7 ᠰᠠᠷ᠎ᠠ᠎ᠶᠢᠨ 10 ᠤ᠋ ᠦᠳᠡ᠎ᠶᠢᠨ ᠬᠣᠢᠨ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠠᠯᠪᠠᠨ ᠶᠣᠰᠣᠨ᠎ᠤ ᠠᠶ᠋ᠢᠯᠴᠢᠯᠠᠯᠲᠠ ᠬᠢᠬᠦ᠎ᠪᠡᠷ ᠢᠷᠡᠭᠰᠡᠨ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠲᠥᠪ ᠬᠣᠷᠢᠶ᠎ᠡ ᠵᠢᠨ ᠤᠯᠤᠰ ᠲᠥᠷᠥ᠎ᠶᠢᠨ ᠲᠣᠪᠴᠢᠶ᠎ᠡ ᠵᠢᠨ ᠪᠠᠢᠩᠭᠤ᠎ᠶᠢᠨ ᠭᠡᠰᠢᠭᠦᠨ᠂ ᠲᠥᠷᠥ᠎ᠶᠢᠨ ᠶᠠᠪᠤᠳᠠᠯ᠎ᠤᠨ ᠬᠣᠷᠢᠶ᠎ᠡ ᠵᠢᠨ ᠳᠡᠳ᠋ ᠬᠣᠷᠢᠶᠠᠨ ᠳᠠᠷᠤᠭ᠎ᠠ᠂ ᠰᠠᠢᠳ ᠨᠠᠷ᠎ᠤᠨ ᠵᠦᠪᠯᠡᠯ᠎ᠤᠨ ᠶᠡᠷᠦᠩᠬᠡᠢ ᠰᠠᠢᠳ ᠫᠢᠶᠣᠣᠲᠠᠢ ᠴᠧᠩ᠎ᠲᠠᠢ ᠠᠭᠤᠯᠵᠠᠪᠠ᠃
ᠰᠢ᠎ᠶᠢᠨ ᠫᠢᠩ᠂ ᠳᠡᠭᠡᠷ᠎ᠡ ᠰᠠᠷ᠎ᠠ ᠪᠢ ᠰᠣᠯᠣᠩᠭᠣᠰ᠎ᠲᠤ ᠲᠥᠷᠥ᠎ᠶᠢᠨ ᠶᠠᠪᠤᠳᠠᠯ᠎ᠤᠨ ᠠᠶ᠋ᠢᠯᠴᠢᠯᠠᠯᠲᠠ ᠬᠢᠵᠦ᠂ ᠵᠢᠨ ᠵᠧᠩ ᠡᠸᠨ ᠶᠡᠷᠦᠩᠬᠡᠢ ᠱᠦᠵᠢ᠎ᠲᠠᠢ ᠳᠤᠮᠳᠠᠳᠤ ᠰᠣᠯᠣᠩᠭᠣᠰ᠎ᠤᠨ ᠤᠯᠠᠮᠵᠢᠯᠠᠯᠲᠤ ᠨᠥᠬᠥᠷᠯᠡᠯ᠎ᠢ ᠪᠡᠬᠢᠵᠢᠭᠦᠯᠦᠨ ᠬᠥᠭᠵᠢᠭᠦᠯᠬᠦ ᠵᠢᠨ ᠬᠠᠮᠳᠤ ᠲᠡᠭᠦᠨ᠎ᠳᠦ ᠲᠠᠰᠤᠷᠠᠯᠲᠠ ᠦᠭᠡᠢ ᠰᠢᠨ᠎ᠡ ᠴᠠᠭ ᠦᠶ᠎ᠡ᠎ᠶᠢᠨ ᠠᠭᠤᠯᠤᠭᠳᠠᠬᠤᠨ᠎ᠢ ᠣᠯᠭᠣᠬᠤ᠎ᠳᠤ ᠪᠠᠢᠯᠳᠤᠬᠤ ᠪᠣᠳᠣᠯᠭ᠎ᠠ᠎ᠶᠢᠨ ᠵᠢᠯᠣᠭᠣᠳᠤᠯᠭ᠎ᠠ ᠬᠢᠪᠡ᠃ ᠦᠶ᠎ᠡ᠎ᠶᠢᠨ ᠦᠶ᠎ᠡ᠎ᠳᠡᠭᠡᠨ ᠨᠥᠬᠥᠷᠰᠡᠭ᠂ ᠬᠤᠪᠢ ᠵᠠᠶᠠᠭ᠎ᠠ᠎ᠪᠠᠨ ᠬᠠᠮᠲᠤᠳᠬᠠᠬᠤ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ ᠪᠣᠯ ᠢᠮᠠᠭᠲᠠ ᠳᠤᠮᠳᠠᠳᠤ ᠰᠣᠯᠣᠩᠭᠣᠰ᠎ᠤᠨ ᠬᠠᠷᠢᠯᠴᠠᠭ᠎ᠠ ᠵᠢᠨ ᠢᠯᠡ ᠲᠣᠳᠣ᠌ ᠣᠨᠴᠠᠯᠢᠭ᠋ ᠪᠣᠯᠣᠨ᠎ᠠ᠃ 《ᠳᠤᠮᠳᠠᠳᠤ ᠰᠣᠯᠣᠩᠭᠣᠰ᠎ᠤᠨ ᠨᠥᠬᠥᠷᠰᠡᠭ᠎ᠢᠶᠡᠷ ᠬᠠᠮᠳᠤᠷᠠᠯᠴᠠᠵᠤ ᠬᠠᠷᠢᠯᠴᠠᠨ ᠬᠠᠪᠰᠤᠷᠤᠯᠴᠠᠬᠤ ᠭᠡᠷ᠎ᠡ》 ᠨᠢ ᠬᠣᠶᠠᠷ ᠤᠯᠤᠰ᠎ᠤᠨ ᠠᠷᠠᠳ ᠲᠦᠮᠡᠨ᠎ᠦ ᠠᠷᠢᠭᠤᠨ ᠴᠢᠰᠤ᠎ᠪᠠᠷ ᠪᠠᠷᠢᠯᠳᠤᠭᠰᠠᠨ ᠳᠠᠶ᠋ᠢᠴᠢᠨ ᠨᠥᠬᠥᠷᠯᠡᠯ᠎ᠢ ᠪᠡᠬᠢᠵᠢᠭᠦᠯᠬᠦ᠎ᠳᠦ ᠴᠢᠬᠤᠯᠠ ᠤᠯᠤᠰ ᠲᠥᠷᠥ ᠬᠠᠤᠯᠢ ᠴᠠᠭᠠᠵᠠ᠎ᠶᠢᠨ ᠰᠠᠭᠤᠷᠢ᠎ᠶᠢ ᠲᠠᠯᠪᠢᠪᠠ᠃ ᠭᠡᠷᠡᠲᠤᠭᠲᠠᠭᠰᠠᠨ 65 ᠵᠢᠯ᠎ᠦᠨ ᠤᠢ᠎ᠶᠢ ᠬᠠᠮᠲᠤ ᠪᠠᠷ ᠦᠪᠡᠳᠡᠭᠰᠢ ᠶᠡᠬᠡᠪᠡᠷ ᠳᠤᠷᠠᠰᠬᠠᠬᠤ ᠶᠠᠪᠤᠳᠠᠯ᠎ᠢᠶᠡᠷ ᠠᠵᠠ ᠲᠣᠬᠢᠶᠠᠯ ᠪᠣᠯᠭᠠᠵᠤ᠂ ᠬᠣᠶᠠᠷ ᠨᠠᠮ ᠬᠣᠶᠠᠷ ᠤᠯᠤᠰ᠎ᠤᠨ ᠠᠬᠠᠮᠠᠳ ᠨᠢᠭᠡ ᠦᠶ᠎ᠡ᠎ᠶᠢᠨ ᠤᠳᠤᠷᠢᠳᠬᠤ ᠬᠥᠮᠥᠰ᠎ᠦᠨ ᠤᠭ ᠰᠠᠨᠠᠭ᠎ᠠ ᠵᠣᠷᠢᠯᠲᠠ᠎ᠶᠢ ᠦᠯᠦ ᠮᠠᠷᠲᠠᠵᠤ᠂ ᠬᠣᠶᠠᠷ ᠤᠯᠤᠰ᠎ᠤᠨ ᠠᠷᠠᠳ ᠲᠦᠮᠡᠨ᠎ᠤ ᠳᠤᠮᠳᠠᠳᠤ ᠰᠣᠯᠣᠩᠭᠣᠰ᠎ᠤᠨ ᠤᠯᠠᠮᠵᠢᠯᠠᠯᠲᠤ ᠨᠥᠬᠥᠷᠯᠡᠯ᠎ᠢ ᠵᠠᠯᠭᠠᠮᠵᠢᠯᠠᠨ ᠪᠠᠳᠠᠷᠠᠭᠤᠯᠬᠤ ᠵᠢ ᠬᠥᠲᠥᠯᠥᠨ ᠵᠢᠯᠤᠭᠣᠳᠴᠤ᠂ ᠬᠣᠶᠠᠷ ᠤᠯᠤᠰ᠎ᠤᠨ ᠬᠠᠷᠢᠯᠴᠠᠭ᠎ᠠ᠎ᠶᠢ ᠲᠡᠦᠬᠡᠨ ᠰᠢᠨ᠎ᠠ ᠴᠠᠭ ᠦᠶ᠎ᠡ᠎ᠳᠦ ᠦᠷᠭᠦᠯᠵᠢᠯᠡᠨ ᠴᠤᠭ ᠪᠠᠳᠠᠷᠠᠩᠭᠤᠢ ᠠᠮᠢᠵᠢᠷᠠᠯ᠎ᠤᠨ ᠬᠦᠴᠦᠨ᠎ᠲᠠᠢ ᠪᠣᠯᠭᠠᠨ᠎ᠠ ᠭᠡᠵᠦ ᠪᠢ ᠶᠢᠨ ᠵᠧᠩ ᠡᠸᠨ ᠶᠡᠷᠦᠩᠬᠡᠢ ᠱᠦᠵᠢ ᠲᠠᠢ ᠰᠠᠨᠠᠯ ᠨᠢᠭᠡᠲᠡᠢ ᠵᠥᠪᠰᠢᠶᠡᠷᠡᠭᠰᠡᠨ ᠶᠤᠮ ᠭᠡᠵᠤ ᠵᠢᠭᠠᠵᠤ ᠭᠠᠷᠭᠠᠪᠠ᠃
ᠰᠢ᠎ᠶᠢᠨ ᠫᠢᠩ᠂ ᠣᠳᠣᠬᠠᠨ᠎ᠳᠤ ᠳᠡᠯᠡᠬᠡᠢ᠎ᠶᠢᠨ ᠪᠠᠢᠳᠠᠯ ᠡᠭᠡᠳᠡᠷᠡᠭᠡᠨ ᠪᠤᠳᠤᠯᠢᠶᠠᠨᠲᠠᠢ ᠪᠠᠢᠨ᠎ᠠ᠃ ᠳᠤᠮᠳᠠᠳᠤ ᠰᠣᠯᠣᠩᠭᠣᠰ ᠬᠣᠶᠠᠷ ᠤᠯᠤᠰ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢᠶᠡᠨ ᠪᠠᠲᠤᠯᠠᠵᠤ᠂ ᠪᠠᠢᠯᠳᠤᠬᠤ ᠪᠣᠳᠣᠯᠭ᠎ᠠ᠎ᠶᠢᠨ ᠢᠲᠡᠭᠡᠯ᠎ᠢᠶᠡᠨ ᠨᠡᠮᠡᠭᠳᠡᠭᠦᠯᠵᠦ᠂ ᠮᠢᠨᠦ ᠶᠢᠨ ᠵᠧᠩ ᠡᠸᠨ ᠶᠡᠷᠦᠩᠬᠡᠢ ᠱᠦᠵᠢ᠎ᠲᠠᠢ ᠲᠣᠬᠢᠷᠠᠯᠴᠠᠭᠰᠠᠨ ᠬᠠᠮᠲᠤ᠎ᠶᠢᠨ ᠲᠠᠨᠢᠯᠲᠠ᠎ᠶᠢ ᠲᠦᠷᠭᠡᠳᠬᠡᠨ ᠨᠠᠢᠳᠠᠪᠤᠷᠢᠵᠢᠭᠤᠯᠵᠤ᠂ ᠬᠣᠶᠠᠷ ᠨᠠᠮ ᠬᠣᠶᠠᠷ ᠤᠯᠤᠰ᠎ᠤᠨ ᠬᠠᠷᠢᠯᠴᠠᠭ᠎ᠠ ᠵᠢᠨ ᠴᠠᠭ ᠦᠶ᠎ᠡ ᠲᠡᠢ ᠵᠡᠷᠭᠡ ᠪᠡᠷ ᠤᠷᠤᠭᠰᠢᠯᠠᠬᠤ᠎ᠶᠢ ᠦᠨᠡᠨ ᠬᠦ᠌ ᠪᠠᠲᠤᠯᠠᠵᠤ᠂ ᠢᠮᠠᠭᠲᠠ ᠲᠤᠰ ᠲᠤᠰ᠎ᠤᠨ ᠨᠡᠢᠭᠡᠮ ᠵᠢᠷᠤᠮ᠎ᠤᠨ ᠠᠵᠢᠯ ᠦᠢᠯᠡᠰ᠎ᠢᠶᠡᠨ ᠪᠡᠬᠢᠵᠢᠭᠦᠯᠬᠦ᠎ᠳᠦ ᠲᠤᠰᠠᠲᠠᠢ᠂ ᠲᠤᠰ ᠲᠤᠰ᠎ᠤᠨ ᠤᠯᠤᠰ᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠳᠤ ᠠᠰᠢᠭ᠍ᠲᠠᠢ ᠴᠢᠭᠯᠡᠯ᠎ᠢᠶᠡᠷ ᠬᠥᠭᠵᠢᠶ᠎ᠡ᠃ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢ ᠯᠠᠪᠳᠠᠭᠤᠨ᠎ᠢᠶᠡᠷ ᠠᠬᠢᠭᠤᠯᠵᠤ᠂ ᠠᠷᠠᠳ᠎ᠤᠨ ᠰᠠᠨᠠᠭᠠᠨ᠎ᠤ ᠰᠠᠭᠤᠷᠢ᠎ᠶᠢ ᠦᠷᠭᠦᠯᠵᠢᠯᠡᠨ ᠪᠡᠬᠢᠵᠢᠭᠦᠯᠵᠦ᠂ ᠬᠠᠮᠲᠤ᠎ᠶᠢᠨ ᠬᠤᠪᠢᠰᠬᠠᠯ᠎ᠤᠨ ᠲᠡᠥᠬᠡᠨ ᠦᠨᠭᠭᠡᠷᠡᠯᠳᠡ ᠪᠣᠯᠣᠨ ᠬᠤᠪᠢᠰᠬᠠᠯ᠎ᠤᠨ ᠡᠬᠢ ᠪᠠᠶᠠᠯᠢᠭ᠋᠎ᠢ ᠰᠠᠢᠲᠤᠷ ᠠᠰᠢᠭ᠍ᠯᠠᠵᠤ᠂ ᠬᠣᠶᠠᠷ ᠤᠯᠤᠰ᠎ᠤᠨ ᠵᠠᠯᠠᠭᠤᠴᠤᠳ᠎ᠲᠤ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶᠢᠨ ᠴᠡᠷᠢᠭ᠎ᠦᠨ ᠲᠡᠦᠬᠡᠲᠦ ᠭᠠᠪᠢᠶ᠎ᠠ ᠵᠢᠳᠬᠦᠯ᠎ᠢ ᠪᠠᠲᠤ ᠴᠡᠭᠡᠵᠢᠯᠡᠭᠦᠯᠵᠦ᠂ ᠳᠤᠮᠳᠠᠳᠤ ᠰᠣᠯᠣᠩᠭᠣᠰ᠎ᠤᠨ ᠠᠭᠤᠤ ᠶᠡᠬᠡ ᠨᠥᠬᠥᠷᠯᠡᠯ᠎ᠢ ᠦᠶ᠎ᠡ᠎ᠶᠢᠨ ᠦᠶ᠎ᠡ᠎ᠳᠦ ᠤᠯᠠᠮᠵᠢᠯᠠᠨ ᠵᠠᠯᠭᠠᠮᠵᠢᠯᠠᠭᠤᠯᠤᠶᠠ᠃ ᠪᠠᠢᠯᠳᠤᠬᠤ ᠪᠣᠳᠣᠯᠭ᠎ᠠ᠎ᠶᠢᠨ ᠬᠠᠮᠵᠢᠯᠴᠠᠭ᠎ᠠ᠎ᠪᠠᠨ ᠴᠢᠩᠭᠠᠳᠬᠠᠵᠤ᠂ ᠲᠤᠰ ᠲᠤᠰ᠎ᠤᠨ᠎ᠢᠶᠠᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ᠎ᠶᠢᠨ ᠠᠰᠢᠭ᠋ ᠲᠤᠰᠠ᠎ᠪᠠᠨ ᠡᠷᠡᠰ ᠬᠠᠮᠠᠭᠠᠯᠠᠵᠤ᠂ ᠬᠣᠶᠠᠷ ᠤᠯᠤᠰ᠎ᠤᠨ ᠲᠤᠰ ᠤᠯᠤᠰ᠎ᠤᠨ᠎ᠢᠶᠠᠨ ᠪᠠᠢᠳᠠᠯ᠎ᠳᠤ ᠨᠡᠢᠴᠡᠭᠰᠡᠨ ᠨᠡᠢᠭᠡᠮ ᠵᠢᠷᠤᠮ᠎ᠤᠨ ᠵᠠᠮ᠎ᠢᠶᠠᠷ ᠰᠠᠢᠲᠤᠷ ᠵᠠᠮᠨᠠᠬᠤ᠎ᠳᠤ ᠠᠰᠢᠭ᠍ᠲᠠᠢ ᠭᠠᠳᠠᠭᠠᠳᠤ ᠣᠷᠴᠢᠨ ᠨᠦᠭᠦᠴᠡᠯ᠎ᠢ ᠪᠤᠢ ᠪᠣᠯᠭᠠᠶ᠎ᠠ ᠭᠡᠵᠦ ᠴᠢᠬᠤᠯᠠᠴᠢᠯᠠᠪᠠ᠃
ᠫᠢᠶᠣᠣᠲᠠᠢ ᠴᠧᠩ ᠶᠠᠭᠤᠨ᠎ᠤ ᠡᠮᠦᠨ᠎ᠡ ᠵᠢᠨ ᠵᠧᠩ ᠡᠸᠨ ᠶᠡᠷᠦᠩᠬᠡᠢ ᠱᠦᠵᠢ ᠡᠴᠡ ᠶᠡᠷᠦᠩᠬᠡᠢ ᠱᠦᠵᠢ ᠰᠢ ᠵᠢᠨ ᠫᠢᠩ᠎ᠳᠦ ᠬᠦᠷᠭᠡᠭᠰᠡᠨ ᠳᠣᠲᠣᠨᠣ᠌ ᠮᠡᠨᠳᠦᠴᠢᠯᠡᠯ᠎ᠢ ᠳᠠᠮᠵᠢᠭᠤᠯᠵᠤ᠂ 《ᠰᠤᠯᠤᠨᠭᠭᠤᠰ ᠳᠤᠮᠳᠠᠳᠤ᠎ᠶᠢᠨ ᠨᠥᠬᠥᠷᠰᠡᠭ᠎ᠢᠶᠡᠷ ᠬᠠᠮᠳᠤᠷᠠᠯᠴᠠᠵᠤ ᠬᠠᠷᠢᠯᠴᠠᠨ ᠬᠠᠪᠰᠤᠷᠤᠯᠴᠠᠬᠤ ᠭᠡᠷ᠎ᠡ》 ᠲᠣᠭᠲᠠᠭᠰᠠᠨ 65 ᠵᠢᠯ᠎ᠦᠨ ᠣᠶ᠎ᠶᠢ ᠤᠬᠳᠤᠬᠤ ᠲᠠᠰᠢᠷᠠᠮ᠎ᠢᠶᠠᠷ᠂ᠶᠢᠨ ᠵᠧᠩ ᠡᠸᠨ ᠶᠡᠷᠦᠩᠬᠡᠢ ᠱᠦᠵᠢ ᠡᠴᠡ ᠶᠡᠷᠦᠩᠬᠡᠢ ᠱᠦᠵᠢ ᠰᠢ᠎ᠶᠢᠨ ᠫᠢᠩ᠎ᠤᠨ ᠳᠤᠮᠳᠠᠳᠤ ᠤᠯᠤᠰ᠎ᠤᠨ ᠨᠠᠮ ᠪᠠ ᠠᠷᠠᠳ ᠲᠦᠮᠡᠨ᠎ᠦ ᠡᠷᠬᠢᠮ ᠳᠡᠭᠡᠳᠦ ᠦᠢᠯᠡᠰ᠎ᠢ ᠤᠳᠤᠷᠢᠳᠬᠤ ᠳᠤᠮᠳᠠ ᠲᠠᠰᠤᠷᠠᠯᠲᠠ ᠦᠭᠡᠢ ᠰᠢᠨ᠎ᠡ ᠠᠮᠵᠢᠯᠲᠠ ᠣᠯᠬᠤ᠎ᠶᠢ ᠬᠦᠰᠡᠨ ᠵᠦᠨᠭᠨᠡᠵᠤ ᠪᠠᠢᠬᠤ ᠪᠡᠨ ᠢᠯᠡᠳᠬᠡᠪᠡ᠃ ᠫᠢᠶᠣᠣᠲᠠᠢ ᠴᠧᠩ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠎ᠳᠤ ᠬᠠᠯᠠᠭᠤᠨ ᠪᠠᠶᠠᠷ ᠬᠦᠷᠭᠡᠵᠦ ᠪᠠᠢᠨ᠎ᠠ᠂ ᠶᠡᠷᠦᠩᠬᠡᠢ ᠱᠦᠵᠢ ᠰᠢ᠎ᠶᠢᠨ ᠫᠢᠩ ᠳᠤᠮᠳᠠᠳᠤ ᠤᠯᠤᠰ᠎ᠤᠨ ᠠᠷᠠᠳ ᠲᠦᠮᠡᠨ᠎ᠢ ᠤᠳᠤᠷᠢᠳᠤᠨ ᠬᠥᠭᠵᠢᠯᠲᠡ᠎ᠶᠢᠨ ᠠᠭᠤᠤ ᠶᠡᠬᠡ ᠠᠮᠵᠢᠯᠲᠠ ᠣᠯᠣᠭᠰᠠᠨ᠎ᠳᠤ ᠪᠠᠶᠠᠷ ᠬᠦᠷᠭᠡᠵᠦ ᠪᠠᠢᠨ᠎ᠠ᠃ ᠶᠡᠷᠦᠩᠬᠡᠢ ᠱᠦᠵᠢ ᠰᠢ᠎ᠶᠢᠨ ᠫᠢᠩ ᠡᠨᠡ ᠵᠢᠯ᠎ᠤᠨ ᠠᠨᠭᠬᠠᠨ᠎ᠤ ᠠᠢᠯᠴᠢᠯᠠᠯᠲᠠ ᠬᠢᠬᠦ᠎ᠳᠡᠭᠡᠨ ᠰᠣᠯᠣᠩᠭᠣᠰ᠎ᠢ ᠰᠤᠨᠭᠭᠤᠵᠤ᠂ ᠬᠣᠶᠠᠷ ᠨᠠᠮ ᠬᠣᠶᠠᠷ ᠤᠯᠤᠰ᠎ᠤᠨ ᠬᠠᠮᠤᠭ᠎ᠤᠨ ᠳᠡᠭᠡᠳᠦ ᠤᠳᠤᠷᠢᠳᠬᠤ ᠬᠥᠮᠥᠨᠲᠡᠦᠬᠡᠲᠦ ᠴᠢᠨᠠᠷᠲᠠᠢ ᠠᠭᠤᠯᠵᠠᠯᠲᠠ ᠬᠢᠵᠦ᠂ ᠬᠣᠶᠠᠷ ᠲᠠᠯ᠎ᠠ᠎ᠶᠢᠨ ᠬᠠᠷᠢᠯᠴᠠᠭ᠎ᠠ ᠵᠢᠨ ᠰᠢᠨ᠎ᠡ ᠬᠥᠰᠢᠶ᠎ᠡ ᠲᠡᠮᠳᠡᠭ᠎ᠢ ᠪᠣᠰᠬᠠᠵᠤ᠂ ᠰᠣᠯᠣᠩᠭᠣᠰ ᠳᠤᠮᠳᠠᠳᠤ᠎ᠶᠢᠨ ᠨᠥᠬᠥᠷᠯᠡᠯ᠎ᠦᠨ ᠠᠷᠠᠳ᠎ᠤᠨ ᠰᠠᠨᠠᠭᠠᠨ᠎ᠤ ᠰᠠᠭᠤᠷᠢ᠎ᠶᠢ ᠤᠯᠠᠮ ᠨᠢᠭᠡ ᠠᠯᠬᠤᠮ ᠪᠡᠬᠢᠵᠢᠭᠦᠯᠪᠡ᠃ 《ᠰᠣᠯᠣᠩᠭᠣᠰ ᠳᠤᠮᠳᠠᠳᠤ᠎ᠶᠢᠨ ᠨᠥᠬᠥᠷᠰᠡᠭ᠎ᠢᠶᠡᠷ ᠬᠠᠮᠳᠤᠷᠠᠯᠴᠠᠵᠤ ᠬᠠᠷᠢᠯᠴᠠᠨ ᠬᠠᠪᠰᠤᠷᠤᠯᠴᠠᠬᠤ ᠭᠡᠷ᠎ᠡ》 ᠨᠢ ᠪᠠᠢᠯᠳᠤᠬᠤ ᠪᠣᠳᠣᠯᠭ᠎ᠠ᠎ᠶᠢᠨ ᠥᠨᠳᠥᠷᠴᠡ᠂ ᠠᠯᠤᠰ ᠬᠡᠳᠤ᠎ᠶᠢᠨ ᠬᠠᠷᠠᠭᠠᠰᠤ ᠡᠴᠡ ᠬᠣᠶᠠᠷ ᠤᠯᠤᠰ᠎ᠤᠨ ᠬᠠᠷᠢᠯᠴᠠᠭ᠎ᠠ᠎ᠶᠢᠨ ᠬᠥᠭᠵᠢᠯᠲᠡ᠎ᠶᠢ ᠠᠬᠢᠭᠤᠯᠬᠤ᠎ᠳᠤ ᠴᠢᠩᠭ᠎ᠠ ᠬᠦᠴᠦᠲᠡᠢ ᠬᠠᠤᠯᠢ ᠴᠠᠭᠠᠵᠠ᠎ᠶᠢᠨ ᠪᠠᠲᠤᠯᠠᠭ᠎ᠠ ᠬᠠᠩᠭᠠᠪᠠ᠃ ᠰᠣᠯᠣᠩᠭᠣᠰ ᠳᠤᠮᠳᠠᠳᠤ ᠬᠣᠶᠠᠷ ᠤᠯᠤᠰ ᠭᠡᠷ᠎ᠡ᠎ᠶᠢᠨ ᠵᠣᠷᠢᠭ᠋ ᠰᠠᠨᠠᠭ᠎ᠠ ᠵᠢᠨ ᠶᠤᠰᠤᠭᠠᠷ᠂ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠤ᠂ ᠨᠡᠢᠭᠡᠮ ᠵᠢᠷᠤᠮ᠎ᠤᠨ ᠠᠵᠢᠯ ᠦᠢᠯᠡᠰ᠎ᠦᠨ ᠬᠥᠭᠵᠢᠯᠲᠡ᠎ᠶᠢ ᠬᠠᠮᠲᠤ ᠪᠠᠷ ᠠᠬᠢᠭᠤᠯᠵᠤ᠂ ᠭᠠᠵᠠᠷ ᠣᠷᠣᠨ ᠪᠣᠯᠣᠨ ᠳᠡᠯᠡᠬᠡᠢ᠎ᠶᠢᠨ ᠡᠩᠬᠡ ᠲᠠᠢᠪᠤᠩ᠎ᠢ ᠭᠠᠷ ᠬᠣᠯᠪᠣᠨ ᠬᠠᠮᠠᠭᠠᠯᠠᠪᠠ᠃ ᠬᠣᠶᠠᠷ ᠤᠯᠤᠰ᠎ᠢᠶᠠᠷ᠎ᠢᠶᠠᠨ ᠭᠡᠷ᠎ᠡ ᠲᠣᠭᠲᠠᠭᠰᠠᠨ 65 ᠵᠢᠯ᠎ᠦᠨ ᠤᠢ᠎ᠶᠢ ᠳᠤᠷᠠᠰᠬᠠᠬᠤ ᠠᠵᠢᠯᠯᠠᠭ᠎ᠠ᠎ᠶᠢ ᠦᠪᠡᠳᠡᠭᠰᠢ ᠶᠡᠬᠡ ᠪᠡᠷ ᠬᠢᠬᠦ ᠨᠢ ᠰᠣᠯᠣᠩᠭᠣᠰ ᠳᠤᠮᠳᠠᠳᠤ᠎ᠶᠢᠨ ᠨᠥᠬᠥᠷᠯᠡᠯ ᠳᠡᠯᠡᠬᠡᠢ᠎ᠶᠢᠨ ᠤᠷᠪᠠᠭᠠᠨ ᠬᠥᠷᠪᠡᠭᠡᠨᠪᠠ ᠬᠤᠪᠢᠰᠤᠯᠳᠠ ᠵᠢᠨ ᠰᠢᠯᠭᠠᠯᠲᠠ᠎ᠶᠢ ᠳᠠᠭᠠᠭᠠᠵᠤ ᠴᠢᠳᠠᠨ᠎ᠡ ᠬᠡᠳᠡᠭ᠎ᠢ ᠳᠠᠬᠢᠨᠳᠠ ᠬᠠᠷᠠᠭᠤᠯᠵᠤ᠂ ᠳᠡᠭᠡᠳᠦ ᠬᠡᠮᠵᠢᠶᠡᠨ᠎ᠦ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠶᠤᠮ᠃ ᠵᠢᠨ ᠵᠧᠩ ᠡᠸᠨ ᠶᠡᠷᠦᠩᠬᠡᠢ ᠱᠦᠵᠢᠰᠣᠯᠣᠩᠭᠣᠰ ᠳᠤᠮᠳᠠᠳᠤ᠎ᠶᠢᠨ ᠬᠠᠷᠢᠯᠴᠠᠭ᠎ᠠ᠎ᠶᠢ ᠬᠠᠮᠤᠭ᠎ᠤᠨ ᠬᠦᠴᠦᠷᠬᠡᠭ ᠪᠠᠢᠯᠳᠤᠬᠤ ᠪᠣᠳᠣᠯᠭ᠎ᠠ᠎ᠶᠢᠨ ᠬᠠᠷᠢᠯᠴᠠᠭ᠎ᠠ ᠪᠣᠯᠭᠠᠨ ᠬᠥᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ ᠰᠣᠯᠣᠩᠭᠣᠰ᠎ᠤᠨ ᠬᠢᠨ ᠬᠣᠶᠠᠷ ᠨᠠᠮ ᠬᠣᠶᠠᠷ ᠤᠯᠤᠰ᠎ᠤᠨ ᠬᠠᠮᠤᠭ᠎ᠤᠨ ᠳᠡᠭᠡᠳᠦ ᠤᠳᠤᠷᠢᠳᠬᠤ ᠬᠥᠮᠥᠨ᠎ᠦ ᠲᠣᠬᠢᠷᠠᠯᠴᠠᠭᠰᠠᠨ ᠴᠢᠬᠤᠯᠠ ᠬᠠᠮᠲᠤ᠎ᠶᠢᠨ ᠲᠠᠨᠢᠯᠲᠠ᠎ᠶᠢ ᠡᠷᠡᠰ ᠨᠠᠢᠳᠠᠪᠤᠷᠢᠵᠢᠭᠤᠯᠵᠤ᠂ ᠳᠤᠮᠳᠠᠳᠤ᠎ᠤᠯᠤᠰ ᠤ᠋ᠨ ᠬᠢᠨ᠎ᠤ ᠲᠠᠢᠸᠠᠨ ᠵᠡᠷᠭᠡ ᠠᠰᠠᠭᠤᠳᠠᠯ ᠳᠡᠭᠡᠷ᠎ᠡ ᠭᠣᠣᠯᠯᠠᠭ᠍ᠴᠢ ᠠᠰᠢᠭ᠋ ᠲᠤᠰᠠ᠎ᠪᠠᠨ ᠬᠠᠮᠠᠭᠠᠯᠠᠬᠤ᠎ᠶᠢ ᠡᠷᠡᠰ ᠳᠡᠮᠵᠢᠵᠦ᠂ ᠰᠣᠯᠣᠩᠭᠣᠰ ᠳᠤᠮᠳᠠᠳᠤ᠎ᠶᠢᠨ ᠪᠦᠯᠬᠦᠮᠳᠡᠯ᠂ ᠨᠥᠬᠥᠷᠯᠡᠯ ᠪᠣᠯᠣᠨ ᠨᠡᠢᠭᠡᠮ ᠵᠢᠷᠤᠮ᠎ᠤᠨ ᠠᠵᠢᠯ ᠦᠢᠯᠡᠰ᠎ᠦᠨ ᠨᠡᠩ ᠥᠨᠳᠥᠷ ᠰᠢᠨ᠎ᠡ ᠳᠡᠭᠲᠡᠷ᠎ᠲᠦ ᠭᠠᠷᠬᠤ᠎ᠶᠢ ᠪᠦᠬᠦ ᠬᠦᠴᠦᠨ᠎ᠢᠶᠡᠷ᠎ᠢᠶᠡᠨ ᠠᠬᠢᠭᠤᠯᠤᠨ᠎ᠠ ᠭᠡᠵᠦ ᠢᠯᠡᠳᠬᠡᠪᠡ᠃
ᠸᠠᠩ ᠢ ᠠᠭᠤᠯᠵᠠᠯᠲᠠ᠎ᠳᠤ ᠣᠷᠣᠯᠴᠠᠵᠠᠢ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 7 ᠰᠠᠷ᠎ᠠ᠎ᠶᠢᠨ 10 ᠤ᠋ ᠴᠠᠬᠢᠯᠭᠠᠨ ᠮᠡᠳᠡᠭᠡ)