7 ᠰᠠᠷ᠎ᠠ᠎ᠶᠢᠨ 10 ᠤ᠋ ᠦᠳᠡ᠎ᠶᠢᠨ ᠬᠣᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ᠌ ᠲᠦᠷᠦ᠎ᠶᠢᠨ ᠶᠠᠪᠤᠳᠠᠯ᠎ᠤᠨ ᠠᠶ᠋ᠢᠯᠴᠢᠯᠠᠯᠲᠠ ᠬᠢᠬᠦ᠌᠎ᠪᠡᠷ ᠢᠷᠡᠭᠰᠡᠨ ᠨᠠᠮᠢᠪᠢᠶ᠎ᠠ᠎ᠶᠢᠨ ᠶᠡᠷᠦᠩᠬᠡᠶ᠋ᠢᠯᠡᠭᠴᠢ ᠡᠸᠨᠳ᠋ᠠᠢ᠌ᠲ᠋ᠸᠸᠠ ᠲᠠᠢ ᠬᠡᠯᠡᠯᠴᠡᠭᠡ ᠬᠢᠪᠡ᠃ ᠬᠣᠶᠠᠷ ᠤᠯᠤᠰ᠎ᠤᠨ ᠤᠳᠤᠷᠢᠳᠬᠤ ᠬᠥᠮᠦᠨ ᠬᠣᠶᠠᠷ ᠲᠠᠯ᠎ᠠ᠎ᠶᠢᠨ ᠬᠠᠷᠢᠯᠴᠠᠭᠠᠨ᠎ᠤ ᠪᠠᠶ᠋ᠢᠷᠢ ᠲᠣᠭᠲᠠᠭᠠᠯᠲᠠ᠎ᠶᠢ ᠰᠢᠨ᠎ᠡ ᠴᠠᠭ ᠦᠶ᠎ᠡ᠎ᠶᠢᠨ ᠳᠤᠮᠳᠠᠳᠤ ᠨᠠᠮᠢᠪᠢᠶ᠎ᠠ᠎ᠶᠢᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ ᠪᠣᠯᠭᠠᠨ ᠳᠡᠭᠡᠭᠰᠢᠯᠡᠭᠦᠯᠦᠨ᠎ᠡ ᠭᠡᠵᠦ᠍ ᠬᠠᠮᠲᠤ᠎ᠪᠠᠷ ᠨᠡᠶ᠋ᠢᠲᠡᠯᠡᠪᠡ᠃
ᠰᠢ ᠵᠢᠨ ᠫᠢᠩ᠂ ᠳᠤᠮᠳᠠᠳᠤ ᠤᠯᠤᠰ ᠪᠣᠯᠤᠨ ᠨᠠᠮᠢᠪᠢᠶ᠎ᠠ ᠭᠦᠨ ᠵᠤᠵᠠᠭᠠᠨ ᠤᠯᠠᠮᠵᠢᠯᠠᠯᠲᠤ᠌ ᠨᠥᠬᠥᠷᠯᠡᠯ ᠪᠣᠯᠤᠨ ᠬᠠᠮᠲᠤ᠎ᠶᠢᠨ ᠬᠥᠭᠵᠢᠯᠲᠡ᠎ᠶᠢᠨ ᠬᠥᠭᠡᠭᠡᠴᠡᠯᠳᠦᠯ᠎ᠲᠡᠶ ᠶᠤᠮ᠃ ᠭᠠᠳᠠᠭᠠᠳᠤ ᠬᠠᠷᠢᠯᠴᠠᠭ᠎ᠠ ᠪᠠᠶ᠋ᠢᠭᠤᠯᠤᠭᠰᠠᠨ᠎ᠡᠴᠡ ᠨᠠᠭᠠᠰᠢ᠂ ᠬᠣᠶᠠᠷ ᠤᠯᠤᠰ ᠢᠮᠠᠭᠲᠠ ᠡᠷᠬᠡ ᠲᠡᠭᠰᠢ᠎ᠪᠡᠷ ᠬᠠᠨᠳᠤᠵᠤ᠂ ᠬᠠᠷᠢᠯᠴᠠᠨ ᠲᠡᠮᠵᠢᠯᠴᠠᠵᠤ᠂ ᠨᠥᠬᠥᠷᠰᠡᠭ ᠬᠠᠮᠲᠤᠷᠠᠯᠴᠠᠭ᠎ᠠ ᠲᠠᠰᠤᠷᠠᠯᠳᠠ ᠦᠬᠡᠢ ᠭᠦᠨᠵᠡᠭᠡᠶ᠋ᠢᠷᠡᠵᠦ᠍ ᠂ ᠬᠣᠶᠠᠷ ᠤᠯᠤᠰ᠎ᠤᠨ ᠠᠷᠠᠳ ᠲᠦᠮᠡᠨ᠎ᠳᠦ ᠬᠦᠴᠦᠲᠡᠢ ᠪᠤᠶᠠᠨ ᠦᠢᠯᠡᠳᠦᠭᠰᠡᠨ ᠪᠠᠶ᠋ᠢᠨ᠎ᠠ᠃ ᠳᠤᠮᠳᠠᠳᠤ ᠤᠯᠤᠰ᠎ᠤᠨ ᠡᠪ ᠬᠠᠮᠲᠤ᠌ ᠨᠠᠮ ᠶᠠᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠵᠤ ᠪᠠᠶ᠋ᠢᠨ᠎ᠠ᠂ ᠨᠠᠮᠢᠪᠢᠶ᠎ᠡ ᠶᠠᠭ 2030 ᠣᠨ᠎ᠤ ᠠᠯᠤᠰ᠎ᠤᠨ ᠬᠠᠷᠠᠯᠲᠠ ᠲᠡᠶ᠋ᠢᠰᠢ ᠤᠷᠤᠭᠰᠢᠯᠠᠵᠤ ᠪᠠᠶ᠋ᠢᠨ᠎ᠠ᠂ ᠬᠣᠶᠠᠷ ᠤᠯᠤᠰ᠎ᠤᠨ ᠨᠥᠬᠥᠷᠰᠡᠭ ᠬᠠᠮᠲᠤᠷᠠᠯᠴᠠᠭ᠎ᠠ᠎ᠶᠢ ᠭᠦᠨᠵᠡᠭᠡᠶ᠋ᠢᠷᠡᠭᠦᠯᠬᠦ᠌ ᠨᠢ ᠴᠠᠭ᠎ᠲᠠᠭᠠᠨ ᠮᠠᠰᠢ ᠲᠤᠬᠢᠷᠠᠵᠤ᠂ ᠢᠷᠡᠭᠡᠳᠦᠢ ᠭᠡᠭᠡᠨ ᠰᠠᠷᠠᠭᠤᠯ ᠪᠠᠶ᠋ᠢᠨ᠎ᠠ᠃ ᠳᠤᠮᠳᠠᠳᠤ ᠤᠯᠤᠰ ᠳᠤᠷᠠᠲᠠᠶ᠎ᠠ ᠨᠠᠮᠢᠪᠢᠶ᠎ᠠ ᠯᠤᠭ᠎ᠠ ᠬᠥᠭᠵᠢᠯᠲᠡ᠎ᠶᠢᠨ ᠣᠶ᠋ᠢᠯᠠᠭᠠᠭᠳᠠᠬᠤᠨ᠎ᠤ ᠰᠣᠯᠢᠯᠴᠠᠭ᠎ᠠ ᠪᠣᠯᠤᠨ ᠬᠥᠭᠵᠢᠯᠲᠡ᠎ᠶᠢᠨ ᠪᠠᠶ᠋ᠢᠯᠳᠤᠬᠤ ᠪᠤᠳᠤᠯᠭ᠎ᠠ᠎ᠶᠢᠨ ᠵᠣᠯᠭᠠᠯᠴᠠᠭ᠎ᠠ᠎ᠪᠠᠨ ᠴᠢᠩᠭᠠᠳᠬᠠᠵᠤ᠂ ᠲᠤᠰ ᠲᠤᠰ᠎ᠤᠨ ᠣᠳᠣᠬᠢᠴᠢᠯᠠᠯᠲᠠ᠎ᠶᠢ ᠪᠡᠶᠡᠯᠡᠭᠦᠯᠬᠦ᠌ ᠵᠠᠮ ᠳᠡᠭᠡᠷ᠎ᠡ ᠭᠠᠷ ᠬᠣᠯᠪᠣᠨ ᠤᠷᠤᠭᠰᠢᠯᠠᠨ᠎ᠠ ᠭᠡᠵᠤ ᠵᠢᠭᠠᠵᠤ ᠭᠠᠷᠭᠠᠪᠠ᠃

7 ᠰᠠᠷ᠎ᠠ᠎ᠶᠢᠨ 10 ᠤ᠋ ᠦᠳᠡ᠎ᠶᠢᠨ ᠬᠣᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ᠌ ᠲᠦᠷᠦ᠎ᠶᠢᠨ ᠶᠠᠪᠤᠳᠠᠯ᠎ᠤᠨ ᠠᠶ᠋ᠢᠯᠴᠢᠯᠠᠯᠲᠠ ᠬᠢᠬᠦ᠌᠎ᠪᠡᠷ ᠢᠷᠡᠭᠰᠡᠨ ᠨᠠᠮᠢᠪᠢᠶ᠎ᠠ᠎ᠶᠢᠨ ᠶᠡᠷᠦᠩᠬᠡᠶ᠋ᠢᠯᠡᠭᠴᠢ ᠡᠸᠨᠳ᠋ᠠᠢ᠌ᠲ᠋ᠸᠸᠠ ᠲᠠᠢ ᠬᠡᠯᠡᠯᠴᠡᠭᠡ ᠬᠢᠪᠡ᠃ ᠵᠢᠷᠤᠭ ᠪᠤᠯ ᠬᠡᠯᠡᠯᠴᠡᠭᠡ ᠬᠢᠬᠦ ᠡᠴᠡ ᠡᠮᠤᠨ᠎ᠠ᠂ ᠰᠢ ᠵᠢᠨ ᠫᠢᠩ ᠬᠠᠳᠤᠨ ᠫᠸᠩ ᠯᠢ ᠶᠤᠸᠠᠨ ᠲᠠᠢ ᠪᠡᠨ ᠡᠸᠨᠳᠠᠢᠲᠸᠸᠠ ᠪᠤᠯᠤᠨ ᠲᠡᠬᠦᠨ ᠤ᠋ ᠡᠷ᠎ᠠ ᠨᠦᠬᠦᠷ ᠠᠢᠫᠠᠹᠯᠠᠰ ᠲᠠᠢ ᠬᠠᠮᠳᠤ ᠵᠢᠨ ᠰᠡᠬᠦᠳᠡᠷ ᠲᠠᠳᠠᠭᠤᠯᠵᠤ ᠪᠠᠢᠭ᠎ᠠ ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ ᠯᠢ ᠰᠢᠶᠠᠩ ᠰᠡᠬᠦᠳᠡᠷᠯᠡᠪᠡ
ᠰᠢ ᠵᠢᠨ ᠫᠢᠩ ᠰᠢᠨ᠎ᠡ ᠴᠠᠭ ᠦᠶ᠎ᠡ᠎ᠶᠢᠨ ᠳᠤᠮᠳᠠᠳᠤ ᠨᠠᠮᠢᠪᠢᠶ᠎ᠠ᠎ᠶᠢᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ ᠲᠤᠬᠠᠶ 3 ᠰᠠᠨᠠᠯ ᠳᠤᠷᠠᠳᠪᠠ᠃ ᠨᠢᠭᠡ᠎ᠳᠦ᠂ ᠡᠷᠡᠰ ᠪᠡᠳᠤ ᠪᠡᠷ ᠬᠠᠷᠢᠯᠴᠠᠨ ᠳᠡᠮᠵᠢᠯᠴᠠᠵᠤ᠂ ᠣᠶ᠋ᠢᠯᠠᠭᠠᠭᠳᠠᠬᠤᠨ᠎ᠤ ᠠᠭᠤᠰᠤᠯᠴᠠᠨ ᠨᠡᠪᠳᠡᠷᠡᠯᠴᠡᠬᠦ᠎ᠵᠢ ᠭᠦᠨᠵᠡᠭᠡᠶ᠋ᠢᠷᠡᠭᠦᠯᠦᠶᠠ᠃ ᠬᠣᠶᠠᠷ ᠲᠠᠯ᠎ᠠ᠎ᠪᠠᠷ᠎ᠢᠶᠠᠨ ᠳᠡᠭᠡᠳᠦ ᠳᠠᠪᠬᠤᠷᠭ᠎ᠠ᠎ᠶᠢᠨ ᠶᠠᠪᠤᠯᠴᠠᠭ᠎ᠠ᠎ᠪᠠᠨ ᠨᠢᠭᠲᠠᠷᠠᠭᠤᠯᠵᠤ᠂ ᠲᠦᠷᠦ᠎ᠶᠢ ᠵᠠᠰᠠᠬᠤ ᠲᠤᠷᠰᠢᠯᠭ᠎ᠠ᠎ᠶᠢᠨ ᠰᠣᠯᠢᠯᠴᠠᠭ᠎ᠠ᠎ᠪᠠᠨ ᠭᠦᠨᠵᠡᠭᠡᠶ᠋ᠢᠷᠡᠭᠦᠯᠵᠦ᠍᠂ ᠬᠣᠶᠠᠷ ᠲᠠᠯ᠎ᠠ᠎ᠶᠢᠨ ᠬᠠᠷᠢᠯᠴᠠᠭ᠎ᠠ᠎ᠳᠠᠬᠢ ᠪᠦᠬᠦ᠌ ᠲᠠᠯ᠎ᠠ᠎ᠶᠢᠨ ᠴᠢᠨᠠᠷᠲᠠᠢ᠂ ᠪᠠᠶ᠋ᠢᠯᠳᠤᠬᠤ ᠪᠤᠳᠤᠯᠭ᠎ᠠ᠎ᠶᠢᠨ ᠴᠢᠨᠠᠷᠲᠠᠢ ᠠᠰᠠᠭᠤᠳᠠᠯ᠎ᠤᠨ ᠲᠤᠬᠠᠢ ᠪᠠᠶ᠋ᠢᠩᠭᠤ᠎ᠶᠢᠨ ᠴᠢᠨᠠᠷᠲᠠᠢ ᠤᠯᠤᠯᠴᠠᠭ᠎ᠠ᠎ᠪᠠᠨ ᠪᠠᠲᠤᠯᠠᠵᠤ᠂ ᠲᠤᠰ ᠲᠤᠰ᠎ᠤᠨ ᠭᠣᠣᠯᠯᠠᠭᠴᠢ ᠠᠰᠢᠭ ᠲᠤᠰᠠ᠎ᠳᠤ ᠬᠣᠯᠪᠣᠭᠳᠠᠬᠤ ᠪᠠ ᠠᠩᠬᠠᠷᠴᠤ᠌ ᠪᠠᠶ᠋ᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠦᠷᠭᠦᠯᠵᠢᠯᠡᠨ ᠬᠠᠷᠢᠯᠴᠠᠨ ᠳᠡᠮᠵᠢᠶ᠎ᠠ᠃ ᠬᠣᠶᠠᠷ᠎ᠲᠤ᠌᠂ ᠬᠠᠮᠲᠤᠷᠠᠯᠴᠠᠭᠠᠨ᠎ᠤ ᠳᠠᠯᠳᠠ ᠬᠦᠴᠦᠨ᠎ᠢ ᠠᠭᠤᠳᠠᠯᠵᠤ᠂ ᠬᠠᠮᠲᠤᠷᠠᠯᠴᠠᠭᠠᠨ᠎ᠤ ᠲᠦᠪᠰᠢᠨ᠎ᠢ ᠳᠡᠭᠡᠭᠰᠢᠯᠡᠭᠦᠯᠦᠶᠠ᠃ ᠳᠤᠮᠳᠠᠳᠤ ᠤᠯᠤᠰ ᠨᠢᠭᠡᠨᠲᠡ ᠠᠹᠷᠢᠺᠠ ᠲᠢᠪ ᠤᠨ ᠭᠠᠳᠠᠭᠠᠳᠤ ᠬᠠᠷᠢᠯᠴᠠᠭ᠎ᠠ ᠪᠠᠶ᠋ᠢᠭᠤᠯᠤᠭᠰᠠᠨ 53 ᠤᠯᠤᠰ᠎ᠲᠤ᠌ ᠪᠣᠭᠣᠮᠲᠠ᠎ᠶᠢᠨ ᠭᠠᠶ᠋ᠢᠯᠢ ᠵᠢ ᠭᠡᠯᠳᠤᠷᠢᠬᠦᠯᠬᠦ ᠠᠷᠭ᠎ᠠ ᠬᠡᠮᠵᠢᠶ᠎ᠡ᠎ᠶᠢ ᠪᠦᠬᠦ᠌ ᠲᠠᠯ᠎ᠠ᠎ᠪᠠᠷ ᠬᠡᠷᠡᠭᠵᠢᠭᠦᠯᠪᠡ᠂ ᠡᠨᠡ ᠪᠣᠯ ᠳᠤᠮᠳᠠᠳᠤ ᠤᠯᠤᠰ᠎ᠤᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠠ᠎ᠪᠡᠨ ᠥᠷᠭᠡᠳᠬᠡᠭᠰᠡᠨ ᠴᠢᠬᠤᠯᠠ ᠶᠡᠬᠡ ᠡᠭᠦᠳᠦᠯᠲᠡ ᠮᠥᠨ᠂ ᠪᠠᠰᠠ ᠴᠤ᠌ ᠠᠹᠷᠢᠺᠠ ᠲᠢᠪ᠎ᠦᠨ ᠤᠯᠤᠰ᠎ᠤᠳ᠎ᠤᠨ ᠬᠥᠭᠵᠢᠯᠲᠡ᠎ᠪᠡᠨ ᠲᠦᠷᠭᠡᠳᠬᠡᠬᠦ᠌᠎ᠶᠢ ᠳᠡᠮᠵᠢᠭᠰᠡᠨ ᠴᠠᠭ᠎ᠤᠨ ᠬᠤᠷ᠎ᠠ ᠮᠥᠨ᠃ ᠨᠠᠮᠢᠪᠢᠶ᠎ᠠ᠎ᠵᠢᠨ ᠬᠢᠨ ᠪᠣᠭᠣᠮᠲᠠ᠎ᠶᠢᠨ ᠭᠠᠶ᠋ᠢᠯᠢ ᠵᠢ ᠬᠡᠯᠳᠤᠷᠢᠬᠦᠯᠬᠦ᠂ ᠲᠡᠰ ᠳᠡᠪᠰᠢᠭᠦᠯᠦᠭᠰᠡᠨᠦ ᠳᠠᠷᠠᠭᠠᠬᠢ ᠳᠤᠮᠳᠠᠳᠤ ᠤᠯᠤᠰ᠎ᠲᠤ᠌ ᠭᠠᠷᠭᠠᠬᠤ ᠦᠢᠯᠡᠳᠬᠦᠨ᠎ᠦ 《ᠰᠠᠭᠠᠳ ᠦᠭᠡᠢ ᠨᠡᠪᠲᠡᠷᠡᠬᠦ᠌ ᠵᠠᠮ》 ᠵᠢᠴᠢ ᠪᠤᠰᠤᠳ ᠬᠠᠷᠠᠭᠠᠯᠵᠠᠯ᠎ᠤᠨ ᠲᠦᠷᠦ᠎ᠶᠢᠨ ᠪᠤᠳᠤᠯᠭ᠎ᠠ᠎ᠶᠢ ᠭᠦᠢᠴᠡᠳ ᠬᠡᠷᠡᠭᠯᠡᠵᠦ᠍᠂ ᠨᠠᠮᠢᠪᠢᠶ᠎ᠠ᠎ᠵᠢᠨ ᠴᠢᠨᠠᠷ ᠰᠠᠶ᠋ᠢᠲᠠᠢ ᠦᠢᠯᠡᠳᠬᠦᠨ᠎ᠢ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠲᠦ᠍ ᠨᠡᠩ ᠤᠯᠠᠨ ᠨᠡᠩ ᠲᠦᠷᠭᠡᠨ ᠣᠷᠣᠭᠤᠯᠬᠤ᠎ᠶᠢ ᠬᠦᠰᠡᠵᠦ᠍ ᠪᠠᠶ᠋ᠢᠨ᠎ᠠ᠃ ᠳᠤᠮᠳᠠᠳᠤ ᠤᠯᠤᠰ ᠳᠤᠷᠠᠲᠠᠶ᠎ᠠ ᠨᠠᠮᠢᠪᠢᠶᠠᠯᠤᠭᠠ ᠰᠠᠭᠤᠷᠢ ᠲᠥᠬᠥᠭᠡᠷᠦᠮᠵᠢ᠎ᠶᠢᠨ ᠪᠦᠲᠦᠭᠡᠨ ᠪᠠᠶ᠋ᠢᠭᠤᠯᠤᠯᠲᠠ᠂ ᠡᠨᠧᠷᠭᠢ᠂ ᠠᠭᠤᠷᠬᠠᠢ᠎ᠶᠢᠨ ᠭᠠᠷᠤᠯᠲᠠ᠂ ᠬᠥᠳᠡᠭᠡ ᠠᠵᠤ ᠠᠬᠤᠢ᠂ ᠰᠤᠷᠭᠠᠨ ᠬᠥᠮᠦᠵᠢᠯ᠂ ᠵᠠᠯᠠᠭᠤᠴᠤᠳ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ᠎ᠳ᠋ᠡᠬᠢ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠍᠂ ᠬᠣᠶᠠᠷ ᠤᠯᠤᠰ᠎ᠤᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ᠎ᠶᠢᠨ ᠲᠠᠰᠤᠷᠠᠯᠲᠠ ᠦᠭᠡᠢ ᠰᠢᠨ᠎ᠡ ᠳᠡᠭᠲᠡᠷ᠎ᠲᠦ᠍ ᠭᠠᠷᠬᠤ᠎ᠶᠢ ᠠᠬᠢᠭᠤᠯᠤᠨ᠎ᠠ᠃ ᠭᠤᠷᠪᠠ᠎ᠳᠤ᠂ ᠪᠦᠯᠬᠦᠮᠳᠡᠨ ᠬᠠᠮᠵᠢᠯᠴᠠᠬᠤ᠎ᠶᠢ ᠪᠠᠷᠢᠮᠲᠠᠯᠠᠵᠤ᠂ ᠤᠯᠠᠨ ᠲᠠᠯᠠᠲᠤ᠌ ᠦᠵᠡᠯ᠎ᠢ ᠬᠠᠮᠠᠭᠠᠯᠠᠶ᠎ᠠ᠃ ᠳᠤᠮᠳᠠᠳᠤ ᠨᠠᠮᠢᠪᠢᠶ᠎ᠠ ᠬᠣᠶᠠᠷ ᠤᠯᠤᠰ ᠪᠣᠯ ᠴᠥᠮ ᠪᠥᠬᠥ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ ᠤ᠋ᠨ ᠴᠢᠬᠤᠯᠠ ᠪᠦᠷᠢᠯᠳᠦᠬᠦᠨ ᠮᠥᠨ᠂ ᠥᠷᠭᠡᠨ ᠳᠡᠯᠭᠡᠷ ᠬᠠᠮᠲᠤ᠎ᠶᠢᠨ ᠠᠰᠢᠭ ᠲᠤᠰᠠ ᠪᠠ ᠠᠳᠠᠯᠢᠪᠲᠤᠷ ᠥᠷᠲᠡᠭ᠎ᠦᠨ ᠬᠥᠭᠡᠭᠡᠴᠡᠯᠳᠦᠯ᠎ᠲᠡᠶ ᠶᠤᠮ᠂ ᠪᠦᠯᠬᠦᠮᠳᠡᠨ ᠬᠠᠮᠵᠢᠯᠴᠠᠬᠤ᠎ᠪᠠᠨ ᠴᠢᠩᠭᠠᠳᠬᠠᠵᠤ᠂ ᠬᠠᠷᠢᠯᠴᠠᠨ ᠡᠷᠡᠰ ᠳᠡᠮᠵᠢᠵᠦ᠍᠂ ᠲᠡᠯᠡᠭᠡᠢ ᠵᠢᠨ ᠲᠥᠪ ᠭᠤᠤᠯᠴᠢ ᠰᠢᠳᠤᠷᠭᠤ ᠶᠣᠰᠣ᠎ᠶᠢ ᠬᠠᠮᠲᠤ᠎ᠪᠠᠷ ᠬᠠᠮᠠᠭᠠᠯᠠᠪᠠᠯ ᠵᠣᠬᠢᠨ᠎ᠠ᠃ ᠳᠤᠮᠳᠠᠳᠤ ᠤᠯᠤᠰ ᠳᠤᠷᠠᠲᠠᠶ᠎ᠠ ᠨᠠᠮᠢᠪᠢᠶ᠎ᠡ᠎ᠶᠢ ᠪᠠᠭᠲᠠᠭᠠᠭᠰᠠᠨ ᠠᠹᠷᠢᠺᠠ ᠲᠢᠪ᠎ᠦᠨ ᠤᠯᠤᠰ᠎ᠤᠳ᠎ᠯᠤᠭ᠎ᠠ ᠵᠣᠬᠢᠴᠠᠭᠤᠯᠭ᠎ᠠ ᠬᠠᠮᠵᠢᠯᠴᠠᠭ᠎ᠠ᠎ᠪᠠᠨ ᠦᠷᠭᠦᠯᠵᠢᠯᠡᠨ ᠴᠢᠩᠭᠠᠳᠬᠠᠵᠤ᠂ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ ᠤ᠋ᠨ ᠰᠦᠷ ᠬᠦᠴᠦᠨ ᠪᠠ ᠬᠦᠴᠦᠨ ᠴᠢᠳᠠᠯ᠎ᠢ ᠦᠷᠭᠦᠯᠵᠢᠯᠡᠨ ᠪᠤᠵᠠᠭᠠᠶ᠋ᠢᠷᠠᠭᠤᠯᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ᠎ᠶᠢ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃
ᠰᠢ ᠵᠢᠨ ᠫᠢᠩ᠂ ᠠᠹᠷᠢᠺᠠ ᠲᠢᠪ᠎ᠢ ᠬᠠᠪᠰᠤᠷᠤᠨ ᠡᠯᠪᠡᠭ ᠪᠠᠶᠠᠯᠢᠭ ᠠᠭᠤᠷᠬᠠᠢ᠎ᠶᠢᠨ ᠡᠬᠢ ᠪᠠᠶᠠᠯᠢᠭ᠎ᠢ ᠨᠡᠬᠡᠭᠡᠵᠦ᠂ ᠡᠬᠢ ᠪᠠᠶᠠᠯᠢᠭ᠎ᠤᠨ ᠳᠠᠪᠠᠭᠤᠯᠢᠭ᠎ᠢ ᠬᠥᠭᠵᠢᠯᠲᠡ᠎ᠶᠢᠨ ᠬᠥᠳᠡᠯᠭᠡᠬᠦ᠌ ᠡᠨᠧᠷᠭᠢ ᠪᠣᠯᠭᠠᠨ ᠬᠤᠪᠢᠷᠠᠭᠤᠯᠬᠤ ᠪᠣᠯ ᠠᠹᠷᠢᠺᠠ ᠲᠢᠪ᠎ᠦᠨ ᠣᠳᠣᠬᠢᠴᠢᠯᠠᠯᠲᠠ᠎ᠶᠢᠨ ᠠᠬᠢᠴᠠ᠎ᠶᠢ ᠲᠦᠷᠭᠡᠳᠬᠡᠬᠦ᠌ ᠴᠢᠬᠤᠯᠠ ᠠᠷᠭ᠎ᠠ ᠵᠠᠮ ᠪᠣᠯᠤᠨ᠎ᠠ᠃ ᠳᠤᠮᠳᠠᠳᠤ ᠤᠯᠤᠰ ᠳᠤᠷᠠᠲᠠᠶ᠎ᠠ ᠨᠠᠮᠢᠪᠢᠶ᠎ᠡ ᠵᠢ ᠪᠠᠭᠲᠠᠭᠠᠭᠰᠠᠨ ᠠᠹᠷᠢᠺᠠ ᠲᠢᠪ᠎ᠦᠨ ᠤᠯᠤᠰ᠎ᠤᠳ᠎ᠲᠠᠶ ᠦᠷᠭᠦᠯᠵᠢᠯᠡᠨ ᠠᠭᠤᠷᠬᠠᠢ᠎ᠶᠢᠨ ᠦᠢᠯᠡᠰ᠎ᠦᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ 3 ᠵᠠᠷᠴᠢᠮ᠎ᠢ ᠭᠣᠣᠯᠳᠠᠯᠭ᠎ᠠ᠎ᠲᠠᠶ ᠰᠠᠶ᠋ᠢᠲᠤᠷ ᠡᠵᠡᠮᠳᠡᠨ᠎ᠡ᠃ ᠨᠢᠭᠡ᠎ᠳᠦ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠲᠡᠨ᠎ᠡ᠃ ᠠᠹᠷᠢᠺᠠ ᠲᠢᠪ᠎ᠦᠨ ᠬᠢᠨ ᠡᠯᠪᠡᠭ ᠪᠠᠶᠠᠯᠢᠭ ᠪᠠᠶ᠋ᠢᠭᠠᠯᠢ᠎ᠶᠢᠨ ᠡᠬᠢ ᠪᠠᠶᠠᠯᠢᠭ᠎ᠲᠠᠶ᠂ ᠳᠤᠮᠳᠠᠳᠤ ᠤᠯᠤᠰ ᠲᠡᠷᠢᠭᠦᠨ᠎ᠦ ᠮᠡᠷᠭᠡᠵᠢᠯ ᠪᠣᠯᠤᠨ ᠬᠡᠳᠦ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠲᠡᠶ᠂ ᠬᠣᠶᠠᠷ ᠲᠠᠯ᠎ᠠ᠎ᠪᠠᠷ᠎ᠢᠶᠠᠨ ᠬᠠᠷᠢᠯᠴᠠᠨ ᠨᠥᠬᠥᠪᠥᠷᠢᠯᠡᠬᠦ᠌ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠠᠰᠢᠭ ᠲᠤᠰᠠ᠎ᠶᠢᠨ ᠠᠭᠤᠰᠤᠯᠴᠠᠯ᠎ᠢᠶᠠᠨ ᠭᠦᠨᠵᠡᠭᠡᠶ᠋ᠢᠷᠡᠭᠦᠯᠦᠶ᠎ᠡ᠃ ᠬᠣᠶᠠᠷ᠎ᠲᠤ᠌᠂ ᠨᠥᠬᠥᠷᠰᠡᠭ᠎ᠢᠶᠡᠷ ᠵᠥᠪᠳᠡᠯᠴᠡᠨ᠎ᠡ᠃ ᠤᠯᠤᠰ ᠲᠦᠷᠦ᠎ᠶᠢᠨ ᠢᠲᠡᠭᠡᠯᠴᠡᠭᠡ᠎ᠪᠡᠨ ᠪᠠᠲᠤᠳᠬᠠᠬᠤ ᠪᠣᠯ ᠳᠤᠮᠳᠠᠳᠤ ᠠᠹᠷᠢᠺᠠ᠎ᠶᠢᠨ ᠬᠠᠮᠲᠤᠷᠠᠯᠴᠠᠭᠠᠨ᠎ᠤ ᠥᠪᠡᠷᠮᠢᠴᠡ ᠳᠠᠪᠠᠭᠤᠯᠢᠭ ᠪᠠ ᠴᠢᠬᠤᠯᠠ ᠪᠠᠲᠤᠯᠠᠭ᠎ᠠ ᠮᠥᠨ᠂ ᠳᠤᠮᠳᠠᠳᠤ ᠠᠹᠷᠢᠺᠠ᠎ᠶᠢᠨ ᠨᠥᠬᠥᠷᠯᠡᠯ᠎ᠦᠨ ᠶᠡᠬᠡ ᠲᠠᠯ᠎ᠠ᠎ᠡᠴᠡ ᠡᠭᠦᠰᠬᠦ᠌᠎ᠶᠢ ᠪᠠᠷᠢᠮᠲᠠᠯᠠᠵᠤ᠂ ᠤᠯᠤᠯᠴᠠᠭ᠎ᠠ ᠵᠥᠪᠳᠡᠯᠴᠡᠭᠡ᠎ᠪᠡᠷ ᠳᠠᠮᠵᠢᠨ ᠬᠠᠮᠲᠤᠷᠠᠯᠴᠠᠭᠠᠨ᠎ᠤ ᠳᠤᠮᠳᠠᠬᠢ ᠠᠰᠠᠭᠤᠳᠠᠯ᠎ᠢ ᠵᠣᠬᠢᠰᠲᠠᠢ ᠰᠢ᠌ᠳᠪᠦᠷᠢᠯᠡᠶᠡ᠃ ᠭᠤᠷᠪᠠ᠎ᠳᠤ᠂ ᠵᠠᠮ ᠨᠡᠭᠡᠭᠡᠨ ᠤᠷᠤᠭᠰᠢᠯᠠᠨ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ᠎ᠯᠦᠭᠡ ᠵᠠᠬ᠎ᠠ ᠳᠡᠯᠭᠡᠭᠦᠷᠴᠢᠯᠡᠯᠳᠡ ᠲᠠᠸᠠᠷᠴᠢᠯᠠᠯᠲᠠ᠎ᠶᠢᠨ ᠵᠠᠷᠴᠢᠮ ᠶᠣᠰᠣᠭᠠᠷ᠂ ᠬᠠᠮᠲᠤᠷᠠᠯᠴᠠᠭᠠᠨ᠎ᠤ ᠰᠡᠳᠬᠢᠮᠵᠢ᠎ᠵᠢᠨ ᠰᠢᠨ᠎ᠠ ᠵᠢ ᠡᠬᠦᠳᠴᠤ᠂ ᠳᠤᠮᠳᠠᠳᠤ ᠠᠹᠷᠢᠺᠠ᠎ᠶᠢᠨ ᠠᠭᠤᠷᠬᠠᠢ᠎ᠶᠢᠨ ᠦᠢᠯᠡᠰ᠎ᠦᠨ ᠬᠠᠮᠲᠤᠷᠠᠯᠴᠠᠭ᠎ᠠ ᠲᠠᠰᠤᠷᠠᠯᠲᠠ ᠦᠭᠡᠢ ᠶᠠᠰᠤ ᠴᠢᠨᠠᠷ᠎ᠢᠶᠠᠨ ᠳᠡᠭᠡᠭᠰᠢᠯᠡᠭᠦᠯᠦᠨ ᠲᠡᠰ ᠳᠡᠪᠰᠢᠬᠦ᠌᠎ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃
ᠡᠸᠨᠳ᠋ᠠᠢ᠌ᠲ᠋ᠸᠸᠠ᠂ ᠨᠠᠮᠢᠪᠢᠶ᠎ᠠ ᠪᠣᠯᠤᠨ ᠳᠤᠮᠳᠠᠳᠤ ᠤᠯᠤᠰ᠎ᠤᠨ ᠨᠥᠬᠥᠷᠯᠡᠯ ᠥᠨᠢ ᠤᠳᠠᠭᠠᠨ ᠲᠡᠦᠬᠡ᠎ᠲᠡᠶ ᠶᠤᠮ᠂ ᠬᠣᠶᠠᠷ ᠤᠯᠤᠰ᠎ᠤᠨ ᠬᠠᠷᠢᠯᠴᠠᠭ᠎ᠠ ᠤᠷᠳᠤ ᠬᠤᠭᠤᠴᠠᠭ᠎ᠠ᠎ᠪᠠᠷ ᠥᠨᠳᠥᠷ ᠲᠦᠪᠰᠢᠨ᠎ᠢᠶᠡᠷ ᠬᠥᠭᠵᠢᠪᠡ᠃ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠶ᠎ᠳᠤ ᠬᠠᠯᠠᠭᠤᠨ ᠪᠠᠶᠠᠷ ᠬᠦᠷᠭᠡᠶ᠎ᠡ᠃ ᠳᠤᠮᠳᠠᠳᠤ ᠤᠯᠤᠰ ᠪᠣᠯ ᠠᠭᠤᠤ ᠶᠡᠬᠡ ᠤᠯᠤᠰ ᠮᠥᠨ᠂ ᠲᠡᠷᠢᠭᠦᠯᠡᠭᠴᠢ ᠰᠢ ᠵᠢᠨ ᠫᠢᠩ᠎ᠦᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ᠂ ᠠᠵᠤ ᠠᠬᠤᠢ ᠨᠡᠶ᠋ᠢᠭᠡᠮ᠎ᠦᠨ ᠬᠥᠭᠵᠢᠯᠲᠡ ᠬᠥᠮᠦᠰ᠎ᠢ ᠪᠢᠰᠢᠷᠡᠭᠦᠯᠦᠮ᠎ᠡ ᠠᠮᠵᠢᠯᠲᠠ ᠣᠯᠵᠠᠢ᠃ ᠨᠠᠮᠢᠪᠢᠶ᠎ᠠ᠎ᠶᠢᠨ ᠬᠢᠨ ᠳᠤᠮᠳᠠᠳᠤ ᠤᠯᠤᠰ᠎ᠯᠤᠭ᠎ᠠ᠎ᠶᠢᠨ ᠬᠠᠷᠢᠯᠴᠠᠭ᠎ᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠨᠢᠭᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠡᠷᠡᠰ ᠬᠡᠷᠡᠭᠵᠢᠭᠦᠯᠦᠨ᠎ᠡ᠃ ᠳᠤᠷᠠᠲᠠᠶ᠎ᠠ ᠳᠤᠮᠳᠠᠳᠤ ᠤᠯᠤᠰ᠎ᠤᠨ ᠲᠤᠷᠰᠢᠯᠭ᠎ᠠ᠎ᠶᠢ ᠰᠤᠷᠤᠯᠴᠠᠨ ᠲᠤᠯᠢ ᠪᠤᠯᠭᠠᠵᠤ᠂ ᠪᠦᠯᠬᠦᠮᠳᠡᠯ᠎ᠢᠶᠡᠨ ᠴᠢᠩᠭᠠᠳᠬᠠᠨ᠂ ᠢᠲᠡᠭᠡᠯᠴᠡᠭᠡ᠎ᠪᠡᠨ ᠪᠡᠬᠢᠵᠢᠭᠦᠯᠵᠦ᠍᠂ ᠬᠠᠮᠲᠤᠷᠠᠯᠴᠠᠭ᠎ᠠ᠎ᠪᠠᠨ ᠥᠷᠭᠡᠳᠬᠡᠨ᠂ ᠬᠣᠶᠠᠷ ᠤᠯᠤᠰ᠎ᠤᠨ ᠪᠦᠬᠦ᠌ ᠲᠠᠯ᠎ᠠ᠎ᠶᠢᠨ ᠪᠠᠶ᠋ᠢᠯᠳᠤᠬᠤ ᠪᠤᠳᠤᠯᠭ᠎ᠠ᠎ᠶᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶᠢᠨ ᠨᠡᠩ ᠶᠡᠬᠡ ᠬᠥᠭᠵᠢᠯᠲᠡ᠎ᠲᠡᠶ ᠪᠣᠯᠬᠤ᠎ᠶᠢ ᠠᠬᠢᠭᠤᠯᠤᠨ᠎ᠠ᠃ ᠨᠠᠮᠢᠪᠢᠶ᠎ᠠ᠎ᠶᠢᠨ ᠠᠷᠠᠳ᠎ᠤᠨ ᠵᠣᠬᠢᠶᠠᠨ ᠪᠠᠶ᠋ᠢᠭᠤᠯᠤᠯᠲᠠ᠎ᠶᠢᠨ ᠨᠠᠮ ᠳᠤᠷᠠᠲᠠᠶ᠎ᠠ ᠳᠤᠮᠳᠠᠳᠤ ᠤᠯᠤᠰ᠎ᠤᠨ ᠡᠪ ᠬᠠᠮᠲᠤ᠌ ᠨᠠᠮ᠎ᠯᠤᠭ᠎ᠠ ᠨᠠᠮ᠎ᠤᠨ ᠬᠣᠭᠣᠷᠣᠨᠳᠣᠬᠢ ᠰᠣᠯᠢᠯᠴᠠᠭ᠎ᠠ᠎ᠪᠠᠨ ᠴᠢᠩᠭᠠᠳᠬᠠᠵᠤ᠂ ᠤᠯᠤᠯᠴᠠᠭ᠎ᠠ ᠬᠠᠮᠲᠤᠷᠠᠯᠴᠠᠭ᠎ᠠ᠎ᠪᠠᠨ ᠨᠢᠭᠲᠠᠷᠠᠭᠤᠯᠤᠨ᠎ᠠ᠃ ᠨᠠᠮᠢᠪᠢᠶ᠎ᠡ ᠳᠤᠷᠠᠲᠠᠶ᠎ᠠ ᠳᠤᠮᠳᠠᠳᠤ ᠤᠯᠤᠰ᠎ᠯᠤᠭ᠎ᠠ ᠠᠷᠠᠯᠵᠢᠶᠠᠨ᠎ᠤ ᠶᠠᠪᠤᠯᠴᠠᠭ᠎ᠠ᠎ᠪᠠᠨ ᠥᠷᠭᠡᠳᠬᠡᠵᠦ᠍᠂ ᠳᠤᠮᠳᠠᠳᠤ ᠤᠯᠤᠰ᠎ᠤᠨ ᠨᠡᠩ ᠤᠯᠠᠨ ᠠᠵᠤ ᠠᠬᠤᠶ᠋ᠢᠯᠠᠯ᠎ᠤᠨ ᠨᠠᠮᠢᠪᠢᠶ᠎ᠡ᠎ᠳᠤ ᠬᠦᠷᠴᠦ᠍ ᠪᠡᠯᠡ ᠣᠷᠣᠭᠤᠯᠤᠨ ᠠᠵᠢᠯ ᠦᠢᠯᠡᠰ᠎ᠢᠶᠡᠨ ᠮᠠᠨᠳᠤᠭᠤᠯᠬᠤ᠌ᠶᠢ ᠪᠠᠶᠠᠷᠯᠠᠨ ᠤᠭᠲᠤᠵᠤ ᠪᠠᠢᠨ᠎ᠠ᠂ ᠬᠣᠶᠠᠷ ᠲᠠᠯ᠎ᠠ᠎ᠪᠠᠷ᠎ᠢᠶᠠᠨ ᠠᠵᠤ ᠦᠢᠯᠡᠳᠪᠦᠷᠢ᠂ ᠠᠭᠤᠷᠬᠠᠢ᠎ᠶᠢᠨ ᠦᠢᠯᠡᠰ᠂ ᠰᠠᠭᠤᠷᠢ ᠲᠥᠬᠥᠭᠡᠷᠦᠮᠵᠢ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠬᠥᠳᠡᠭᠡ ᠠᠵᠤ ᠠᠬᠤᠢ᠂ ᠤᠰᠤᠨ ᠠᠰᠢᠭᠯᠠᠯᠲᠠ᠎ᠶᠢᠨ ᠡᠬᠢ ᠪᠠᠶᠠᠯᠢᠭ ᠵᠡᠷᠭᠡ ᠬᠦᠷᠢᠶᠡᠨ᠎ᠳᠡᠬᠢ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠨᠠᠮᠢᠪᠢᠶ᠎ᠡ ᠵᠢᠨ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠶᠢ ᠬᠠᠪᠰᠤᠷᠬᠤ᠎ᠶᠢ ᠬᠦᠰᠡᠵᠦ᠍ ᠪᠠᠶ᠋ᠢᠨ᠎ᠠ᠃ ᠳᠤᠮᠳᠠᠳᠤ ᠤᠯᠤᠰ ᠤᠷᠳᠤ ᠬᠤᠭᠤᠴᠠᠭᠠᠨ᠎ᠤ ᠲᠤᠷᠰᠢ ᠨᠠᠮᠢᠪᠢᠶ᠎ᠡ ᠵᠢ ᠪᠠᠭᠲᠠᠭᠠᠭᠰᠠᠨ ᠠᠹᠷᠢᠺᠠ ᠲᠢᠪ᠎ᠦᠨ ᠤᠯᠤᠰᠤᠳᠲᠤ᠌ ᠬᠠᠷᠠᠮ ᠦᠭᠡᠢ ᠬᠠᠪᠰᠤᠷᠤᠯᠭ᠎ᠠ ᠳᠡᠮᠵᠢᠯᠭᠡ ᠬᠠᠩᠭᠠᠵᠤ᠂ ᠳᠡᠯᠡᠬᠡᠢ᠎ᠶᠢᠨ ᠪᠠ ᠭᠠᠵᠠᠷ ᠣᠷᠣᠨ᠎ᠤ ᠬᠡᠷᠡᠭ ᠶᠠᠪᠤᠳᠠᠯ᠎ᠳᠤ ᠲᠥᠪ ᠭᠣᠣᠯᠴᠢ ᠵᠣᠭᠰᠣᠯᠲᠠ᠎ᠶᠢ ᠪᠠᠷᠢᠮᠲᠠᠯᠠᠭᠰᠠᠭᠠᠷ ᠢᠷᠡᠵᠠᠢ᠂ ᠨᠠᠮᠢᠪᠢᠶ᠎ᠡ ᠵᠢᠨ ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠤᠯᠤᠯᠴᠠᠭ᠎ᠠ ᠵᠣᠬᠢᠴᠠᠭᠤᠯᠭ᠎ᠠ᠎ᠪᠠᠨ ᠴᠢᠩᠭᠠᠳᠬᠠᠵᠤ᠂ ᠬᠥᠭᠵᠢᠵᠦ᠍ ᠪᠠᠶ᠋ᠢᠭ᠎ᠠ ᠤᠯᠤᠰ᠎ᠤᠳ᠎ᠤᠨ ᠬᠠᠮᠲᠤ᠎ᠶᠢᠨ ᠠᠰᠢᠭ ᠲᠤᠰᠠ᠎ᠶᠢ ᠬᠠᠮᠠᠭᠠᠯᠠᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠬᠠᠮᠲᠤ᠎ᠪᠠᠷ ᠪᠠᠶ᠋ᠢᠭᠤᠯᠤᠨ᠎ᠠ ᠭᠡᠵᠦ᠍ ᠢᠯᠡᠳᠬᠡᠪᠡ᠃
ᠬᠡᠯᠡᠯᠴᠡᠭᠡ ᠲᠡᠭᠦᠰᠦᠭᠰᠡᠨ᠎ᠦ ᠲᠠᠷᠠᠭ᠎ᠠ᠂ ᠬᠣᠶᠠᠷ ᠤᠯᠤᠰ᠎ᠤᠨ ᠲᠡᠷᠢᠭᠦᠨ ᠠᠵᠤ ᠠᠬᠤᠢ ᠠᠷᠠᠯᠵᠢᠶ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ ᠪᠣᠯᠤᠨ ᠬᠥᠮᠦᠨ᠎ᠦ ᠬᠦᠴᠦᠨ᠎ᠦ ᠡᠬᠢ ᠪᠠᠶᠠᠯᠢᠭ ᠵᠡᠷᠭᠡ ᠬᠦᠷᠢᠶᠡᠨ ᠳ᠋ᠡᠬᠢ ᠤᠯᠠᠨ ᠵᠦᠢᠯ᠎ᠦᠨ ᠬᠠᠮᠲᠤᠷᠠᠯᠴᠠᠭᠠᠨ᠎ᠤ ᠪᠢᠴᠢᠭ ᠮᠠᠲ᠋ᠧᠷᠢᠶᠠᠯ᠎ᠳᠤ ᠭᠠᠷᠤᠨ ᠦᠰᠦᠭ ᠵᠢᠷᠤᠬᠤ᠎ᠶᠢ ᠬᠠᠮᠲᠤ᠎ᠪᠠᠷ ᠭᠡᠷᠡᠴᠢᠯᠡᠪᠡ᠃
ᠬᠣᠶᠠᠷ ᠲᠠᠯ᠎ᠠ᠎ᠪᠠᠷ᠎ᠢᠶᠠᠨ《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠣᠯᠤᠨ ᠪᠥᠬᠥᠳᠡ ᠨᠠᠶ᠋ᠢᠷᠠᠮᠳᠠᠬᠤ ᠨᠠᠮᠢᠪᠢᠶ᠎ᠠ ᠤᠯᠤᠰ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠨᠠᠮᠢᠪᠢᠶ᠎ᠠ᠎ᠶᠢᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ ᠲᠤᠬᠠᠶ ᠬᠠᠮᠲᠤᠷᠠᠭᠰᠠᠨ ᠢᠯᠡᠷᠬᠡᠶ᠋ᠢᠯᠡᠯᠲᠡ》 ᠵᠢ ᠨᠡᠶ᠋ᠢᠲᠡᠯᠡᠪᠡ᠃
ᠬᠡᠯᠡᠯᠴᠡᠭᠡ ᠬᠢᠬᠦ᠌᠎ᠡᠴᠡ ᠡᠮᠦᠨ᠎ᠡ᠂ ᠰᠢ ᠵᠢᠨ ᠫᠢᠩ ᠬᠠᠳᠤᠨ ᠫᠸᠩ ᠯᠢ ᠶᠤᠸᠠᠨ᠎ᠲᠠᠶ᠎ᠪᠠᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠬᠣᠶ᠋ᠢᠲᠤ᠌ ᠶᠡᠬᠡ ᠲᠢᠩᠬᠢᠮ᠎ᠳᠦ ᠡᠸᠨᠳ᠋ᠠᠢ᠌ᠲ᠋ᠸᠸᠠ ᠪᠣᠯᠤᠨ ᠲᠡᠭᠦᠨ᠎ᠦ ᠡᠷ᠎ᠡ ᠨᠥᠬᠥᠷ ᠠᠢ᠌ᠫᠠᠹᠯᠠᠰᠢ ᠤᠭᠲᠤᠬᠤ ᠶᠣᠰᠣᠯᠠᠯ ᠶᠠᠪᠤᠭᠤᠯᠪᠠ᠃
ᠡᠸᠨᠳ᠋ᠠᠢ᠌ᠲ᠋ᠸᠸᠠ ᠬᠦᠷᠴᠤ ᠢᠷᠡᠬᠦ ᠦᠶ᠎ᠡ᠎ᠳᠦ ᠶᠣᠰᠣᠯᠠᠯ᠎ᠤᠨ ᠴᠡᠷᠢᠭ ᠮᠥᠷᠯᠡᠨ ᠵᠣᠭᠰᠣᠵᠤ ᠶᠣᠰᠣᠯᠠᠪᠠ᠃ ᠬᠣᠶᠠᠷ ᠤᠯᠤᠰ᠎ᠤᠨ ᠲᠡᠷᠢᠭᠦᠨ ᠰᠢᠯᠭᠠᠨ ᠦᠵᠡᠬᠦ᠌ ᠲᠠᠶ᠋ᠢᠰᠠᠨ᠎ᠳᠤ ᠭᠠᠷᠴᠤ᠌᠂ ᠴᠡᠷᠢᠭ᠎ᠦᠨ ᠬᠥᠭᠵᠢᠮ᠎ᠦᠨ ᠪᠦᠯᠬᠦᠮ ᠳᠤᠮᠳᠠᠳᠤ ᠨᠠᠮᠢᠪᠢᠶ᠎ᠠ ᠬᠣᠶᠠᠷ ᠤᠯᠤᠰ᠎ᠤᠨ ᠤᠯᠤᠰ᠎ᠤᠨ ᠰᠦᠯᠳᠡ ᠳᠠᠭᠤᠤ᠎ᠶᠢ ᠬᠥᠭᠵᠢᠮᠳᠡᠵᠦ᠍᠂ ᠲᠢᠶᠠᠨ ᠠᠨ ᠮᠸᠨ ᠲᠠᠯᠠᠪᠠᠢ᠎ᠳᠤ ᠶᠣᠰᠣᠯᠠᠯ᠎ᠤᠨ ᠫᠤᠤ᠎ᠶᠢ 21 ᠳᠤᠤᠭᠠᠷᠭᠠᠪᠠ᠃ ᠡᠸᠨᠳ᠋ᠠᠢ᠌ᠲ᠋ᠸᠸᠠ ᠰᠢ ᠵᠢᠨ ᠫᠢᠩ᠎ᠦᠨ ᠪᠠᠷ᠎ᠠ ᠪᠤᠯᠤᠯᠭ᠎ᠠ᠎ᠲᠠᠶ᠎ᠪᠠᠷ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠦᠨ ᠶᠣᠰᠣᠯᠠᠯ᠎ᠤᠨ ᠠᠩᠬᠢ᠎ᠶᠢ ᠰᠢᠯᠭᠠᠨ ᠦᠵᠡᠭᠰᠡᠨ ᠪᠥᠭᠡᠳ ᠵᠢᠭᠰᠠᠭᠠᠯᠢ ᠰᠣᠨᠢᠷᠬᠠᠪᠠ᠃
ᠲᠤᠰ ᠤᠷᠤᠢ᠂ ᠰᠢ ᠵᠢᠨ ᠫᠢᠩ ᠪᠣᠯᠤᠨ ᠫᠸᠩ ᠯᠢ ᠶᠤᠸᠠᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠰᠢᠵᠢᠷ ᠠᠯᠳᠠᠨ ᠶᠡᠬᠡ ᠲᠢᠩᠬᠢᠮ᠎ᠳᠦ ᠡᠸᠨᠳ᠋ᠠᠢ᠌ᠲ᠋ᠸᠸᠠ ᠪᠤᠯᠤᠨ ᠲᠡᠭᠦᠨ᠎ᠤ ᠡᠷ᠎ᠡ ᠨᠦᠬᠦᠷ᠎ᠢ ᠤᠭᠲᠤᠬᠤ ᠳᠠᠶ᠋ᠢᠯᠠᠯᠭ᠎ᠠ ᠬᠢᠪᠡ᠃
ᠸᠠᠩ ᠢ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ 7 ᠰᠠᠷ᠎ᠠ᠎ᠶᠢᠨ 10 ᠤ᠋ ᠴᠠᠬᠢᠯᠭᠠᠨ ᠮᠡᠳᠡᠭᠡ)