ᠦᠪᠦᠷ ᠮᠤᠡᠭᠭᠤᠯ ᠤ᠋ᠨ ᠦᠪᠡᠷᠲᠡᠭᠡᠨ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠡᠴᠡ ᠤᠢᠯᠠᠭᠠᠭᠰᠠᠨ ᠢ᠋ᠢᠡᠷ᠂ ᠮᠠᠨ ᠤ᠋ ᠣᠷᠣᠨ ᠤ᠋ ᠵᠠᠰᠠᠮᠠᠯ ᠵᠠᠮ ᠤ᠋ᠨ 93 ᠲᠥᠷᠥᠯ ᠵᠦᠢᠯ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠶᠠᠮᠤᠨ ᠤ᠋ 《ᠵᠠᠰᠠᠮᠠᠯ ᠵᠠᠮ ᠤ᠋ᠨ ᠬᠥᠭᠵᠢᠬᠦᠯᠦᠯᠲᠡ ᠢ᠋ᠢᠨ〈ᠠᠷᠪᠠᠨ ᠲᠠᠪᠤᠳᠤᠭᠠᠷ ᠲᠠᠪᠤᠨ ᠵᠢᠯ〉ᠤ᠋ᠨ ᠲᠥᠯᠥᠪᠵᠢᠭᠦᠯᠭᠡ》 ᠳ᠋ᠤ ᠣᠷᠣᠵᠤ᠂ ᠶᠡᠷᠦᠩᠬᠡᠶ ᠪᠠᠯᠠ ᠣᠷᠣᠭᠤᠯᠤᠯᠲᠠ ᠨᠢ 1812 ᠳ᠋ᠦᠩᠰᠢᠭᠤᠷ ᠲᠥᠭᠥᠷᠢᠭ ᠲᠦ᠍ ᠬᠦᠷᠬᠦ ᠪᠤᠯᠤᠨ᠎ᠠ᠃ ᠡᠭᠦᠨ ᠳ᠋ᠤ ᠤᠯᠤᠰ ᠤ᠋ᠨ ᠲᠦᠷᠭᠡᠨ ᠤ᠋ ᠵᠠᠰᠠᠮᠠᠯ ᠵᠠᠮ ᠤ᠋ᠨ ᠲᠥᠷᠥᠯ ᠵᠦᠢᠯ 10 ᠪᠠᠶ᠋ᠢᠵᠤ ᠂ ᠶᠡᠷᠦᠩᠬᠡᠢ ᠵᠠᠮ ᠤ᠋ᠨ ᠣᠷᠳᠣ ᠨᠢ 858 ᠺᠢᠯᠣᠮᠧᠲ᠋ᠷ ᠪᠠᠶ᠋ᠢᠵᠤ᠂ ᠶᠡᠷᠦᠩᠬᠡᠶ ᠪᠠᠯᠠ ᠣᠷᠣᠭᠤᠯᠤᠯᠲᠠ ᠨᠢ 421 ᠳ᠋ᠦᠩᠰᠢᠭᠤᠷ ᠲᠥᠭᠥᠷᠢᠭ ᠲᠦ᠍ ᠬᠦᠷᠤᠨ᠎ᠠ; ᠡᠩ ᠤ᠋ᠨ ᠤᠯᠤᠰ ᠤ᠋ᠨ ᠵᠠᠰᠠᠮᠠᠯ ᠵᠠᠮ ᠤ᠋ᠨ ᠲᠥᠷᠥᠯ ᠵᠦᠢᠯ 83 ᠪᠠᠶ᠋ᠢᠵᠤ᠂ ᠶᠡᠷᠤᠩᠬᠡᠢ ᠵᠠᠮ ᠤ᠋ᠨ ᠤᠷᠲᠤ ᠨᠢ 6559 ᠺᠢᠯᠣᠮᠧᠲᠷ ᠪᠠᠶ᠋ᠢᠵᠤ᠂ ᠶᠡᠷᠦᠩᠬᠡᠶ ᠪᠡᠯᠡ ᠣᠷᠣᠭᠤᠯᠤᠯᠲᠠ ᠨᠢ 1391 ᠳ᠋ᠦᠩᠰᠢᠭᠤᠷ ᠲᠥᠭᠥᠷᠢᠭ ᠲᠦ᠍ ᠬᠦᠷᠦᠨ᠎ᠠ᠃
ᠡᠨᠡ ᠵᠢᠯ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠶᠠᠮᠤᠨᠯᠤᠭᠠ ᠢ᠋ᠢᠨ ᠵᠣᠯᠭᠠᠯᠴᠠᠭ᠎ᠠ ᠨᠡᠪᠲᠡᠷᠡᠯᠴᠡᠭᠡ ᠪᠡᠨ ᠴᠢᠨᠠᠭᠰᠢᠳᠠ ᠴᠢᠩᠭᠠᠳᠬᠠᠪᠠ᠃ ᠤᠯᠤᠰ ᠤ᠋ᠨ ᠵᠠᠰᠠᠮᠠᠯ ᠵᠠᠮ ᠤ᠋ᠨ ᠬᠥᠭᠵᠢᠬᠦᠯᠦᠯᠲᠡ ᠢ᠋ᠢᠨ《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠳ᠋ᠤ ᠤᠷᠤᠭᠰᠠᠨ ᠡᠳᠡᠬᠡᠷ ᠲᠥᠷᠥᠯ ᠵᠦᠢᠯ ᠨᠢ ᠮᠠᠨ ᠤ᠋ ᠣᠷᠣᠨ ᠤ᠋ ᠲᠥᠪ ᠤ᠋ᠨ ᠪᠠᠯᠠ ᠮᠥᠩᠭᠥ ᠢ᠋ᠢᠨ ᠳᠡᠮᠵᠢᠯᠭᠡ ᠢ᠋ᠢ ᠤᠯᠬᠤ ᠳ᠋ᠤ ᠪᠠᠲᠤᠯᠠᠭ᠎ᠠ ᠬᠠᠩᠭᠠᠨ᠂ ᠦᠪᠤᠷ ᠮᠤᠩᠭᠤᠯ ᠤ᠋ᠨ ᠵᠠᠮ ᠬᠠᠷᠢᠯᠴᠠᠭᠠᠨ ᠤ᠋ ᠰᠠᠭᠤᠷᠢ ᠲᠦᠬᠦᠭᠡᠷᠦᠮᠵᠢ ᠢ᠋ᠢᠨ ᠳᠤᠲᠠᠭᠤᠳᠠᠯ ᠢ᠋ ᠨᠥᠬᠥᠪᠥᠷᠢᠯᠡᠵᠦ᠍᠂ ᠵᠠᠰᠠᠮᠠᠯ ᠵᠠᠮ ᠤ᠋ᠨ ᠲᠤᠤᠷ ᠤ᠋ᠨ ᠪᠠᠶ᠋ᠢᠷᠢᠰᠢᠭᠤᠯᠤᠯᠲᠠ ᠢ᠋ᠢ ᠰᠢᠯᠢᠳᠡᠭᠵᠢᠭᠦᠯᠦᠨ᠂ ᠮᠤᠵᠢ ᠢ᠋ᠢᠨ ᠬᠣᠭᠣᠷᠣᠨᠳᠣᠬᠢ ᠠᠵᠤ ᠦᠢᠯᠡᠰ ᠤ᠋ᠨ ᠡᠬᠢ ᠪᠠᠶᠠᠯᠢᠭ ᠤ᠋ᠨ ᠨᠡᠪᠲᠡᠷᠡᠬᠦ᠌ ᠵᠠᠮ ᠢ᠋ ᠰᠢᠯᠤᠭᠤᠳᠬᠠᠵᠤ᠂ ᠳᠤᠮᠳᠠᠳᠤ ᠤᠯᠤᠰ(ᠥᠪᠥᠷ ᠮᠣᠩᠭᠣᠯ)ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠪᠥᠲᠥᠭᠡᠨ ᠪᠠᠶ᠋ᠢᠭᠤᠯᠤᠯᠲᠠ ᠳ᠋ᠤ ᠦᠢᠯᠡᠴᠢᠯᠡᠬᠦ ᠳ᠋ᠤ ᠬᠦᠴᠦᠲᠡᠶ ᠲᠤᠯᠭᠠᠭᠤᠷᠢᠯᠠᠯ ᠬᠠᠩᠭᠠᠬᠤ ᠪᠤᠯᠤᠨ᠎ᠠ᠃
《ᠪᠢᠳᠡ ᠤᠯᠤᠰ ᠤ᠋ᠨ ᠲᠥᠷᠥ ᠢ᠋ᠢᠨ ᠪᠣᠳᠣᠯᠭ᠎ᠠ ᠢ᠋ᠢᠨ ᠴᠤᠩᠬᠤᠪᠴᠢ ᠬᠤᠭᠤᠴᠠᠭ᠎ᠠ ᠢ᠋ᠢ ᠴᠢᠩᠭ᠎ᠠ ᠠᠳᠬᠤᠵᠤ᠂ ᠠᠵᠢᠯ ᠤ᠋ᠨ ᠬᠠᠷᠢᠭᠤᠴᠠᠯᠭ᠎ᠠ ᠢ᠋ᠢ ᠪᠣᠳᠠᠲᠠᠶ᠋ᠢᠵᠢᠭᠤᠯᠤᠨ᠂ ᠠᠬᠢᠭᠤᠯᠬᠤ ᠠᠷᠭ᠎ᠠ ᠬᠡᠮᠵᠢᠶ᠎ᠡ ᠢ᠋ᠢ ᠨᠠᠷᠢᠯᠢᠬᠵᠢᠭᠤᠯᠵᠤ᠂ ᠲᠦᠷᠢᠮ ᠲᠣᠭᠲᠠᠭᠠᠯ ᠳ᠋ᠤ ᠣᠷᠣᠭᠤᠯᠬᠤ ᠲᠥᠷᠥᠯ ᠵᠦᠢᠯ ᠤ᠋ᠨ ᠡᠮᠦᠨᠡᠬᠢ ᠬᠤᠭᠤᠴᠠᠭᠠᠨ ᠤ᠋ ᠭᠠᠷᠳᠠᠮ ᠢ᠋ ᠲᠦᠷᠭᠡᠳᠬᠡᠨ ᠠᠬᠢᠭᠤᠯᠵᠤ᠂ ᠲᠥᠪ ᠤ᠋ᠨ ᠪᠠᠯᠠ ᠮᠥᠩᠭᠥ᠌ ᠪᠠ ᠲᠥᠷᠥ ᠢ᠋ᠢᠨ ᠪᠣᠳᠣᠯᠭ᠎ᠠ ᠢ᠋ᠢᠨ ᠳᠡᠮᠵᠢᠯᠭᠡ ᠢ᠋ᠢ ᠦᠷᠭᠦᠯᠵᠢᠯᠡᠨ ᠣᠯᠵᠤ᠂ ᠲᠥᠷᠥᠯ ᠵᠦᠢᠯ ᠤ᠋ᠳ ᠢ᠋ ᠡᠷᠲᠡᠬᠡᠨ ᠨᠠᠶ᠋ᠢᠳᠠᠪᠤᠷᠢᠵᠢᠭᠤᠯᠬᠤ ᠢ᠋ᠢ ᠠᠬᠢᠭᠤᠯᠤᠨ᠎ᠠ》ᠭᠡᠵᠤ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠤ᠋ᠨ ᠬᠣᠯᠪᠣᠭᠳᠠᠯ ᠪᠥᠬᠥᠶ ᠬᠠᠷᠢᠭᠤᠴᠠᠯᠭᠠᠲᠠᠨ ᠢᠯᠡᠷᠬᠡᠢᠯᠠᠪᠠ᠃