ᠰᠣᠶᠣᠯ ᠵᠢᠭᠤᠯᠴᠢᠯᠠᠯ᠎ᠤᠨ ᠬᠦᠭᠵᠢᠯᠳᠡ ᠪᠡᠷ ᠠᠵᠢᠯ ᠦᠢᠯᠡᠰ᠎ᠤ᠋ᠨ ᠴᠡᠴᠡᠭᠯᠡᠯᠳᠡ ᠵᠢ ᠳᠠᠶ᠋ᠢᠴᠢᠯᠠᠰᠤᠭᠠᠢ
2026-07-11 10:30:09
ᠵᠣᠬᠢᠶᠠᠭ᠍ᠴᠢ᠄
ᠬᠠ ᠯᠢ ᠴᠢᠨ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ ᠥᠪᠥᠷ ᠮᠣᠩᠭᠣᠯ ᠵᠢᠷᠤᠭ ᠮᠡᠲᠦ᠍ ᠭᠣᠶᠣᠬᠠᠨ᠃ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠬᠥᠭᠵᠢᠬᠦᠯᠦᠯᠲᠡ᠎ᠶᠢᠨ ᠶᠡᠬᠡ ᠬᠤᠷᠠᠯ ᠪᠣᠯᠵᠣᠭ᠎ᠠ ᠶᠣᠰᠣᠭᠠᠷ ᠡᠬᠢᠯᠡᠪᠡ᠃ ᠡᠨᠡ ᠤᠳᠠᠭ᠎ᠠ᠎ᠶᠢᠨ ᠰᠣᠶᠣᠯ ᠵᠢᠭᠤᠯᠴᠢᠯᠠᠯ᠎ᠤᠨ ᠣᠨ᠎ᠤ ᠦᠪᠡᠳᠡᠭᠰᠢ ᠬᠤᠷᠠᠯ᠎ᠨᠢ ᠠᠵᠢᠯ ᠲᠥᠷᠥᠯ᠎ᠦᠨ ᠬᠤᠭᠤᠷᠤᠨᠳᠤᠬᠢ ᠰᠣᠯᠢᠯᠴᠠᠭ᠎ᠠ᠂ ᠦᠷ᠎ᠡ ᠪᠦᠲᠦᠭᠡᠯ᠎ᠦᠨ ᠦᠵᠡᠭᠦᠯᠭᠡ᠎ᠶᠢᠨ ᠴᠢᠬᠤᠯᠠ ᠲᠠᠪᠴᠠᠩ ᠪᠣᠯᠬᠤ᠎ᠪᠠᠷ ᠪᠠᠷᠠᠬᠤ ᠥᠬᠡᠶ ᠨᠠᠩ ᠴᠤ᠌ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠢ ᠲᠠᠰ ᠳᠡᠪᠰᠢᠭᠦᠯᠵᠦ᠍᠂ ᠪᠥᠬᠥ᠌ ᠣᠷᠣᠨ ᠪᠦᠰᠡ᠎ᠶᠢᠨ ᠬᠥᠭᠵᠢᠯᠲᠡ᠎ᠶᠢᠨ ᠳᠠᠯᠳᠠ ᠬᠦᠴᠦᠨ᠎ᠢ ᠬᠥᠭᠵᠢᠭᠡᠬᠦ᠌᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠭᠰᠡᠨ ᠪᠠᠶ᠋ᠢᠨ᠎ᠠ᠃

ᠥᠪᠥᠷ ᠮᠣᠩᠭᠣᠯ᠎ᠦᠵᠡᠰᠬᠦᠯᠠᠩᠳᠤ ᠰᠠᠢᠬᠠᠨ᠂ ᠡᠬᠢ ᠪᠠᠶᠠᠯᠢᠭ ᠡᠯᠪᠡᠭ᠂ ᠡᠳ᠋ ᠭᠠᠷᠤᠯᠲᠠ ᠪᠡᠷ ᠪᠠᠶᠠᠨ᠂ 《ᠶᠡᠬᠡ》 ᠪᠡᠷ᠎ᠢᠶᠡᠨ ᠬᠦᠪᠡᠬᠡ ᠬᠢᠵᠠᠭᠠᠷ ᠦᠬᠡᠢ ᠦᠷᠬᠡᠨ ᠠᠭᠤᠳᠠᠮ ᠲᠠᠯ᠎ᠠ ᠲᠠᠢ᠂ 《ᠰᠠᠶ᠋ᠢᠬᠠᠨ》᠎ᠢ᠋ᠢᠡᠷ᠎ᠢᠶᠡᠨ ᠬᠦᠮᠦᠨ᠎ᠤ ᠰᠡᠳᠬᠢᠯ᠎ᠢ ᠰᠤᠬᠳᠤᠭᠤᠷᠠᠭᠤᠯᠤᠮ᠎ᠠ ᠦᠵᠡᠮᠵᠢ ᠲᠠᠢ᠂ 《ᠭᠦᠨ ᠵᠤᠵᠠᠭᠠᠨ》 ᠵᠢᠡᠷ᠎ᠢᠶᠡᠨ ᠭᠠᠢᠬᠠᠰᠢ ᠠᠯᠳᠠᠭᠤᠯᠤᠮ᠎ᠠ ᠰᠣᠶᠣᠯ᠎ᠤᠨ ᠦᠪ ᠲᠠᠢ᠂ 《ᠪᠤᠷᠤᠭᠵᠢᠭᠤᠨ ᠴᠠᠢᠯᠭᠠᠨ》 ᠵᠢᠡᠷ᠎ᠵᠢᠡᠨ ᠤᠨᠴᠠᠯᠢᠬᠵᠢᠬᠰᠠᠨ ᠵᠠᠩ ᠦᠢᠯᠡ ᠲᠠᠢ᠃ ᠬᠥᠯᠥᠨ ᠪᠣᠶ᠋ᠢᠷ ᠶᠡᠬᠡ ᠬᠢᠩᠭᠠᠨ ᠳᠠᠪᠠᠭ᠎ᠠ ᠦᠷᠬᠦᠯᠵᠢᠯᠡᠨ ᠬᠣᠯᠪᠣᠯᠳᠤᠵᠤ ᠳᠥᠷᠪᠡᠨ ᠤᠯᠠᠷᠢᠯ᠎ᠤᠨ ᠰᠣᠶᠣᠯ ᠵᠢᠭᠤᠯᠴᠢᠯᠠᠯ᠎ᠤᠨ ᠬᠣᠩᠭᠢᠯ᠎ᠢ ᠪᠦᠷᠢᠯᠳᠦᠬᠦᠯᠦᠨ᠂ ᠬᠢᠩᠭᠠᠨ ᠠᠶ᠋ᠢᠮᠠᠭ᠎ᠤᠨ ᠷᠠᠰᠢᠶᠠᠨ᠎ᠳᠤ ᠤᠯᠤᠰ᠎ᠤᠨ ᠲᠠᠰ᠎ᠤᠨ ᠵᠢᠭᠤᠯᠴᠢᠯᠠᠯ᠎ᠤᠨ ᠠᠮᠠᠷᠠᠯᠲᠠ᠎ᠶᠢᠨ ᠣᠷᠣᠨ ᠪᠤᠢ᠂ ᠤᠯᠠᠭᠠᠨᠴᠠᠪ᠎ᠤᠨ ᠭᠠᠯᠲᠤ᠌ ᠠᠭᠤᠯᠠ᠎ᠶᠢᠨ ᠰᠦᠷᠦᠭᠵᠢᠯ᠎ᠦᠨ ᠭᠠᠵᠠᠷ᠎ᠤᠨ ᠪᠠᠢᠳᠠᠯ ᠥᠪᠡᠷᠮᠢᠴᠡ ᠣᠨᠴᠠᠯᠢᠭ᠎ᠢᠶᠡᠷ᠎ᠢᠶᠡᠨ ᠭᠠᠢᠬᠠᠯᠳᠠᠢ᠂ ᠰᠢᠯᠢ᠎ᠶᠢᠨ ᠭᠤᠤᠯ ᠤ᠋ᠨ ᠲᠠᠯ᠎ᠠ ᠨᠤᠲᠤᠭ ᠬᠥᠪᠡᠭᠡ ᠬᠢᠵᠠᠭᠠᠷ ᠥᠬᠡᠶ ᠠᠭᠤᠳᠠᠮ᠂ ᠠᠯᠠᠱᠠ᠎ᠳᠤ ᠳᠡᠯᠡᠬᠡᠶ᠎ᠶᠢᠨ ᠪᠠᠶ᠋ᠢᠭᠠᠯᠢ᠎ᠶᠢᠨ ᠥᠪ ᠪᠤᠯᠤᠬᠰᠠᠨ ᠪᠠᠳᠠᠶ᠎ᠶᠢᠨ ᠵᠢᠷᠠᠨ᠎ᠤ ᠡᠯᠡᠰᠦ — ᠡᠯᠡᠰᠦ ᠠᠭᠤᠯᠠ ᠨᠠᠭᠤᠷ ᠴᠦᠬᠦᠷᠦᠮ ᠤ᠋ᠨ ᠰᠦᠷᠦᠭᠵᠢᠯ ᠪᠤᠢ ᠁  ᠥᠪᠥᠷ ᠮᠣᠩᠭᠣᠯ᠎ᠤᠨ ᠡᠳᠡᠭᠡᠳ ᠤᠨᠴᠠᠭᠠᠢ ᠬᠢᠯᠠᠯᠵᠠᠬᠰᠠᠨ ᠰᠤᠶᠤᠯ ᠨᠢ ᠣᠯᠠᠨ ᠡᠰᠢᠵᠢᠨ ᠠᠭᠤᠰᠤᠯᠴᠠᠨ ᠬᠦᠭᠵᠢᠵᠤ ᠢᠷᠡᠭᠰᠡᠨ ᠶᠤᠮ᠃ ᠥᠨᠢ ᠤᠳᠠᠭᠠᠨ ᠲᠡᠦᠬᠡ ᠲᠠᠶ ᠳ᠋ᠠ ᠶᠣᠣ᠎ᠶᠢᠨ ᠰᠣᠶᠣᠯ᠂ ᠬᠤᠩᠱᠠᠨ ᠰᠣᠶᠣᠯ ᠡᠴᠡ ᠠᠪᠤᠭᠠᠳ ᠲᠠᠯ᠎ᠠ ᠨᠤᠲᠤᠭ᠎ᠤᠨ ᠰᠣᠶᠣᠯ᠂ ᠲᠠᠷᠢᠶᠠᠯᠠᠬᠤ ᠰᠣᠶᠣᠯ ᠬᠦᠷᠲᠡᠯ᠎ᠡ; ᠬᠠᠳᠤᠨ ᠭᠣᠣᠯ᠎ᠤᠨ ᠰᠣᠶᠣᠯ᠂ ᠤᠷᠳᠤ ᠴᠠᠭᠠᠨ ᠬᠡᠷᠡᠮ᠎ᠦᠨ ᠰᠣᠶᠣᠯ ᠡᠴᠡ ᠠᠪᠤᠭᠠᠳ ᠬᠤᠪᠢᠰᠬᠠᠯᠳᠤ ᠰᠣᠶᠣᠯ ᠬᠦᠷᠳᠡᠯ᠎ᠠ᠂ ᠤᠯᠠᠨ ᠡᠰᠢᠲᠦ᠍ ᠬᠠᠮᠲᠤ᠎ᠪᠠᠷ ᠣᠷᠣᠰᠢᠭᠰᠠᠨ ᠰᠣᠶᠣᠯ ᠨᠢ ᠰᠣᠶᠣᠯ ᠵᠢᠭᠤᠯᠴᠢᠯᠠᠯ᠎ᠤᠨ ᠬᠥᠭᠵᠢᠯᠲᠡ᠎ᠶᠢᠨ ᠭᠣᠣᠯᠯᠠᠬᠤ ᠦᠷᠢᠰᠦᠯᠳᠦᠬᠦ᠌ ᠬᠦᠴᠦᠨ᠎ᠢ ᠪᠦᠷᠢᠯᠳᠦᠭᠦᠯᠵᠤ ᠪᠢᠯᠡ᠃ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠴᠡᠢᠯᠭᠠᠨ ᠪᠣᠷᠣᠭᠵᠢᠭᠤᠨ ᠪᠦᠬᠡᠳ ᠤᠷᠬᠢᠯᠤᠮ᠎ᠠ ᠬᠠᠯᠠᠭᠤᠨ ᠰᠡᠳᠬᠢᠯᠭᠡ᠎ᠲᠡᠶ᠂ ᠠᠩᠬᠢᠯᠤᠮ᠎ᠠ ᠰᠠᠶ᠋ᠢᠬᠠᠨ ᠰᠦ᠋᠎ᠲᠡᠶ ᠴᠠᠢ᠂ ᠠᠮᠳᠠᠳᠤ ᠰᠠᠢᠬᠠᠨ ᠬᠤᠨᠢᠨ ᠮᠢᠬ᠎ᠠ᠂ ᠬᠠᠮᠤᠭ᠎ᠤᠨ ᠴᠢᠩ ᠦᠨᠡᠨᠴᠢ ᠵᠣᠴᠢᠨ ᠳᠠᠶ᠋ᠢᠯᠠᠬᠤ ᠶᠣᠰᠣ ᠵᠠᠩ᠎ᠢᠶᠡᠷ᠎ᠢᠶᠡᠨ ᠲᠦᠷᠪᠡᠨ ᠵᠦᠭ ᠨᠠᠶ᠋ᠮᠠᠨ ᠵᠤᠪᠬᠢᠰ᠎ᠤᠨ ᠵᠢᠭᠤᠯᠴᠢᠯᠠᠭᠰᠠᠳ ᠤ᠋ᠨ ᠥᠷᠭᠡᠨ ᠳᠡᠯᠭᠡᠷ ᠰᠠᠢ᠌ᠨ ᠦᠨᠡᠯᠡᠯᠲᠡ᠎ᠶᠢ ᠣᠯᠵᠠᠢ᠃

ᠥᠪᠥᠷ ᠮᠣᠩᠭᠣᠯ ᠳ᠋ᠤ ᠢᠷᠡᠶ᠎ᠡ ᠬᠡᠪᠡᠯ ᠬᠤᠯᠠ ᠪᠢᠰᠢ᠂ ᠳᠣᠲᠣᠭᠠᠳᠤ᠎ᠳᠠᠭᠠᠨ ᠨᠠᠢ᠍ᠮᠠᠨ ᠮᠤᠵᠢ᠎ᠲᠠᠶ ᠵᠠᠯᠭᠠᠯᠳᠤᠵᠤ ᠪᠡᠭᠡᠵᠢᠩ ᠲᠠᠢ ᠮᠠᠰᠢ ᠤᠢᠷᠠᠬᠠᠨ ᠪᠠᠢᠵᠤ᠂ ᠭᠠᠳᠠᠭᠰᠢ ᠪᠠᠨ ᠣᠷᠣᠰ ᠮᠣᠩᠭᠣᠯ᠎ᠲᠠᠶ ᠵᠠᠯᠭᠠᠯᠳᠤᠨ ᠧᠦ᠋ᠷᠣᠫᠠ ᠠᠽᠢᠶ᠎ᠠ᠎ᠲᠠᠶ ᠨᠡᠪᠲᠡᠷᠡᠵᠦ᠍᠂ ᠣᠷᠣᠨ ᠪᠠᠶ᠋ᠢᠷᠢᠯᠠᠯ᠎ᠤᠨ ᠳᠠᠪᠠᠭᠤᠯᠢᠭ ᠮᠠᠰᠢ ᠰᠠᠢᠨ ᠶᠤᠮ᠃ ᠵᠡᠭᠦᠨ ᠳᠤᠮᠳᠠ ᠪᠠᠷᠠᠭᠤᠨ ᠪᠥᠬᠥ᠌ ᠣᠷᠣᠨ ᠪᠦᠰᠡ ᠪᠡᠷ ᠲᠦᠷᠭᠡᠨ ᠤ᠋ ᠲᠡᠮᠦᠷ ᠵᠠᠮ᠂ ᠨᠢᠰᠬᠡᠯ᠂ ᠲᠦᠷᠭᠡᠨ ᠤ᠋ ᠵᠠᠰᠠᠮᠠᠯ ᠵᠠᠮ ᠨᠢ ᠵᠠᠪᠰᠠᠷ ᠦᠬᠡᠢ ᠬᠤᠯᠪᠤᠨ ᠨᠡᠪᠳᠡᠷᠡᠵᠤ ᠪᠤᠢ᠃ ᠪᠡᠭᠡᠵᠢᠩ᠎ᠡᠴᠡ ᠲᠦᠷᠭᠡᠨ᠎ᠦ ᠭᠠᠯᠳᠦ ᠲᠡᠷᠭᠡ ᠪᠡᠷ ᠮᠤᠷᠳᠠᠪᠠᠯ᠂ 1 ᠴᠠᠭ᠎ᠤᠨ ᠲᠤᠳᠤᠷ᠎ᠠ ᠤᠯᠠᠭᠠᠨᠴᠠᠪ᠎ᠲᠤ᠌ ᠬᠦᠷᠴᠦ᠍᠂ 2 ᠴᠠᠭ᠎ᠤᠨ ᠲᠤᠳᠤᠷ᠎ᠠ  ᠬᠥᠬᠡᠬᠣᠲᠠ᠂ ᠤᠯᠠᠭᠠᠨᠬᠠᠳᠠ᠎ᠳᠤ ᠬᠦᠷᠴᠦ᠍᠂ ᠬᠡᠷᠡᠭᠰᠡᠬᠦ ᠴᠠᠭ᠎ᠨᠢ ᠪᠡᠭᠡᠵᠢᠩ ᠲᠢᠶᠠᠨᠵᠢᠨ ᠾᠧᠪᠧᠶ᠎ᠶᠢᠨ ᠮᠠᠰᠢ ᠣᠯᠠᠨ ᠬᠣᠲᠠ᠎ᠶᠢᠨ ᠲᠣᠭᠣᠷᠢᠭ᠎ᠤᠨ ᠬᠤᠭᠤᠷᠤᠨᠳᠤ ᠨᠠᠭᠠᠰᠢ ᠴᠠᠭᠠᠰᠢ ᠶᠠᠪᠤᠬᠤ ᠴᠠᠭ ᠡᠴᠡ ᠣᠬᠣᠷ; ᠰᠢ ᠠᠨ᠂ ᠴᠧᠩᠳᠦ᠋᠂ ᠯᠠᠨᠵᠧᠦ᠂ ᠢᠷᠭᠠᠶ ᠵᠡᠷᠭᠡ ᠴᠢᠬᠤᠯᠠ ᠬᠣᠲᠠ ᠨᠢ ᠪᠤᠭᠤᠲᠤ᠌᠎ᠡᠴᠡ ᠢᠷᠭᠠᠶ᠎ᠬᠦᠷᠬᠦ ᠲᠦᠷᠭᠡᠨ᠎ᠤ ᠲᠡᠮᠦᠷ ᠵᠠᠮ᠎ᠢ ᠠᠰᠢᠭᠯᠠᠨ ᠥᠪᠥᠷ ᠮᠣᠩᠭᠣᠯ᠎ᠤᠨ ᠳᠤᠮᠳᠠ ᠪᠠᠷᠠᠭᠤᠨ ᠬᠡᠰᠡᠭ᠎ᠤᠨ ᠭᠠᠵᠠᠷ᠎ᠢᠶᠡᠷ ᠨᠠᠭᠠᠰᠢ ᠴᠠᠭᠠᠰᠢ ᠶᠠᠪᠤᠬᠤ ᠳ᠋ᠤ ᠮᠠᠰᠢ ᠳᠥᠭᠥᠮ; G6᠂ G7᠂ G55 ᠵᠡᠷᠭᠡ ᠣᠯᠠᠨ ᠵᠤᠷᠪᠤᠰ ᠲᠦᠷᠭᠡᠨ᠎ᠤ ᠵᠠᠰᠠᠮᠠᠯ ᠵᠠᠮ ᠪᠥᠬᠥ᠌ ᠬᠢᠯᠢ ᠳ᠋ᠤ ᠨᠡᠪᠲᠡᠷᠡᠵᠦ᠍᠂ ᠦᠪᠡᠰᠦᠪᠡᠨ ᠲᠡᠷᠭᠡ ᠵᠢᠯᠣᠭᠣᠳᠤᠨ ᠠᠶᠠᠯᠠᠵᠤ ᠲᠠᠯ᠎ᠠ ᠨᠤᠲᠤᠭ᠂ ᠨᠠᠭᠤᠷ ᠴᠥᠭᠥᠷᠥᠮ᠂ ᠡᠯᠡᠰᠦᠨ ᠴᠥᠯ᠎ᠦᠨ ᠥᠩᠭᠡ ᠦᠵᠡᠮᠵᠢ᠎ᠵᠢ ᠰᠤᠨᠢᠷᠬᠠᠵᠤ ᠪᠤᠯᠤᠨ᠎ᠠ; ᠠᠷᠠᠳ᠎ᠤᠨ ᠠᠭᠠᠷ᠎ᠤᠨ ᠲᠡᠭᠡᠭᠡᠪᠦᠷᠢ᠎ᠶᠢᠨ ᠱᠤᠭᠤᠮ᠎ᠨᠢ ᠨᠠᠩ ᠴᠤ᠌ ᠪᠥᠬᠥ᠌ ᠤᠯᠤᠰ᠎ᠢ ᠪᠦᠷᠬᠦᠵᠦ᠍᠂ ᠶᠠᠪᠤᠵᠤ ᠰᠠᠭᠤᠬᠤ ᠳ᠋ᠠᠭᠠᠨ ᠤᠯᠠᠨ ᠬᠡᠯᠪᠡᠷᠢ ᠵᠢ ᠰᠣᠩᠭᠣᠵᠤ ᠪᠤᠯᠤᠨ᠎ᠠ᠃ ᠬᠥᠭᠵᠢᠭᠰᠡᠨ ᠪᠠᠷᠠᠭᠠᠨ᠎ᠤ ᠭᠦᠢᠯᠭᠡᠭᠡ ᠨᠢ ᠦᠬᠡᠷ ᠬᠤᠨᠢᠨ ᠮᠢᠬ᠎ᠠ ᠵᠡᠷᠭᠡ ᠤᠨᠴᠠᠯᠢᠬᠳᠤ ᠡᠳ᠋ ᠪᠣᠳᠠᠰ᠎ᠢ ᠪᠦᠬᠦ᠌ ᠤᠯᠤᠰ᠎ᠤᠨ ᠲᠦᠭ ᠲᠦᠮᠡᠨ ᠠᠶ᠋ᠢᠯ ᠡᠷᠦᠬᠡ᠎ᠳᠦ ᠬᠦᠷᠭᠡᠵᠦ᠍᠂ ᠥᠪᠥᠷ ᠮᠣᠩᠭᠣᠯ᠎ᠤᠨ ᠦᠨᠦᠷ ᠠᠮᠲᠠ᠎ᠶᠢ ᠬᠦᠮᠦᠨ ᠪᠦᠬᠦᠨ ᠠᠮᠳᠠᠯᠠᠵᠤ ᠳᠡᠢᠯᠬᠦ ᠪᠣᠯᠭᠠᠪᠠ᠃

ᠥᠪᠥᠷ ᠮᠣᠩᠭᠣᠯ᠎ᠤᠨ ᠵᠢᠭᠤᠯᠴᠢᠯᠠᠯ ᠮᠠᠰᠢ ᠬᠥᠭᠵᠢᠶᠡᠨᠲᠡᠶ᠂ ᠰᠣᠶᠣᠯ ᠵᠢᠭᠤᠯᠴᠢᠯᠠᠯ᠎ᠤᠨ ᠠᠭᠤᠰᠤᠯᠴᠠᠯ ᠨᠢ ᠣᠯᠠᠨ ᠦᠢᠯᠡᠰ ᠲᠦ᠍ ᠬᠦᠴᠦᠨ ᠣᠯᠭᠣᠵᠤ᠂ ᠠᠵᠤ ᠦᠢᠯᠡᠰ᠎ᠦᠨ ᠬᠥᠭᠵᠢᠯ ᠪᠠᠳᠠᠷᠠᠯ ᠨᠢ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠪᠡ᠃ ᠪᠥᠬᠥ᠌ ᠣᠷᠣᠨ ᠲᠠᠶᠠᠭᠠᠷ  ᠰᠣᠶᠣᠯ᠎ᠢᠶᠠᠷ ᠵᠢᠭᠤᠯᠴᠢᠯᠠᠯ᠎ᠢ ᠱᠤᠭᠤᠵᠤ᠂ ᠵᠢᠭᠤᠯᠴᠢᠯᠠᠯ᠎ᠢᠶᠠᠷ ᠰᠣᠶᠣᠯ᠎ᠢ ᠢᠯᠡᠷᠡᠭᠦᠯᠬᠦ᠌᠎ᠶᠢ ᠪᠠᠷᠢᠮᠲᠠᠯᠠᠵᠤ᠂ ᠮᠠᠯ ᠠᠵᠤ ᠠᠬᠤᠶ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ ᠬᠤᠳᠠᠯᠳᠤᠭ᠎ᠠ᠎ᠶᠢ ᠠᠭᠤᠰᠤᠯᠴᠠᠭᠤᠯᠤᠨ ᠬᠥᠭᠵᠢᠭᠦᠯᠬᠦ᠌᠎ᠪᠡᠷ ᠭᠤᠤᠯ ᠰᠢᠪᠲᠤᠯᠤᠯᠲᠠ᠎ᠶᠢᠨ ᠴᠢᠭᠯᠡᠯ ᠪᠣᠯᠭᠠᠵᠤ᠂ ᠵᠡᠭᠦᠨ ᠳᠤᠮᠳᠠ ᠪᠠᠷᠠᠭᠤᠨ ᠣᠷᠣᠨ᠎ᠤ ᠵᠥᠷᠢᠶᠡᠴᠢᠯᠡᠭᠰᠡᠨ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠢ ᠭᠦᠨᠵᠡᠭᠡᠶ ᠠᠭᠤᠳᠠᠯᠵᠤ᠂ ᠳᠥᠷᠪᠡᠨ ᠤᠯᠠᠷᠢᠯ᠎ᠤᠨ ᠣᠨᠴᠠᠯᠢᠭᠲᠤ᠌ ᠵᠢᠭᠤᠯᠴᠢᠯᠠᠯ᠎ᠤᠨ ᠦᠢᠯᠡᠳᠬᠦᠨ᠎ᠢ ᠦᠷᠭᠦᠯᠵᠢᠯᠡᠨ ᠪᠠᠶᠠᠯᠢᠭᠵᠢᠭᠤᠯᠵᠤ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠢᠶᠡᠷ ᠮᠠᠯ ᠠᠵᠤ ᠠᠬᠤᠶ ᠲᠠᠷᠢᠶᠠᠯᠠᠩ᠂ ᠢᠳᠡᠭᠡᠨ ᠤᠮᠳᠠᠭᠠᠨ᠎ᠤ ᠦᠢᠯᠡᠰ᠂ ᠵᠠᠮ ᠬᠠᠷᠢᠯᠴᠠᠭ᠎ᠠ᠂ ᠠᠷᠠᠳ᠎ᠤᠨ ᠤᠯᠠᠮᠵᠢᠯᠠᠯᠲᠦ ᠰᠠᠭᠤᠴᠠ᠎ᠶᠢᠨ ᠪᠠᠭᠤᠳᠠᠯ ᠵᠡᠷᠭᠡ ᠠᠵᠤ ᠦᠢᠯᠡᠰ᠎ᠦᠨ ᠡᠬᠢᠨ ᠤ᠋ ᠪᠠ ᠡᠴᠦᠰ ᠤ᠋ᠨ ᠬᠡᠯᠬᠢᠶ᠎ᠡ ᠵᠢᠨ ᠬᠠᠮᠵᠢᠯᠴᠠᠨ ᠬᠥᠭᠵᠢᠬᠦ᠌᠎ᠶᠢ ᠳᠠᠶ᠋ᠢᠴᠢᠯᠠᠵᠤ᠂ ᠠᠵᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠬᠦ᠌ ᠪᠠ ᠠᠷᠠᠳ᠎ᠤᠨ ᠠᠮᠢᠳᠤᠷᠠᠯ᠎ᠤᠨ ᠣᠷᠣᠯᠭ᠎ᠠ᠎ᠶᠢ ᠨᠡᠮᠡᠭᠳᠡᠭᠦᠯᠵᠦ᠍ ᠬᠠᠮᠲᠤ᠎ᠪᠠᠷ ᠠᠰᠢᠭ ᠭᠥᠷᠳᠡᠬᠦ᠌᠎ᠶᠢ ᠦᠨᠡᠨ ᠬᠦ᠌ ᠪᠡᠶᠡᠯᠡᠭᠦᠯᠪᠠ᠃ ᠲᠦᠷᠦᠭᠦᠬᠡᠨ ᠥᠪᠥᠷ ᠮᠣᠩᠭᠣᠯ 《ᠰᠣᠶᠣᠯ ᠵᠢᠭᠤᠯᠴᠢᠯᠠᠯ᠎ᠤᠨ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ》 ᠢ᠋ ᠵᠢᠩᠬᠢᠨᠢ᠎ᠪᠡᠷ ᠳᠠᠷᠤᠮᠠᠯᠯᠠᠨ ᠲᠠᠷᠬᠠᠭᠠᠵᠤ᠂ ᠲᠥᠷᠥ᠎ᠶᠢᠨ ᠪᠣᠳᠣᠯᠭ᠎ᠠ᠎ᠶᠢᠨ ᠵᠢᠯᠣᠭᠣᠳᠣᠯᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠶᠢ ᠨᠠᠶ᠋ᠢᠳᠠᠪᠤᠷᠢᠵᠢᠭᠤᠯᠬᠤ᠎ᠶᠢᠨ ᠲᠣᠭᠣᠷᠢᠨ᠎ᠳᠤ ᠵᠢᠭᠤᠯᠴᠢᠯᠠᠯ᠎ᠤᠨ ᠬᠦᠴᠦᠷᠬᠡᠭ ᠣᠷᠣᠨ᠎ᠢ ᠪᠥᠲᠥᠭᠡᠨ ᠪᠠᠶ᠋ᠢᠭᠤᠯᠵᠤ᠂ ᠥᠪᠥᠷ ᠮᠣᠩᠭᠣᠯ ᠪᠥᠬᠥ᠌ ᠣᠷᠣᠨ ᠪᠦᠰᠡ ᠪᠥᠬᠥ᠌ ᠤᠯᠠᠷᠢᠯ᠎ᠤᠨ ᠬᠠᠮ ᠵᠢᠷᠤᠭ ᠲᠦᠰᠦᠪ᠎ᠢ ᠵᠢᠷᠤᠭᠯᠠᠵᠤ᠂ ᠡᠵᠡᠩᠨᠡᠯᠲᠡ᠎ᠶᠢᠨ ᠪᠠᠶ᠋ᠢᠳᠠᠯ᠎ᠢ ᠠᠭᠤᠰᠤᠯᠴᠠᠭᠤᠯᠬᠤ ᠨᠢᠭᠡ ᠬᠥᠯᠭᠡ ᠰᠢᠲᠠᠷ᠎ᠠ᠎ᠶᠢ ᠰᠠᠶ᠋ᠢᠲᠤᠷ ᠲᠠᠯᠪᠢᠵᠤ᠂ ᠦᠢᠯᠡᠴᠢᠯᠡᠭᠡᠨ᠎ᠦ ᠬᠠᠩᠭᠠᠯᠭ᠎ᠠ᠎ᠶᠢᠨ ᠲᠤᠤᠷ᠎ᠢ ᠰᠠᠶ᠋ᠢᠲᠤᠷ ᠰᠦᠯᠵᠢᠵᠦ᠍᠂ ᠨᠡᠭᠡᠭᠡᠯᠲᠡ ᠬᠢᠵᠦ᠍ ᠬᠠᠮᠲᠤᠷᠠᠯᠴᠠᠬᠤ ᠠᠵᠢᠯ ᠢ᠋ ᠰᠠᠢᠳᠤᠷ ᠬᠢᠬᠦ ᠪᠣᠯᠤᠨ᠎ᠠ᠃

ᠮᠢᠩᠭᠠᠨᠳᠠ ᠰᠤᠨᠤᠰᠴᠤ ᠲᠦᠮᠡᠨᠳᠡ ᠬᠡᠯᠡᠭᠰᠡᠨ ᠴᠤ᠌ ᠪᠡᠶ᠎ᠡ᠎ᠪᠡᠷ᠎ᠢᠶᠡᠨ ᠤᠴᠢᠵᠤ ᠦᠵᠡᠬᠦ ᠵᠢ ᠬᠦᠷᠬᠦ ᠦᠭᠡᠢ᠃ ᠥᠪᠥᠷ ᠮᠣᠩᠭᠣᠯ ᠵᠡᠭᠦᠨ᠎ᠡᠴᠡ ᠪᠠᠷᠠᠭᠤᠨᠰᠢ ᠦᠵᠡᠮᠵᠢ ᠲᠡᠬᠦᠰ᠂ ᠵᠢᠯ᠎ᠦᠨ ᠳᠥᠷᠪᠡᠨ ᠤᠯᠠᠷᠢᠯ᠎ᠳᠤ ᠪᠦᠷ ᠦᠪᠡᠷ ᠦᠪᠡᠷ᠎ᠤᠨ᠎ᠢᠶᠡᠨ ᠤᠨᠴᠠᠯᠢᠭ ᠲᠠᠢ᠃ ᠥᠪᠥᠷ ᠮᠣᠩᠭᠣᠯ ᠥᠷᠭᠡᠨ ᠠᠭᠤᠳᠠᠮ ᠪᠠᠢᠭᠠᠯᠢ᠎ᠶᠢᠨ ᠥᠩᠭᠡ ᠦᠵᠡᠮᠵᠢ᠂ ᠦᠨᠳᠦᠰᠦᠲᠡᠨ᠎ᠦ ᠵᠠᠩ ᠵᠠᠩᠰᠢᠯ᠂ ᠠᠷᠠᠳ᠎ᠲᠤ᠌ ᠠᠰᠢᠭ ᠬᠦᠷᠲᠡᠭᠡᠵᠤ ᠳᠥᠭᠥᠮ ᠦᠵᠡᠭᠦᠯᠬᠦ᠂ ᠣᠯᠠᠨ ᠡᠰᠢᠲᠦ᠍ ᠪᠡᠶᠡᠴᠢᠯᠡᠨ ᠤᠢᠯᠠᠭᠠᠯᠳᠠ᠎ᠪᠡᠷ ᠨᠠᠢ᠍ᠮᠠᠨ ᠵᠦᠭ᠎ᠦᠨ ᠵᠢᠭᠤᠯᠴᠢᠯᠠᠭᠰᠠᠳ᠎ᠢ ᠤᠬᠳᠤᠵᠤ᠂ ᠪᠥᠬᠥ᠌ ᠣᠷᠣᠨ ᠪᠦᠰᠡ᠎ᠶᠢᠨ ᠰᠣᠶᠣᠯ ᠵᠢᠭᠤᠯᠴᠢᠯᠠᠯ᠎ᠤᠨ ᠷᠤᠮᠠᠨᠲ᠋ᠢᠭ ᠪᠠᠶᠠᠷ ᠪᠠᠶᠠᠰᠤᠯ᠎ᠢ ᠬᠠᠮᠲᠤ᠎ᠪᠠᠷ ᠡᠳ᠋ᠯᠡᠬᠦ᠌ ᠨᠢ ᠯᠡᠪᠳᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号