2026 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠬᠥᠭᠵᠢᠬᠦᠯᠦᠯᠲᠡ᠎ᠶᠢᠨ ᠶᠡᠬᠡ ᠬᠤᠷᠠᠯ ᠬᠤᠷᠠᠯᠳᠤᠪᠠ
2026-07-11 10:09:14
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ ᠶᠠᠷᠢᠶ᠎ᠠ ᠲᠠᠯᠪᠢᠵᠤ ᠪᠦᠦ ᠭᠠᠩ ᠬᠤᠷᠠᠯ᠎ᠢ ᠡᠷᠬᠢᠯᠡᠵᠡᠢ


7 ᠰᠠᠷ᠎ᠠ᠎ᠶᠢᠨ 10 ᠤ᠋ ᠡᠳᠦᠷ᠂ 2026 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠬᠥᠭᠵᠢᠬᠦᠯᠦᠯᠲᠡ᠎ᠶᠢᠨ ᠶᠡᠬᠡ ᠬᠤᠷᠠᠯ ᠣᠷᠳᠣᠰ᠎ᠲᠤ᠌ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠤᠷᠠᠯ᠎ᠢ ᠡᠷᠭᠢᠯᠡᠵᠡᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ᠎ᠶᠢᠨ ᠭᠡᠰᠢᠭᠦᠨ᠂ ᠤᠬᠠᠭᠤᠯᠬᠤ ᠬᠡᠯᠲᠡᠰ᠎ᠦᠨ ᠳᠠᠷᠤᠭ᠎ᠠ ᠪᠦᠦ ᠰᠢᠶᠠᠨ ᠬᠤᠸᠠ 《ᠰᠣᠶᠣᠯ ᠵᠢᠭᠤᠯᠴᠢᠯᠠᠯ᠎ᠤᠨ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ》 ᠳ᠋ᠤ ᠲᠠᠶ᠋ᠢᠯᠤᠮᠵᠢ ᠬᠢᠪᠠ᠃ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠰᠦᠬᠡ᠂ ᠸᠧᠢ ᠭᠦᠸᠧ ᠨᠠᠨ ᠬᠤᠷᠠᠯ ᠳ᠋ᠤ ᠣᠷᠣᠯᠴᠠᠵᠠᠢ᠃


749f80f9-0ee5-4803-8431-f0636da7c3aa.png


7 ᠰᠠᠷ᠎ᠠ ᠵᠢᠨ 10 ᠤ᠋ ᠡᠳᠤᠷ᠂ 2026 ᠦᠪᠡᠷᠳᠡᠭᠡᠨ ᠵᠠᠰᠠᠬᠤ ᠤᠷᠤᠨ ᠤ᠋ ᠵᠢᠭᠤᠯᠴᠢᠯᠠᠯ ᠤ᠋ᠨ ᠬᠦᠭᠵᠢᠯᠳᠠ ᠵᠢᠨ ᠶᠡᠭᠡ ᠬᠤᠷᠠᠯ ᠤᠷᠳᠤᠰ ᠲᠤ᠌ ᠬᠤᠷᠠᠯᠳᠤᠪᠠ᠃

ᠰᠤᠷᠪᠤᠯᠵᠢᠯᠠᠬᠴᠢ ᠮᠠ ᠵᠢᠶᠠᠨ ᠪᠢᠩ ᠰᠡᠬᠦᠳᠡᠷᠯᠡᠪᠡ


ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠮᠦᠨ᠎ᠡ᠎ᠡᠴᠡ ᠬᠤᠷᠠᠯ᠎ᠳᠤ ᠣᠷᠣᠯᠴᠠᠭᠰᠠᠨ ᠵᠣᠴᠢᠳ᠎ᠢ ᠬᠠᠯᠠᠭᠤᠨ᠎ᠢᠶᠠᠷ ᠤᠭᠲᠤᠵᠤ ᠪᠠᠶ᠋ᠢᠬᠤ᠎ᠪᠠᠨ ᠢᠯᠡᠳᠬᠡᠵᠦ᠍᠂ ᠥᠪᠥᠷ ᠮᠣᠩᠭᠣᠯ᠎ᠤᠨ ᠵᠢᠭᠤᠯᠴᠢᠯᠠᠯ᠎ᠤᠨ ᠦᠢᠯᠡᠰ᠎ᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ᠎ᠦᠨ ᠨᠠᠶ᠋ᠢᠵᠠ᠎ᠨᠠᠷ᠎ᠲᠤ᠌ ᠴᠢᠩ ᠰᠡᠳᠬᠢᠯ᠎ᠦᠨ ᠲᠠᠯᠠᠷᠬᠠᠯ ᠳᠡᠪᠰᠢᠭᠦᠯᠪᠡ᠃ ᠲᠡᠷᠡ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭᠰᠠᠨ ᠨᠠᠮ᠎ᠤᠨ ᠲᠥᠪ ᠬᠣᠷᠢᠶ᠎ᠠ ᠵᠢᠭᠤᠯᠴᠢᠯᠠᠯ᠎ᠤᠨ ᠦᠢᠯᠡᠰ᠎ᠤᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠶᠡᠷᠦᠩᠬᠡᠶ ᠱᠦᠵᠢ ᠰᠢ ᠵᠢᠨ ᠫᠢᠩ ᠠᠯᠢ ᠣᠯᠠᠨ ᠴᠢᠬᠤᠯᠠ ᠵᠢᠭᠠᠪᠤᠷᠢ ᠥᠭᠴᠦ᠍᠂ ᠪᠢᠳᠡᠨ᠎ᠳᠦ ᠤᠷᠤᠭᠰᠢᠯᠠᠬᠤ ᠴᠢᠭᠯᠡᠯ᠎ᠢ ᠲᠣᠳᠣᠷᠬᠠᠶ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ ᠥᠪᠥᠷ ᠮᠣᠩᠭᠣᠯ᠎ᠤᠨ ᠡᠬᠢ ᠪᠠᠶᠠᠯᠢᠭ ᠡᠯᠪᠡᠭ᠂ ᠡᠳ᠋ ᠭᠠᠷᠤᠯᠲᠠ ᠡᠯᠪᠡᠭ᠂ 《ᠶᠡᠬᠡ》 ᠪᠡᠷ᠎ᠢᠶᠡᠨ ᠬᠦᠪᠡᠬᠡ ᠬᠢᠵᠠᠭᠠᠷ ᠦᠬᠡᠢ ᠦᠷᠬᠡᠨ ᠠᠭᠤᠳᠠᠮ ᠲᠠᠯ᠎ᠠ ᠲᠠᠢ᠂ 《ᠰᠠᠶ᠋ᠢᠬᠠᠨ》᠎ᠢ᠋ᠢᠡᠷ᠎ᠢᠶᠡᠨ ᠬᠦᠮᠦᠨ᠎ᠤ ᠰᠡᠳᠬᠢᠯ᠎ᠢ ᠰᠤᠬᠳᠤᠭᠤᠷᠠᠭᠤᠯᠤᠮ᠎ᠠ ᠦᠵᠡᠮᠵᠢ ᠲᠠᠢ᠂ 《ᠭᠦᠨ ᠵᠤᠵᠠᠭᠠᠨ》 ᠵᠢᠡᠷ᠎ᠢᠶᠡᠨ ᠭᠠᠢᠬᠠᠰᠢ ᠠᠯᠳᠠᠭᠤᠯᠤᠮ᠎ᠠ ᠰᠣᠶᠣᠯ᠎ᠤᠨ ᠦᠪ ᠲᠠᠢ᠂ 《ᠪᠤᠷᠤᠭᠵᠢᠭᠤᠨ ᠴᠠᠢᠯᠭᠠᠨ》 ᠵᠢᠡᠷ᠎ᠵᠢᠡᠨ ᠤᠨᠴᠠᠯᠢᠬᠵᠢᠬᠰᠠᠨ ᠵᠠᠩ ᠦᠢᠯᠡ ᠲᠠᠢ᠂ ᠵᠢᠭᠤᠯᠴᠢᠯᠠᠯ᠎ᠤᠨ ᠦᠢᠯᠡᠰ᠎ᠦᠨ ᠬᠥᠭᠵᠢᠯᠲᠡ᠎ᠶᠢᠨ ᠢᠷᠡᠭᠡᠳᠦᠢ ᠲᠤᠶ᠋ᠢᠯ᠎ᠤᠨ ᠬᠡᠬᠡᠨ ᠰᠠᠷᠠᠭᠤᠯ  ᠶᠤᠮ᠃ ᠪᠥᠬᠥ᠌ ᠣᠷᠣᠨ᠎ᠤ ᠡᠯ᠎ᠡ ᠱᠠᠲᠤᠨ᠎ᠤ᠎ᠬᠢᠨ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 《ᠬᠣᠶᠠᠷ ᠬᠠᠯᠬᠠᠪᠴᠢ 》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠦᠲᠦᠭᠡᠨ ᠪᠠᠢᠭᠤᠯᠬᠤ ᠲᠠᠪᠤᠨ ᠶᠡᠬᠡ ᠪᠠᠶ᠋ᠢᠯᠳᠤᠬᠤ ᠪᠣᠳᠣᠯᠭ᠎ᠠ᠎ᠶᠢᠨ ᠪᠠᠶ᠋ᠢᠷᠢ ᠲᠣᠭᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ᠎ᠶᠢ ᠭᠦᠨᠵᠡᠭᠡᠶ ᠨᠠᠶ᠋ᠢᠳᠠᠪᠤᠷᠢᠵᠢᠭᠤᠯᠤᠨ᠂ ᠵᠢᠭᠤᠯᠴᠢᠯᠠᠯ᠎ᠤᠨ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠯᠠᠪᠳᠠᠭᠤᠨ ᠪᠠᠲᠤᠲᠠᠶ ᠠᠬᠢᠭᠤᠯᠵᠤ᠂ ᠵᠢᠭᠤᠯᠴᠢᠯᠠᠯ᠎ᠤᠨ ᠲᠣᠮᠣ ᠣᠷᠣᠨ᠎ᠢ ᠵᠢᠭᠤᠯᠴᠢᠯᠠᠯ᠎ᠤᠨ ᠬᠦᠴᠦᠷᠬᠡᠭ ᠣᠷᠣᠨ ᠪᠣᠯᠭᠠᠨ ᠲᠦᠷᠭᠡᠳᠭᠡᠨ ᠪᠥᠲᠥᠭᠡᠨ ᠪᠠᠶ᠋ᠢᠭᠤᠯᠵᠤ᠂ ᠪᠣᠳᠠᠲᠤ᠌ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭᠲᠡᠶ ᠭᠡᠪᠡ᠃

ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》ᠠᠵᠢᠯ᠎ᠤᠨ ᠪᠠᠶ᠋ᠢᠷᠢᠯᠠᠭᠤᠯᠤᠯᠲᠠ᠎ᠶᠢ ᠨᠠᠶ᠋ᠢᠳᠠᠪᠤᠷᠢᠵᠢᠭᠤᠯᠬᠤ᠎ᠶᠢᠨ ᠲᠣᠭᠣᠷᠢᠨ᠎ᠳᠤ ᠵᠢᠭᠤᠯᠴᠢᠯᠠᠯ᠎ᠤᠨ ᠬᠦᠴᠦᠷᠬᠡᠭ ᠣᠷᠣᠨ᠎ᠢ ᠪᠥᠲᠥᠭᠡᠨ ᠪᠠᠶ᠋ᠢᠭᠤᠯᠬᠤ᠎ᠳᠤ ᠪᠥᠬᠥ᠌ ᠣᠷᠣᠨ ᠪᠦᠰᠡ᠎ᠪᠥᠬᠥ᠌ ᠤᠯᠠᠷᠢᠯ᠎ᠤᠨ ᠬᠠᠮ ᠵᠢᠷᠤᠭ᠎ᠢ ᠰᠠᠶ᠋ᠢᠲᠤᠷ ᠵᠢᠷᠤᠭᠯᠠᠵᠤ᠂ ᠣᠯᠠᠨ ᠶᠠᠩᠵᠤᠲᠤ᠌ ᠦᠵᠡᠮᠵᠢ᠎ᠶᠢᠨ ᠳᠠᠪᠠᠭᠤᠯᠢᠭ᠎ᠢ ᠪᠠᠳᠠᠷᠠᠭᠤᠯᠤᠨ ᠵᠦᠷᠢᠶᠡᠴᠢᠯᠡᠭᠰᠡᠨ ᠵᠢᠭᠤᠯᠴᠢᠯᠠᠯ᠎ᠤᠨ ᠦᠢᠯᠡᠳᠬᠦᠨ᠎ᠢ ᠨᠡᠭᠡᠭᠡᠨ ᠬᠥᠭᠵᠢᠭᠦᠯᠵᠦ᠍᠂ ᠥᠪᠥᠷ ᠮᠣᠩᠭᠣᠯ᠎ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠮᠥᠰᠥ ᠴᠠᠰᠤᠨ ᠤ᠋ ᠭᠤᠤ᠎ᠠ ᠰᠠᠶ᠋ᠢᠬᠠᠨ ᠢ᠋ ᠢᠯᠡᠷᠡᠭᠦᠯᠬᠦ᠌ ᠬᠡᠷᠡᠭᠲᠡᠶ᠃ ᠡᠵᠡᠩᠨᠡᠯᠲᠡ᠎ᠶᠢᠨ ᠪᠠᠶ᠋ᠢᠳᠠᠯ᠎ᠢ ᠠᠭᠤᠰᠤᠯᠴᠠᠭᠤᠯᠵᠤ ᠨᠢᠭᠡ ᠬᠥᠯᠭᠡ ᠰᠢᠲᠠᠷ᠎ᠠ ᠪᠤᠯᠭᠠᠬᠤ᠎ᠶᠢ ᠰᠠᠶ᠋ᠢᠲᠤᠷ ᠪᠡᠶᠡᠯᠡᠬᠦᠯᠵᠤ᠂ ᠵᠢᠭᠤᠯᠴᠢᠯᠠᠯ᠎ᠤᠨ ᠡᠬᠢ ᠪᠠᠶᠠᠯᠢᠭ᠎ᠤᠨ ᠰᠣᠶᠣᠯ᠎ᠤᠨ ᠠᠭᠤᠯᠤᠭᠳᠠᠬᠤᠨ᠎ᠢ ᠭᠦᠨᠵᠡᠭᠡᠶ ᠠᠭᠤᠳᠠᠯᠵᠤ᠂ 《 ᠠᠵᠢᠯ ᠦᠢᠯᠡᠰ + ᠰᠣᠶᠣᠯ ᠵᠢᠭᠤᠯᠴᠢᠯᠠᠯ》 ᠤ᠋ᠨ ᠪᠠᠭᠳᠠᠭᠠᠮᠵᠢ ᠵᠢ ᠥᠷᠭᠡᠳᠬᠡᠬᠦ᠌ ᠠᠵᠢᠯᠯᠠᠭ᠎ᠠ᠎ᠶᠢ ᠬᠡᠷᠡᠭᠵᠢᠭᠦᠯᠵᠦ᠍᠂ ᠮᠠᠯ ᠠᠵᠤ ᠠᠬᠤᠶ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ ᠬᠤᠳᠠᠯᠳᠤᠭ᠎ᠠ ᠵᠢᠨ ᠨᠠᠩ ᠶᠡᠬᠡ ᠬᠡᠪᠴᠢᠶ᠎ᠡ᠂ ᠨᠠᠩ ᠭᠦᠨ ᠳᠠᠪᠬᠤᠷᠭ᠎ᠠ᠎ᠶᠢᠨ ᠠᠭᠤᠰᠤᠯᠴᠠᠯ᠎ᠢ ᠠᠬᠢᠭᠤᠯᠬᠤ ᠬᠡᠷᠡᠭᠲᠡᠶ᠃ ᠤᠨᠴᠠᠯᠢᠬᠳᠤ ᠳᠠᠪᠠᠭᠤᠯᠢᠭ ᠢ᠋ ᠤᠶᠠᠯᠳᠤᠭᠤᠯᠬᠤ ᠵᠢ ᠰᠠᠶ᠋ᠢᠲᠤᠷ ᠬᠢᠵᠤ᠂  《ᠠᠶᠠᠯᠭᠤᠳᠤ ᠵᠢᠭᠤᠯᠴᠢᠯᠠᠯ ᠥᠪᠥᠷ ᠮᠣᠩᠭᠣᠯ》᠂ 《ᠬᠠᠮᠤᠭ᠎ᠤᠨ ᠭᠤᠶᠤ ᠰᠢᠵᠢᠷ ᠠᠯᠳᠠᠨ ᠤᠯᠠᠷᠢᠯ·ᠥᠪᠥᠷ ᠮᠣᠩᠭᠣᠯ᠎ᠢᠶᠠᠷ ᠵᠢᠭᠤᠯᠴᠢᠯᠠᠨ ᠠᠶᠠᠯᠠᠬᠤᠢ》᠂ 《ᠵᠢᠭᠤᠯᠴᠢᠯᠠᠯ᠎ᠤᠨ ᠨᠠᠭᠠᠳᠤᠮ》 ᠵᠡᠷᠭᠡ ᠲᠦᠷᠦᠯ ᠲᠡᠮᠳᠡᠭ᠎ᠦᠨ ᠨᠥᠯᠥᠭᠡᠯᠡᠬᠦ᠌ ᠬᠦᠴᠦᠨ᠎ᠢ ᠳᠡᠭᠡᠭᠰᠢᠯᠡᠭᠦᠯᠵᠦ᠍᠂ 《ᠦᠪᠦᠷ ᠮᠤᠩᠭᠤᠯ ᠤ᠋ᠨ ᠬᠦᠯ ᠪᠦᠮᠪᠦᠭᠡ ᠵᠢᠨ ᠳᠡᠰ ᠡᠴᠡ ᠲᠠᠪᠠᠬᠰᠠᠨ ᠬᠤᠯᠪᠤᠭᠠᠳᠤ ᠤᠷᠤᠯᠳᠤᠭᠠᠨ》᠂ 《ᠮᠤᠩᠭᠤᠯ ᠮᠤᠷᠢᠨ ᠤ᠋ ᠲᠡᠰ ᠡᠴᠡ ᠲᠠᠪᠠᠬᠰᠠᠨ ᠬᠤᠯᠪᠤᠭᠠᠳᠤ ᠤᠷᠤᠯᠳᠤᠭᠠᠨ》 ᠵᠡᠷᠭᠡ ᠤᠷᠤᠯᠳᠤᠭᠠᠨ᠎ᠤ ᠨᠡᠷ᠎ᠡ᠎ᠶᠢᠨ ᠬᠠᠭᠤᠳᠠᠰᠤ᠎ᠶᠢ ᠠᠯᠳᠠᠷᠰᠢᠭᠤᠯᠵᠤ᠂ 《ᠡᠬᠡ ᠤᠯᠤᠰ᠎ᠤᠨ ᠤᠮᠠᠷᠠᠲᠤ ᠣᠷᠣᠨ·ᠦᠵᠡᠰᠬᠦᠯᠡᠩᠲᠦ ᠰᠠᠢᠬᠠᠨ ᠥᠪᠥᠷ ᠮᠣᠩᠭᠣᠯ》 ᠭᠡᠬᠦ ᠭᠠᠵᠠᠷ ᠣᠷᠣᠨ᠎ᠤ ᠵᠢᠭᠤᠯᠴᠢᠯᠠᠯ᠎ᠤᠨ ᠲᠦᠷᠢ ᠲᠥᠷᠬᠦ᠌᠎ᠶᠢ ᠱᠤᠭᠤᠬᠤ ᠬᠡᠷᠡᠭᠲᠡᠢ᠃ ᠦᠢᠯᠡᠴᠢᠯᠡᠭᠡᠨ᠎ᠦ ᠬᠠᠩᠭᠠᠯᠭ᠎ᠠ᠎ᠶᠢᠨ ᠲᠣᠣᠷ᠎ᠢ ᠰᠠᠶ᠋ᠢᠲᠤᠷ ᠰᠦᠯᠵᠢᠵᠦ᠍᠂ ᠵᠢᠭᠤᠯᠴᠢᠯᠠᠯ᠎ᠤᠨ ᠦᠵᠡᠮᠵᠢ᠎ᠶᠢᠨ ᠣᠷᠣᠨ᠎ᠤ 《ᠰᠠᠭᠤᠷᠢ᠎ᠶᠢ ᠪᠡᠬᠢᠵᠢᠭᠦᠯᠦᠨ ᠰᠢᠨᠡᠳᠬᠡᠬᠦ》 ᠵᠢ ᠠᠬᠢᠭᠤᠯᠵᠤ᠂ 《ᠵᠣᠬᠢᠶᠠᠮᠠᠯ ᠤᠶᠤᠨ ᠴᠢᠳᠠᠪᠤᠷᠢ + ᠰᠣᠶᠣᠯ ᠵᠢᠭᠤᠯᠴᠢᠯᠠᠯ》 ᠢ᠋ ᠭᠦᠨᠵᠡᠭᠡᠢ ᠠᠬᠢᠭᠤᠯᠵᠤ᠂ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠦᠢᠯᠡᠴᠢᠯᠡᠭᠡᠨ᠎ᠦ ᠶᠠᠰᠤ ᠴᠢᠨᠠᠷ᠎ᠢ ᠦᠨᠡᠯᠡᠬᠦ᠌ ᠰᠢᠰᠲ᠋ᠧᠮ᠎ᠢ ᠪᠦᠷᠢᠨᠰᠢᠬᠦᠯᠤᠨ᠂ ᠳᠡᠭᠡᠳᠦ ᠲᠡᠰ᠎ᠤᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠢᠳᠡᠪᠬᠢᠲᠡᠢ ᠨᠡᠭᠡᠭᠡᠵᠦ᠍᠂ ᠵᠢᠭᠤᠯᠴᠢᠯᠠᠭᠰᠠᠳ᠎ᠤᠨ ᠤᠯᠠᠨ ᠡᠰᠢᠵᠢᠭᠰᠡᠨ ᠬᠡᠷᠡᠭᠴᠡᠭᠡ᠎ᠶᠢ ᠨᠡᠩ ᠰᠠᠶ᠋ᠢᠲᠤᠷ ᠬᠠᠩᠭᠠᠬᠤ ᠬᠡᠷᠡᠭᠲᠡᠢ᠃ ᠨᠡᠭᠡᠭᠡᠯᠲᠡ ᠬᠢᠵᠦ᠍ ᠬᠠᠮᠲᠤᠷᠠᠯᠴᠠᠬᠤ ᠠᠵᠢᠯ ᠢ᠋ ᠰᠠᠶ᠋ᠢᠲᠤᠷ ᠬᠢᠵᠤ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠮᠤᠵᠢ᠎ᠶᠢᠨ ᠬᠣᠭᠣᠷᠣᠨᠳᠣᠬᠢ ᠬᠠᠮᠵᠢᠯᠴᠠᠨ ᠬᠥᠭᠵᠢᠬᠦ᠌᠎ᠶᠢ ᠠᠬᠢᠭᠤᠯᠵᠤ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠪᠥᠲᠥᠭᠡᠨ ᠪᠠᠶ᠋ᠢᠭᠤᠯᠬᠤ᠎ᠯᠤᠭ᠎ᠠ ᠤᠶᠠᠯᠳᠤᠭᠤᠯᠤᠨ ᠰᠣᠶᠣᠯ ᠵᠢᠭᠤᠯᠴᠢᠯᠠᠯ᠎ᠢ ᠭᠠᠳᠠᠭᠠᠳᠤ᠎ᠳᠤ ᠤᠬᠠᠭᠤᠯᠤᠨ ᠳᠡᠯᠭᠡᠷᠡᠭᠦᠯᠬᠦ᠌ ᠡᠷᠴᠢᠮ᠎ᠢᠶᠡᠨ ᠴᠢᠩᠭᠠᠷᠠᠭᠤᠯᠵᠤ᠂ ᠳᠤᠮᠳᠠᠳᠤ ᠣᠷᠣᠰ ᠮᠣᠩᠭᠣᠯ᠎ᠤᠨ 《ᠲᠦᠮᠡᠨ ᠭᠠᠵᠠᠷ᠎ᠤᠨ ᠴᠠᠶ᠎ᠶᠢᠨ ᠵᠠᠮ》ᠤ᠋ᠨ ᠣᠯᠠᠨ ᠤᠯᠤᠰ᠎ᠤᠨ ᠵᠢᠭᠤᠯᠴᠢᠯᠠᠯ᠎ᠤᠨ ᠬᠣᠯᠪᠣᠭ᠎ᠠ ᠵᠡᠷᠭᠡ ᠲᠣᠭᠲᠠᠴᠠ᠎ᠶᠢ ᠭᠦᠨᠵᠡᠭᠡᠶ ᠨᠠᠶ᠋ᠢᠳᠠᠪᠤᠷᠢᠵᠢᠭᠤᠯᠵᠤ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠢ ᠨᠠᠩ ᠥᠷᠭᠡᠨ ᠠᠭᠤᠳᠠᠮ ᠵᠠᠬ᠎ᠠ ᠳᠡᠯᠭᠡᠭᠦᠷ᠎ᠲᠦ᠍ ᠭᠠᠷᠭᠠᠬᠤ ᠬᠡᠷᠡᠭᠲᠡᠶ᠃ ᠪᠥᠬᠥ᠌ ᠣᠷᠣᠨ᠎ᠤ ᠡᠯ᠎ᠡ ᠱᠠᠲᠤ᠌ ᠡᠯ᠎ᠡ ᠰᠠᠯᠠᠭ᠎ᠠ ᠮᠥᠴᠢᠷ᠎ᠦᠨ᠎ᠬᠢᠨ ᠬᠦᠴᠦ᠎ᠪᠡᠨ ᠬᠠᠮᠲᠤᠳᠬᠠᠨ ᠬᠠᠮᠵᠢᠯᠴᠠᠵᠤ᠂ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠪᠡᠨ ᠲᠡᠭᠦᠯᠳᠡᠷᠵᠢᠭᠦᠯᠵᠦ᠍᠂ ᠰᠠᠨᠠᠭᠠᠴᠢᠯᠠᠭ᠎ᠠ᠎ᠡᠴᠡ᠎ᠪᠠᠨ ᠡᠮᠦᠨ᠎ᠡ ᠨᠢ ᠤᠷᠤᠵᠤ ᠦᠢᠯᠡᠴᠢᠯᠡᠨ᠂ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠡᠮᠬᠢ ᠳᠢᠭᠯᠢᠮ᠎ᠢ ᠵᠢᠷᠤᠮᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ᠍᠂ ᠥᠪᠥᠷ ᠮᠣᠩᠭᠣᠯ᠎ᠳᠤ ᠢᠷᠡᠭᠰᠡᠨ ᠵᠢᠭᠤᠯᠴᠢᠯᠠᠬᠴᠢ ᠨᠢᠭᠡ ᠪᠦᠷᠢ᠎ᠳ᠋ᠤ ᠰᠠᠶ᠋ᠢᠨ ᠰᠠᠶ᠋ᠢᠬᠠᠨ ᠪᠠᠶᠡᠴᠢᠯᠡᠨ ᠤᠢᠯᠠᠭᠠᠯᠳᠠ ᠬᠦᠷᠳᠡᠬᠡᠵᠤ᠂ ᠥᠪᠥᠷ ᠮᠣᠩᠭᠣᠯ᠎ᠳᠤ ᠢᠷᠡᠭᠰᠡᠨ ᠠᠵᠤ ᠠᠬᠤᠶ᠋ᠢᠯᠠᠯ ᠨᠢᠭᠡ ᠪᠦᠷᠢ᠎ᠶᠢ ᠤᠴᠢᠷ ᠶᠠᠪᠤᠳᠠᠯ ᠭᠦᠢᠴᠡᠳᠭᠡᠬᠦ᠎ᠳᠦ ᠤᠷᠤᠭᠰᠢᠲᠠᠶ᠂ ᠪᠠᠯᠠ ᠣᠷᠣᠭᠤᠯᠬᠤ᠎ᠳᠤ ᠰᠠᠨᠠᠭ᠎ᠠ ᠠᠮᠤᠷ᠂ ᠡᠵᠡᠩᠨᠡᠯᠲᠡ ᠬᠢᠬᠦ ᠳ᠋ᠤ ᠲᠠᠭᠠᠯᠠᠮᠵᠢᠲᠠᠶ᠂ ᠠᠵᠢᠯ ᠦᠢᠯᠡᠰ᠎ᠢᠶᠡᠨ ᠬᠥᠭᠵᠢᠬᠦᠯᠬᠦ᠎ᠳᠦ ᠰᠠᠨᠠᠭ᠎ᠠ ᠠᠮᠤᠷ ᠪᠤᠯᠭᠠᠬᠤ ᠬᠡᠷᠡᠭᠲᠡᠶ ᠭᠡᠵᠤ ᠴᠢᠬᠤᠯᠠᠴᠢᠯᠠᠪᠠ᠃

ᠸᠠᠩ ᠸᠧᠢ ᠵᠦᠩ᠂ ᠥᠪᠥᠷ ᠮᠣᠩᠭᠣᠯ ᠵᠢᠭᠤᠯᠴᠢᠯᠠᠯ᠎ᠤᠨ ᠦᠢᠯᠡᠰ᠎ᠢ ᠬᠥᠭᠵᠢᠭᠦᠯᠬᠦ᠌᠎ᠳᠦ ᠨᠡᠶ᠋ᠢᠭᠡᠮ᠎ᠦᠨ ᠡᠯ᠎ᠡ ᠡᠲᠡᠭᠡᠳ᠎ᠦᠨ ᠳᠡᠮᠵᠢᠯᠭᠡ ᠪᠠ ᠬᠠᠪᠰᠤᠷᠤᠯᠭ᠎ᠠ᠎ᠡᠴᠡ ᠰᠠᠯᠵᠤ ᠴᠢᠳᠠᠬᠤ ᠦᠭᠡᠢ ᠶᠤᠮ᠃ ᠪᠢ ᠡᠷᠬᠢᠮ ᠵᠣᠴᠢᠳ᠎ᠢ ᠥᠪᠥᠷ ᠮᠣᠩᠭᠣᠯ᠎ᠳᠤ ᠭᠦᠨᠵᠡᠭᠡᠶ᠋ᠢᠷᠡᠨ ᠵᠢᠭᠤᠯᠴᠢᠯᠠᠵᠤ ᠠᠮᠠᠷᠠᠬᠤ᠂ ᠰᠢᠨᠵᠢᠯᠡᠨ ᠪᠠᠶ᠋ᠢᠴᠠᠭᠠᠵᠤ ᠵᠥᠪᠳᠡᠯᠴᠡᠬᠦ᠌᠂ ᠪᠠᠯᠠ ᠣᠷᠣᠭᠤᠯᠤᠨ ᠦᠢᠯᠡᠰ ᠪᠤᠰᠬᠠᠬᠤ᠂ ᠬᠥᠭᠵᠢᠯᠲᠡ᠎ᠶᠢᠨ ᠠᠵᠠ ᠲᠣᠬᠢᠶᠠᠯ᠎ᠢ ᠬᠠᠮᠲᠤ᠎ᠪᠠᠷ ᠡᠳ᠋ᠯᠡᠬᠦ᠌᠂ ᠰᠠᠶ᠋ᠢᠨ ᠰᠠᠶ᠋ᠢᠬᠠᠨ ᠢᠷᠡᠭᠡᠳᠦᠶ᠎ᠶᠢ ᠬᠠᠮᠲᠤ᠎ᠪᠠᠷ ᠴᠣᠭᠴᠠᠯᠠᠬᠤ᠎ᠶᠢ ᠴᠢᠩ ᠰᠡᠳᠬᠢᠯ᠎ᠡᠴᠡ᠎ᠪᠡᠨ ᠤᠷᠢᠵᠤ ᠪᠠᠢᠨ᠎ᠠ᠃ ᠤᠯᠠᠨ᠎ᠢᠶᠠᠷ᠎ᠢᠶᠠᠨ ᠥᠪᠥᠷ ᠮᠣᠩᠭᠣᠯ᠎ᠢ ᠢᠯᠡᠭᠦᠬᠡᠨ ᠤᠬᠠᠭᠤᠯᠤᠨ ᠲᠠᠨᠢᠯᠴᠠᠭᠤᠯᠵᠤ᠂ ᠨᠡᠩ ᠤᠯᠠᠨ ᠬᠥᠮᠦᠰ ᠲᠤ᠌ ᠥᠪᠥᠷ ᠮᠣᠩᠭᠣᠯ᠎ᠢ ᠤᠢ᠌ᠯᠠᠭᠠᠭᠤᠯᠵᠤ᠂ ᠥᠪᠥᠷ ᠮᠣᠩᠭᠣᠯ᠎ᠳᠤ ᠢᠷᠡᠬᠦᠯᠬᠦ᠌᠎ᠶᠢ ᠬᠦᠰᠡᠵᠦ᠍ ᠪᠠᠶ᠋ᠢᠨ᠎ᠠ ᠭᠡᠵᠤ ᠢᠯᠡᠳᠭᠡᠪᠡ᠃

ᠬᠤᠷᠠᠯ᠎ᠳᠤ ᠣᠷᠣᠯᠴᠠᠭᠰᠠᠳ 《ᠦᠵᠡᠰᠬᠦᠯᠡᠨᠭᠳᠤ ᠰᠠᠢᠬᠠᠨ ᠥᠪᠥᠷ ᠮᠣᠩᠭᠣᠯ》 ᠭᠡᠬᠦ ᠰᠣᠶᠣᠯ ᠵᠢᠭᠤᠯᠴᠢᠯᠠᠯ᠎ᠤᠨ ᠤᠬᠠᠭᠤᠯᠭ᠎ᠠ᠎ᠶᠢᠨ ᠹᠢᠯᠢᠮ ᠢ᠋ ᠰᠣᠨᠢᠷᠬᠠᠵᠤ᠂ ᠣᠷᠳᠣᠰ ᠬᠣᠲᠠ ᠲᠤᠷᠰᠢᠯᠭ᠎ᠠ ᠪᠠᠨ ᠲᠠᠨᠢᠯᠴᠠᠭᠤᠯᠵᠦ᠍᠂ ᠬᠥᠬᠡᠬᠣᠲᠠ᠂ ᠬᠥᠯᠥᠨ ᠪᠣᠶ᠋ᠢᠷ ᠬᠣᠲᠠ᠂ ᠠᠯᠠᠱᠠ ᠠᠶ᠋ᠢᠮᠠᠭ᠎ᠤᠨ ᠬᠢᠨ ᠬᠣᠲᠠ᠎ᠶᠢᠨ ᠵᠢᠭᠤᠯᠴᠢᠯᠠᠯ᠎ᠤᠨ ᠲᠠᠨᠢᠯᠴᠠᠭᠤᠯᠭ᠎ᠠ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠡᠴᠡ ᠵᠢᠭᠤᠯᠴᠢᠯᠠᠬᠰᠡᠳ᠎ᠤᠨ ᠬᠠᠮᠤᠭ᠎ᠡᠴᠡ ᠪᠠᠬᠠᠷᠬᠠᠳᠠᠭ ᠣᠨᠴᠠᠯᠢᠭᠲᠤ᠌ ᠮᠠᠯ᠎ᠤᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ᠎ᠢ ᠨᠡᠶ᠋ᠢᠲᠡᠯᠡᠵᠦ᠍᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠡᠴᠡ ᠮᠠᠯ ᠠᠵᠤ ᠠᠬᠤᠶ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ ᠲᠠᠮᠢᠷ ᠬᠤᠳᠠᠯᠳᠤᠭ᠎ᠠ ᠵᠢ ᠨᠢᠭᠡ ᠴᠣᠭᠴᠠᠵᠢᠭᠤᠯᠤᠨ ᠬᠥᠭᠵᠢᠭᠦᠯᠦᠭᠰᠡᠨ ᠨᠡᠶ᠋ᠢᠲᠡᠯᠢᠭ ᠵᠢᠱ᠌ᠢᠶ᠎ᠡ᠎ᠶᠢ ᠨᠡᠶ᠋ᠢᠲᠡᠯᠡᠵᠦ᠍᠂ ᠲᠤᠰᠬᠠᠶ ᠮᠡᠷᠭᠡᠵᠢᠯᠲᠡᠨ ᠡᠷᠳᠡᠮᠲᠡᠨ᠂ ᠠᠵᠢᠯ ᠲᠥᠷᠥᠯ᠎ᠦᠨ ᠲᠥᠯᠥᠭᠡᠯᠡᠭᠴᠢ ᠢᠦᠶ ᠮᠢᠨ ᠬᠣᠩ᠂ ᠱᠢ ᠵᠠᠨ᠂ ᠭᠧ ᠯᠧᠢ ᠦᠭᠡ ᠬᠡᠯᠡᠪᠡ᠃ ᠶᠡᠬᠡ ᠬᠤᠷᠠᠯ᠎ᠡᠴᠡ 2026 ᠣᠨ᠎ᠤ ᠥᠪᠡᠷᠲᠡᠭᠡᠨ ᠵᠠᠰᠠᠬᠤ ᠣᠷᠣᠨ᠎ᠤ ᠬᠣᠷᠢᠨ ᠶᠡᠬᠡ ᠬᠠᠯᠠᠮᠰᠢᠯ ᠦᠵᠡᠮᠵᠢ᠎ᠶᠢᠨ ᠣᠷᠣᠨ ᠵᠢᠴᠢ ᠠᠷᠪᠠᠨ ᠶᠡᠬᠡ ᠬᠠᠯᠠᠮᠰᠢᠯ ᠵᠢᠭᠤᠯᠴᠢᠯᠠᠯ᠎ᠤᠨ ᠵᠠᠮ ᠱᠤᠭᠤᠮ᠎ᠢ ᠲᠠᠨᠢᠯᠴᠠᠭᠤᠯᠵᠤ᠂ ᠰᠣᠶᠣᠯ ᠵᠢᠭᠤᠯᠴᠢᠯᠠᠯ᠎ᠤᠨ ᠮᠥᠩᠭᠥᠨ ᠭᠦᠢᠯᠭᠡᠭᠡᠨ᠎ᠦ ᠦᠢᠯᠡᠳᠬᠦᠨ᠎ᠢ ᠨᠡᠶ᠋ᠢᠲᠡᠯᠡᠵᠦ᠍᠂ ᠲᠥᠷᠥᠯ ᠵᠦᠢᠯ᠎ᠦᠨ ᠭᠡᠷ᠎ᠡ ᠲᠣᠭᠲᠠᠬᠤ ᠠᠵᠢᠯᠯᠠᠭ᠎ᠠ ᠥᠷᠨᠢᠭᠦᠯᠪᠡ᠃

ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠬᠤᠯᠪᠤᠬᠳᠠᠯ ᠪᠥᠬᠥᠶ ᠵᠤᠷᠭᠠᠨ ᠲᠣᠪᠴᠢᠶ᠎ᠠ᠎ᠶᠢᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ᠂ ᠡᠯ᠎ᠡ ᠠᠶ᠋ᠢᠮᠠᠭ ᠬᠣᠲᠠ ᠵᠢᠴᠢ ᠭᠤᠤᠯᠳᠠᠯᠭ᠎ᠠ᠎ᠲᠠᠶ ᠵᠢᠭᠤᠯᠴᠢᠯᠠᠯ᠎ᠤᠨ ᠬᠣᠰᠢᠭᠤ ᠰᠢᠶᠠᠨ᠎ᠤ ᠵᠠᠰᠠᠭ᠎ᠤᠨ ᠣᠷᠳᠣᠨ᠎ᠤ ᠬᠠᠷᠢᠭᠤᠴᠠᠯᠭᠠᠲᠠᠨ ᠨᠥᠬᠥᠳ᠂ ᠭᠤᠤᠯᠳᠠᠯᠭ᠎ᠠ᠎ᠲᠠᠶ ᠵᠢᠭᠤᠯᠴᠢᠯᠠᠭᠰᠠᠳ᠎ᠤᠨ ᠢᠷᠡᠯᠲᠡ᠎ᠶᠢᠨ ᠮᠤᠵᠢ ᠣᠷᠣᠨ ᠵᠢᠴᠢ ᠬᠢᠯᠢ᠎ᠶᠢᠨ ᠭᠠᠳᠠᠨᠠᠬᠢ ᠵᠢᠭᠤᠯᠴᠢᠯᠠᠬᠰᠠᠳ᠎ᠤᠨ ᠢᠷᠡᠯᠲᠡ᠎ᠶᠢᠨ ᠬᠣᠲᠠ᠎ᠶᠢᠨ  ᠵᠣᠴᠢᠨ᠂ ᠰᠣᠶᠣᠯ ᠵᠢᠭᠤᠯᠴᠢᠯᠠᠯ᠎ᠤᠨ ᠠᠵᠤ ᠠᠬᠤᠶ᠋ᠢᠯᠠᠯ᠎ᠤᠨ ᠡᠲᠡᠭᠡᠳ᠎ᠦᠨ ᠲᠥᠯᠥᠭᠡᠯᠡᠭᠴᠢ ᠬᠤᠷᠠᠯ᠎ᠳᠤ ᠣᠷᠣᠯᠴᠠᠵᠠᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号