《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠳᠡᠳ᠋ ᠶᠡᠷᠦᠩᠬᠡᠢ ᠳᠠᠭᠠᠭᠠᠮᠠᠯ 》᠎ᠤ᠋ᠨ ᠵᠠᠭᠤᠨ ᠺᠢᠯᠣᠮᠧᠲᠷ᠎ᠦᠨ 《ᠲᠦᠷᠭᠡᠨ ᠡᠮᠴᠢᠯᠡᠭᠡ》
2026-07-12 08:23:55
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆

6  ᠰᠠᠷ᠎ᠠ᠎ᠶᠢᠨ 24 ᠎ᠤ᠋ ᠥᠷᠯᠥᠭᠡ᠂ ᠣᠷᠳᠣᠰ᠎ᠤᠨ ᠠᠮᠢ ᠠᠬᠤᠢ ᠣᠷᠴᠢᠨ ᠲᠣᠭᠣᠷᠢᠨ ᠎ᠤ ᠠᠵᠢᠯ ᠮᠡᠷᠭᠡᠵᠢᠯ ᠎ᠤᠨ  ᠳᠡᠭᠡᠳᠦ ᠰᠤᠷᠭᠠᠭᠤᠯᠢ᠎ᠶᠢᠨ ᠪᠠᠭ᠍ᠰᠢ ᠴᠢ ᠰᠢᠨ ᠮᠠᠰᠢᠨ ᠲᠡᠷᠭᠡ᠎ᠵᠢᠯᠤᠭᠤᠳᠤᠨ ᠵᠠᠭᠤ ᠭᠠᠷᠤᠢ ᠺᠢᠯᠣᠮᠧᠲᠷ ᠠᠶᠠᠯᠠᠵᠤ᠂ 《ᠬᠠᠲᠤᠨ ᠭᠣᠣᠯ᠎ᠤᠨ ᠶᠡᠬᠡ ᠲᠤᠬᠤᠢ ᠵᠢᠨ ᠤᠷᠤᠨ᠎ᠤ ᠠᠮᠢ ᠠᠬᠤᠢ᠎ᠶᠢᠨ ᠵᠢᠤᠢ ᠨᠸᠩ ᠲᠣᠨᠣᠭᠯᠠᠯ ᠦᠢᠯᠡᠳᠬᠦ ᠰᠤᠳᠤᠯᠤᠨ ᠨᠡᠭᠡᠭᠡᠬᠦ ᠪᠦᠯᠬᠦᠮ 》᠎ᠤ᠋ᠨ ᠴᠠᠬᠢᠯᠭᠠᠨ᠎ᠦ ᠲᠤᠰᠬᠠᠢ ᠮᠡᠷᠭᠡᠵᠢᠯᠲᠡᠨ ᠵᠧᠦ ᠷᠦᠩ ᠎ᠢ ᠳᠠᠭᠠᠭᠤᠯᠤᠨ ᠬᠢᠶ᠎ᠠ ᠪᠠᠭ᠍ᠰᠢ ᠲᠣᠭᠣᠷᠢᠭ᠋᠎ᠡᠴᠡ ᠳᠠᠯᠠᠳ ᠬᠣᠰᠢᠭᠤᠨ᠎ᠤ ᠵᠢᠤᠢ ᠨᠸᠩ ᠮᠸᠬᠠᠨᠢᠭ ᠪᠣᠯᠪᠠᠰᠤᠷᠠᠭᠤᠯᠬᠤ ᠦᠢᠯᠡᠳᠪᠦᠷᠢ᠎ᠳᠦ ᠬᠦᠷᠴᠦ ᠢᠷᠡᠪᠡ᠃

ᠲᠦᠷᠦᠭᠦᠦ ᠣᠷᠣᠢ ᠨᠢ ᠲᠤᠰ ᠪᠣᠯᠪᠠᠰᠤᠷᠠᠭᠤᠯᠬᠤ ᠦᠢᠯᠡᠳᠪᠦᠷᠢ᠎ᠶᠢᠨ ᠮᠡᠷᠭᠡᠵᠢᠯ᠎ᠦᠨ ᠬᠠᠷᠢᠭᠤᠴᠠᠯᠭᠠᠲᠠᠨ ᠰᠶ᠋ᠶᠸ ᠰᠢᠤᠸᠠᠢ ᠹᠧᠩ ᠲᠡᠭᠦᠨ᠎ᠳᠦ ᠤᠲᠠᠰᠤᠳᠠᠵᠤ᠂ ᠦᠢᠯᠡᠳᠪᠦᠷᠢ᠎ᠶᠢᠨ ᠰᠤᠳᠤᠯᠤᠨ ᠦᠢᠯᠡᠳᠦᠭᠰᠡᠨ ᠨᠠᠢᠯᠵᠠᠭᠤᠷ ᠬᠠᠷᠭᠠᠨ᠎ᠠ᠎ᠰᠠᠪᠠᠯᠠᠬᠤ ᠮᠠᠰᠢᠨ ᠲᠤᠷᠰᠢᠨ ᠠᠵᠢᠯᠯᠠᠬᠤ ᠶᠠᠪᠤᠴᠠ᠎ᠳᠠᠭᠠᠨ ᠨᠡᠬᠡᠮᠡᠯ ᠪᠤᠰᠤ ᠤᠭᠤᠲᠠ᠎ᠵᠢ ᠴᠢᠨᠭᠭ᠎ᠠ ᠬᠠᠪᠴᠢᠵᠤ ᠳᠡᠢᠯᠬᠦ ᠦᠭᠡᠢ ᠪᠤᠯᠵᠤ᠂ ᠲᠡᠭᠦᠨ᠎ᠢᠶᠡᠷ 《ᠤᠨᠤᠰᠢᠯᠠᠨ ᠦᠵᠡᠭᠦᠯᠬᠦ 》 ᠭᠡᠪᠡ᠃

《ᠪᠢ ᠪᠣᠯ 〈ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠳᠡᠳ᠋ ᠶᠡᠷᠦᠩᠬᠡᠢ ᠳᠠᠭᠠᠭᠠᠮᠠᠯ 〉 ᠂ ᠦᠢᠯᠡᠳᠪᠦᠷᠢ᠎ᠳᠦ ᠮᠡᠷᠭᠡᠵᠢᠯ ᠎ᠦᠨ ᠲᠠᠯ᠎ᠠ ᠵᠢᠨ  ᠠᠰᠠᠭᠤᠳᠠᠯ ᠲᠤᠯᠭᠠᠷᠠᠪᠠᠯ ᠡᠩ ᠲᠡᠷᠢᠭᠦᠨ᠎ᠳᠦ ᠨᠠᠮ᠎ᠠ᠎ᠶᠢ  ᠪᠤᠳᠤᠵᠤ ᠣᠯᠳᠠᠭ᠃  ᠦᠢᠯᠡᠳᠪᠦᠷᠢ᠎ᠶᠢᠨ ᠮᠡᠷᠭᠡᠵᠢᠯ᠎ᠦᠨ ᠲᠠᠯ᠎ᠠ᠎ᠶᠢᠨ ᠬᠦᠴᠢᠷ ᠠᠰᠠᠭᠤᠳᠠᠯ᠎ᠢ ᠰᠢᠢᠳᠪᠦᠷᠢᠯᠡᠬᠦ ᠪᠣᠯ  ᠲᠤᠰᠢᠶᠠᠯ ᠡᠭᠦᠷᠭᠡᠯᠡᠬᠦ ᠬᠤᠭᠤᠴᠠᠭᠠᠨ᠎ᠳᠠᠬᠢ ᠭᠣᠣᠯ ᠠᠵᠢᠯ ᠮᠥᠨ》ᠭᠡᠵᠦ ᠴᠢ ᠰᠢᠨ ᠢᠨᠢᠶᠡᠮᠰᠦᠭᠯᠡᠨ ᠬᠡᠯᠡᠨ᠎ᠠ᠃ ᠦᠢᠯᠡᠳᠪᠦᠷᠢ᠎ᠳᠤ ᠬᠦᠷᠦᠭᠰᠡᠨ᠎ᠦ ᠳᠠᠷᠠᠭ᠎ᠠ ᠴᠢ ᠰᠢᠨ ᠪᠣᠯᠣᠨ ᠵᠧᠦ ᠷᠦᠩ ᠨᠠᠢᠯᠵᠠᠭᠤᠷ ᠬᠠᠷᠭᠠᠨ᠎ᠠ᠎ᠰᠠᠪᠠᠯᠠᠬᠤ ᠮᠠᠰᠢᠨ᠎ᠤ ᠦᠯᠢᠭᠡᠷ ᠮᠠᠰᠢᠨ᠎ᠢ ᠳᠠᠷᠤᠢᠬᠠᠨ ᠦᠵᠡᠪᠡ᠃ ᠦᠢᠯᠡᠳᠪᠦᠷᠢ᠎ᠶᠢᠨ ᠵᠠᠯᠠᠭᠤ ᠰᠶ᠋ᠶᠸ ᠱᠢ ᠰᠢᠨ ᠲᠡᠨᠳᠡ ᠬᠦᠯᠢᠶᠡᠵᠦ ᠪᠠᠢᠯ᠎ᠠ᠂ ᠲᠡᠷᠡ ᠪᠣᠯ ᠴᠢ ᠰᠢᠨ  ᠲᠤᠰ ᠦᠢᠯᠡᠳᠪᠦᠷᠢ᠎ᠳᠦ ᠲᠦᠷ ᠴᠠᠭ ᠲᠤᠰᠢᠶᠠᠯ ᠡᠭᠦᠷᠭᠡᠯᠡᠭᠰᠡᠨ᠎ᠦ ᠳᠠᠷᠠᠭ᠎ᠠ ᠠᠪᠤᠭᠰᠠᠨ 《 ᠱᠠᠪᠢ 》 ᠪᠣᠯᠣᠨ᠎ᠠ᠃

ᠴᠠᠬᠢᠯᠭᠠᠨ ᠨᠡᠪᠲᠡᠷᠡᠭᠦᠯᠵᠦ᠂ ᠰᠢᠷᠣᠢ ᠤᠷᠤᠭᠤᠯᠵᠤ᠂ ᠤᠭᠤᠲᠠ ᠬᠠᠪᠴᠢᠭᠤᠯᠵᠤ᠂ ᠰᠠᠪᠠᠯᠠᠵᠤ᠂ ᠮᠠᠰᠢᠨ ᠪᠦᠷᠢᠨ ᠪᠦᠲᠦᠨ ᠠᠵᠢᠯᠯᠠᠬᠤ᠎ᠶᠢ ᠨᠢᠭᠡ ᠤᠳᠠᠭ᠎ᠠ ᠦᠵᠡᠭᠰᠡᠨ᠎ᠦ ᠳᠠᠷᠠᠭ᠎ᠠ ᠵᠧᠦ ᠷᠦᠩ ᠬᠥᠮᠥᠰᠬᠡ ᠵᠠᠩᠭᠢᠳᠤᠨ ᠴᠢ ᠰᠢᠨ᠎ᠲᠠᠢ ᠬᠠᠮᠲᠤ ᠠᠯᠪᠠᠨ ᠭᠡᠷ᠎ᠲᠡᠬᠡᠨ ᠪᠤᠴᠠᠪᠠ᠃ ᠰᠢᠶᠸ ᠱᠢ ᠱᠢᠨ ᠳᠠᠳᠠᠨ᠎ᠢ ᠰᠠᠯᠤᠯ ᠦᠭᠡᠢ ᠳᠠᠭᠠᠨ ᠦᠵᠡᠵᠦ ᠪᠠᠢᠯ᠎ᠠ᠃ 《ᠪᠢ ᠥᠪᠡᠷ᠎ᠢᠶᠡᠨ ᠣᠢ᠍ᠯᠠᠭᠠᠭᠰᠠᠨ ᠦᠭᠡᠢ᠂ ᠥᠨᠥᠳᠥᠷ ᠪᠠᠭᠰᠢ ᠪᠠᠨ ᠲᠠᠭᠠᠵᠤ ᠰᠠᠢᠨ ᠦᠵᠡᠵᠦ ᠰᠤᠷᠬᠤ ᠬᠡᠷᠡᠭᠲᠡᠢ》ᠭᠡᠵᠦ ᠵᠢᠶᠧ ᠱᠢ ᠱᠢᠨ ᠬᠡᠯᠡᠪᠡ᠃

ᠳᠡᠮᠡᠢ ᠤᠳᠠᠯ ᠦᠭᠡᠢ ᠴᠢ ᠰᠢᠨ ᠪᠣᠯᠣᠨ ᠵᠧᠦ ᠷᠦᠩ ᠮᠠᠰᠢᠨ᠎ᠤ ᠠᠰᠠᠭᠤᠳᠠᠯ᠎ᠢ ᠰᠢᠢᠳᠪᠦᠷᠢᠯᠡᠬᠦ ᠠᠷᠭ᠎ᠠ ᠤᠯᠪᠠ᠃ 《ᠰᠢᠷᠣᠢ ᠲᠤᠬᠢᠷᠠᠭᠤᠯᠬᠤ ᠬᠡᠮᠵᠢᠶ᠎ᠡ ᠨᠢ ᠶᠡᠬᠡᠳᠦᠭᠰᠡᠨ ᠡᠴᠡ ᠪᠤᠯᠪᠠ 》᠃ ᠵᠧᠦ ᠷᠦᠩ ᠺᠣᠮᠫᠢᠦ᠋ᠲᠧᠷ᠎ᠢᠶᠡᠨ ᠠᠪᠴᠤ᠂ ᠴᠢ ᠰᠢᠨ᠎ᠲᠠᠢ ᠬᠠᠮᠲᠤ ᠰᠠᠪᠠᠯᠠᠬᠤ ᠮᠠᠰᠢᠨ᠎ᠤ ᠴᠠᠬᠢᠯᠭᠠᠨ ᠡᠵᠡᠮᠰᠢᠬᠦ ᠬᠠᠢᠷᠴᠠᠭ᠎ᠤᠨ ᠳᠡᠷᠭᠡᠳᠡ ᠬᠦᠷᠴᠦ᠂ ᠡᠵᠡᠮᠰᠢᠬᠦ ᠫᠷᠣᠭ᠌ᠷᠠᠮ᠎ᠳᠤ ᠪᠢᠴᠢᠯ ᠲᠣᠬᠢᠷᠠᠭᠤᠯᠤᠯᠲᠠ ᠬᠢᠪᠡ᠃ ᠬᠣᠶᠠᠷ ᠪᠠᠭᠰᠢ ᠪᠠᠢᠨ ᠳᠠᠬᠢᠨ ᠬᠠᠵᠠᠭᠤ᠎ᠶᠢᠨ ᠰᠢᠶᠸ ᠱᠢ ᠱᠢᠨ ᠳ᠋ᠤ᠌ ᠡᠵᠡᠮᠳᠡᠬᠦ ᠫᠷᠣᠭ᠌ᠷᠠᠮ᠎ᠤᠨ ᠮᠡᠷᠭᠡᠵᠢᠯ᠎ᠦᠨ ᠭᠣᠣᠯᠳᠠᠯᠭ᠎ᠠ᠎ᠶᠢ ᠲᠠᠢᠯᠪᠤᠷᠢᠯᠠᠨ᠎ᠠ᠃

ᠦᠳᠡ ᠤᠢᠷᠠᠳᠬᠤ ᠪᠡᠷ ᠰᠠᠪᠠᠯᠠᠬᠤ ᠮᠠᠰᠢᠨ᠎ᠤ ᠰᠢᠷᠣᠢ ᠲᠤᠬᠢᠷᠠᠭᠤᠯᠬᠤ ᠬᠡᠮᠵᠢᠶ᠎ᠡ᠂ ᠨᠡᠭᠡᠮᠡᠯ ᠪᠤᠰᠤ ᠤᠭᠤᠲᠠ ᠬᠠᠪᠴᠢᠭᠤᠯᠬᠤ ᠬᠦᠴᠦ ᠨᠢ ᠡᠴᠦᠰ᠎ᠲᠡᠬᠡᠨ ᠴᠢᠬᠢ ᠮᠣᠳᠣ ᠤᠭᠤᠲᠠᠯᠠᠬᠤ ᠴᠠᠭ᠎ᠲᠠᠢ ᠪᠦᠷᠢᠮᠦᠰᠦᠨ ᠲᠣᠬᠢᠷᠠᠪᠠ᠃ 《ᠰᠤᠷᠴᠤ ᠡᠵᠡᠮᠰᠢᠪᠡ᠎ᠦᠦ?》 ᠭᠡᠵᠦ ᠴᠢ ᠰᠢᠨ ᠡᠷᠭᠢᠵᠦ ᠬᠠᠷᠠᠨ ᠰᠢᠶᠸ ᠱᠢ ᠱᠢᠨ ᠡᠴᠡ ᠠᠰᠠᠭᠤᠪᠠ᠃ 《ᠦᠨᠳᠦᠰᠦᠨ᠎ᠳᠡᠭᠡᠨ ᠡᠵᠡᠮᠰᠢᠵᠠᠢ᠂ ᠬᠡᠷᠪᠡ ᠴᠢᠳᠠᠬᠤ ᠦᠭᠡᠢ ᠮᠡᠳᠡᠬᠦ ᠦᠭᠡᠢ ᠵᠦᠢᠯ ᠭᠠᠷᠪᠠᠯ ᠪᠠᠭᠰᠢ ᠡᠴᠡ ᠪᠠᠨ ᠴᠠᠭ ᠲᠤᠬᠠᠢ ᠳ᠋ᠤᠨᠢ ᠠᠰᠠᠭᠤᠬᠤ ᠪᠤᠯᠬᠤ ᠪᠢᠰᠢᠦ》 ᠭᠡᠵᠦ ᠰᠢᠶᠸ ᠱᠢ ᠱᠢᠨ ᠢᠨᠢᠶᠡᠮᠰᠦᠭᠯᠡᠨ ᠬᠡᠯᠡᠪᠡ᠃

ᠰᠢᠶᠧ ᠰᠢᠤᠸᠠᠢ ᠹᠧᠩ ᠨᠠᠢᠯᠵᠠᠭᠤᠷ ᠬᠠᠷᠭᠠᠨ᠎ᠠ᠎ᠰᠠᠪᠠᠯᠠᠬᠤ ᠮᠠᠰᠢᠨ᠎ᠤ ᠪᠤᠢ ᠪᠤᠯᠤᠭᠰᠠᠨ ᠶᠠᠪᠤᠴᠠ᠎ᠶᠢ ᠡᠷᠭᠢᠴᠡᠭᠦᠯᠪᠡ᠃ ᠪᠠᠷᠤᠭ ᠬᠠᠭᠠᠰ ᠵᠢᠯ᠎ᠦᠨ ᠡᠮᠦᠨ᠎ᠡ ᠵᠢᠦᠢ ᠨᠧᠩ  ᠮᠠᠰᠢᠨ ᠮᠧᠬᠠᠨᠢᠭ᠋ ᠪᠤᠯᠪᠠᠰᠤᠷᠠᠭᠤᠯᠬᠤ ᠦᠢᠯᠡᠳᠪᠦᠷᠢ ᠨᠢᠭᠡᠨ ᠡᠯᠡᠰᠦ ᠵᠠᠰᠠᠬᠤ ᠠᠵᠤ ᠠᠬᠤᠢᠯᠠᠯ᠎ᠤᠨ ᠨᠠᠶ᠋ᠢᠳᠠᠯᠭ᠎ᠠ᠎ᠪᠠᠷ ᠨᠢᠭᠡ ᠵᠦᠢᠯ᠎ᠦᠨ ᠲᠠᠷᠢᠶᠠᠯᠠᠩ᠎ᠤᠨ ᠮᠠᠰᠢᠨ ᠪᠠᠭᠠᠵᠢ᠎ᠶᠢ ᠬᠠᠪᠰᠤᠷᠤᠨ ᠰᠤᠳᠤᠯᠤᠨ ᠦᠢᠯᠡᠳᠴᠦ᠂ ᠨᠠᠢᠯᠵᠠᠭᠤᠷ ᠬᠠᠷᠭᠠᠨ᠎ᠠ ᠳᠠᠷᠢᠬᠤ ᠳᠤᠮᠳᠠ ᠭᠠᠷ᠎ᠢᠶᠠᠷ ᠰᠠᠪᠠᠯᠠᠬᠤ ᠠᠰᠠᠭᠤᠳᠠᠯ᠎ᠢ ᠰᠢᠢᠳᠪᠦᠷᠢᠯᠡᠬᠦ᠎ᠪᠡᠷ ᠪᠤᠯᠪᠠ᠃

ᠰᠢᠶᠸ ᠰᠢᠤᠸᠠᠢ ᠹᠸᠩ ᠦᠢᠯᠡᠳᠪᠦᠷᠢ᠎ᠶᠢᠨ ᠮᠡᠷᠭᠡᠵᠢᠯᠲᠡᠨ ᠎ᠢ ᠳᠠᠭᠠᠭᠤᠯᠤᠨ ᠤᠯᠠᠨ ᠵᠢᠯ᠎ᠦᠨ ᠲᠤᠷᠰᠢᠯᠭ᠎ᠠ᠎ᠳᠠᠭᠠᠨ ᠲᠦᠰᠢᠭᠯᠡᠨ ᠮᠠᠰᠢᠨ᠎ᠤ ᠵᠢᠷᠤᠭ ᠲᠥᠯᠥᠪᠯᠡᠭᠡ ᠪᠣᠯᠣᠨ ᠣᠯᠠᠩᠬᠢ ᠬᠠᠲᠠᠭᠤ ᠲᠤᠨᠤᠭ ᠦᠢᠯᠡᠳᠬᠦ᠎ᠶᠢ ᠪᠡᠶᠡᠯᠡᠭᠦᠯᠵᠡᠢ᠃ ᠭᠡᠪᠡᠴᠦ ᠲᠥᠬᠦᠭᠡᠷᠦᠮᠵᠢ᠎ᠶᠢᠨ ᠠᠦ᠋ᠲ᠋ᠣᠴᠢᠯᠠᠯᠲᠠ᠂ ᠲᠣᠭᠠᠨ᠎ᠤ ᠡᠵᠡᠮᠰᠢᠯ ᠵᠡᠷᠭᠡ ᠠᠰᠠᠭᠤᠳᠠᠯ ᠨᠢ ᠦᠢᠯᠡᠳᠪᠦᠷᠢ᠎ᠶᠢᠨ ᠮᠡᠷᠭᠡᠵᠢᠯ᠎ᠦᠨ ᠭᠡᠮᠵᠢᠶ᠎ᠡ᠎ᠡᠴᠡ ᠳᠠᠪᠠᠵᠠᠢ᠃

ᠡᠨᠡᠬᠦ ᠪᠠᠢᠳᠠᠯ ᠳᠤᠤᠷ᠎ᠠ ᠰᠢᠶᠧ ᠰᠢᠤᠸᠠᠢ ᠹᠧᠩ ᠤᠤᠯ ᠨᠢ ᠬᠠᠮᠲᠤᠷᠠᠨ ᠠᠵᠢᠯᠯᠠᠵᠤ ᠥᠩᠭᠡᠷᠡᠭᠰᠡᠨ ᠴᠢ ᠰᠢᠨ᠎ᠢ ᠪᠣᠳᠣᠵᠤ ᠣᠯᠪᠠ᠃ ᠲᠤᠬᠠᠢ᠎ᠶᠢᠨ ᠦᠶ᠎ᠡ᠎ᠳᠦ ᠣᠷᠳᠣᠰ ᠬᠣᠲᠠ ᠨᠢᠭᠡᠨᠲᠡ ᠴᠢᠳᠠᠪᠤᠷᠢᠲᠠᠨ᠎ᠤ ᠠᠵᠢᠯ᠎ᠤᠨ ᠤᠳᠤᠷᠢᠳᠬᠤ ᠳᠤᠭᠤᠢᠯᠠᠩ᠎ᠢ ᠬᠣᠲᠠ᠎ᠶᠢᠨ ᠨᠠᠮ᠎ᠤᠨ ᠬᠣᠷᠢᠶ᠎ᠠ ᠵᠢᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠤᠳᠤᠷᠢᠳᠬᠤ ᠳᠤᠭᠤᠢᠯᠠᠩ᠎ᠳᠤ ᠣᠷᠣᠭᠤᠯᠤᠨ ᠨᠢᠭᠡᠳᠦᠯᠲᠡᠢ ᠲᠦᠯᠦᠪᠵᠢᠭᠦᠯᠦᠨ ᠬᠠᠮᠢᠶᠠᠷᠴᠤ᠂ ᠬᠣᠲᠠ᠎ᠶᠢᠨ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ ᠶᠠᠭ ᠶᠡᠬᠡ ᠳᠡᠭᠡᠳᠦ ᠰᠤᠷᠭᠠᠭᠤᠯᠢ᠎ᠶᠢᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠳᠤ ᠬᠠᠨᠳᠤᠭᠤᠯᠤᠨ《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠳᠡᠳ᠋ ᠶᠡᠷᠦᠩᠬᠡᠢ ᠳᠠᠭᠠᠭᠠᠮᠠᠯ》ᠤ᠋ᠨ ᠲᠥᠯᠥᠪᠯᠡᠭᠡ ᠭᠠᠷᠭᠠᠵᠤ᠂ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ ᠎ᠤ ᠴᠢᠳᠠᠪᠤᠷᠢᠲᠠᠨ ᠡᠴᠡ ᠠᠵᠤ ᠦᠢᠯᠡᠰ᠎ᠦᠨ ᠬᠥᠭᠵᠢᠯᠲᠡ᠎ᠶᠢᠨ ᠰᠢᠨ᠎ᠡ᠎ᠶᠢ ᠡᠭᠦᠳᠬᠦ᠎ᠳᠦ 《ᠠᠷᠭ᠎ᠠ ᠤᠬᠠᠭᠠᠨ ᠭᠠᠷᠭᠠᠬᠤ ᠴᠢᠳᠠᠪᠦᠷᠢᠳᠡᠨ》 ᠪᠤᠯᠵᠦ᠂ ᠠᠵᠤ ᠦᠢᠯᠡᠰ ᠵᠢᠭᠠᠨ ᠰᠤᠷᠭᠠᠯᠲᠠ ᠰᠤᠳᠤᠯᠭᠠᠨ᠎ᠤ ᠭᠦᠨᠵᠡᠭᠡᠢ ᠠᠭᠤᠰᠤᠯᠴᠠᠯ᠎ᠢ ᠠᠬᠢᠭᠤᠯᠵᠤ ᠡᠬᠢᠯᠡᠪᠡ ᠃ ᠴᠢ ᠰᠢᠨ ᠲᠦᠷ ᠴᠠᠭ ᠲᠤᠰᠢᠶᠠᠯ ᠡᠭᠦᠷᠭᠡᠯᠡᠬᠦ ᠲᠥᠯᠥᠪᠯᠡᠭᠡ ᠪᠠ ᠭᠤᠶᠤᠴᠢᠯᠠᠯ᠎ᠤᠨ ᠮᠡᠳᠡᠭᠦᠯᠦᠯᠲᠡ᠎ᠪᠡᠨ ᠳᠡᠪᠰᠢᠭᠦᠯᠵᠦ᠂ ᠰᠢᠯᠢᠨ ᠰᠣᠩᠭᠣᠬᠤ᠎ᠪᠠᠷ ᠳᠠᠮᠵᠢᠭᠠᠳ ᠡᠨᠧᠷᠭᠢ᠎ᠶᠢᠨ ᠮᠧᠬᠠᠨᠢᠭ᠋ ᠪᠣᠯᠪᠠᠰᠤᠷᠠᠭᠤᠯᠬᠤ ᠦᠢᠯᠡᠳᠪᠦᠷᠢ᠎ᠶᠢᠨ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠳᠡᠳ᠋ ᠶᠡᠷᠦᠩᠬᠡᠢ ᠳᠠᠭᠠᠭᠠᠮᠠᠯ》 ᠪᠣᠯᠪᠠ᠃

 ᠦᠢᠯᠡᠳᠪᠦᠷᠢ᠎ᠳᠦ ᠭᠦᠷᠦᠭᠰᠡᠨ᠎ᠦ ᠳᠠᠷᠠᠭ᠎ᠠ ᠲᠡᠷᠡ ᠴᠠᠬᠢᠯᠭᠠᠨ᠎ᠤ ᠠᠦ᠋ᠲ᠋ᠣᠴᠢᠯᠠᠯᠲᠠ᠎ᠶᠢᠨ ᠬᠦᠷᠢᠶᠡᠨ᠎ᠦ ᠲᠤᠰᠬᠠᠢ ᠮᠡᠷᠭᠡᠵᠢᠯᠲᠡᠨ ᠵᠧᠦ ᠷᠦᠩ᠎ᠢ ᠦᠳᠲᠡᠷ ᠲᠦᠷᠭᠡᠨ ᠣᠷᠣᠭᠤᠯᠤᠨ ᠠᠪᠴᠢᠷᠠᠵᠤ᠂ ᠠᠵᠤ ᠠᠬᠤᠢᠯᠠᠯ᠎ᠳᠤ 《ᠣᠷᠳᠣᠰ᠎ᠤᠨ ᠠᠮᠢ ᠠᠬᠤᠢ ᠣᠷᠴᠢᠨ ᠲᠣᠭᠣᠷᠢᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠮᠧᠬᠠᠨᠢᠭ᠋᠎ᠤᠨ ᠵᠢᠷᠤᠭ ᠲᠥᠯᠥᠪᠯᠡᠭᠡ᠎ᠶᠢᠨ ᠰᠤᠳᠤᠯᠤᠨ ᠨᠡᠭᠡᠭᠡᠬᠦ ᠠᠵᠢᠯ᠎ᠤᠨ ᠲᠠᠰᠤᠭ》 ᠢ᠋ ᠪᠠᠢᠭᠤᠯᠵᠤ᠂ ᠳᠡᠭᠡᠳᠦ ᠰᠤᠷᠭᠠᠭᠤᠯᠢ᠎ᠶᠢᠨ ᠲᠤᠰᠬᠠᠢ ᠮᠡᠷᠭᠡᠵᠢᠯᠲᠡᠨ ᠪᠠ ᠠᠵᠤ ᠠᠬᠤᠢᠯᠠᠯ᠎ᠤᠨ ᠮᠡᠷᠭᠡᠵᠢᠯ᠎ᠦᠨ ᠠᠵᠢᠯᠲᠠᠨ᠎ᠢᠶᠠᠷ ᠪᠦᠷᠢᠯᠳᠦᠭᠰᠡᠨ 《ᠬᠠᠲᠤᠨ ᠭᠣᠣᠯ᠎ᠤᠨ ᠶᠡᠬᠡ ᠲᠤᠬᠤᠢ ᠵᠢᠨ ᠤᠷᠤᠨ ᠤ᠋ ᠠᠮᠢ ᠠᠬᠤᠢ᠎ᠶᠢᠨ ᠡᠨᠧᠷᠭᠢ ᠬᠤᠷᠠᠮᠳᠤᠭᠤᠯᠬᠤ ᠲᠣᠨᠣᠭᠯᠠᠯ ᠦᠢᠯᠡᠳᠬᠦ ᠰᠤᠳᠤᠯᠤᠨ ᠨᠡᠭᠡᠭᠡᠬᠦ ᠪᠦᠯᠬᠦᠮ ᠨᠡᠶ᠋ᠢᠲᠡ》 ᠵᠢ ᠪᠠᠢᠭᠤᠯᠵᠤ᠂ ᠠᠵᠤ ᠠᠬᠤᠢᠯᠠᠯ᠎ᠤᠨ ᠦᠢᠯᠡᠳᠪᠦᠷᠢᠯᠡᠯ᠎ᠦᠨ ᠳᠤᠮᠳᠠ ᠲᠤᠯᠭᠠᠷᠠᠭᠰᠠᠨ ᠴᠠᠬᠢᠯᠭᠠᠨ᠎ᠤ ᠠᠦ᠋ᠲ᠋ᠣᠴᠢᠯᠠᠯᠲᠠ᠎ᠶᠢᠨ ᠠᠰᠠᠭᠤᠳᠠᠯ᠎ᠢ ᠰᠢᠢᠳᠪᠦᠷᠢᠯᠡᠵᠦ᠂ ᠠᠵᠤ ᠠᠬᠤᠢᠯᠠᠯ᠎ᠢ ᠬᠠᠪᠰᠤᠷᠤᠨ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢ᠎ᠶᠢ ᠨᠢ ᠳᠡᠭᠡᠭᠰᠢᠯᠡᠭᠦᠯᠪᠡ᠃

 《ᠨᠠᠢᠯᠵᠠᠭᠤᠷ ᠬᠠᠷᠭᠠᠨ᠎ᠠ ᠵᠢ ᠰᠠᠪᠠᠯᠠᠬᠤ ᠮᠠᠰᠢᠨ ᠤ᠋ ᠠᠵᠢᠯᠯᠠᠬᠤ ᠤᠷᠤᠨ ᠪᠠᠢᠷᠢ᠂ ᠲᠠᠰ ᠳᠠᠷᠠᠭᠠᠯᠠᠯ᠎ᠤᠨ ᠲᠠᠯ᠎ᠠ᠎ᠪᠠᠷ ᠵᠢᠭᠠᠬᠠᠨ ᠰᠠᠢᠵᠢᠷᠠᠭᠤᠯᠪᠠᠯ᠂ ᠴᠢᠬᠢ ᠪᠣᠢᠵᠢᠭᠤᠯᠬᠤ᠂ ᠰᠢᠯᠵᠢᠭᠦᠯᠦᠨ ᠵᠠᠢᠯᠠᠬᠤ ᠲᠠᠯ᠎ᠠ᠎ᠪᠠᠷ ᠲᠠᠷᠤᠢ ᠯᠤᠲᠤ ᠶᠡᠬᠡ ᠵᠠᠬ᠎ᠠ ᠳᠡᠯᠭᠡᠭᠦᠷ᠎ᠦᠨ ᠢᠷᠡᠭᠡᠳᠦᠢ᠎ᠲᠠᠢ ᠶᠤᠮ》 ᠭᠡᠵᠦ ᠴᠢ ᠰᠢᠨ ᠲᠠᠨᠢᠯᠴᠠᠭᠤᠯᠬᠤ ᠵᠢᠨ ᠲᠠᠭᠠᠦ  ᠲᠤᠰᠬᠠᠢ ᠮᠡᠷᠭᠡᠵᠢᠯᠲᠡᠨ᠎ᠦ ᠪᠦᠯᠬᠦᠮ᠎ᠲᠠᠢ ᠬᠠᠮᠲᠤ ᠮᠧᠬᠠᠨᠢᠭ᠋ ᠢ᠋ ᠦᠷᠭᠦᠯᠵᠢᠯᠡᠨ ᠰᠠᠢᠵᠢᠷᠠᠭᠤᠯᠬᠤ ᠠᠵᠢᠯ ᠢ᠋ ᠬᠢᠵᠦ ᠪᠠᠢᠪᠠ᠃

  ᠨᠠᠢᠯᠵᠠᠭᠤᠷ ᠬᠠᠷᠭᠠᠨ᠎ᠠ ᠵᠢ ᠰᠠᠪᠠᠯᠠᠬᠤ ᠮᠠᠰᠢᠨ᠎ᠡᠴᠡ ᠭᠠᠳᠠᠨ᠎ᠠ ᠴᠢ ᠰᠢᠨ ᠪᠠᠰᠠ ᠵᠢᠦᠢ ᠨᠸᠩ ᠮᠧᠬᠠᠨᠢᠭ᠋ ᠪᠣᠯᠪᠠᠰᠤᠷᠠᠭᠤᠯᠬᠤ ᠦᠢᠯᠡᠳᠪᠦᠷᠢ᠎ᠶᠢ ᠬᠠᠪᠰᠤᠷᠤᠨ ᠵᠠᠩᠭᠤᠤ ᠡᠪᠡᠰᠦ ᠬᠤᠷᠢᠶᠠᠬᠤ ᠮᠠᠰᠢᠨ᠂ ᠡᠷᠳᠡᠨᠢ ᠰᠢᠰᠢ᠎ᠶᠢᠨ ᠭᠤᠤᠯ ᠢ᠋ ᠤᠬᠢᠶᠠᠬᠤ ᠮᠠᠰᠢᠨ᠎ᠢ ᠲᠡᠭᠦᠯᠳᠡᠷᠵᠢᠭᠦᠯᠦᠭᠰᠡᠨ ᠪᠥᠭᠡᠳ ᠡᠷᠳᠡᠨᠢ ᠰᠢᠰᠢ᠎ᠶᠢᠨ ᠣᠷᠣᠢ ᠵᠢ ᠬᠡᠮᠬᠡᠯᠦᠨ ᠪᠣᠭᠣᠳᠠᠯᠯᠠᠬᠤ ᠮᠠᠰᠢᠨ᠎ᠤ ᠬᠠᠮᠢᠶ᠎ᠠ ᠪᠦᠬᠦᠢ ᠮᠡᠷᠭᠡᠵᠢᠯ᠎ᠢ ᠰᠤᠷᠤᠯᠴᠠᠪᠠ᠃ ᠲᠡᠷᠡ ᠪᠠᠰᠠ ᠰᠤᠷᠭᠠᠭᠤᠯᠢ᠎ᠶᠢᠨ ᠵᠢᠭᠠᠬᠤ ᠮᠠᠲᠧᠷᠢᠶᠠᠯ 《ᠮᠧᠬᠠᠨᠢᠭ᠋᠎ᠤᠨ ᠵᠢᠷᠤᠭ ᠲᠥᠯᠥᠪᠯᠡᠭᠡ᠎ᠶᠢᠨ ᠰᠠᠭᠤᠷᠢ ᠵᠢᠴᠢ ᠲᠦᠷᠦᠯ ᠵᠦᠢᠯᠴᠢᠯᠡᠭᠰᠡᠨ ᠬᠡᠷᠡᠭᠯᠡᠭᠡᠨ᠎ᠦ ᠵᠢᠱ᠌ᠢᠶ᠎ᠡ》 ᠶ᠋ᠢ ᠨᠠᠢᠷᠠᠭᠤᠯᠤᠨ ᠪᠢᠴᠢᠵᠦ᠂ ᠲᠦᠷ ᠴᠠᠭ ᠲᠤᠰᠢᠶᠠᠯ ᠡᠭᠦᠷᠭᠡᠯᠡᠭᠰᠡᠨ ᠲᠤᠷᠰᠢᠯᠭ᠎ᠠ᠎ᠪᠠᠨ ᠳ᠋ᠦᠩᠨᠡᠵᠦ᠂ ᠰᠤᠷᠭᠠᠭᠤᠯᠢ᠎ᠳᠤ ᠪᠠᠢᠭ᠎ᠠ ᠰᠤᠷᠤᠭ᠍ᠴᠢᠳ᠎ᠲᠤ ᠤᠯᠠᠮᠵᠢᠯᠠᠬᠤ᠎ᠪᠠᠷ ᠲᠥᠯᠥᠪᠯᠡᠵᠡᠢ᠃

  ᠣᠷᠳᠣᠰ᠎ᠲᠤ  ᠴᠢ ᠰᠢᠨ ᠰᠢᠬ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠳᠡᠳ᠋ ᠶᠡᠷᠦᠩᠬᠡᠢ ᠳᠠᠭᠠᠭᠠᠮᠠᠯ》11 ᠬᠥᠮᠥᠨ ᠪᠠᠢᠵᠤ᠂ ᠲᠠᠷᠠᠭᠠᠴᠢ᠎ᠶᠢᠨ ᠪᠦᠯᠦᠭ ᠤᠳᠠᠭ᠎ᠠ ᠎ᠶᠢᠨ《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠳᠡᠳ᠋ ᠶᠡᠷᠦᠩᠬᠡᠢ ᠳᠠᠭᠠᠭᠠᠮᠠᠯ》 ᠴᠤ᠌ ᠠᠵᠤ ᠠᠬᠤᠢᠯᠠᠯ᠎ᠳᠤ ᠣᠴᠢᠬᠤ ᠵᠠᠮ᠎ᠳᠠᠭᠠᠨ ᠪᠣᠶ᠃ ᠡᠲᠡᠭᠡᠷ ᠴᠢᠳᠠᠪᠤᠷᠢᠲᠠᠨ ᠨᠢ  ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ᠎ᠢ ᠬᠣᠯᠪᠣᠵᠤ᠂ ᠶᠠᠭ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠬᠥᠭᠵᠢᠬᠦ᠎ᠳᠦ ᠬᠦᠴᠦᠨ ᠴᠢᠳᠠᠯ ᠨᠡᠮᠡᠷᠢᠯᠡᠵᠦ ᠪᠠᠢᠨ᠎ᠠ᠃


  [ᠰᠤᠷᠪᠤᠯᠵᠢᠯᠠᠭ᠍ᠴᠢ᠎ᠶᠢᠨ ᠡᠪᠦᠷ ᠲᠡᠮᠳᠡᠭᠯᠡᠯ]

 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠳᠡᠳ᠋ ᠶᠡᠷᠦᠩᠬᠡᠢ ᠳᠠᠭᠠᠭᠠᠮᠠᠯ》 ᠪᠣᠯ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠬᠥᠭᠵᠢᠭᠦᠯᠬᠦ ᠰᠢᠨ᠎ᠡ᠎ᠶᠢ ᠡᠭᠦᠳᠬᠦ ᠲᠤᠷᠰᠢᠯᠲᠠ ᠮᠥᠨ᠃ ᠣᠷᠳᠣᠰ ᠬᠣᠲᠠ ᠨᠢ ᠬᠤᠳᠠ ᠵᠢᠨ ᠬᠠᠷᠢᠶᠠᠲᠤ ᠲᠤᠰᠬᠠᠢ ᠮᠡᠷᠭᠡᠵᠢᠯ᠎ᠦᠨ ᠠᠩᠭᠢ᠂ ᠵᠢᠩᠬᠢᠨᠢ ᠠᠩᠭᠢ᠎ᠶᠢᠨ ᠶᠡᠬᠡ ᠳᠡᠭᠡᠳᠦ ᠰᠤᠷᠭᠠᠭᠤᠯᠢ ᠵᠢᠨ ᠥᠪᠡᠷᠲᠡᠭᠡᠨ ᠵᠠᠰᠠᠬᠤ ᠣᠷᠣᠨ᠂ ᠬᠣᠲᠠ᠎ᠶᠢᠨ ᠲᠠᠰ᠎ᠤᠨ ᠳᠡᠭᠡᠳᠦ ᠲᠠᠰ᠎ᠤᠨ ᠴᠢᠳᠠᠪᠤᠷᠢᠲᠠᠨ᠎ᠢᠶᠠᠷ ᠦᠨᠡᠯᠡᠭᠳᠡᠭᠰᠡᠨ 110 ᠬᠥᠮᠥᠨ᠎ᠦ ᠳᠣᠲᠣᠷ᠎ᠠ᠎ᠡᠴᠡ ᠰᠢᠯᠢᠳᠡᠭ᠎ᠢ ᠨᠢ ᠰᠣᠩᠭᠣᠨ ᠲᠣᠮᠢᠯᠠᠵᠤ ᠠᠵᠤ ᠠᠬᠤᠢᠯᠠᠯ᠎ᠳᠤ ᠣᠴᠢᠭᠤᠯᠤᠨ ᠲᠦᠷ ᠴᠠᠭ ᠲᠤᠰᠢᠶᠠᠯ ᠡᠭᠦᠷᠭᠡᠯᠡᠭᠦᠯᠵᠦ᠂ ᠨᠢᠭᠡᠨᠲᠡ 10 ᠭᠠᠷᠤᠢ ᠠᠵᠤ ᠠᠬᠤᠢᠯᠠᠯ᠎ᠢ ᠬᠠᠪᠰᠤᠷᠤᠨ ᠴᠠᠬᠢᠯᠭᠠᠨ ᠬᠦᠴᠦᠨ᠎ᠦ ᠬᠠᠩᠭᠠᠯᠭ᠎ᠠ᠂ ᠲᠠᠷᠢᠶᠠᠯᠠᠩ᠎ᠤᠨ ᠡᠪᠡᠳᠴᠢᠨ ᠬᠣᠷᠣᠬᠠᠢ᠎ᠶᠢᠨ ᠬᠥᠨᠥᠭᠡᠯ᠎ᠢ ᠰᠡᠷᠭᠡᠢᠯᠡᠨ ᠡᠵᠡᠮᠳᠡᠬᠦ᠂ ᠰᠢᠨ᠎ᠡ ᠡᠨᠧᠷᠭᠢ᠎ᠶᠢᠨ ᠨᠥᠭᠡᠴᠡ ᠡᠨᠧᠷᠭᠢ᠂ ᠲᠣᠭᠠᠴᠢᠯᠠᠭᠰᠠᠨ ᠡᠵᠡᠮᠰᠢᠯ᠎ᠦᠨ ᠮᠡᠷᠭᠡᠵᠢᠯ ᠬᠢᠭᠡᠳ ᠮᠧᠬᠠᠨᠢᠭ᠋᠎ᠤᠨ ᠵᠢᠷᠤᠭ ᠲᠥᠯᠥᠪᠯᠡᠭᠡ ᠦᠢᠯᠡᠳᠬᠦ ᠵᠡᠷᠭᠡ ᠮᠡᠷᠭᠡᠵᠢᠯ᠎ᠦᠨ 30 ᠭᠠᠷᠤᠢ ᠬᠦᠴᠢᠷ ᠠᠰᠠᠭᠤᠳᠠᠯ ᠎ᠢ ᠰᠢᠢᠳᠪᠦᠷᠢᠯᠡᠵᠦ᠂ ᠭᠣᠣᠯᠳᠠᠯᠭ᠎ᠠ᠎ᠲᠠᠢ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦ᠎ᠳᠦ ᠬᠦᠴᠦᠷᠬᠡᠭ ᠶᠡᠬᠡ ᠬᠥᠳᠡᠯᠭᠡᠬᠦ ᠡᠨᠧᠷᠭᠢ ᠨᠡᠮᠡᠷᠢᠯᠡᠪᠡ᠃

ᠴᠢ ᠰᠢᠨ ᠵᠡᠷᠭᠡ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠳᠡᠳ᠋ ᠶᠡᠷᠦᠩᠬᠡᠢ ᠳᠠᠭᠠᠭᠠᠮᠠᠯ》 ᠤ᠋ᠨ ᠠᠵᠢᠯ ᠤ᠋ᠨ ᠲᠤᠮᠳᠠ ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》ᠠᠵᠢᠯ᠎ᠤᠨ ᠪᠠᠢᠷᠢᠯᠠᠭᠤᠯᠤᠯᠲᠠ᠎ᠳᠠᠬᠢ 《ᠭᠠᠵᠠᠷ ᠣᠷᠣᠨ ᠎ᠤ ᠪᠠᠢᠳᠠᠯ᠎ᠳᠠᠭᠠᠨ ᠲᠣᠬᠢᠷᠠᠭᠤᠯᠤᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠎ᠦᠨ ᠪᠡᠶ᠎ᠡ ᠎ᠪᠡᠨ ᠳᠠᠭᠠᠭᠠᠵᠤ ᠬᠦᠴᠦᠷᠬᠡᠭᠵᠢᠭᠦ᠎ᠶᠢ ᠲᠦᠷᠭᠡᠳᠬᠡᠬᠦ》 ᠴᠢᠳᠠᠪᠤᠷᠢᠲᠠᠨ᠎ᠤ ᠲᠤᠯᠭᠠᠭᠤᠷᠢᠯᠠᠯ᠎ᠢ ᠣᠯᠵᠤ ᠬᠠᠷᠠᠵᠤ ᠪᠣᠯᠣᠨ᠎ᠠ᠃ ᠨᠠᠮ᠎ᠤᠨ ᠪᠠᠢᠭᠤᠯᠤᠯᠲᠠ᠎ᠶᠢᠨ ᠠᠵᠢᠯ ᠶᠠᠭ ᠠᠵᠤ ᠠᠬᠤᠢᠯᠠᠯ ᠎ᠤᠨ ᠬᠥᠭᠵᠢᠯᠲᠡ᠎ᠶᠢ ᠬᠥᠲᠥᠯᠥᠨ ᠳᠠᠭᠠᠭᠤᠯᠬᠤ 《ᠬᠤᠪᠢᠰᠬᠠᠯᠳᠤ ᠬᠥᠳᠡᠯᠭᠡᠭᠦᠷ》 ᠪᠣᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号