ᠬᠡᠭᠡᠷ᠎ᠡ ᠶ᠋ᠢᠨ ᠤᠢᠮ᠎ᠠ ᠨᠣᠭᠤᠭ᠎ᠠ ᠶ᠋ᠢ ᠨᠢᠭᠡᠳᠦᠯᠲᠡᠢ ᠬᠤᠳᠠᠯᠳᠤᠨ ᠠᠪᠴᠤ᠌᠂ ᠲᠥᠪᠯᠡᠷᠡᠭᠦᠯᠦᠨ ᠪᠤᠯᠪᠠᠰᠤᠷᠠᠭᠤᠯᠵᠤ᠂ ᠤᠯᠠᠨ ᠲᠦᠮᠡᠨ ᠤ᠋ ᠪᠤᠷᠤᠯᠠᠭᠤᠯᠬᠤ ᠳ᠋ᠤ ᠬᠦᠴᠢᠷᠲᠡᠢ ᠠᠰᠠᠭᠤᠳᠠᠯ ᠢ᠋ ᠱᠢᠢᠳᠪᠦᠷᠢᠯᠡᠭ᠌ᠰᠡᠨ ᠪᠥᠭᠡᠳ ᠬᠥᠳᠡᠭᠡ ᠲᠣᠰᠭᠤᠨ ᠤ᠋ ᠰᠤᠯᠠ ᠪᠠᠢᠭ᠎ᠠ ᠠᠮᠢ ᠠᠬᠤᠢ ᠶ᠋ᠢᠨ ᠡᠬᠢ ᠪᠠᠶᠠᠯᠢᠭ ᠪᠤᠯᠤᠨ ᠦᠯᠡᠭᠦᠦ ᠬᠥᠳᠡᠯᠮᠦᠷᠢ ᠬᠦᠴᠦᠨ ᠢ᠋ ᠪᠦᠳᠤᠮᠵᠢᠳᠠᠢ ᠠᠮᠢᠯᠠᠭᠤᠯᠵᠦ᠍ ᠴᠢᠳᠠᠭ᠍ᠰᠠᠨ ᠪᠠᠢᠨ᠎ᠠ᠃ ᠳᠠᠷᠠᠭᠠᠴᠢ ᠪᠠᠷ᠂ ᠠᠵᠤ ᠦᠢᠯᠡᠰ ᠤ᠋ᠨ ᠬᠡᠯᠬᠢᠶ᠎ᠡ ᠶ᠋ᠢ ᠦᠷᠭᠦᠯᠵᠢᠯᠡᠨ ᠤᠷᠲᠤᠳᠭᠠᠵᠤ᠂ ᠨᠡᠮᠡᠯᠲᠡ ᠦᠷᠳᠡᠭ ᠢ᠋ ᠳᠡᠭᠡᠭ᠌ᠰᠢᠯᠡᠭᠦᠯᠤᠨ᠂ ᠬᠡᠭᠡᠷ᠎ᠡ ᠶ᠋ᠢᠨ ᠨᠣᠭᠤᠭ᠎ᠠ ᠶ᠋ᠢᠨ ᠠᠵᠤ ᠦᠢᠯᠡᠰ ᠢ᠋ ᠦᠨᠡᠨ ᠬᠦ᠌ ᠤᠯᠠᠨ ᠲᠦᠮᠡᠨ ᠢ᠋ ᠲᠠᠢᠴᠢᠯᠠᠨ ᠣᠷᠣᠯᠭ᠎ᠠ ᠶ᠋ᠢ ᠨᠢ ᠨᠡᠮᠡᠭ᠌ᠳᠡᠭᠦᠯᠦᠨ ᠪᠠᠶᠠᠵᠢᠭᠤᠯᠬᠤ᠂ ᠬᠥᠳᠡᠭᠡ ᠲᠣᠰᠭᠤᠨ ᠤ᠋ ᠬᠥᠭ᠌ᠵᠢᠯ ᠮᠠᠨᠳᠤᠯ ᠢ᠋ ᠠᠬᠢᠭᠤᠯᠬᠤ ᠤᠨᠴᠠᠯᠢᠬ᠍ᠳᠤ ᠲᠤᠯᠭᠠᠭᠤᠷᠢ ᠠᠵᠤ ᠦᠢᠯᠡᠰ ᠪᠣᠯᠭᠠᠨ᠎ᠠ》  ᠭᠡᠵᠦ᠍ ᠬᠡᠱᠢᠭ᠌ᠳᠡᠨ ᠬᠤᠱᠢᠭᠤᠨ ᠤ᠋ ᠬᠤᠩ ᠱᠠᠨ ᠽᠢ ᠱᠢᠶᠠᠩ ᠤ᠋ᠨ ᠨᠠᠮ ᠤ᠋ᠨ ᠬᠤᠷᠢᠶ᠎ᠠ ᠵᠢᠨ ᠤᠬᠠᠭᠤᠯᠬᠤ ᠭᠡᠱᠢᠭᠦᠨ ᠭᠧᠩ ᠶᠠᠨ ᠫᠧᠩ ᠶᠠᠷᠢᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号