ᠥᠪᠥᠷ ᠮᠣᠩᠭᠣᠯ ᠦᠶᠡᠷ ᠢ᠋ ᠰᠡᠷᠭᠡᠶ᠋ᠢᠯᠡᠬᠦ᠌ ᠠᠮᠤᠷ ᠲᠦᠪᠰᠢᠨ ᠤ᠋ ᠰᠡᠷᠭᠡᠶ᠋ᠢᠯᠡᠯᠲᠡ ᠢ᠋ᠢᠨ ᠱᠤᠭᠤᠮ ᠢ᠋ ᠪᠠᠲᠤ ᠴᠤᠭᠴᠠᠯᠠᠵᠤ ᠪᠠᠢᠨ᠎ᠠ
2026-07-10 09:59:56
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠲᠣᠪᠴᠢᠶ᠎ᠠ ᠡᠴᠡ ᠣᠶ᠋ᠢᠯᠠᠭᠠᠭᠰᠠᠨ ᠵᠢᠡᠷ᠂ 7 ᠰᠠᠷ᠎ᠠ ᠢ᠋ᠢᠨ 10 — 14  ᠤ᠋ ᠡᠳᠦᠷ ᠪᠣᠯᠲᠠᠯ᠎ᠠ ᠣᠷᠳᠣᠰ ᠬᠣᠲᠠ ᠢ᠋ᠢᠨ ᠡᠮᠦᠨ᠎ᠡ ᠪᠡᠶ᠎ᠠ ᠪᠤᠯᠤᠨ ᠵᠡᠭᠦᠨ ᠪᠡᠶ᠎ᠠ᠂ ᠪᠤᠭᠤᠲᠤ᠌ ᠬᠣᠲᠠ ᠢ᠋ᠢᠨ ᠵᠡᠭᠦᠨ ᠡᠮᠦᠨ᠎ᠡ ᠪᠡᠶ᠎ᠠ᠂ ᠬᠥᠬᠡᠬᠣᠲᠠ ᠢ᠋ᠢᠨ ᠶᠡᠬᠡᠩᠬᠢ ᠭᠠᠵᠠᠷ᠂ ᠤᠯᠠᠭᠠᠨᠴᠠᠪ ᠬᠣᠲᠠ ᠢ᠋ᠢᠨ ᠳᠤᠮᠳᠠ ᠪᠡᠶ᠎ᠠ ᠪᠤᠯᠤᠨ ᠡᠮᠦᠨ᠎ᠡ ᠪᠡᠶ᠎ᠠ᠂ ᠰᠢᠯᠢ ᠢ᠋ᠢᠨ ᠭᠤᠤᠯ ᠠᠶ᠋ᠢᠮᠠᠭ ᠤ᠋ᠨ ᠡᠮᠦᠨ᠎ᠡ ᠪᠡᠶ᠎ᠠ᠂ ᠤᠯᠠᠭᠠᠨᠬᠠᠳᠠ ᠬᠣᠲᠠ ᠢ᠋ᠢᠨ ᠪᠠᠷᠠᠭᠤᠨ ᠪᠡᠶ᠎ᠠ ᠪᠤᠯᠤᠨ ᠡᠮᠦᠨ᠎ᠡ ᠪᠡᠶ᠎ᠠ᠂ ᠲᠦᠩᠯᠢᠶᠣᠤ ᠬᠣᠲᠠ ᠢ᠋ᠢᠨ ᠡᠮᠦᠨ᠎ᠡ ᠪᠡᠶ᠎ᠠ ᠪᠤᠯᠤᠨ ᠪᠠᠷᠠᠭᠤᠨ ᠬᠣᠶ᠋ᠢᠲᠤ᠌ ᠪᠡᠶ᠎ᠠ᠂ ᠬᠢᠩᠭᠠᠨ ᠠᠶ᠋ᠢᠮᠠᠭ ᠤ᠋ᠨ ᠪᠠᠷᠠᠭᠤᠨ ᠬᠣᠶ᠋ᠢᠲᠤ᠌ ᠪᠡᠶ᠎ᠠ᠂ ᠬᠥᠯᠥᠨ ᠪᠣᠶ᠋ᠢᠷ ᠬᠣᠲᠠ ᠢ᠋ᠢᠨ ᠶᠡᠬᠡᠩᠬᠢ ᠭᠠᠵᠠᠷ ᠲᠦ᠍ ᠶᠡᠬᠡ ᠪᠣᠷᠣᠭᠠᠨ ᠪᠤᠶᠤ ᠰᠢᠷᠦᠭᠦᠨ ᠪᠤᠷᠤᠭᠠᠨ ᠣᠷᠣᠵᠤ᠂ ᠤᠯᠠᠭᠠᠨᠬᠠᠳᠠ ᠬᠣᠲᠠ ᠢ᠋ᠢᠨ ᠡᠮᠦᠨ᠎ᠡ ᠪᠡᠶ᠎ᠠ ᠪᠤᠯᠤᠨ ᠲᠦᠩᠯᠢᠶᠣᠤ ᠬᠣᠲᠠ ᠢ᠋ᠢᠨ ᠡᠮᠦᠨ᠎ᠡ ᠪᠡᠶ᠎ᠠ ᠢ᠋ᠢᠨ ᠬᠡᠰᠡᠭ ᠭᠠᠵᠠᠷ ᠲᠤ᠌ ᠶᠡᠬᠡ ᠰᠢᠷᠦᠭᠦᠨ ᠪᠣᠷᠣᠭᠠᠨ ᠣᠷᠣᠵᠤ᠂ ᠬᠠᠮᠤᠭ ᠤ᠋ᠨ ᠶᠡᠬᠡ ᠬᠤᠷ᠎ᠠ ᠲᠤᠨᠳᠠᠰᠤᠨ ᠤ᠋ ᠬᠤᠷᠠᠮᠳᠤᠯ ᠤ᠋ᠨ ᠬᠡᠮᠵᠢᠶ᠎ᠡ 100 — 140 ᠮᠢᠯᠢᠮᠧᠲ᠋ᠷ ᠬᠦᠷᠴᠦ᠍᠂ ᠬᠡᠰᠡᠭ ᠭᠠᠵᠠᠷ ᠲᠤ᠌ 140 ᠮᠢᠯᠢᠮᠧᠲ᠋ᠷ ᠢ᠋ ᠳᠠᠪᠠᠨ᠎ᠠ᠃

ᠦᠪᠡᠷᠳᠡᠬᠡᠨ ᠵᠠᠰᠠᠬᠤ ᠤᠷᠤᠨ ᠤ᠋ ᠴᠠᠭ ᠠᠭᠤᠷ ᠤ᠋ᠨ ᠰᠠᠯᠠᠭ᠎ᠠ ᠮᠥᠴᠢᠷ ᠡᠴᠡ᠂ ᠲᠣᠰ ᠤᠳᠠᠭ᠎ᠠ ᠵᠢᠨ ᠰᠢᠷᠦᠭᠦᠨ ᠪᠣᠷᠣᠭᠠᠨ ᠤᠷᠤᠬᠤ ᠬᠦᠷᠢᠶ᠎ᠠ ᠬᠡᠪᠴᠢᠶ᠎ᠡ ᠨᠢ ᠥᠷᠭᠡᠨ᠂ ᠬᠦᠴᠦᠯᠡᠴᠡ ᠨᠢ ᠶᠡᠬᠡ ᠪᠦᠬᠡᠳ ᠬᠡᠰᠡᠭ ᠭᠠᠵᠠᠷ ᠲᠦ᠍ ᠤᠢᠷ᠎ᠠ ᠵᠢᠨ ᠬᠤᠭᠤᠴᠠᠭᠠᠨ ᠳ᠋ᠤ ᠪᠠᠢᠨ ᠲᠠᠬᠢᠨ ᠶᠡᠬᠡ ᠪᠤᠷᠤᠭᠠᠨ ᠤᠷᠤᠭᠰᠠᠨ ᠡᠴᠡ ᠵᠠᠷᠢᠮ ᠭᠤᠤᠯ ᠮᠦᠷᠡᠨ ᠤ᠋ ᠤᠰᠤᠨ ᠲᠦᠪᠰᠢᠨ ᠨᠢᠬᠡᠨᠳᠡ ᠰᠡᠷᠡᠮᠵᠢ ᠢ᠋ᠢᠨ ᠱᠤᠭᠤᠮ ᠡᠴᠡ ᠳᠡᠪᠠᠭᠠᠳ ᠭᠠᠮᠰᠢᠭ ᠲᠠᠷᠢᠬᠤ ᠲᠦᠭᠰᠢᠬᠦᠷᠢ ᠪᠡᠷ ᠨᠡᠯᠢᠶᠡᠳ ᠶᠡᠬᠡ ᠪᠠᠢᠵᠤ᠂ ᠳᠤᠮᠳᠠ ᠪᠠᠭ᠎ᠠ ᠭᠤᠤᠯ ᠮᠥᠷᠡᠨ ᠤ᠋ ᠦᠶᠡᠷ᠂ ᠬᠣᠲᠠ ᠢ᠋ᠢᠨ ᠦᠶᠡᠷ ᠤᠰᠤᠲᠤᠯ᠂ ᠠᠭᠤᠯᠠᠨ ᠦᠶᠡᠷ᠂ ᠰᠢᠪᠠᠷ ᠴᠢᠯᠠᠭᠤᠨ ᠤᠷᠤᠰᠬᠠᠯ ᠵᠡᠷᠭᠡ ᠡᠭᠦᠰᠦᠮᠡᠯ ᠭᠠᠮᠰᠢᠭ ᠴᠦ᠍ ᠠᠮᠠᠷᠬᠠᠨ ᠡᠭᠦᠰᠴᠦ ᠮᠡᠳᠡᠨ᠎ᠠ ᠬᠡᠮᠡᠨ ᠰᠠᠨᠠᠭᠤᠯᠵᠤ ᠪᠤᠢ᠃

ᠣᠶ᠋ᠢᠯᠠᠭᠠᠭᠰᠠᠨ ᠵᠢᠡᠷ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤᠨ ᠠᠰᠢᠭᠯᠠᠯᠲᠠ ᠢ᠋ᠢᠨ ᠲᠢᠩᠬᠢᠮ ᠨᠢᠭᠡᠨᠲᠡ ᠤᠰᠤᠨ ᠴᠥᠭᠥᠷᠥᠮ᠂ ᠬᠠᠰᠢᠯᠭ᠎ᠠ ᠳᠠᠯᠠᠩ᠂ ᠪᠦᠳᠦᠬᠡᠨ ᠪᠠᠶ᠋ᠢᠭᠤᠯᠵᠤ ᠪᠠᠶ᠋ᠢᠭ᠎ᠠ ᠪᠠᠷᠢᠯᠭ᠎ᠠ᠂ ᠠᠭᠤᠯᠠᠨ ᠦᠶᠡᠷ ᠠᠮᠠᠷᠬᠠᠨ ᠡᠬᠦᠰᠬᠦ ᠭᠠᠵᠠᠷ ᠵᠡᠷᠭᠡ ᠭᠤᠤᠯᠳᠠᠯᠭ᠎ᠠ ᠲᠠᠢ ᠬᠦᠷᠢᠶ᠎ᠠ ᠵᠢ ᠨᠢᠬᠡᠳ ᠨᠢᠬᠡ ᠪᠡᠷ ᠵᠢᠭᠰᠠᠭᠠᠨ ᠪᠠᠶ᠋ᠢᠴᠠᠭᠠᠵᠤ᠂ ᠥᠪᠡᠷᠲᠡᠭᠡᠨ ᠵᠠᠰᠠᠬᠤ ᠣᠷᠣᠨ ᠤ᠋ ᠲᠣᠰ ᠱᠠᠲᠤᠨ ᠤ᠋ ᠦᠶᠡᠷ ᠢ᠋ ᠰᠡᠷᠭᠡᠶ᠋ᠢᠯᠡᠬᠦ᠌ ᠡᠳ᠋ ᠪᠣᠳᠠᠰ ᠤ᠋ᠨ ᠬᠥᠮᠥᠷᠭᠡ ᠢ᠋ᠢ ᠪᠥᠬᠥ᠌ ᠲᠠᠯ᠎ᠠ ᠪᠠᠷ ᠲᠣᠭᠠᠯᠠᠨ ᠪᠦᠷᠢᠳᠬᠡᠵᠦ᠍᠂ ᠳᠤᠲᠠᠭᠤᠳᠠᠯ ᠵᠢᠡᠨ ᠲᠣᠳᠣᠷᠬᠠᠶ ᠣᠶ᠋ᠢᠯᠠᠭᠠᠬᠤ ᠢ᠋ᠢᠨ ᠬᠠᠮᠲᠤ᠌ ᠨᠡᠬᠡᠮᠡᠯ ᠤᠭᠤᠲᠠ᠂ ᠬᠠᠷ᠎ᠠ ᠲᠤᠭᠤᠯᠭᠠᠨ ᠴᠢᠯᠠᠭᠤᠨ ᠰᠢᠩᠭᠡᠯᠢᠭ ᠵᠡᠷᠭᠡ ᠪᠠᠴᠢᠮ ᠬᠡᠷᠡᠭᠰᠡᠬᠦ᠌ ᠡᠳ᠋ ᠪᠣᠳᠠᠰ ᠢ᠋ ᠬᠤᠳᠠᠯᠳᠤᠨ ᠠᠪᠴᠤ᠌ ᠭᠦᠢᠴᠡᠳ ᠨᠥᠭᠡᠴᠡᠯᠡᠨ᠂ ᠲᠣᠬᠢᠷᠠᠭᠤᠯᠵᠤ ᠳᠡᠶ᠋ᠢᠯᠬᠦ᠌ ᠪᠠ ᠬᠡᠷᠡᠭᠯᠡᠵᠦ᠍ ᠳᠡᠶ᠋ᠢᠯᠬᠦ᠌ ᠢ᠋ᠢ ᠦᠨᠡᠨ ᠬᠦ᠌ ᠪᠠᠲᠤᠯᠠᠵᠤ᠂ ᠠᠶᠤᠯ ᠡᠴᠡ ᠠᠪᠤᠷᠠᠵᠤ ᠪᠠᠴᠢᠮ ᠪᠠᠶ᠋ᠢᠳᠠᠯ ᠢ᠋ ᠠᠷᠭᠠᠴᠠᠭᠠᠬᠤ ᠬᠡᠷᠡᠭᠴᠡᠭᠡ ᠱᠠᠭᠠᠷᠳᠠᠯᠭ᠎ᠠ ᠢ᠋ᠢ ᠪᠠᠲᠤᠯᠠᠵᠤ ᠪᠠᠢᠨ᠎ᠠ᠃

ᠦᠶᠡᠷ ᠤ᠋ᠨ ᠬᠤᠭᠤᠴᠠᠭᠠᠨ ᠳ᠋ᠤ ᠤᠷᠤᠭᠰᠠᠨ ᠡᠴᠡ ᠨᠠᠭᠠᠰᠢ᠂ ᠥᠪᠥᠷ ᠮᠣᠩᠭᠣᠯ ᠤ᠋ᠨ ᠪᠠᠴᠢᠮ ᠪᠠᠶ᠋ᠢᠳᠠᠯ ᠢ᠋ ᠠᠷᠭᠠᠴᠠᠭᠠᠬᠤ ᠬᠠᠮᠢᠶᠠᠷᠤᠯᠲᠠ ᠢ᠋ᠢᠨ ᠰᠠᠯᠠᠭ᠎ᠠ ᠮᠥᠴᠢᠷ ᠡᠴᠡ ᠰᠠᠪᠠ ᠭᠠᠵᠠᠷ ᠤ᠋ᠨ ᠴᠢᠨᠠᠷᠲᠠᠶ ᠦᠶᠡᠷ ᠂ ᠬᠣᠲᠠ ᠢ᠋ᠢᠨ ᠦᠶᠡᠷ ᠤᠰᠤᠲᠤᠯ᠂ ᠠᠭᠤᠯᠠᠨ ᠦᠶᠡᠷ ᠤ᠋ᠨ ᠭᠠᠮᠰᠢᠭ ᠵᠡᠷᠭᠡ ᠳ᠋ᠤ ᠴᠢᠭᠯᠡᠭᠦᠯᠦᠨ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠂ ᠵᠢᠯᠣᠭᠣᠳᠤᠨ ᠲᠣᠬᠢᠷᠠᠭᠤᠯᠬᠤ᠂ ᠲᠣᠭᠣᠷᠢᠨ ᠪᠠᠶ᠋ᠢᠴᠠᠭᠠᠵᠤ ᠰᠡᠷᠭᠡᠶ᠋ᠢᠯᠡᠨ ᠰᠠᠬᠢᠬᠤ᠂ ᠠᠶᠤᠯ ᠡᠴᠡ ᠠᠪᠤᠷᠠᠨ ᠲᠤᠰᠠᠯᠠᠬᠤ᠂ ᠰᠢᠯᠵᠢᠭᠦᠯᠦᠨ ᠲᠥᠪᠬᠢᠨᠡᠭᠦᠯᠬᠦ᠌ ᠵᠡᠷᠭᠡ ᠭᠣᠭᠴᠣᠭ᠎ᠠ ᠢ᠋ᠢᠨ ᠬᠠᠷᠢᠭᠤᠴᠠᠯᠭ᠎ᠠ ᠢ᠋ᠢ ᠨᠠᠷᠢᠯᠢᠬᠵᠢᠭᠤᠯᠪᠠ᠃ ᠡᠭᠦᠨ ᠤ᠋ ᠬᠠᠮᠲᠤ᠌ ᠂ ᠠᠭᠤᠯᠠᠨ ᠦᠶᠡᠷ ᠤ᠋ᠨ ᠭᠤᠤ ᠢ᠋ᠢᠨ ᠠᠮᠠ᠂ ᠨᠠᠷᠢᠨ ᠭᠤᠤᠯ ᠤ᠋ᠨ ᠭᠤᠯᠳᠤᠷᠢᠯ ᠵᠡᠷᠭᠡ ᠲᠦᠭᠰᠢᠭᠦᠷᠢ ᠶᠡᠬᠡᠲᠡᠶ ᠣᠷᠣᠨ ᠪᠠ ᠨᠠᠰᠤᠵᠢᠯ ᠤ᠋ᠨ ᠪᠠᠶ᠋ᠢᠭᠤᠯᠤᠮᠵᠢ᠂ ᠪᠠᠷᠢᠯᠭ᠎ᠠ ᠢ᠋ᠢᠨ ᠭᠠᠵᠠᠷ᠂ ᠵᠠᠰᠠᠮᠠᠯ ᠵᠠᠮ ᠤ᠋ᠨ ᠬᠥᠭᠥᠷᠭᠡ ᠨᠦᠬᠡᠨ ᠵᠠᠮ᠂ ᠵᠢᠭᠤᠯᠴᠢᠯᠠᠯ ᠤ᠋ᠨ ᠦᠵᠡᠮᠵᠢ ᠢ᠋ᠢᠨ ᠣᠷᠣᠨ ᠵᠡᠷᠭᠡ ᠭᠤᠤᠯᠳᠠᠯᠭ᠎ᠠ ᠲᠠᠢ ᠭᠠᠵᠠᠷ ᠢ᠋ ᠰᠠᠢᠲᠤᠷ ᠠᠩᠬᠠᠷᠴᠤ᠌᠂ ᠲᠦᠭᠰᠢᠭᠦᠷᠢ ᠢ᠋ᠢ ᠡᠬᠢ ᠡᠭᠦᠰᠦᠯ ᠡᠴᠡ ᠨᠢ ᠰᠡᠷᠭᠡᠶ᠋ᠢᠯᠡᠨ ᠡᠵᠡᠮᠳᠡᠬᠦ᠌ ᠪᠠ ᠬᠡᠮ ᠰᠣᠭᠣᠭ ᠢ᠋ ᠵᠢᠭᠰᠠᠭᠠᠨ ᠪᠠᠶ᠋ᠢᠴᠠᠭᠠᠵᠤ ᠴᠡᠭᠴᠡᠯᠡᠨ ᠵᠠᠰᠠᠬᠤ ᠢ᠋ᠢ ᠴᠢᠩᠭᠠᠳᠬᠠᠵᠠᠢ᠃ ᠪᠠᠰᠠ ᠰᠢᠭᠤᠶ᠋ᠢᠲᠤ᠌ ᠣᠷᠣᠨ᠂ ᠮᠠᠯᠵᠢᠬᠤ ᠣᠷᠣᠨ᠂ ᠬᠢᠯᠢ ᠬᠢᠵᠠᠭᠠᠷ ᠣᠷᠣᠨ ᠵᠡᠷᠭᠡ ᠭᠠᠵᠠᠷ ᠣᠷᠣᠨ ᠳ᠋ᠤ《ᠵᠠᠮ ᠲᠠᠰᠤᠷᠠᠬᠤ᠂ ᠲᠤᠤᠷ ᠲᠠᠰᠤᠷᠠᠬᠤ᠂ ᠴᠠᠬᠢᠯᠭᠠᠨ ᠲᠠᠰᠤᠷᠠᠬᠤ》ᠶᠡᠷᠤ ᠪᠤᠰᠤ ᠵᠢᠨ ᠦᠵᠡᠭᠳᠡᠯ ᠳ᠋ᠤ ᠴᠢᠭᠯᠡᠬᠦᠯᠦᠨ ᠰᠤᠷᠢᠯᠲᠠ ᠬᠢᠵᠤ᠂ ᠵᠢᠯᠣᠭᠣᠴᠢ ᠥᠬᠡᠶ ᠨᠢᠰᠬᠡᠯ ᠵᠢᠡᠷ ᠭᠠᠮᠰᠢᠭ ᠤ᠋ᠨ ᠪᠠᠶ᠋ᠢᠳᠠᠯ ᠢ᠋ ᠲᠤᠷᠰᠢᠵᠤ ᠪᠠᠶ᠋ᠢᠴᠠᠭᠠᠨ᠂ ᠪᠠᠴᠢᠮ ᠪᠠᠶ᠋ᠢᠳᠠᠯ ᠢ᠋ ᠠᠷᠭᠠᠴᠠᠭᠠᠵᠤ ᠠᠪᠤᠷᠠᠨ ᠲᠤᠰᠠᠯᠠᠬᠤ ᠳ᠋ᠤ ᠭᠠᠮᠰᠢᠭ ᠤ᠋ᠨ ᠪᠠᠶ᠋ᠢᠳᠠᠯ ᠤ᠋ᠨ ᠮᠡᠳᠡᠭᠡ ᠵᠠᠩᠭᠢ ᠢ᠋ᠢᠨ ᠳᠡᠮᠵᠢᠯᠭᠡ ᠬᠠᠩᠭᠠᠵᠤ᠂ 《ᠵᠠᠮ ᠲᠠᠰᠤᠷᠠᠬᠤ᠂ ᠲᠤᠤᠷ ᠲᠠᠰᠤᠷᠠᠬᠤ᠂ ᠴᠠᠬᠢᠯᠭᠠᠨ ᠲᠠᠰᠤᠷᠠᠬᠤ》ᠶᠡᠷᠤ ᠪᠤᠰᠤ ᠵᠢᠨ ᠦᠵᠡᠭᠳᠡᠯ ᠭᠠᠷᠤᠭᠰᠠᠨ ᠴᠦ᠍ ᠴᠢᠮᠡᠬᠡ ᠬᠤᠯᠪᠤᠭ᠎ᠠ ᠨᠡᠪᠳᠡᠷᠡᠬᠦ ᠵᠢ ᠪᠠᠳᠤᠯᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号