ᠲᠦᠷᠦᠬᠦᠬᠡᠨ᠂ ᠥᠪᠡᠷᠲᠡᠭᠡᠨ ᠵᠠᠰᠠᠬᠤ ᠣᠷᠣᠨ᠎ᠤ ᠠᠩᠬᠠᠳᠤᠭᠠᠷ ᠬᠤᠭᠤᠴᠠᠭᠠᠨ᠎ᠤ ᠣᠨᠴᠠᠭᠠᠢ ᠰᠤᠷᠭᠠᠨ ᠬᠥᠮᠦᠵᠢᠯ᠎ᠦᠨ ᠰᠤᠷᠭᠠᠭᠤᠯᠢ᠎ᠶᠢᠨ ᠵᠠᠬᠢᠷᠤᠯ᠎ᠤᠨ ᠶᠠᠷᠢᠶᠠᠨ᠎ᠤ ᠲᠠᠪᠴᠠᠩ ᠵᠢᠴᠢ ᠣᠨᠴᠠᠭᠠᠢ ᠰᠤᠷᠭᠠᠨ ᠬᠥᠮᠦᠵᠢᠯ᠎ᠦᠨ ᠲᠤᠰᠬᠠᠢ ᠮᠡᠷᠭᠡᠵᠢᠯ᠎ᠦᠨ ᠰᠢᠨ᠎ᠡ ᠨᠡᠢᠭᠡᠮ᠎ᠦᠨ ᠰᠢᠨᠵᠢᠯᠡᠬᠦ ᠤᠬᠠᠭᠠᠨ᠎ᠤ ᠪᠠᠢᠭᠤᠯᠤᠯᠲᠠ᠎ᠶᠢᠨ ᠰᠤᠳᠤᠯᠤᠨ ᠶᠠᠷᠢᠯᠴᠠᠬᠤ ᠬᠤᠷᠠᠯ ᠬᠥᠬᠡᠬᠣᠲᠠ᠎ᠳᠤ ᠶᠠᠪᠤᠭᠳᠠᠪᠠ᠃
ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠵᠢᠯᠤᠭᠣᠳᠴᠤ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠳᠡᠭᠡᠳᠦ ᠰᠤᠷᠭᠠᠭᠤᠯᠢ᠎ᠡᠴᠡ ᠭᠣᠣᠯᠯᠠᠨ ᠡᠷᠭᠢᠯᠡᠵᠦ᠂ 《ᠰᠢᠨ᠎ᠡ ᠴᠠᠭ ᠦᠶ᠎ᠡ᠎ᠶᠢᠨ ᠣᠷᠣᠨ ᠪᠦᠰᠡ᠎ᠶᠢᠨ ᠣᠨᠴᠠᠭᠠᠶ ᠰᠤᠷᠭᠠᠨ ᠬᠥᠮᠦᠵᠢᠯ᠎ᠦᠨ ᠰᠤᠷᠭᠠᠭᠤᠯᠢ᠎ᠶᠢᠨ ᠴᠢᠨᠠᠷ ᠰᠠᠢᠲᠠᠢ ᠬᠥᠭᠵᠢᠯᠲᠡ》 ᠪᠡᠷ ᠭᠣᠣᠯ ᠰᠡᠳᠦᠪ ᠪᠣᠯᠭᠠᠵᠤ᠂ ᠪᠥᠬᠥ ᠣᠷᠣᠨ᠎ᠤ ᠣᠨᠴᠠᠭᠠᠶ ᠰᠤᠷᠭᠠᠨ ᠬᠥᠮᠦᠵᠢᠯ᠎ᠦᠨ ᠦᠢᠯᠡᠰ᠎ᠲᠦ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ᠎ᠪᠡᠷ ᠵᠣᠷᠢᠯᠭ᠎ᠠ ᠪᠣᠯᠭᠠᠭᠰᠠᠨ ᠪᠠᠢᠨ᠎ᠠ᠃ ᠣᠷᠣᠨ᠎ᠤ ᠳᠣᠲᠣᠨ᠎ᠠ ᠭᠠᠳᠠᠨᠠᠬᠢ ᠶᠡᠬᠡ ᠳᠡᠭᠡᠳᠦ ᠰᠤᠷᠭᠠᠭᠤᠯᠢ᠎ᠶᠢᠨ ᠣᠨᠴᠠᠭᠠᠶ ᠰᠤᠷᠭᠠᠨ ᠬᠥᠮᠦᠵᠢᠯ᠎ᠦᠨ ᠲᠤᠰᠬᠠᠢ ᠮᠡᠷᠭᠡᠵᠢᠯ᠎ᠦᠨ ᠳᠡᠭᠡᠳᠦ ᠰᠤᠷᠭᠠᠭᠤᠯᠢ ᠵᠢᠴᠢ ᠣᠨᠴᠠᠭᠠᠶ ᠰᠤᠷᠭᠠᠨ ᠬᠥᠮᠦᠵᠢᠯ᠎ᠦᠨ ᠰᠤᠷᠭᠠᠭᠤᠯᠢ᠂ ᠡᠩ᠎ᠦᠨ ᠳᠤᠮᠳᠠᠳᠤ ᠪᠠᠭ᠎ᠠ ᠰᠤᠷᠭᠠᠭᠤᠯᠢ ᠵᠢᠴᠢ ᠬᠡᠦᠬᠡᠳ᠎ᠦᠨ ᠴᠡᠴᠡᠷᠯᠢᠭ᠂ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶᠢᠨ ᠰᠤᠳᠤᠯᠭᠠᠨ᠎ᠤ ᠲᠥᠪ᠎ᠦᠨ 130 ᠭᠠᠷᠤᠢ ᠲᠥᠯᠥᠭᠡᠯᠡᠭᠴᠢ ᠣᠷᠣᠯᠴᠠᠵᠠᠢ᠃
ᠭᠣᠣᠯ ᠵᠣᠷᠢᠯᠲᠠᠳᠤ ᠮᠡᠳᠡᠭᠦᠯᠦᠯᠲᠡ᠎ᠶᠢᠨ ᠭᠣᠭᠴᠣᠭ᠎ᠠ᠎ᠳᠤ᠂ ᠨᠠᠨᠵᠢᠩ᠎ᠤᠨ ᠣᠨᠴᠠᠭᠠᠶ ᠰᠤᠷᠭᠠᠨ ᠬᠥᠮᠦᠵᠢᠯ᠎ᠦᠨ ᠪᠠᠭ᠍ᠰᠢ᠎ᠶᠢᠨ ᠳᠡᠭᠡᠳᠦ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ ᠵᠢ ᠰᠤᠳᠤᠯᠬᠤ ᠲᠠᠰᠤᠭ ᠵᠡᠷᠭᠡ ᠨᠢᠭᠡᠴᠢ᠎ᠶᠢᠨ 4 ᠲᠤᠰᠬᠠᠢ ᠮᠡᠷᠭᠡᠵᠢᠯᠲᠡᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠤᠷᠭᠠᠨ ᠬᠥᠮᠦᠵᠢᠯ᠎ᠦᠨ ᠪᠠᠢᠳᠠᠯ ᠡᠭᠦᠷᠭᠡ᠂ ᠣᠨᠴᠠᠭᠠᠶ ᠰᠤᠷᠭᠠᠨ ᠬᠥᠮᠦᠵᠢᠯ᠎ᠦᠨ ᠰᠤᠷᠭᠠᠭᠤᠯᠢ᠎ᠶᠢᠨ ᠬᠡᠯᠪᠡᠷᠢ᠎ᠪᠡᠨ ᠬᠤᠪᠢᠷᠠᠭᠤᠯᠬᠤ ᠠᠷᠭ᠎ᠠ ᠵᠠᠮ᠂ ᠥᠪᠥᠷ ᠮᠣᠩᠭᠣᠯ᠎ᠤᠨ ᠣᠨᠴᠠᠭᠠᠶ ᠰᠤᠷᠭᠠᠨ ᠬᠥᠮᠦᠵᠢᠯ᠎ᠦᠨ ᠬᠥᠭᠵᠢᠯᠲᠡ᠎ᠶᠢᠨ ᠣᠳᠣᠬᠢ ᠪᠠᠢᠳᠠᠯ ᠬᠢᠭᠡᠳ ᠶᠠᠰᠤ ᠴᠢᠨᠠᠷ᠎ᠢ ᠳᠡᠭᠡᠭᠰᠢᠯᠡᠭᠦᠯᠬᠦ ᠠᠷᠭ᠎ᠠ ᠪᠣᠳᠣᠯᠭ᠎ᠠ ᠵᠡᠷᠭᠡ ᠠᠭᠤᠯᠭ᠎ᠠ᠎ᠶᠢᠨ ᠲᠣᠭᠣᠷᠢᠨ᠎ᠳᠤ ᠲᠠᠢᠯᠤᠮᠵᠢ ᠬᠢᠵᠦ᠂ ᠪᠥᠬᠥ ᠣᠷᠣᠨ᠎ᠤ ᠣᠨᠴᠠᠭᠠᠶ ᠰᠤᠷᠭᠠᠨ ᠬᠥᠮᠦᠵᠢᠯ᠎ᠦᠨ ᠬᠥᠭᠵᠢᠯᠲᠡ᠎ᠶᠢᠨ ᠴᠢᠭᠯᠡᠯ᠎ᠢ ᠲᠣᠳᠣᠷᠬᠠᠢ ᠪᠣᠯᠭᠠᠪᠠ᠃ ᠲᠤᠭᠤᠷᠢᠭ ᠰᠢᠷᠡᠭᠡᠨ᠎ᠦ ᠶᠠᠷᠢᠶᠠᠨ᠎ᠤ ᠲᠠᠪᠴᠠᠩ ᠳ᠋ᠤ᠂ ᠰᠢᠨᠵᠢᠶᠠᠩ᠎ᠤᠨ ᠪᠠᠭ᠍ᠰᠢ᠎ᠶᠢᠨ ᠶᠡᠬᠡ ᠰᠤᠷᠭᠠᠭᠤᠯᠢ᠂ ᠬᠤᠸᠠᠳᠦ᠋ᠩ᠎ᠦᠨ ᠪᠠᠭ᠍ᠰᠢ᠎ᠶᠢᠨ ᠶᠡᠬᠡ ᠰᠤᠷᠭᠠᠭᠤᠯᠢ᠂ ᠪᠡᠭᠡᠵᠢᠩ ᠬᠤᠳᠠ᠎ᠶᠢᠨ ᠬᠠᠷᠠᠭ᠎ᠠ ᠪᠠᠨ ᠠᠯᠳᠠᠭᠰᠠᠳ᠎ᠤᠨ ᠰᠤᠷᠭᠠᠭᠤᠯᠢ ᠵᠡᠷᠭᠡ ᠰᠤᠷᠭᠠᠭᠤᠯᠢ᠎ᠶᠢᠨ ᠲᠤᠰᠬᠠᠢ ᠮᠡᠷᠭᠡᠵᠢᠯᠲᠡᠨ ᠡᠷᠳᠡᠮᠲᠡᠨ ᠡᠴᠡ ᠰᠢᠨ᠎ᠡ ᠴᠠᠭ ᠦᠶ᠎ᠡ᠎ᠶᠢᠨ ᠣᠨᠴᠠᠭᠠᠢ ᠰᠤᠷᠭᠠᠨ ᠬᠥᠮᠦᠵᠢᠯ᠎ᠦᠨ ᠦᠢᠯᠡᠰ᠎ᠦᠨ ᠴᠢᠨᠠᠷ ᠰᠠᠢᠲᠠᠢ ᠬᠥᠭᠵᠢᠯᠲᠡ ᠲᠠᠢ ᠨᠢᠭ᠍ᠲᠠ ᠤᠶᠠᠯᠳᠤᠭᠤᠯᠵᠤ᠂ ᠬᠣᠰᠢᠭᠤᠷᠠᠯ ᠣᠢᠯᠠᠭᠠᠭᠳᠠᠬᠤᠨ᠎ᠢᠶᠠᠨ ᠰᠣᠯᠢᠯᠴᠠᠵᠤ᠂ ᠦᠢᠯᠡᠳᠦᠯᠭᠡ᠎ᠶᠢᠨ ᠲᠤᠷᠰᠢᠯᠭ᠎ᠠ᠎ᠪᠠᠨ ᠬᠤᠪᠢᠶᠠᠯᠴᠠᠵᠤ᠂ ᠬᠥᠭᠵᠢᠯᠲᠡ᠎ᠶᠢᠨ ᠰᠠᠢᠨ ᠠᠷᠭ᠎ᠠ ᠪᠣᠳᠣᠯᠭ᠎ᠠ᠎ᠶᠢ ᠬᠠᠮᠲᠤ ᠪᠠᠷ ᠵᠥᠪᠳᠡᠪᠡ᠃ ᠬᠤᠪᠢᠶᠠᠷᠢ ᠶᠠᠷᠢᠶᠠᠨ᠎ᠤ ᠲᠠᠪᠴᠠᠩ᠎ᠳᠤ ᠲᠠᠪᠤᠨ ᠵᠡᠷᠭᠡᠴᠡᠭᠡ ᠬᠤᠷᠠᠯ᠎ᠤᠨ ᠲᠠᠯᠠᠪᠠᠢ᠎ᠶᠢ ᠲᠣᠬᠢᠷᠠᠭᠤᠯᠵᠤ᠂ ᠣᠷᠣᠨ᠎ᠤ ᠳᠣᠲᠣᠷ᠎ᠠ ᠭᠠᠳᠠᠨᠠᠬᠢ ᠣᠨᠴᠠᠭᠠᠢ ᠰᠤᠷᠭᠠᠨ ᠬᠥᠮᠦᠵᠢᠯ᠎ᠦᠨ ᠬᠦᠷᠢᠶᠡᠨ᠎ᠦ 47 ᠭᠣᠣᠯᠯᠠᠭ᠍ᠴᠢ ᠬᠦᠴᠦᠨ ᠣᠨᠴᠠᠭᠠᠢ ᠰᠤᠷᠭᠠᠨ ᠬᠥᠮᠦᠵᠢᠯ᠎ᠦᠨ ᠬᠥᠭᠵᠢᠯᠲᠡ᠎ᠶᠢᠨ ᠪᠦᠬᠦ ᠬᠡᠯᠬᠢᠶ᠎ᠡ᠎ᠶᠢᠨ ᠵᠠᠩᠭᠢᠯᠠᠭ᠎ᠠ᠎ᠶᠢᠨ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠦᠨ ᠰᠤᠳᠤᠯᠤᠨ ᠶᠠᠷᠢᠯᠴᠠᠪᠠ᠃
ᠬᠣᠶᠠᠷ ᠡᠳᠦᠷ᠎ᠦᠨ ᠬᠤᠭᠤᠴᠠᠭ᠎ᠠ᠎ᠲᠠᠢ ᠬᠤᠷᠠᠯ᠎ᠳ᠋ᠤ ᠪᠠᠰᠠ ᠬᠦᠬᠡᠬᠤᠳᠠ ᠵᠢᠨ ᠤᠨᠴᠠᠭᠠᠢ ᠰᠤᠷᠭᠠᠨ ᠬᠦᠮᠦᠵᠢᠯ᠎ᠤᠨ ᠪᠠᠭᠰᠢ ᠦᠵᠡᠬᠦᠯᠬᠡ ᠵᠢᠨ ᠬᠢᠴᠢᠶᠡᠯ ᠤᠷᠤᠬᠤ ᠵᠢᠨ ᠳᠠᠭᠠᠤ ᠤᠨᠴᠠᠭᠠᠢ ᠰᠤᠷᠭᠠᠨ ᠬᠦᠮᠦᠵᠢᠯ᠎ᠤᠨ ᠪᠠᠭᠰᠢ ᠵᠢᠨ ᠰᠤᠷᠭᠠᠭᠤᠯᠢ ᠵᠢᠨ ᠰᠤᠷᠤᠭᠴᠢ ᠵᠢ ᠬᠦᠮᠦᠵᠢᠬᠦᠯᠬᠦ ᠶᠠᠷᠢᠯᠴᠠᠬᠤ ᠬᠤᠷᠠᠯ ᠬᠢᠵᠦ 《ᠣᠨᠴᠠᠭᠠᠶ ᠰᠤᠷᠭᠠᠨ ᠬᠥᠮᠦᠵᠢᠯ᠎ᠦᠨ ᠪᠠᠭ᠍ᠰᠢ᠎ᠶᠢ ᠬᠥᠮᠥᠵᠢᠭᠦᠯᠬᠦ ᠪᠠ ᠠᠵᠢᠯ᠎ᠤᠨ ᠪᠠᠢᠷᠢ᠎ᠶᠢᠨ ᠬᠡᠷᠡᠭᠴᠡᠭᠡ ᠱᠠᠭᠠᠷᠳᠠᠯᠭ᠎ᠠ᠎ᠶᠢ ᠵᠣᠯᠭᠠᠭᠤᠯᠬᠤ》᠂ 《ᠣᠨᠴᠠᠭᠠᠶ ᠰᠤᠷᠭᠠᠨ ᠬᠥᠮᠦᠵᠢᠯ᠎ᠦᠨ ᠰᠢᠨ᠎ᠡ ᠨᠡᠢᠭᠡᠮ᠎ᠦᠨ ᠰᠢᠨᠵᠢᠯᠡᠬᠦ ᠤᠬᠠᠭᠠᠨ᠎ᠤ ᠪᠠᠢᠭᠤᠯᠤᠯᠲᠠ》 ᠭᠡᠬᠦ ᠬᠣᠶᠠᠷ ᠶᠡᠬᠡ ᠭᠣᠣᠯ ᠰᠡᠳᠦᠪ᠎ᠦᠨ ᠲᠣᠭᠣᠷᠢᠨ᠎ᠳᠤ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ᠎ᠤ ᠬᠠᠮᠵᠢᠯᠴᠠᠭ᠎ᠠ᠎ᠶᠢ ᠠᠬᠢᠭᠤᠯᠪᠠ᠃