ᠬᠢᠯᠢ᠎ᠵᠢ ᠰᠠᠬᠢᠬᠤ᠎ᠳᠤ ᠬᠠᠷᠢᠭᠤᠴᠠᠯᠭ᠎ᠠ᠎ᠲᠠᠢ ᠬᠢᠯᠢ᠎ᠵᠢ ᠭᠦᠭᠵᠢᠭᠦᠯᠬᠦ᠎ᠳᠤ ᠵᠢᠳᠭᠦᠯ ᠲᠠᠢ
2026-07-11 10:37:50
ᠵᠣᠬᠢᠶᠠᠭ᠍ᠴᠢ᠄
ᠯᠢ ᠰᠢᠨ ᠵᠢᠶᠦ᠋ᠨ
ᠣᠩᠱᠢᠭ᠍ᠰᠠᠨ ᠣᠳᠠᠭ᠎ᠠ᠄
★★★☆☆

— ᠪᠥᠬᠥ ᠤᠯᠤᠰ᠎ᠤᠨ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠪᠤᠯᠬᠤ ᠮᠠᠨᠵᠤᠤᠷ ᠬᠣᠲᠠ᠎ᠶᠢᠨ ᠰᠢᠨ ᠺᠠᠢ ᠾᠧ ᠪᠠᠯᠭᠠᠰᠤᠨ᠎ᠤ ᠡᠯ ᠺᠠ ᠨᠡᠢᠭᠡᠮ ᠲᠣᠭᠣᠷᠢᠭ᠋᠎ᠤᠨ ᠨᠠᠮ᠎ᠤᠨ ᠡᠭᠦᠷ᠎ᠢ ᠲᠡᠮᠳᠡᠭᠯᠡᠪᠡ

  

ᠮᠠᠨᠵᠤᠤᠷ ᠬᠣᠲᠠ᠎ᠶᠢᠨ ᠳᠤᠮᠳᠠᠳᠤ ᠣᠷᠣᠰ᠎ᠤᠨ ᠬᠢᠯᠢ᠎ᠶᠢᠨ ᠱᠤᠭᠤᠮ᠎ᠤᠨ ᠬᠠᠵᠠᠭᠤ᠎ᠳᠤ᠂ ᠬᠢᠯᠢ᠎ᠶᠢᠨ ᠱᠤᠭᠤᠮ᠎ᠠᠴᠠ 300 ᠮᠧᠲᠷ ᠬᠦᠷᠬᠦ ᠦᠭᠡᠢ ᠨᠡᠢᠭᠡᠮ ᠲᠣᠭᠣᠷᠢᠭ᠋ — ᠰᠢᠨ ᠺᠠᠢ ᠾᠧ ᠪᠠᠯᠭᠠᠰᠤᠨ᠎ᠤ ᠡᠯ ᠺᠠ ᠨᠡᠢᠭᠡᠮ ᠲᠣᠭᠣᠷᠢᠭ᠋ ᠪᠠᠢᠳᠠᠭ᠃ ᠬᠠᠷᠢᠶ᠎ᠠ ᠣᠷᠣᠨ᠎ᠤ ᠲᠠᠯᠠᠪᠠᠶ ᠨᠢ 155 ᠲᠡᠭᠰᠢ ᠳᠥᠷᠪᠡᠯᠵᠢᠨ ᠺᠢᠯᠣᠮᠧᠲᠷ᠂ ᠡᠬᠡ ᠬᠠᠭᠤᠷᠠᠢ᠎ᠶᠢᠨ ᠬᠢᠯᠢ᠎ᠶᠢᠨ ᠱᠤᠭᠤᠮ ᠨᠢ 15.18 ᠺᠢᠯᠣᠮᠧᠲᠷ᠂ ᠤᠰᠤᠨ ᠳᠡᠭᠡᠷᠡᠬᠢ ᠬᠢᠯᠢ᠎ᠶᠢᠨ ᠱᠤᠭᠤᠮ ᠨᠢ 5.34 ᠺᠢᠯᠣᠮᠧᠲᠷ ᠪᠠᠢᠵᠤ᠂ ᠮᠠᠨᠵᠤᠤᠷ ᠬᠣᠲᠠ᠎ᠵᠢᠨ ᠳᠤᠮᠳᠠᠳᠤ ᠣᠷᠣᠰ᠎ᠤᠨ ᠬᠢᠯᠢ᠎ᠶᠢᠨ ᠱᠤᠭᠤᠮ᠎ᠡᠴᠡ ᠬᠠᠮᠤᠭ᠎ᠤᠨ ᠣᠢᠷ᠎ᠠ ᠣᠯᠠᠨ ᠦᠨᠳᠦᠰᠦᠲᠡᠨ᠎ᠦ ᠨᠡᠢᠭᠡᠮ ᠲᠣᠭᠣᠷᠢᠭ᠋ ᠪᠣᠯᠣᠨ᠎ᠠ᠃ ᠨᠡᠢᠭᠡᠮ ᠲᠣᠭᠣᠷᠢᠭ᠋᠎ᠤᠨ ᠨᠠᠮ᠎ᠤᠨ ᠡᠭᠦᠷ᠎ᠲᠦ 25 ᠨᠠᠮ᠎ᠤᠨ ᠭᠡᠰᠢᠭᠦᠨ᠎ᠲᠠᠢ᠂ ᠨᠡᠢᠭᠡᠮ ᠲᠣᠭᠣᠷᠢᠭ᠋᠎ᠤᠨ 70% ᠡᠴᠡ ᠳᠡᠭᠡᠭᠰᠢᠬᠢ ᠰᠠᠭᠤᠭᠠᠯᠢ ᠠᠷᠠᠳ ᠲᠠᠷᠢᠶᠠᠯᠠᠩ ᠦᠢᠯᠡᠳᠪᠦᠷᠢᠯᠡᠯ ᠬᠢᠵᠦ ᠪᠤᠢ᠃

ᠣᠢᠷ᠎ᠠ᠎ᠶᠢᠨ ᠵᠢᠯ᠎ᠡᠴᠡ᠂ ᠡᠯ ᠺᠠ ᠨᠡᠢᠭᠡᠮ ᠲᠣᠭᠣᠷᠢᠭ᠋᠎ᠤᠨ ᠨᠠᠮ᠎ᠤᠨ ᠡᠭᠦᠷ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠢᠵᠢᠮ᠎ᠢ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠎ᠶᠢ ᠬᠥᠲᠥᠯᠥᠨ ᠳᠠᠭᠠᠭᠤᠯᠬᠤ ᠪᠦᠬᠦ ᠶᠠᠪᠤᠴᠠ᠎ᠳᠤ ᠲᠤᠭᠤᠰᠢᠯᠠᠭᠤᠯᠬᠤ᠎ᠶᠢ ᠪᠠᠷᠢᠮᠲᠠᠯᠠᠵᠤ᠂ 《ᠳᠥᠷᠪᠡ᠎ᠶᠢ ᠬᠣᠯᠪᠣᠭᠠᠯᠠᠬᠤ》 ᠠᠵᠢᠯ᠎ᠤᠨ ᠠᠷᠭ᠎ᠠ᠎ᠶᠢ ᠬᠡᠷᠡᠭᠵᠢᠭᠦᠯᠵᠦ᠂ ᠬᠢᠯᠢ᠎ᠶᠢᠨ ᠲᠣᠮᠢᠯᠠᠭᠰᠠᠨ ᠰᠠᠯᠪᠤᠷᠢ᠂ ᠬᠢᠯᠢ᠎ᠶᠢᠨ ᠬᠠᠮᠠᠭᠠᠯᠠᠯᠲᠠ᠎ᠶᠢᠨ ᠴᠡᠷᠢᠭ ᠠᠩᠭᠢ ᠵᠡᠷᠭᠡ ᠰᠠᠯᠠᠭ᠎ᠠ ᠮᠥᠴᠢᠷ᠎ᠦᠨ ᠬᠠᠮᠲᠤ᠎ᠪᠠᠷ ᠪᠠᠢᠭᠤᠯᠵᠤ ᠬᠠᠮᠲᠤ᠎ᠪᠠᠷ ᠵᠠᠰᠠᠬᠤ ᠬᠠᠮᠲᠤᠷᠠᠯ ᠬᠦᠴᠦᠨ᠎ᠢ ᠨᠢᠭ᠍ᠲᠠᠷᠠᠭᠤᠯᠪᠠ᠃ 2026 ᠣᠨ᠎ᠤ 7 ᠰᠠᠷ᠎ᠠ᠎ᠳᠤ᠂ ᠡᠯ ᠺᠠ ᠨᠡᠢᠭᠡᠮ ᠲᠣᠭᠣᠷᠢᠭ᠋᠎ᠤᠨ ᠨᠠᠮ᠎ᠤᠨ ᠡᠭᠦᠷ 《ᠪᠥᠬᠥ ᠤᠯᠤᠰ᠎ᠤᠨ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ》 ᠵᠢᠨ ᠢᠷᠠᠭᠤ ᠠᠯᠳᠠᠷ᠎ᠢ ᠭᠥᠷᠳᠡᠪᠡ᠃

ᠬᠢᠯᠢ ᠬᠢᠵᠠᠭᠠᠷ᠎ᠤᠨ ᠨᠡᠢᠭᠡᠮ ᠲᠣᠭᠣᠷᠢᠭ᠋᠎ᠤᠨ ᠪᠣᠳᠠᠲᠤ ᠪᠠᠢᠳᠠᠯ᠎ᠳᠤ ᠰᠠᠭᠤᠷᠢᠯᠠᠵᠤ᠂ ᠡᠯ ᠺᠠ ᠨᠡᠢᠭᠡᠮ ᠲᠣᠭᠣᠷᠢᠭ᠋᠎ᠤᠨ ᠨᠠᠮ᠎ᠤᠨ ᠡᠭᠦᠷ ᠤᠯᠤᠰ ᠲᠦᠷᠦ᠎ᠶᠢᠨ ᠴᠢᠳᠠᠪᠬᠢ ᠪᠣᠯᠣᠨ ᠵᠣᠬᠢᠶᠠᠨ ᠪᠠᠢᠭᠤᠯᠤᠯᠲᠠ᠎ᠶᠢᠨ ᠴᠢᠳᠠᠪᠬᠢ᠎ᠪᠠᠨ ᠭᠦᠢᠴᠡᠳ ᠪᠠᠳᠠᠷᠠᠭᠤᠯᠪᠠ᠃ 《ᠪᠠᠨᠳᠠᠩ ᠬᠢᠴᠢᠶᠡᠯ᠎ᠦᠨ ᠲᠠᠩᠬᠢᠮ》᠂ 《ᠲᠠᠷᠢᠶᠠᠨ ᠭᠠᠵᠠᠷ᠎ᠤᠨ ᠬᠢᠴᠢᠶᠡᠯ᠎ᠦᠨ ᠲᠠᠩᠬᠢᠮ》 ᠵᠡᠷᠭᠡ ᠠᠴᠢᠶᠠᠯᠠᠪᠤᠷᠢ᠎ᠶᠢ ᠪᠠᠢᠭᠤᠯᠵᠤ᠂ ᠳᠠᠭᠠᠭᠠᠴᠢᠯᠠᠨ ᠬᠣᠯᠪᠣᠭᠠᠯᠠᠬᠤ ᠤᠳᠤᠷᠢᠳᠤᠯᠭ᠎ᠠ᠂ ᠲᠤᠰᠬᠠᠢ ᠮᠡᠷᠭᠡᠵᠢᠯᠲᠡᠨ ᠡᠷᠳᠡᠮᠲᠡᠨ ᠪᠣᠯᠣᠨ ᠨᠠᠮ᠎ᠤᠨ ᠭᠡᠰᠢᠭᠦᠨ ᠣᠯᠠᠨ ᠲᠦᠮᠡᠨ ᠤᠬᠠᠭᠤᠯᠤᠨ ᠲᠠᠢᠯᠪᠤᠷᠢᠯᠠᠬᠤ ᠠᠩᠭᠢ ᠪᠠᠢᠭᠤᠯᠵᠤ᠂ ᠲᠣᠭᠲᠠᠮᠠᠯ ᠪᠠ ᠨᠡᠭᠦᠳᠡᠯ᠂ ᠲᠠᠷᠢᠶᠠᠨ ᠭᠠᠵᠠᠷ ᠪᠠ ᠰᠦᠯᠵᠢᠶ᠎ᠡ᠎ᠶᠢ ᠤᠶᠠᠯᠳᠤᠭᠤᠯᠬᠤ ᠠᠷᠭ᠎ᠠ ᠬᠡᠯᠪᠡᠷᠢ᠎ᠪᠡᠷ ᠰᠤᠷᠤᠯᠴᠠᠯᠭ᠎ᠠ᠎ᠶᠢᠨ ᠪᠣᠳᠠᠲᠤ ᠦᠷ᠎ᠡ ᠪᠦᠲᠦᠮᠵᠢ᠎ᠶᠢ ᠳᠡᠭᠡᠭᠰᠢᠯᠡᠭᠦᠯᠪᠡ᠃ 《ᠲᠠᠪᠤᠨ ᠮᠢᠨᠦ᠋ᠲ᠎ᠦᠨ ᠪᠢᠴᠢᠯ ᠨᠠᠮ᠎ᠤᠨ ᠬᠢᠴᠢᠶᠡᠯ》 ᠪᠠ 《ᠭᠡᠷ ᠪᠦᠯᠢ᠎ᠶᠢᠨ ᠪᠢᠴᠢᠯ ᠬᠢᠴᠢᠶᠡᠯ᠎ᠦᠨ ᠲᠠᠩᠬᠢᠮ》 ᠢ᠋ ᠬᠡᠷᠡᠭᠵᠢᠭᠦᠯᠵᠦ᠂ ᠳᠡᠷᠭᠡᠳᠡᠬᠢ ᠬᠥᠮᠥᠰ᠎ᠢᠶᠡᠷ᠎ᠢᠶᠡᠨ ᠳᠡᠷᠭᠡᠳᠡᠬᠢ ᠶᠠᠪᠤᠳᠠᠯ᠎ᠢᠶᠠᠨ ᠰᠠᠢᠲᠤᠷ ᠶᠠᠷᠢᠭᠤᠯᠪᠠ᠃ ᠡᠯ ᠺᠠ ᠤᠰᠤᠨ ᠳᠡᠭᠡᠷᠡᠬᠢ ᠨᠢᠭᠤᠴᠠ ᠵᠠᠮ ᠬᠠᠷᠢᠯᠴᠠᠭᠠᠨ᠎ᠤ ᠱᠤᠭᠤᠮ᠂ ᠤᠰᠤᠨ ᠳᠡᠭᠡᠷᠡᠬᠢ ᠬᠢᠯᠢ᠎ᠶᠢᠨ ᠬᠥᠰᠢᠶ᠎ᠡ ᠵᠡᠷᠭᠡ ᠬᠤᠪᠢᠰᠬᠠᠯ᠎ᠤᠨ ᠬᠥᠮᠦᠵᠢᠯ᠎ᠦᠨ ᠡᠬᠢ ᠪᠠᠶᠠᠯᠢᠭ᠋᠎ᠢ ᠭᠦᠢᠴᠡᠳ ᠠᠭᠤᠳᠠᠯᠵᠤ᠂ 《ᠪᠢᠴᠢᠬᠠᠨ ᠤᠯᠠᠭᠠᠨ ᠣᠩᠭᠣᠴᠠ》 ᠵᠢᠨ ᠤᠰᠤᠨ ᠳᠡᠭᠡᠷᠡᠬᠢ ᠬᠢᠯᠢ᠎ᠵᠢᠨ ᠬᠢᠴᠢᠶᠡᠯ᠎ᠦᠨ ᠲᠠᠩᠬᠢᠮ᠎ᠢᠶᠠᠷ ᠳᠠᠮᠵᠢᠭᠤᠯᠤᠨ ᠬᠤᠪᠢᠰᠬᠠᠯ᠎ᠤᠨ ᠥᠯᠢᠭᠡᠷ᠎ᠢ ᠶᠠᠷᠢᠵᠤ᠂ ᠨᠠᠮ᠎ᠤᠨ ᠭᠡᠰᠢᠭᠦᠨ ᠣᠯᠠᠨ ᠲᠦᠮᠡᠨ᠎ᠦ ᠨᠠᠮ᠎ᠢᠶᠠᠨ ᠬᠠᠢᠷᠠᠯᠠᠵᠤ ᠤᠯᠤᠰ᠎ᠢᠶᠠᠨ ᠬᠠᠢᠷᠠᠯᠠᠬᠤ᠎ᠶᠢ ᠬᠥᠲᠥᠯᠥᠨ ᠵᠢᠯᠤᠭᠣᠳᠴᠤ᠂ ᠬᠢᠯᠢ᠎ᠶᠢᠨ ᠠᠮᠤᠷ ᠲᠦᠪᠰᠢᠨ᠎ᠦ ᠦᠵᠡᠯ ᠰᠠᠨᠠᠭᠠᠨ᠎ᠤ ᠰᠠᠭᠤᠷᠢ᠎ᠶᠢ ᠪᠡᠬᠢᠵᠢᠭᠦᠯᠪᠡ᠃ ᠬᠢᠯᠢ᠎ᠶᠢᠨ ᠲᠣᠮᠢᠯᠠᠭᠰᠠᠨ ᠰᠠᠯᠪᠤᠷᠢ᠎ᠲᠠᠢ ᠬᠣᠯᠪᠤᠭᠠᠯᠠᠨ ᠬᠤᠪᠢᠰᠬᠠᠯ᠎ᠤᠨ ᠦᠵᠡᠭᠦᠯᠭᠡ᠎ᠶᠢᠨ ᠣᠷᠳᠣᠨ ᠵᠡᠷᠭᠡ ᠡᠬᠢ ᠪᠠᠶᠠᠯᠢᠭ᠋᠎ᠢ ᠠᠰᠢᠭ᠍ᠯᠠᠵᠤ᠂ ᠣᠯᠠᠨ ᠲᠦᠮᠡᠨ᠎ᠢ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠣᠳᠴᠤ ᠪᠠᠢᠭᠠᠳ ᠨᠤᠲᠤᠭ ᠤᠰᠤ᠎ᠪᠠᠨ ᠰᠠᠬᠢᠨ ᠬᠠᠮᠠᠭᠠᠯᠠᠬᠤ ᠬᠢᠯᠢ ᠬᠠᠮᠠᠭᠠᠯᠠᠭ᠍ᠴᠢ ᠪᠣᠯᠭᠠᠪᠠ᠃

ᠡᠯ ᠺᠠ ᠨᠡᠢᠭᠡᠮ ᠲᠣᠭᠣᠷᠢᠭ᠋᠎ᠤᠨ ᠨᠠᠮ᠎ᠤᠨ ᠡᠭᠦᠷ ᠴᠡᠷᠢᠭ ᠴᠠᠭᠳᠠᠭ᠎ᠠ ᠠᠷᠠᠳ ᠬᠣᠯᠪᠤᠭᠠᠯᠠᠨ ᠰᠡᠷᠭᠡᠢᠯᠡᠬᠦ᠎ᠪᠡᠷ ᠭᠠᠷᠳᠠᠴᠠ ᠪᠣᠯᠭᠠᠵᠤ᠂ ᠬᠠᠭᠤᠷᠠᠢ᠎ᠪᠠ ᠤᠰᠤ᠎ᠶᠢ ᠨᠢᠭᠡ ᠴᠣᠭᠴᠠᠵᠢᠭᠤᠯᠤᠭᠰᠠᠨ ᠶᠡᠷᠦᠩᠬᠡᠢᠯᠡᠨ ᠰᠡᠷᠭᠡᠢᠯᠡᠨ ᠡᠵᠡᠮᠳᠡᠬᠦ ᠰᠢᠰᠲᠧᠮ᠎ᠢ ᠪᠠᠢᠭᠤᠯᠪᠠ᠃ 《ᠳᠥᠷᠪᠡᠨ ᠥᠩᠭᠡ᠎ᠵᠢᠨ ᠬᠣᠯᠪᠤᠭᠠᠯᠠᠨ ᠰᠡᠷᠭᠡᠢᠯᠡᠬᠦ》 ᠲᠣᠭᠲᠠᠴᠠ᠎ᠶᠢ ᠰᠢᠨ᠎ᠡ᠎ᠪᠡᠷ ᠡᠭᠦᠳᠦᠨ ᠬᠡᠷᠡᠭᠵᠢᠭᠦᠯᠵᠦ᠂ 《ᠲᠠᠪᠤᠨ ᠡᠷᠦᠬᠡ ᠬᠣᠯᠪᠤᠭᠠᠯᠠᠨ ᠰᠡᠷᠭᠡᠢᠯᠡᠬᠦ᠂ ᠠᠷᠪᠠᠨ ᠡᠷᠦᠬᠡ ᠬᠣᠯᠪᠤᠭᠠᠯᠠᠨ ᠰᠠᠬᠢᠬᠤ》 ᠳᠦᠷᠢᠮ᠎ᠢ ᠪᠠᠢᠭᠤᠯᠪᠠ᠃ ᠨᠡᠢᠭᠡᠮ ᠲᠣᠭᠣᠷᠢᠭ᠋᠎ᠢ 4 ᠲᠣᠣᠷᠵᠢᠯ ᠬᠤᠪᠢᠶᠠᠨ᠂ 《ᠪᠠᠯᠭᠠᠰᠤᠨ᠎ᠤ ᠨᠠᠮ᠎ᠤᠨ ᠬᠣᠷᠢᠶ᠎ᠠ — ᠨᠡᠢᠭᠡᠮ ᠲᠣᠭᠣᠷᠢᠭ᠋᠎ᠤᠨ ᠨᠠᠮ᠎ᠤᠨ ᠡᠭᠦᠷ — ᠲᠣᠣᠷᠵᠢᠯ᠎ᠤᠨ ᠨᠠᠮ᠎ᠤᠨ ᠳᠤᠭᠤᠢᠯᠠᠩ》 ᠢ᠋ ᠭᠤᠯᠳᠤ᠎ᠪᠠᠷ ᠰᠢᠭᠤᠳ ᠨᠡᠪᠲᠡᠷᠡᠭᠦᠯᠬᠦ᠎ᠶᠢ ᠪᠠᠲᠤᠯᠠᠵᠤ᠂ 《ᠲᠣᠣᠷᠵᠢᠭᠤᠯᠤᠯᠲᠠ᠎ᠵᠢᠨ ᠳᠠᠷᠤᠭ᠎ᠠ + ᠲᠤᠰᠬᠠᠢ ᠲᠤᠰᠢᠶᠠᠯᠲᠤ ᠲᠣᠣᠷᠵᠢᠭᠤᠯᠤᠯᠲᠠ᠎ᠵᠢᠨ ᠠᠵᠢᠯᠲᠠᠨ + ᠰᠠᠢᠨ ᠳᠤᠷᠠᠴᠤᠳ + ᠬᠠᠷᠢᠶ᠎ᠠ ᠣᠷᠣᠨ᠎ᠤ ᠠᠷᠠᠳ᠎ᠤᠨ ᠴᠠᠭᠳᠠᠭ᠎ᠠ + ᠪᠠᠯᠭᠠᠰᠤᠨ᠎ᠤ ᠳᠠᠭᠠᠭᠠᠴᠢᠯᠠᠨ ᠬᠣᠯᠪᠣᠭᠠᠯᠠᠬᠤ ᠺᠠᠳ᠋ᠷ》 ᠎ᠤ᠋ᠨ ᠬᠥᠨᠳᠡᠯᠡᠨ ᠴᠢᠭᠯᠡᠯ᠎ᠤᠨ ᠦᠢᠯᠡᠴᠢᠯᠡᠭᠡᠨ᠎ᠦ ᠡᠩᠨᠡᠭᠡ᠎ᠶᠢ ᠵᠣᠬᠢᠶᠠᠨ ᠪᠠᠢᠭᠤᠯᠵᠤ᠂ 《ᠪᠠᠭ᠎ᠠ ᠶᠠᠪᠤᠳᠠᠯ᠎ᠢ ᠲᠣᠣᠷᠵᠢᠯ᠎ᠡᠴᠡ ᠭᠠᠷᠭᠠᠬᠤ ᠦᠭᠡᠢ᠂ ᠶᠡᠬᠡ ᠶᠠᠪᠤᠳᠠᠯ᠎ᠢ ᠨᠡᠢᠭᠡᠮ ᠲᠣᠭᠣᠷᠢᠭ᠋᠎ᠡᠴᠡ ᠭᠠᠷᠭᠠᠬᠤ ᠦᠭᠡᠢ》 ᠪᠠᠢᠬᠤ᠎ᠶᠢ ᠪᠡᠶᠡᠯᠡᠭᠦᠯᠪᠡ᠃ ᠨᠠᠮ᠎ᠤᠨ ᠭᠡᠰᠢᠭᠦᠨ ᠺᠠᠳ᠋ᠷ ᠲᠦᠷᠦᠭᠦᠯᠡᠨ᠂ ᠲᠣᠮᠢᠯᠠᠭᠰᠠᠨ ᠰᠠᠯᠪᠤᠷᠢ᠎ᠶᠢᠨ ᠠᠷᠠᠳ᠎ᠤᠨ ᠴᠠᠭᠳᠠᠭ᠎ᠠ᠂ ᠰᠤᠮᠤᠨ᠎ᠤ ᠮᠣᠷᠢᠲᠤ ᠴᠡᠷᠢᠭ᠂ ᠰᠠᠭᠤᠭᠠᠯᠢ ᠠᠷᠠᠳ᠎ᠤᠨ ᠲᠥᠯᠥᠭᠡᠯᠡᠭᠴᠢ᠎ᠡᠴᠡ ᠪᠠᠢᠩᠭᠤᠵᠢᠭ᠍ᠰᠠᠨ ᠬᠣᠯᠪᠤᠭᠠᠯᠠᠨ ᠰᠡᠷᠭᠡᠢᠯᠡᠵᠦ ᠴᠠᠭᠳᠠᠨ ᠪᠠᠢᠴᠠᠭᠠᠬᠤ ᠡᠩᠨᠡᠭᠡ᠎ᠶᠢ ᠵᠣᠬᠢᠶᠠᠨ ᠪᠠᠢᠭᠤᠯᠵᠤ᠂ ᠨᠡᠶ᠋ᠢᠲᠡ 2600 ᠭᠠᠷᠤᠢ ᠴᠠᠭ ᠴᠠᠭᠳᠠᠨ ᠪᠠᠢᠴᠠᠭᠠᠵᠤ᠂ 2 ᠲᠦᠮᠡᠨ ᠺᠢᠯᠣᠮᠧᠲᠷ ᠬᠣᠯᠠ ᠠᠶᠠᠯᠠᠵᠤ᠂ ᠬᠢᠯᠢ᠎ᠶᠢᠨ ᠰᠡᠷᠭᠡᠢᠯᠡᠨ ᠡᠵᠡᠮᠳᠡᠬᠦ ᠠᠵᠢᠯ᠎ᠳᠤ ᠥᠨᠴᠥᠭ ᠪᠤᠯᠤᠩ ᠦᠯᠡᠳᠡᠭᠡᠯ ᠦᠭᠡᠢ ᠪᠦᠬᠦᠨ᠎ᠢ ᠬᠠᠮᠤᠷᠴᠦ᠂ ᠰᠠᠨᠠᠭᠠᠨ ᠳ᠋ᠦ ᠦᠭᠡᠢ ᠪᠡᠷ ᠬᠢᠯᠢ ᠵᠢᠨ ᠱᠤᠭᠤᠮ ᠲᠠᠪᠠᠬᠤ ᠦᠵᠡᠭᠳᠡᠯ ᠦᠯᠦ ᠡᠬᠦᠰᠬᠦ ᠵᠢ ᠪᠡᠶᠡᠯᠡᠬᠦᠯᠵᠠᠢ᠃

70% ᠡᠴᠡ ᠳᠡᠭᠡᠭᠰᠢᠬᠢ ᠰᠠᠭᠤᠭᠠᠯᠢ ᠠᠷᠠᠳ ᠲᠠᠷᠢᠶᠠᠯᠠᠩ᠎ᠦᠢᠯᠡᠳᠪᠦᠷᠢᠯᠡᠯ ᠬᠢᠳᠡᠭ ᠨᠢ ᠡᠯ ᠺᠠ ᠨᠡᠢᠭᠡᠮ ᠲᠣᠭᠣᠷᠢᠭ᠋᠎ᠤᠨ ᠢᠯᠡᠳᠳᠡ ᠣᠨᠴᠠᠯᠢᠭ᠋ ᠪᠣᠯᠣᠨ᠎ᠠ᠃ ᠨᠡᠢᠭᠡᠮ ᠲᠣᠭᠣᠷᠢᠭ᠋᠎ᠤᠨ ᠨᠠᠮ᠎ᠤᠨ ᠡᠭᠦᠷ 《ᠬᠥᠳᠡᠭᠡ ᠠᠵᠤ ᠠᠬᠤᠢ ᠪᠠ ᠵᠢᠭᠤᠯᠴᠢᠯᠠᠯ᠎ᠢ ᠠᠭᠤᠰᠤᠯᠴᠠᠭᠤᠯᠬᠤ》 ᠬᠥᠭᠵᠢᠯᠲᠡ᠎ᠶᠢᠨ ᠤᠢᠯᠠᠭᠠᠭᠳᠠᠬᠤᠨ᠎ᠢ ᠪᠠᠷᠢᠮᠲᠠᠯᠠᠵᠤ᠂ ᠲᠠᠷᠢᠶᠠᠯᠠᠩ᠎ᠤᠨ ᠮᠡᠷᠭᠡᠵᠢᠯ᠎ᠦᠨ ᠦᠢᠯᠡᠴᠢᠯᠡᠭᠡᠨ᠎ᠦ ᠥᠷᠲᠡᠭᠡ᠎ᠳᠦ ᠲᠦᠰᠢᠭᠯᠡᠨ 《4111》 ᠲᠠᠷᠢᠶᠠᠯᠠᠩ᠎ᠤᠨ ᠮᠡᠷᠭᠡᠵᠢᠯ᠎ᠢ ᠤᠯᠠᠮᠵᠢᠯᠠᠬᠤ ᠲᠠᠪᠴᠠᠩ ᠪᠠᠢᠭᠤᠯᠵᠤ ᠂ ᠮᠡᠷᠭᠡᠵᠢᠯ᠎ᠦᠨ ᠪᠣᠯᠪᠠᠰᠤᠷᠠᠯ ᠪᠠ ᠡᠷᠦᠬᠡ᠎ᠳᠦ ᠬᠦᠷᠴᠦ ᠵᠢᠭᠠᠨ ᠵᠢᠯᠤᠭᠣᠳᠬᠤ᠎ᠶᠢ ᠥᠷᠨᠢᠭᠦᠯᠵᠦ᠂ ᠡᠮᠦᠨᠡᠲᠦ ᠣᠷᠣᠨ᠎ᠤ ᠵᠢᠮᠢᠰ᠎ᠢ ᠤᠮᠠᠷᠠᠲᠤ ᠣᠷᠣᠨ᠎ᠳᠤ ᠲᠠᠷᠢᠬᠤ ᠵᠡᠷᠭᠡ ᠲᠡᠷᠢᠭᠦᠨ᠎ᠦ ᠵᠠᠭᠪᠤᠷ᠎ᠢ ᠳᠡᠯᠭᠡᠷᠡᠭᠦᠯᠵᠦ᠂ ᠥᠨᠳᠥᠷᠯᠢᠭ ᠬᠦᠢᠲᠡᠨ ᠤᠷᠤᠨ᠎ᠦ ᠢᠩᠲᠣᠣᠷ᠂ ᠬᠠᠯᠠᠭᠤᠨ ᠪᠦᠰᠡᠨ᠎ᠦ ᠴᠡᠴᠡᠭ ᠬᠤᠸᠠᠷ ᠵᠡᠷᠭᠡ 100 ᠭᠠᠷᠤᠢ ᠵᠦᠢᠯ᠎ᠦᠨ ᠲᠠᠷᠢᠮᠠᠯ᠎ᠢ ᠣᠷᠣᠭᠤᠯᠤᠨ ᠳᠠᠷᠢᠵᠤ᠂ ᠲᠠᠷᠢᠮᠠᠯ᠎ᠤᠨ ᠵᠠᠭᠪᠤᠷ᠎ᠢ ᠨᠠᠷᠢᠯᠢᠭ᠋ ᠳᠠᠷᠢᠬᠤ ᠬᠡᠯᠪᠡᠷᠢ ᠳᠠᠢᠰᠢ ᠬᠤᠪᠢᠷᠠᠭᠤᠯᠬᠤ᠎ᠶᠢ ᠠᠬᠢᠭᠤᠯᠵᠤ᠂ ᠬᠦᠯᠡᠮᠵᠢ᠎ᠶᠢ ᠵᠢᠭᠤᠯᠴᠢᠯᠠᠯ᠎ᠤᠨ ᠬᠠᠯᠠᠮᠰᠢᠯ ᠴᠡᠭ ᠪᠣᠯᠭᠠᠵᠤ᠂ 《ᠲᠠᠷᠢᠶᠠᠨ ᠭᠠᠵᠠᠷ᠎ᠢ ᠦᠵᠡᠮᠵᠢ᠎ᠶᠢᠨ ᠴᠡᠭ ᠪᠣᠯᠭᠠᠬᠤ》 ᠵᠢ ᠪᠡᠶᠡᠯᠡᠭᠦᠯᠪᠡ᠃ 《ᠠᠨᠠᠷ᠎ᠤᠨ ᠬᠡᠯᠬᠢᠶ᠎ᠡ》 ᠡᠯᠧᠺᠲᠷᠣᠨ ᠬᠤᠳᠠᠯᠳᠤᠭᠠᠨ᠎ᠤ ᠰᠢᠭᠤᠳ ᠨᠡᠪᠲᠡᠷᠡᠭᠦᠯᠭᠡ᠎ᠶᠢᠨ ᠲᠠᠪᠴᠠᠩ᠎ᠳᠤ ᠲᠦᠰᠢᠭᠯᠡᠨ ᠲᠠᠷᠢᠶᠠᠴᠢᠳ᠎ᠢ ᠲᠤᠰᠠᠯᠠᠬᠤ ᠰᠢᠭᠤᠳ ᠨᠡᠪᠲᠡᠷᠡᠭᠦᠯᠭᠡ᠎ᠥᠷᠨᠢᠭᠦᠯᠵᠦ᠂ ᠮᠠᠬᠳᠠᠭᠠᠯ ᠳᠠᠷᠤᠮ᠎ᠤᠨ ᠲᠤᠭ᠎ᠠ 20.6 ᠲᠦᠮᠡ᠎ᠳᠤ ᠬᠦᠷᠴᠦ᠂ 30 ᠭᠠᠷᠤᠢ ᠣᠬᠣᠷ ᠸᠢᠳᠢᠤ᠋ ᠨᠡᠢᠲᠡᠯᠡᠵᠦ᠂ ᠦᠵᠡᠭᠰᠡᠨ ᠶᠡᠷᠦᠩᠬᠡᠢ ᠬᠡᠮᠵᠢᠶ᠎ᠡ ᠨᠢ 100 ᠲᠦᠮᠡ᠎ᠶᠢ ᠳᠠᠪᠠᠵᠤ᠂《ᠡᠯ ᠺᠠ》 ᠵᠢᠨ ᠲᠠᠷᠢᠶᠠᠯᠠᠩ᠎ᠤᠨ ᠪᠦᠲᠦᠭᠡᠭᠳᠡᠬᠦᠨ᠎ᠦ ᠲᠦᠷᠦᠯ ᠲᠡᠮᠳᠡᠭ᠎ᠢ ᠠᠯᠳᠠᠷᠰᠢᠭᠤᠯᠤᠨ᠂ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠵᠢᠯ᠎ᠦᠨ ᠣᠷᠣᠯᠭ᠎ᠠ ᠳᠠᠬᠢᠨ᠎ᠢᠶᠠᠷ ᠨᠡᠮᠡᠭᠳᠡᠪᠡ᠃

ᠨᠠᠮ᠎ᠤᠨ ᠡᠭᠦᠷ ᠡᠴᠡ ᠠᠷᠠᠳ᠎ᠤᠨ ᠠᠮᠢᠳᠤᠷᠠᠯ᠎ᠤᠨ ᠦᠢᠯᠡᠴᠢᠯᠡᠭᠡ᠎ᠶᠢ ᠬᠠᠮᠲᠤ᠎ᠪᠠᠷ ᠡᠳ᠋ᠯᠡᠵᠦ ᠬᠣᠯᠪᠤᠭᠠᠯᠠᠨ ᠬᠥᠳᠡᠯᠦᠯᠴᠡᠬᠦ᠎ᠶᠢ ᠪᠠᠷᠢᠮᠲᠠᠯᠠᠪᠠ᠃ ᠨᠡᠢᠭᠡᠮ ᠲᠣᠭᠣᠷᠢᠭ᠋᠎ᠤᠨ ᠡᠷᠡᠭᠦᠯ ᠮᠡᠨᠳᠦ᠎ᠶᠢᠨ ᠡᠮᠴᠢᠯᠡᠭᠡᠨ᠎ᠦ ᠲᠠᠰᠤᠭ᠎ᠪᠠᠢᠭᠤᠯᠵᠤ᠂ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠣᠷᠢᠶ᠎ᠠ᠎ᠲᠠᠢ ᠬᠣᠯᠪᠤᠭᠠᠯᠠᠨ ᠲᠣᠭᠲᠠᠮᠠᠯ ᠬᠤᠭᠤᠴᠠᠭ᠎ᠠ᠎ᠲᠠᠢ᠎ᠪᠠᠷ ᠰᠠᠭᠤᠭᠠᠯᠢ ᠠᠷᠠᠳ᠎ᠲᠤ ᠣᠨᠣᠰᠢᠯᠠᠨ ᠡᠮᠨᠡᠬᠦ ᠠᠵᠢᠯᠯᠠᠭ᠎ᠠ ᠦᠷᠨᠢᠬᠦᠯᠦᠨ᠂ ᠨᠠᠮ᠎ᠤᠨ ᠭᠡᠰᠢᠭᠦᠳ᠎ᠢ ᠵᠣᠬᠢᠶᠠᠨ ᠪᠠᠢᠭᠤᠯᠤᠨ ᠣᠨᠴᠠᠭᠠᠶ ᠬᠦᠮᠦᠰ᠎ᠲᠦ ᠡᠮ᠎ᠦᠨ ᠵᠦᠢᠯ᠎ᠢ ᠣᠷᠣᠯᠠᠨ ᠬᠤᠳᠠᠯᠳᠤᠨ ᠠᠪᠴᠦ᠂ ᠡᠷᠡᠭᠦᠯ ᠮᠡᠨᠳᠦ᠎ᠶᠢᠨ ᠰᠤᠪᠢᠯᠠᠯᠲᠠ ᠬᠠᠩᠭᠠᠵᠤ᠂ ᠨᠡᠶ᠋ᠢᠲᠡ 1000 ᠭᠠᠷᠤᠢ ᠤᠳᠠᠭ᠎ᠠ ᠬᠠᠯᠠᠭᠤᠨ ᠳᠤᠯᠠᠭᠠᠨ ᠦᠢᠯᠡᠴᠢᠯᠡᠭᠡ ᠬᠠᠩᠭᠠᠪᠠ᠃ ᠤᠳᠬ᠎ᠠ ᠤᠷᠠᠯᠢᠭ᠋᠎ᠤᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠩᠭᠢ᠎ᠶᠢ ᠵᠣᠬᠢᠶᠠᠨ ᠪᠠᠢᠭᠤᠯᠵᠤ᠂ 《ᠮᠠᠨ᠎ᠤ ᠪᠠᠶᠠᠷ᠎ᠤᠨ ᠡᠳᠦᠷ》᠂ 《ᠬᠥᠷᠰᠢ ᠵᠡᠷᠭᠡᠯᠡᠳᠡᠭᠡ᠎ᠶᠢᠨ ᠪᠠᠶᠠᠷ》 ᠵᠡᠷᠭᠡ 60 ᠭᠠᠷᠤᠢ ᠲᠠᠯᠠᠪᠠᠶ ᠣᠨᠴᠠᠯᠢᠭ᠍ᠲᠤ ᠠᠵᠢᠯᠯᠠᠭ᠎ᠠ᠎ᠶᠢ ᠥᠷᠨᠢᠭᠦᠯᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ 《ᠲᠠᠪᠤᠨ ᠬᠠᠮᠲᠤ᠎ᠶᠢᠨ ᠲᠠᠨᠢᠯᠲᠠ》 ᠵᠢ ᠦᠨᠡᠨ ᠬᠦ᠌ ᠴᠢᠩᠭᠠᠳᠬᠠᠪᠠ᠃ ᠡᠯ ᠺᠠ ᠤᠯᠤᠰ᠎ᠤᠨ ᠨᠤᠭᠤ ᠭᠠᠵᠠᠷ᠎ᠢ ᠪᠥᠬᠥ ᠬᠦᠴᠦᠨ᠎ᠢᠶᠡᠷ᠎ᠢᠶᠡᠨ ᠰᠠᠬᠢᠨ ᠬᠠᠮᠠᠭᠠᠯᠠᠵᠤ᠂ ᠠᠮᠢ ᠠᠬᠤᠢ᠎ᠶᠢᠨ ᠵᠢᠭᠤᠯᠴᠢᠯᠠᠯ᠎ᠢ ᠰᠠᠨᠠᠭᠠᠴᠢᠯᠠᠨ᠂ 《ᠨᠤᠮᠢᠨ ᠤᠰᠤ ᠬᠥᠬᠡᠮᠳᠦᠭ ᠠᠭᠤᠯᠠ ᠪᠣᠯ ᠠᠯᠲᠠᠨ ᠠᠭᠤᠯᠠ ᠮᠥᠩᠭᠥᠨ ᠬᠠᠢᠷᠬᠠᠨ》 ᠭᠡᠬᠦ ᠣᠢᠯᠠᠭᠠᠭᠳᠠᠬᠤᠨ᠎ᠢ ᠦᠢᠯᠡᠳᠦᠯᠭᠡᠵᠢᠭᠦᠯᠪᠡ᠃

ᠡᠭᠡᠯ ᠵᠢᠷ᠎ᠦᠨ ᠠᠵᠢᠯ᠎ᠤᠨ ᠪᠠᠢᠷᠢ ᠳᠡᠭᠡᠷ᠎ᠡ᠂ ᠨᠠᠮ᠎ᠤᠨ ᠭᠡᠰᠢᠭᠦᠨ᠎ᠦ ᠪᠠᠷ᠎ᠠ ᠭᠠᠵᠠᠷ ᠪᠣᠯᠭᠠᠨ᠎ᠳᠤ ᠬᠠᠷᠠᠭᠳᠠᠨ᠎ᠠ᠃ ᠨᠠᠮ᠎ᠤᠨ ᠭᠡᠰᠢᠭᠦᠨ ᠰᠠᠢᠨ ᠳᠤᠷᠠᠴᠢᠨ ᠢᠦᠢ ᠬᠣᠩ ᠲᠤᠤ 2022 ᠣᠨ᠎ᠤ 9 ᠰᠠᠷ᠎ᠠ᠎ᠳᠤ ᠨᠠᠮ᠎ᠳᠤ ᠣᠷᠣᠵᠤ᠂ ᠨᠠᠮ᠎ᠳᠤ ᠣᠷᠣᠭᠠᠳ ᠤᠳᠠᠭᠠᠳᠤᠢ ᠪᠣᠯᠪᠠᠴᠤ ᠢᠮᠠᠭᠲᠠ ᠥᠨᠳᠥᠷ ᠪᠠᠷᠢᠮᠵᠢᠶ᠎ᠠ᠎ᠪᠠᠷ ᠥᠪᠡᠷ᠎ᠢ᠎ᠪᠡᠨ ᠴᠢᠩᠭ᠎ᠠ ᠱᠠᠭᠠᠷᠳᠠᠵᠤ᠂ ᠬᠢᠯᠢ ᠴᠠᠭᠳᠠᠨ ᠵᠢᠵᠢᠭᠦᠷᠯᠡᠨ ᠰᠠᠬᠢᠬᠤ᠂ ᠬᠦᠴᠢᠷ ᠪᠡᠷᠬᠡᠰᠢᠶᠡᠯ᠎ᠢ ᠬᠠᠪᠰᠤᠷᠤᠨ ᠲᠡᠳᠬᠦᠬᠦ᠂ ᠪᠠᠴᠢᠮ ᠪᠠᠢᠳᠠᠯ᠎ᠢ ᠠᠷᠭᠠᠴᠠᠭᠠᠨ ᠠᠶᠤᠯ᠎ᠠᠴᠠ ᠠᠪᠤᠷᠠᠬᠤ ᠵᠡᠷᠭᠡ ᠡᠯ᠎ᠡ ᠲᠦᠷᠦᠯ᠎ᠦᠨ ᠰᠠᠢᠨ ᠳᠤᠷ᠎ᠠ᠎ᠶᠢᠨ ᠠᠵᠢᠯᠯᠠᠭ᠎ᠠ᠎ᠳᠤ ᠬᠡᠳᠦᠨ ᠠᠷᠪᠠᠨ ᠤᠳᠠᠭ᠎ᠠ ᠣᠷᠣᠯᠴᠠᠪᠠ᠃ 2024 ᠣᠨ᠎ᠤ 9 ᠰᠠᠷ᠎ᠠ᠎ᠶᠢᠨ 30 ᠎ᠤ᠋ ᠡᠳᠦᠷ᠂ ᠮᠠᠨᠵᠤᠤᠷ᠎ᠲᠤ ᠭᠡᠨᠡᠳᠲᠡ ᠶᠡᠬᠡ ᠴᠠᠰᠤ ᠣᠷᠣᠵᠤ᠂ ᠵᠠᠮ ᠳᠡᠭᠡᠷ᠎ᠡ ᠬᠦᠷ ᠴᠠᠰᠤ ᠬᠤᠷᠠᠵᠤ᠂ ᠮᠠᠰᠢ ᠣᠯᠠᠨ ᠲᠡᠷᠭᠡ ᠬᠥᠰᠬᠡ ᠬᠠᠰᠢᠭ᠍ᠳᠠᠪᠠ᠃ ᠢᠦᠢ ᠬᠣᠩ ᠲᠤᠤ ᠲᠡᠷᠡ ᠳᠠᠷᠤᠢ ᠳ᠋ᠤᠨᠢ ᠪᠠᠭᠠᠵᠢ ᠬᠡᠷᠡᠭᠰᠡᠯ ᠠᠪᠴᠤ ᠲᠤᠬᠠᠢ᠎ᠶᠢᠨ ᠲᠠᠯᠠᠪᠠᠢ᠎ᠳᠤ ᠬᠦᠷᠴᠦ᠂ ᠮᠠᠰᠢᠨ ᠲᠡᠷᠭᠡ᠎ᠳᠠᠷᠠᠭᠠᠯᠠᠨ ᠠᠪᠤᠷᠠᠨ ᠲᠤᠰᠠᠯᠠᠪᠠ᠃ ᠣᠯᠠᠨ ᠲᠦᠮᠡᠨ᠎ᠲᠡᠭᠦᠨ᠎ᠤ ᠣᠪᠣᠭ ᠨᠡᠷ᠎ᠡ᠎ᠶᠢ ᠠᠰᠠᠭᠤᠬᠤ᠎ᠳᠤ ᠲᠡᠷᠡ᠄ 《ᠪᠢ ᠪᠣᠯ ᠡᠯ ᠺᠠ ᠨᠡᠢᠭᠡᠮ ᠲᠣᠭᠣᠷᠢᠭ᠋᠎ᠤᠨ ᠨᠠᠮ᠎ᠤᠨ ᠭᠡᠰᠢᠭᠦᠨ》 ᠭᠡᠪᠡ᠃

2023 ᠣᠨ᠎ᠤ 4 ᠰᠠᠷ᠎ᠠ᠎ᠶᠢᠨ 20 ᠎ᠤ᠋ ᠡᠳᠦᠷ᠂ ᠬᠢᠯᠢ᠎ᠶᠢᠨ ᠭᠠᠳᠠᠨᠠᠬᠢ ᠲᠠᠯ᠎ᠠ ᠨᠤᠲᠤᠭ᠎ᠤᠨ ᠶᠡᠬᠡ ᠲᠦᠢᠮᠡᠷ᠎ᠨᠢ ᠠᠷᠪᠠᠨ ᠳᠡᠰ᠎ᠤᠨ ᠶᠡᠬᠡ ᠰᠠᠯᠬᠢ ᠪᠡᠷ ᠳᠠᠮᠵᠢᠨ ᠡᠯ ᠺᠠ᠎ᠵᠢᠨ ᠬᠢᠯᠢ᠎ᠳᠦ ᠣᠷᠣᠵᠤ᠂ ᠬᠣᠶᠠᠷ ᠡᠷᠦᠬᠡ᠎ᠶᠢᠨ ᠭᠡᠷ ᠪᠠᠢᠰᠢᠩ ᠰᠢᠲᠠᠭᠳᠠᠪᠠ᠃ ᠨᠡᠢᠭᠡᠮ ᠲᠣᠭᠣᠷᠢᠭ᠋ ᠨᠢ ᠡᠩ ᠲᠡᠷᠢᠭᠦᠨ᠎ᠳᠦ ᠡᠷᠦᠬᠡ ᠪᠦᠷᠢ᠎ᠶᠢᠨ ᠰᠠᠭᠤᠭᠠᠯᠢ ᠠᠷᠠᠳ᠎ᠲᠤ ᠲᠦᠷ ᠴᠠᠭ᠎ᠤᠨ ᠠᠪᠤᠷᠠᠨ ᠲᠤᠰᠠᠯᠠᠬᠤ ᠮᠥᠩᠭᠥ ᠭᠤᠶᠤᠴᠢᠯᠠᠵᠤ᠂ ᠤᠯᠠᠭᠠᠨ ᠵᠠᠭᠠᠯᠮᠠᠶ᠋ᠢᠲᠠᠨ᠎ᠤ ᠨᠡᠢᠭᠡᠮᠯᠢᠭ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠨᠢ ᠡᠳ᠋ ᠪᠣᠳᠠᠰ ᠪᠡᠯᠡ ᠮᠥᠩᠭᠥ᠎ᠶᠢ ᠴᠠᠭ ᠲᠤᠬᠠᠢ ᠳ᠋ᠤᠨᠢ ᠰᠢᠯᠵᠢᠭᠦᠯᠦᠨ ᠥᠭᠬᠦ᠎ᠶᠢᠨ ᠬᠠᠮᠲᠤ ᠬᠠᠷᠢᠶ᠎ᠠ ᠣᠷᠣᠨ᠎ᠤ ᠠᠵᠤ ᠠᠬᠤᠢᠯᠠᠯ᠎ᠢ ᠳᠠᠶ᠋ᠢᠴᠢᠯᠠᠨ ᠬᠠᠢᠷ᠎ᠠ ᠬᠠᠯᠠᠮᠵᠢ ᠬᠦᠷᠲᠡᠭᠡᠵᠦ᠂ ᠡᠯ᠎ᠡ ᠲᠠᠯ᠎ᠠ᠎ᠶᠢᠨ ᠬᠦᠴᠦᠨ᠎ᠢ ᠡᠮᠬᠢᠯᠡᠨ ᠨᠡᠢᠯᠡᠭᠦᠯᠵᠦ ᠪᠠᠢᠭᠠᠳ ᠭᠡᠷ ᠪᠠᠢᠰᠢᠩ᠎ᠢ ᠨᠢ ᠳᠠᠬᠢᠨ ᠪᠦᠲᠦᠭᠡᠨ ᠪᠠᠢᠭᠤᠯᠵᠤ᠂ ᠲᠤᠰ ᠵᠢᠯ᠎ᠦᠨ ᠨᠠᠮᠤᠷ ᠨᠢ ᠰᠢᠨ᠎ᠡ ᠣᠷᠣᠨ ᠰᠠᠭᠤᠴᠠ᠎ᠳᠤ ᠨᠡᠭᠦᠯᠭᠡᠨ ᠣᠷᠣᠭᠤᠯᠪᠠ᠃ ᠰᠠᠭᠤᠭᠠᠯᠢ ᠠᠷᠠᠳ ᠨᠡᠢᠭᠡᠮ ᠲᠣᠭᠣᠷᠢᠭ᠋᠎ᠤᠨ ᠠᠵᠢᠯᠯᠠᠭ᠎ᠠ᠎ᠳᠤᠮᠳᠠ 《ᠡᠪ ᠬᠠᠮᠲᠤ ᠨᠠᠮ ᠪᠠᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠢᠵᠤ ᠴᠢᠳᠠᠬᠤ ᠦᠭᠡᠢ》 ᠭᠡᠬᠦ ᠳᠠᠭᠤᠤ᠎ᠶᠢ ᠭᠦᠨ ᠰᠡᠳᠬᠢᠯᠭᠡ᠎ᠲᠠᠢ ᠳᠠᠭᠤᠯᠠᠭᠰᠠᠨ ᠪᠥᠭᠡᠳ ᠨᠡᠢᠭᠡᠮ ᠲᠣᠭᠣᠷᠢᠭ᠋᠎ᠲᠤ 《ᠠᠷᠠᠳ᠎ᠤᠨ ᠠᠮᠢᠳᠤᠷᠠᠯ᠎ᠢ ᠪᠣᠳᠣᠯᠬᠢᠯᠠᠨ ᠠᠷᠠᠳ᠎ᠤᠨ ᠵᠣᠪᠠᠭᠤᠷᠢ᠎ᠶᠢ ᠰᠢᠢᠳᠪᠦᠷᠢᠯᠡᠵᠦ ᠪᠣᠳᠠᠲᠤ ᠶᠠᠪᠤᠳᠠᠯ ᠬᠢᠵᠦ ᠠᠷᠠᠳ᠎ᠤᠨ ᠰᠡᠳᠬᠢᠯ᠎ᠢ ᠳᠤᠯᠠᠭᠠᠴᠠᠭᠤᠯᠤᠨ᠎ᠠ》 ᠭᠡᠬᠦ ᠦᠰᠦᠭᠲᠦ ᠬᠡᠮᠡᠷᠯᠢᠭ ᠲᠤᠭ᠎ᠬᠦᠷᠭᠡᠵᠦ᠂ ᠴᠢᠩ ᠰᠡᠳᠬᠢᠯ᠎ᠦᠨ ᠲᠠᠯᠠᠷᠬᠠᠯ᠎ᠢᠶᠠᠨ ᠢᠯᠡᠳᠬᠡᠪᠡ᠃

ᠡᠯ ᠺᠠ ᠨᠡᠢᠭᠡᠮ ᠲᠣᠭᠣᠷᠢᠭ᠋᠎ᠤᠨ ᠨᠠᠮ᠎ᠤᠨ ᠡᠭᠦᠷ ᠤᠷᠢᠳ ᠬᠣᠵᠢᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ》 ᠵᠡᠷᠭᠡ 20 ᠭᠠᠷᠤᠢ ᠢᠷᠠᠭᠤ ᠠᠯᠳᠠᠷ᠎ᠢ ᠭᠥᠷᠳᠡᠪᠡ᠃ 25 ᠨᠠᠮ᠎ᠤᠨ ᠭᠡᠰᠢᠭᠦᠨ ᠨᠢᠭᠡ ᠨᠢᠭᠡ ᠪᠣᠳᠠᠲᠤ ᠶᠠᠪᠤᠳᠠᠯ᠎ᠢᠶᠠᠷ ᠣᠯᠠᠨ ᠲᠦᠮᠡᠨ᠎ᠦ ᠬᠦᠰᠡᠯ ᠡᠷᠡᠮᠡᠯᠵᠡᠯ᠎ᠳᠦ ᠬᠠᠷᠢᠭᠤᠯᠲᠠ ᠥᠭᠴᠦ᠂ ᠪᠠᠲᠦ ᠴᠢᠨᠭᠭ᠎ᠠ ᠪᠠᠷᠢᠮᠲᠠᠯᠠᠯ᠎ᠵᠢᠡᠷ᠎ᠵᠢᠡᠨ ᠨᠠᠮ᠎ᠳᠤ ᠣᠷᠣᠬᠤ ᠤᠭ ᠰᠠᠨᠠᠭ᠎ᠠ᠎ᠪᠠᠨ ᠦᠢᠯᠡᠳᠦᠯᠭᠡᠵᠢᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号