ᠡᠪᠡᠰᠦ ᠪᠡᠯᠴᠢᠭᠡᠷ ᠰᠡᠷᠭᠦᠨ ᠨᠤᠭᠤᠭᠠᠷᠠᠭᠰᠠᠨ ᠳᠡᠯᠭᠡᠷ ᠵᠤᠨ ᠤ᠋ ᠤᠯᠠᠷᠢᠯ ᠪᠤᠯᠬᠤ ᠳ᠋ᠤ ᠤᠯᠠᠭᠠᠨᠴᠠᠪ ᠬᠤᠲᠠ ᠶ᠋ᠢᠨ ᠳᠦᠷᠪᠡᠳ ᠬᠤᠰᠢᠭᠤᠨ ᠤ᠋ ᠮᠠᠯᠴᠢᠳ ᠺᠤᠮᠫᠠᠨᠢ ᠲᠠᠢ ᠬᠠᠮᠳᠤᠷᠠᠨ ᠬᠤᠨᠢᠨ ᠰᠦᠷᠦᠭ ᠲᠠᠬᠡᠨ ᠰᠢᠯᠢᠳᠡᠭ ᠡᠬᠦᠯᠳᠡᠷ ᠤ᠋ᠨ ᠬᠤᠴᠠ ᠲᠠᠯᠪᠢᠵᠤ᠂ ᠳ᠋ᠦ᠋ ᠮᠧᠩ ᠮᠢᠬᠠᠨ ᠤ᠋ ᠬᠤᠨᠢ ᠵᠢ ᠦᠷᠡᠵᠢᠭᠦᠯᠦᠨ ᠪᠤᠢᠵᠢᠭᠤᠯᠬᠤ ᠠᠵᠢᠯ ᠵᠢᠡᠨ ᠡᠬᠢᠯᠡᠬᠦᠯᠴᠢᠬᠡᠳᠡᠭ ᠶᠤᠮ᠃
《ᠦᠡᠭᠭᠡᠷᠡᠭᠰᠡᠨ ᠳ᠋ᠦ ᠨᠤᠲᠤᠭ ᠤ᠋ᠨ ᠬᠤᠨᠢ ᠲᠡᠵᠢᠭᠡᠭᠡᠳ ᠪᠤᠷᠤᠯᠠᠭᠤᠯᠬᠤ ᠳ᠋ᠦ ᠳᠦᠭᠦᠮ ᠦᠭᠡᠢ᠂ ᠮᠠᠯ ᠤ᠋ᠨ ᠫᠠᠨᠽᠠᠴᠢᠨ ᠦᠨ᠎ᠡ ᠬᠠᠩᠰᠢ ᠶ᠋ᠢ ᠳᠠᠷᠤᠭᠠᠳ ᠦᠨᠳᠦᠷ ᠦᠨ᠎ᠡ ᠪᠡᠷ ᠬᠤᠳᠠᠯᠳᠤᠵᠤ ᠳᠡᠢᠯᠬᠦ ᠦᠭᠡᠢ ᠲᠤᠯᠠ ᠤᠷᠤᠯᠭ᠎ᠠ ᠠᠨᠠᠢ ᠪᠠᠢᠵᠠᠢ᠃ ᠤᠳᠤ ᠬᠤᠨᠢ ᠪᠠᠨ ᠪᠤᠷᠤᠯᠠᠭᠤᠯᠬᠤ ᠳ᠋ᠦ ᠵᠤᠪᠠᠬᠤ ᠤᠴᠢᠷ ᠦᠭᠡᠢ᠂ ᠦᠨ᠎ᠡ ᠬᠠᠡᠭᠰᠢ ᠨᠢ ᠴᠦ᠍ ᠪᠠᠲᠤᠯᠠᠭ᠎ᠠ ᠲᠠᠢ ᠪᠦᠭᠡᠳ ᠭᠡᠷ ᠲᠡᠭᠡᠨ ᠬᠤᠨᠢ ᠪᠠᠨ ᠲᠡᠵᠢᠭᠡᠵᠦ ᠪᠠᠷᠠᠭᠰᠠᠨ ᠤ᠋ ᠳᠠᠷᠠᠭ᠎ᠠ ᠪᠠᠰᠠ ᠠᠵᠤ ᠠᠬᠤᠢᠯᠠᠯ ᠳ᠋ᠦ ᠬᠦᠷᠴᠦ ᠠᠵᠢᠯ ᠬᠢᠵᠦ ᠤᠷᠤᠯᠭ᠎ᠠ ᠪᠠᠨ ᠨᠡᠮᠡᠭᠳᠡᠭᠦᠯᠵᠦ ᠪᠤᠯᠤᠨ᠎ᠠ᠂ ᠠᠮᠢᠳᠤᠷᠠᠯ ᠴᠤᠬᠤᠮ ᠡᠳᠦᠷ ᠡᠴᠡ ᠡᠳᠦᠷ ᠰᠠᠢᠵᠢᠷᠠᠵᠤ ᠪᠠᠢᠨ᠎ᠠ 》 ᠭᠡᠵᠦ ᠳᠥᠷᠪᠡᠳ ᠬᠣᠰᠢᠭᠤᠨ ᠤ᠋ ᠤᠯᠠᠭᠠᠨᠬᠤᠸᠠ ᠪᠠᠯᠭᠠᠰᠤ ᠵᠢᠨ ᠪᠠᠭ᠎ᠠ ᠲᠠᠯ᠎ᠠ ᠶ᠋ᠢᠨ ᠤᠰᠤ ᠲᠣᠰᠬᠣᠨ ᠤ᠋ ᠠᠷᠠᠳ ᠪᠦ᠋ ᠮᠠᠨ ᠱᠸᠦ ᠪᠠᠶᠠᠷᠳᠠᠢᠬᠠᠨ ᠬᠡᠯᠡᠨ᠎ᠡ᠃
ᠪᠦ᠋ ᠮᠠᠨ ᠱᠸᠦ ᠶ᠋ᠢᠨ ᠬᠡᠯᠡᠵᠦ ᠪᠠᠢᠭ᠎ᠠ ᠠᠵᠤ ᠠᠬᠤᠢᠯᠠᠯ ᠨᠢ ᠲᠦᠷᠪᠡᠳ ᠬᠤᠰᠢᠭᠤᠨ ᠤ᠋ ᠤᠷᠤᠨ ᠨᠤᠲᠤᠭ ᠤ᠋ᠨ ᠳᠠᠭᠠᠭᠤᠯᠤᠭᠴᠢ ᠠᠵᠤ ᠠᠬᠤᠢᠯᠠᠯ — ᠰᠠᠢᠨᠠᠤ ᠦᠷ᠎ᠡ ᠶ᠋ᠢᠨ ᠮᠠᠯ ᠤ᠋ᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ᠌ ᠺᠣᠮᠫᠠᠨᠢ ᠪᠤᠯᠤᠨ᠎ᠠ᠃ ᠲᠤᠰ ᠺᠤᠮᠫᠠᠨᠢ ᠪᠤᠯ ᠮᠢᠬᠠᠨ ᠤ᠋ ᠬᠤᠨᠢ ᠶ᠋ᠢᠨ ᠡᠭᠦᠯᠳᠡᠷ ᠪᠤᠢᠵᠢᠭᠤᠯᠬᠤ᠂ ᠰᠢᠯᠢᠳᠡᠭ ᠡᠭᠦᠯᠳᠡᠷ ᠢ᠋ ᠦᠷᠭᠡᠳᠭᠡᠨ ᠦᠷᠡᠵᠢᠭᠦᠯᠬᠦ᠂ ᠬᠦᠪᠤᠷᠡᠯ ᠤ᠋ᠨ ᠠᠮᠢᠳᠤ ᠪᠤᠳᠠᠰ ᠤ᠋ᠨ ᠮᠡᠷᠭᠡᠵᠢᠯ ᠤ᠋ᠨ ᠰᠤᠳᠤᠯᠭᠠᠨ ᠦᠷᠨᠢᠭᠦᠯᠬᠦ᠂ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ᠂ ᠪᠦᠬᠦ ᠠᠵᠤ ᠦᠢᠯᠡᠰ ᠤ᠋ᠨ ᠬᠡᠯᠬᠢᠶᠡᠨ ᠤ᠋ ᠮᠡᠷᠭᠡᠵᠢᠯ ᠤ᠋ᠨ ᠦᠢᠯᠡᠴᠢᠯᠡᠭᠡ ᠬᠠᠩᠭᠠᠬᠤ ᠶ᠋ᠢ ᠨᠢᠭᠡ ᠴᠤᠭᠴᠠᠵᠢᠭᠤᠯᠤᠭᠰᠠᠨ ᠠᠵᠤ ᠠᠬᠤᠢᠯᠠᠯ ᠪᠠᠢᠵᠤ᠂ 18 ᠵᠢᠯ ᠵᠠᠷᠤᠴᠠᠭᠤᠯᠵᠤ ᠪᠠᠢᠭᠠᠳ ᠳ᠋ᠦ᠋ ᠮᠧᠩ ᠮᠢᠬᠠᠨ ᠤ᠋ ᠬᠤᠨᠢ ᠶ᠋ᠢ ᠪᠤᠢᠵᠢᠭᠤᠯᠵᠤ ᠭᠠᠷᠭᠠᠨ᠂ ᠤᠯᠠᠭᠠᠨᠴᠠᠪ ᠬᠤᠳᠠ ᠶ᠋ᠢᠨ ᠦᠪᠡᠷ ᠤ᠋ᠨ ᠭᠡᠰᠡᠨ ᠮᠢᠬᠠᠨ ᠤ᠋ ᠬᠤᠨᠢ ᠶ᠋ᠢᠨ ᠡᠭᠦᠯᠳᠡᠷ ᠦᠬᠡᠢ ᠪᠠᠢᠭᠰᠠᠨ ᠬᠤᠭᠤᠰᠤᠨ ᠢ᠋ ᠨᠦᠬᠦᠪᠤᠷᠢᠯᠡᠵᠠᠢ᠃
ᠥᠪᠥᠷ ᠮᠣᠩᠭᠣᠯ ᠤ᠋ᠨ ᠰᠠᠢᠨᠠᠤ ᠦᠷ᠎ᠡ ᠶ᠋ᠢᠨ ᠮᠠᠯ ᠤ᠋ᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ᠌ ᠺᠣᠮᠫᠠᠨᠢ ᠶ᠋ᠢᠨ ᠮᠢᠬᠠᠨ ᠤ᠋ ᠬᠤᠨᠢ ᠶ᠋ᠢᠨ ᠡᠭᠦᠯᠳᠡᠷ ᠪᠣᠶ᠋ᠢᠵᠢᠭᠤᠯᠬᠤ ᠠᠮᠢᠳᠤ ᠪᠣᠳᠠᠰ ᠤ᠋ᠨ ᠢᠨᠵᠧᠨᠧᠷᠢᠩ ᠤ᠋ᠨ ᠮᠡᠷᠭᠡᠵᠢᠯ ᠤ᠋ᠨ ᠲᠥᠪ ᠲᠦ᠍᠂ ᠮᠡᠷᠭᠡᠵᠢᠯ ᠤ᠋ᠨ ᠠᠵᠢᠯᠴᠢᠳ ᠭᠧᠨ ᠤ᠋ ᠰᠢᠭᠰᠢᠨ ᠪᠠᠶ᠋ᠢᠴᠠᠭᠠᠯᠲᠠ ᠪᠡᠷ ᠰᠢᠯᠢᠵᠤ ᠰᠤᠡᠭᠭᠤᠵᠤ ᠭᠠᠷᠭᠠᠭᠰᠠᠨ ᠰᠢᠯᠢᠳᠡᠭ ᠡᠬᠦᠯᠳᠡᠷ ᠤ᠋ᠨ ᠳ᠋ᠦ᠋ ᠮᠧᠩ ᠬᠤᠴᠠ ᠪᠠᠨ ᠪᠥᠬᠥ᠌ ᠬᠣᠰᠢᠭᠤᠨ ᠤ᠋ ᠡᠯ᠎ᠡ ᠭᠠᠴᠠᠭ᠎ᠠ ᠲᠤᠰᠬᠤᠨ ᠳ᠋ᠤ ᠬᠦᠷᠭᠡᠬᠦ ᠪᠡᠷ ᠪᠡᠯᠡᠳᠭᠡᠨ᠎ᠠ᠃ ᠬᠡᠭᠡᠯᠳᠦᠭᠦᠯᠭᠡ ᠶ᠋ᠢᠨ ᠵᠠᠡᠭᠬᠢᠯᠠᠭᠠ ᠶ᠋ᠢᠨ ᠴᠠᠭ ᠢ᠋ ᠵᠠᠪᠳᠤᠵᠤ᠂ ᠠᠵᠤ ᠠᠬᠤᠢᠯᠠᠯ ᠡᠴᠡ ᠮᠠᠯᠴᠢᠳ ᠤ᠋ᠨ ᠬᠤᠨᠢᠨ ᠰᠦᠷᠦᠭ ᠲᠦ᠍ ᠦᠨ᠎ᠡ ᠲᠦᠯᠦᠪᠦᠷᠢ ᠦᠭᠡᠢ ᠪᠡᠷ ᠰᠢᠯᠢᠳᠡᠭ ᠡᠭᠦᠯᠳᠡᠷ ᠤ᠋ᠨ ᠬᠤᠴᠠ ᠲᠠᠯᠪᠢᠵᠤ ᠦᠭᠭᠦ ᠪᠡᠷ ᠪᠠᠢᠭ᠎ᠠ ᠨᠢ ᠡᠨᠡ ᠪᠢᠯᠡ᠃ ᠡᠭᠦᠨ ᠤ᠋ ᠵᠡᠷᠭᠡ ᠪᠡᠷ᠂ ᠠᠵᠤ ᠠᠬᠤᠢᠯᠠᠯ ᠤ᠋ᠨ ᠮᠡᠷᠭᠡᠵᠢᠯ ᠤ᠋ᠨ ᠠᠵᠢᠯᠴᠢᠳ ᠪᠠᠰᠠ ᠮᠠᠯᠵᠢᠬᠤ ᠡᠷᠦᠬᠡ ᠳ᠋ᠦ ᠭᠦᠨᠵᠡᠭᠡᠢᠷᠡᠨ᠂ ᠵᠤᠨ ᠤ᠋ ᠤᠯᠠᠷᠢᠯ ᠳ᠋ᠤ ᠲᠡᠵᠢᠭᠡᠯ ᠡᠪᠡᠰᠤ ᠵᠢ ᠬᠡᠷᠬᠢᠨ ᠲᠤᠬᠢᠷᠠᠭᠤᠯᠬᠤ᠂ ᠠᠭᠠᠬᠢᠮ᠎ᠠ ᠬᠠᠯᠠᠭᠤᠨ ᠳ᠋ᠦ ᠬᠡᠮ ᠬᠢᠵᠢᠭ ᠢ᠋ ᠬᠡᠷᠬᠢᠨ ᠰᠡᠷᠭᠡᠢᠯᠡᠨ ᠡᠵᠡᠮᠳᠡᠬᠦ ᠵᠡᠷᠭᠡ ᠮᠡᠳᠡᠯᠭᠡ ᠮᠡᠷᠭᠡᠵᠢᠯ ᠢ᠋ ᠤᠯᠠᠮᠵᠢᠯᠠᠵᠤ ᠂ ᠮᠠᠯᠴᠢᠳ ᠲᠠᠢ ᠮᠢᠬᠠᠨ ᠤ᠋ ᠬᠤᠨᠢ ᠶ᠋ᠢ ᠨᠢ ᠪᠠᠲᠤᠯᠠᠭ᠎ᠠ ᠲᠠᠢ ᠦᠨ᠎ᠠ ᠪᠡᠷ ᠬᠤᠳᠠᠯᠳᠤᠨ ᠠᠪᠬᠤ ᠭᠡᠷ᠎ᠡ ᠳᠤᠭᠳᠠᠳᠠᠭ᠃
《ᠪᠢᠳᠡ ᠪᠥᠬᠥ᠌ ᠠᠵᠤ ᠦᠢᠯᠡᠰ ᠤ᠋ᠨ ᠬᠡᠯᠬᠢᠶ᠎ᠡ ᠶ᠋ᠢᠨ ᠵᠤᠭᠰᠤᠴᠠ ᠡᠴᠡ 〈ᠦᠨ᠎ᠠ ᠲᠦᠯᠦᠪᠤᠷᠢ ᠦᠭᠡᠢ ᠪᠡᠷ ᠰᠢᠯᠢᠳᠡᠭ ᠡᠭᠦᠯᠳᠡᠷ ᠤ᠋ᠨ ᠬᠤᠴᠠ ᠬᠠᠩᠭᠠᠬᠤ + ᠮᠡᠷᠭᠡᠵᠢᠯ ᠤ᠋ᠨ ᠦᠢᠯᠡᠴᠢᠯᠡᠭᠡ ᠬᠠᠡᠭᠭᠠᠬᠤ + ᠪᠠᠳᠤᠯᠠᠭ᠎ᠠ ᠵᠢᠨ ᠦᠨ᠎ᠠ ᠪᠡᠷ ᠬᠤᠳᠠᠯᠳᠤᠨ ᠠᠪᠬᠤ + ᠠᠰᠢᠭ ᠬᠤᠪᠢᠶᠠᠷᠢᠯᠠᠬᠤ 〉 ᠵᠠᠭᠪᠤᠷ ᠪᠦᠬᠦᠢ ᠮᠠᠯᠴᠢᠳ ᠢ᠋ ᠳᠠᠢᠴᠢᠯᠠᠨ ᠪᠠᠶᠠᠵᠢᠯ ᠤ᠋ᠨ ᠵᠠᠮ ᠶ᠋ᠢᠡᠷ ᠵᠠᠮᠨᠠᠬᠤ ᠠᠰᠢᠭ ᠲᠤᠰᠠ ᠶ᠋ᠢᠨ ᠬᠤᠯᠪᠤᠭᠠᠨ ᠤ᠋ ᠴᠤᠭᠴᠠ ᠶ᠋ᠢ ᠪᠠᠢᠭᠤᠯᠵᠤ ᠂ ᠮᠠᠯᠴᠢᠳ ᠤ᠋ᠨ ᠣᠷᠣᠯᠭ᠎ᠠ ᠶ᠋ᠢ ᠨᠡᠮᠡᠭᠳᠡᠭᠦᠯᠬᠦ᠌ ᠶ᠋ᠢᠨ ᠬᠠᠮᠳᠤ ᠠᠵᠤ ᠦᠢᠯᠡᠰ ᠤ᠋ᠨ ᠦᠷ᠎ᠡ ᠠᠰᠢᠭ ᠢ᠋ ᠨᠢ ᠶᠡᠬᠡᠬᠡᠨ ᠨᠡᠮᠡᠭᠳᠡᠭᠦᠯᠵᠠᠢ》 ᠭᠡᠵᠦ ᠥᠪᠥᠷ ᠮᠣᠩᠭᠣᠯ ᠤ᠋ᠨ ᠰᠠᠢᠨᠠᠤ ᠦᠷ᠎ᠡ ᠶ᠋ᠢᠨ ᠮᠠᠯ ᠤ᠋ᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ᠌ ᠺᠣᠮᠫᠠᠨᠢ ᠶ᠋ᠢᠨ ᠬᠡᠷᠡᠭ ᠮᠡᠳᠡᠭᠴᠢᠳ ᠤ᠋ᠨ ᠳᠠᠷᠤᠭ᠎ᠠ ᠯᠢ ᠵᠢᠶᠦ᠋ᠨ ᠯᠦᠩ ᠶᠠᠷᠢᠵᠤ ᠪᠠᠢᠯ᠎ᠠ᠃
ᠤᠢᠯᠠᠭᠠᠭᠰᠠᠨ ᠶ᠋ᠢᠡᠷ᠂ ᠡᠭᠦᠯᠳᠡᠷ ᠰᠠᠶ᠋ᠢᠵᠢᠷᠠᠭᠤᠯᠤᠭᠰᠠᠨ ᠮᠢᠬᠠᠨ ᠤ᠋ ᠬᠤᠨᠢᠨ ᠤ᠋ ᠪᠤᠷᠳᠤᠬᠤ ᠴᠠᠭ ᠨᠢ ᠪᠤᠭᠤᠨᠢᠰᠤᠨ᠂ ᠭᠠᠷᠭᠠᠯᠲᠠ ᠨᠢ ᠲᠦᠷᠭᠡᠳᠴᠤ᠂ ᠮᠢᠬᠠᠨ ᠤ᠋ ᠭᠠᠷᠤᠯᠲᠠ ᠨᠢ ᠨᠡᠮᠡᠭᠳᠡᠨ᠂ ᠤᠯᠠᠮᠵᠢᠯᠠᠯᠲᠤ ᠨᠤᠲᠤᠭ ᠤ᠋ᠨ ᠬᠤᠨᠢ ᠲᠡᠵᠢᠭᠡᠬᠦ ᠲᠠᠢ ᠬᠠᠷᠢᠴᠠᠭᠤᠯᠪᠠᠯ ᠬᠤᠨᠢ ᠨᠢᠭᠡᠪᠦᠷᠢ ᠡᠴᠡ 300 ᠲᠦᠭᠦᠷᠢᠭ ᠤ᠋ᠨ ᠤᠷᠤᠯᠭ᠎ᠠ ᠢᠯᠡᠭᠦᠦ ᠤᠯᠵᠤ ᠪᠤᠢ᠃