ᠦᠪᠤᠷ ᠮᠤᠩᠭᠤᠯ ᠤ᠋ᠨ ᠤᠯᠠᠨ ᠭᠠᠵᠠᠷ ᠲᠦ᠍ ᠰᠢᠷᠤᠬᠦᠨ ᠪᠤᠷᠤᠭᠠᠨ ᠤᠷᠤᠨ᠎ᠠ
2026-07-11 10:49:42
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠴᠠᠭ ᠠᠭᠤᠷ ᠤ᠋ᠨ ᠡᠬᠦᠰᠤᠮᠡᠯ ᠭᠠᠮᠰᠢᠭ ᠢ᠋ ᠰᠡᠷᠬᠡᠢᠯᠡᠬᠦ ᠴᠢᠬᠤᠯᠠᠳᠠᠢ!


ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠢ᠋ᠢᠡᠷ᠂ 2026 ᠤᠨ ᠤ᠋ 7 ᠰᠠᠷ᠎ᠠ ᠢ᠋ᠢᠨ 10 — 14 ᠤ᠋ ᠡᠳᠦᠷ ᠪᠣᠯᠲᠠᠯ᠎ᠠ ᠦᠪᠤᠷ ᠮᠤᠩᠭᠤᠯ ᠤ᠋ᠨ ᠤᠯᠠᠨ ᠭᠠᠵᠠᠷ ᠲᠦ᠍ ᠶᠡᠬᠡ ᠪᠤᠷᠤᠭᠠᠨ ᠪᠤᠶᠤ ᠰᠢᠷᠦᠭᠦᠨ ᠪᠤᠷᠤᠭᠠᠨ ᠤᠷᠤᠵᠤ᠂ ᠳᠤᠮᠳᠠ ᠪᠡᠶ᠎ᠠ ᠪᠤᠯᠤᠨ ᠪᠠᠷᠠᠭᠤᠨ ᠪᠡᠶ᠎ᠠ ᠢ᠋ᠢᠨ ᠡᠮᠦᠨ᠎ᠠ ᠬᠡᠰᠡᠭ᠂ ᠵᠡᠭᠦᠨ ᠪᠡᠶ᠎ᠠ ᠢ᠋ᠢᠨ ᠭᠠᠵᠠᠷ ᠣᠷᠣᠨ ᠳ᠋ᠤ ᠴᠢᠡᠭᠭ᠎ᠠ ᠰᠣᠯᠢᠭ ᠤᠷᠤᠰᠬᠠᠯᠲᠤ ᠴᠠᠭ ᠠᠭᠤᠷ ᠲᠠᠭᠠᠯᠳᠤᠵᠤ᠂ ᠴᠠᠭ ᠪᠦᠷᠢ ᠵᠢᠨ ᠬᠠᠮᠤᠭ ᠤ᠋ᠨ ᠶᠡᠬᠡ ᠬᠤᠷ᠎ᠠ ᠲᠤᠨᠳᠠᠰᠤ ᠵᠢᠨ ᠬᠡᠮᠵᠢᠢ᠎ᠠ 20 — 40 ᠮᠢᠯᠢᠮᠧᠲ᠋ᠷ ᠬᠦᠷᠴᠦ ᠂ ᠬᠡᠰᠡᠭ ᠭᠠᠵᠠᠷ ᠲᠦ᠍ 40 ᠮᠢᠯᠢᠮᠧᠲ᠋ᠷ ᠢ᠋ ᠲᠠᠪᠠᠨ᠎ᠠ᠃

ᠡᠭᠦᠨ ᠳ᠋ᠤ᠂ ᠠᠯᠠᠱᠠ ᠠᠶ᠋ᠢᠮᠠᠭ ᠤ᠋ᠨ ᠡᠮᠦᠨ᠎ᠠ ᠪᠡᠶ᠎ᠠ᠂ ᠪᠠᠶᠠᠨᠨᠠᠭᠤᠷ ᠬᠣᠲᠠ ᠢ᠋ᠢᠨ ᠵᠡᠭᠦᠨ ᠡᠮᠦᠨ᠎ᠠ ᠪᠡᠶ᠎ᠠ᠂ ᠣᠷᠳᠣᠰ ᠬᠣᠲᠠ ᠢ᠋ᠢᠨ ᠶᠡᠬᠡᠩᠬᠢ ᠭᠠᠵᠠᠷ᠂ ᠪᠤᠭᠤᠲᠤ᠌ ᠬᠣᠲᠠ ᠢ᠋ᠢᠨ ᠳᠤᠮᠳᠠ ᠪᠡᠶ᠎ᠠ ᠪᠤᠯᠤᠨ ᠡᠮᠦᠨ᠎ᠡ ᠪᠡᠶ᠎ᠠ᠂ ᠬᠥᠬᠡᠬᠣᠲᠠ᠂ ᠤᠯᠠᠭᠠᠨᠴᠠᠪ ᠬᠣᠲᠠ ᠢ᠋ᠢᠨ ᠳᠤᠮᠳᠠ ᠪᠡᠶ᠎ᠠ ᠪᠤᠯᠤᠨ ᠡᠮᠦᠨ᠎ᠡ ᠪᠡᠶ᠎ᠠ᠂ ᠰᠢᠯᠢ ᠢ᠋ᠢᠨ ᠭᠤᠤᠯ ᠠᠶ᠋ᠢᠮᠠᠭ ᠤ᠋ᠨ ᠡᠮᠦᠨ᠎ᠠ ᠪᠡᠶ᠎ᠠ ᠪᠤᠯᠤᠨ ᠵᠡᠭᠦᠨ ᠪᠡᠶ᠎ᠠ᠂ ᠤᠯᠠᠭᠠᠨᠬᠠᠳᠠ ᠬᠣᠲᠠ᠂ ᠲᠦᠩᠯᠢᠶᠣᠤ ᠬᠣᠲᠠ᠂ ᠬᠢᠩᠭᠠᠨ ᠠᠶ᠋ᠢᠮᠠᠭ᠂ ᠬᠥᠯᠥᠨ ᠪᠣᠶ᠋ᠢᠷ ᠬᠣᠲᠠ ᠢ᠋ᠢᠨ ᠶᠡᠬᠡᠩᠬᠢ ᠭᠠᠵᠠᠷ ᠲᠤ᠌ ᠳᠤᠮᠳᠠ ᠡᠴᠡ ᠶᠡᠬᠡ ᠪᠣᠷᠣᠭᠠᠨ ᠣᠷᠣᠨ᠎ᠠ; ᠣᠷᠳᠣᠰ ᠬᠣᠲᠠ ᠢ᠋ᠢᠨ ᠡᠮᠦᠨ᠎ᠡ ᠪᠡᠶ᠎ᠠ ᠪᠤᠯᠤᠨ ᠵᠡᠭᠦᠨ ᠬᠣᠶ᠋ᠢᠲᠤ᠌ ᠪᠡᠶ᠎ᠠ᠂ ᠬᠥᠬᠡᠬᠣᠲᠠ ᠢ᠋ᠢᠨ ᠡᠮᠦᠨ᠎ᠠ ᠪᠡᠶ᠎ᠠ᠂ ᠤᠯᠠᠭᠠᠨᠴᠠᠪ ᠬᠣᠲᠠ ᠢ᠋ᠢᠨ ᠵᠡᠭᠦᠨ ᠡᠮᠦᠨ᠎ᠠ ᠪᠡᠶ᠎ᠠ᠂ ᠰᠢᠯᠢ ᠢ᠋ᠢᠨ ᠭᠤᠤᠯ ᠠᠶ᠋ᠢᠮᠠᠭ ᠤ᠋ᠨ ᠡᠮᠦᠨ᠎ᠠ ᠪᠡᠶ᠎ᠠ᠂ ᠤᠯᠠᠭᠠᠨᠬᠠᠳᠠ ᠬᠣᠲᠠ ᠢ᠋ᠢᠨ ᠡᠮᠦᠨ᠎ᠠ ᠪᠡᠶ᠎ᠠ᠂ ᠲᠦᠩᠯᠢᠶᠣᠤ ᠬᠣᠲᠠ ᠢ᠋ᠢᠨ ᠡᠮᠦᠨ᠎ᠠ ᠪᠡᠶ᠎ᠠ᠂ ᠬᠥᠯᠥᠨ ᠪᠣᠶ᠋ᠢᠷ ᠬᠣᠲᠠ ᠢ᠋ᠢᠨ ᠬᠣᠶ᠋ᠢᠲᠤ᠌ ᠪᠡᠶ᠎ᠠ ᠳ᠋ᠤ ᠰᠢᠷᠦᠭᠦᠨ ᠪᠣᠷᠣᠭᠠᠨ ᠣᠷᠣᠵᠤ᠂ ᠤᠯᠠᠭᠠᠨᠬᠠᠳᠠ ᠬᠣᠲᠠ ᠢ᠋ᠢᠨ ᠡᠮᠦᠨ᠎ᠡ ᠪᠡᠶ᠎ᠡ ᠪᠤᠯᠤᠨ ᠲᠦᠩᠯᠢᠶᠣᠤ ᠬᠣᠲᠠ ᠢ᠋ᠢᠨ ᠡᠮᠦᠨ᠎ᠡ ᠪᠡᠶ᠎ᠡ ᠳ᠋ᠤ ᠶᠡᠬᠡ ᠰᠢᠷᠦᠭᠦᠨ ᠪᠣᠷᠣᠭᠠᠨ ᠤᠷᠤᠵᠤ᠂ ᠬᠠᠮᠤᠭ ᠤ᠋ᠨ ᠶᠡᠬᠡ ᠬᠤᠷ᠎ᠠ ᠲᠤᠨᠳᠠᠰᠤᠨ ᠤ᠋ ᠬᠤᠷᠠᠮᠳᠤᠯ ᠤ᠋ᠨ ᠬᠡᠮᠵᠢᠶ᠎ᠡ 100 — 140 ᠮᠢᠯᠢᠮᠧᠲ᠋ᠷ ᠬᠦᠷᠴᠤ᠂ ᠬᠡᠰᠡᠭ ᠭᠠᠵᠠᠷ ᠲᠤ᠌ 140 ᠮᠢᠯᠢᠮᠧᠲ᠋ᠷ ᠢ᠋ ᠳᠠᠪᠠᠨ᠎ᠠ᠃

ᠦᠪᠡᠷᠳᠡᠬᠡᠨ ᠵᠠᠰᠬᠠᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ᠂ ᠲᠤᠰ ᠤᠳᠠᠭ᠎ᠠ ᠵᠢᠨ ᠰᠢᠷᠤᠬᠦᠨ ᠪᠤᠷᠤᠭᠠᠨ ᠪᠤᠯᠤᠨ ᠶᠡᠬᠡ ᠰᠢᠷᠤᠬᠦᠨ ᠪᠤᠷᠤᠭᠠᠨ ᠭᠤᠤᠯᠳᠠᠭᠤ 10 ᠤ᠋ ᠤᠷᠤᠢ ᠡᠴᠡ 12 ᠤ᠋ᠨ ᠡᠳᠤᠷ ᠪᠤᠯᠳᠠᠯᠠᠬᠢ ᠬᠤᠭᠤᠴᠠᠭᠠᠨ ᠳ᠋ᠤ ᠤᠷᠤᠵᠤ᠂ ᠬᠠᠮᠢᠶ᠎ᠠ ᠪᠦᠬᠦᠢ ᠭᠠᠵᠠᠷ ᠤ᠋ᠨ ᠬᠢᠨ ᠰᠢᠷᠦᠭᠦᠨ ᠪᠣᠷᠣᠭᠠᠨ ᠡᠴᠡ ᠡᠭᠦᠰᠴᠦ᠍ ᠮᠡᠳᠡᠬᠦ᠌ ᠳᠤᠮᠳᠠ ᠪᠠᠭ᠎ᠠ ᠭᠣᠣᠯ ᠮᠥᠷᠡᠨ ᠤ᠋ ᠦᠶᠡᠷ᠂ ᠠᠭᠤᠯᠠᠨ ᠦᠶᠡᠷ᠂ ᠬᠣᠲᠠ ᠢ᠋ᠢᠨ ᠦᠶᠡᠷ ᠤᠰᠤᠲᠤᠯ᠂ ᠭᠠᠵᠠᠷ ᠤ᠋ᠨ ᠭᠠᠮᠰᠢᠭ ᠵᠡᠷᠭᠡ ᠡᠭᠦᠰᠦᠮᠡᠯ ᠭᠠᠮᠰᠢᠭ ᠢ᠋ ᠰᠡᠷᠭᠡᠶ᠋ᠢᠯᠡᠬᠦ᠌ ᠴᠢᠬᠤᠯᠠᠲᠠᠢ ᠬᠡᠮᠡᠨ ᠰᠠᠨᠠᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号