ᠰᠠᠢᠬᠠᠨ ᠲᠣᠭᠣᠷᠢᠭ᠋᠎ᠤᠨ ᠠᠩᠬᠠᠳᠤᠭᠠᠷ ᠬᠤᠭᠤᠴᠠᠭᠠᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠨᠠᠢᠷ ᠪᠤᠯᠤᠯ᠎ᠠ
2026-07-13 15:28:12
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠰᠤᠷᠭᠠᠨ ᠬᠥᠮᠦᠵᠢᠯ᠎ᠦᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠨᠡᠢᠭᠡᠮᠯᠢᠭ᠎ᠦᠨ ᠬᠠᠮᠲᠤᠷᠠᠨ ᠡᠷᠭᠢᠯᠡᠭᠰᠡᠨ 《ᠰᠠᠢᠬᠠᠨ ᠲᠣᠭᠣᠷᠢᠭ᠋᠎ᠤᠨ 2026 ᠣᠨ᠎ᠤ ᠰᠠᠭᠤᠷᠢ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢᠨ ᠶᠠᠷᠢᠶᠠᠨ᠎ᠤ ᠲᠠᠪᠴᠠᠩ ᠵᠢᠴᠢ ᠠᠩᠬᠠᠳᠤᠭᠠᠷ ᠬᠤᠭᠤᠴᠠᠭᠠᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠨᠠᠢᠷ》 ᠤᠢᠷ᠎ᠠ ᠳ᠋ᠤ ᠪᠡᠭᠡᠵᠢᠩ ᠶᠡᠬᠡ ᠰᠤᠷᠭᠠᠭᠤᠯᠢ᠎ᠶᠢᠨ ᠵᠢᠨ ᠴᠢᠦ ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠲᠤᠷᠰᠢᠯᠲᠠ᠎ᠶᠢᠨ ᠰᠤᠷᠭᠠᠭᠤᠯᠢ᠎ᠳᠤ ᠡᠬᠢᠯᠡᠪᠡ᠃


QQ截图20260713153203.png


ᠠᠵᠢᠯᠯᠠᠭ᠎ᠠ᠎ᠶᠢᠨ ᠠᠬᠤᠢ ᠲᠠᠯᠠᠪᠠᠢ᠎ᠳᠤ


ᠡᠬᠢᠯᠡᠯᠲᠡ᠎ᠶᠢᠨ ᠶᠣᠰᠣᠯᠠᠯ᠎ᠤᠨ ᠠᠬᠤᠢ ᠲᠠᠯᠠᠪᠠᠢ᠎ᠳᠤ᠂ ᠰᠢᠯᠢ᠎ᠶᠢᠨ ᠭᠤᠤᠯ ᠡᠮᠦᠨ᠎ᠡ ᠵᠠᠮ᠎ᠤᠨ ᠪᠠᠭ᠎ᠠ ᠰᠤᠷᠭᠠᠭᠤᠯᠢ ᠵᠡᠷᠭᠡ 18 ᠰᠤᠷᠭᠠᠭᠤᠯᠢ ᠮᠠᠰᠢᠨ ᠬᠥᠮᠥᠨ᠎ᠦ ᠲᠣᠨᠣᠭᠯᠠᠯ᠂ ᠫᠷᠣᠭ᠌ᠷᠠᠮ ᠨᠠᠢᠷᠠᠭᠤᠯᠭ᠎ᠠ ᠵᠢᠨ ᠰᠢᠨ᠎ᠡ᠎ᠶᠢ ᠡᠭᠦᠳᠦᠭᠰᠡᠨ ᠪᠦᠲᠦᠭᠡᠯ᠂ ᠰᠠᠨᠰᠠᠷ᠎ᠤᠨ ᠠᠶᠠᠯᠠᠯ᠎ᠤᠨ ᠵᠠᠭᠪᠤᠷ ᠵᠡᠷᠭᠡ ᠵᠠᠭᠤ ᠭᠠᠷᠤᠢ ᠲᠦᠷᠦᠯ᠎ᠦᠨ ᠰᠤᠷᠤᠭ᠍ᠴᠢᠳ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠡᠭᠦᠳᠦᠯᠲᠡ᠎ᠶᠢᠨ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠵᠡᠢ᠃ ᠠᠵᠢᠯᠯᠠᠭ᠎ᠠ᠎ᠶᠢᠨ ᠠᠬᠤᠢ ᠲᠠᠯᠠᠪᠤᠷ᠎ᠲᠤ ᠬᠥᠬᠡᠬᠣᠲᠠ᠎ᠶᠢᠨ ᠭᠤᠴᠢᠨ ᠵᠢᠷᠭᠤᠳᠤᠭᠠᠷ ᠳᠤᠮᠳᠠᠳᠤ ᠰᠤᠷᠭᠠᠭᠤᠯᠢ ᠵᠡᠷᠭᠡ 10 ᠰᠤᠷᠭᠠᠭᠤᠯᠢ 《ᠵᠣᠬᠢᠶᠠᠮᠠᠯ ᠣᠶᠤᠨ ᠴᠢᠳᠠᠪᠤᠷᠢ + ᠰᠤᠷᠭᠠᠨ ᠬᠥᠮᠦᠵᠢᠯ᠎ᠦᠨ ᠵᠢᠱ᠌ᠢᠶ᠎ᠡ ᠦᠵᠡᠭᠦᠯᠬᠦ ᠰᠤᠷᠭᠠᠭᠤᠯᠢ》 ᠪᠠᠷ ᠦᠨᠡᠯᠡᠭᠳᠡᠵᠦ᠂ ᠶᠡᠬᠡ ᠰᠤᠷᠭᠠᠭᠤᠯᠢ ᠵᠠᠮ᠎ᠤᠨ ᠪᠠᠭ᠎ᠠ ᠰᠤᠷᠭᠠᠭᠤᠯᠢ ᠵᠡᠷᠭᠡ 6 ᠰᠤᠷᠭᠠᠭᠤᠯᠢ 《ᠰᠢᠨᠵᠢᠯᠡᠬᠦ ᠤᠬᠠᠭᠠᠨ᠎ᠤ ᠲᠤᠷᠰᠢᠯᠲᠠ᠎ᠶᠢᠨ ᠰᠤᠷᠭᠠᠭᠤᠯᠢ》 ᠪᠠᠷ ᠦᠨᠡᠯᠡᠭᠳᠡᠵᠦ᠂ ᠨᠡᠢᠰᠯᠡᠯ᠎ᠦᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠬᠥᠬᠡᠬᠣᠲᠠ᠎ᠶᠢᠨ ᠲᠤᠷᠰᠢᠯᠲᠠ᠎ᠶᠢᠨ ᠪᠠᠭ᠎ᠠ ᠰᠤᠷᠭᠠᠭᠤᠯᠢ ᠵᠡᠷᠭᠡ 7 ᠰᠤᠷᠭᠠᠭᠤᠯᠢ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠤᠷᠰᠢᠯᠲᠠ᠎ᠶᠢᠨ ᠰᠤᠷᠭᠠᠭᠤᠯᠢ》 ᠪᠠᠷ ᠦᠨᠡᠯᠡᠭᠳᠡᠪᠡ᠃

ᠲᠤᠰ ᠤᠳᠠᠭ᠎ᠠ᠎ᠶᠢᠨ ᠶᠠᠷᠢᠶᠠᠨ᠎ᠤ ᠲᠠᠪᠴᠠᠩ᠎ᠳ᠋ᠤ ᠪᠡᠭᠡᠵᠢᠩ᠎ᠦᠨ ᠠᠷᠪᠠᠨ ᠬᠣᠶᠠᠳᠤᠭᠠᠷ ᠳᠤᠮᠳᠠᠳᠤ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠪᠦᠯᠦᠭᠯᠡᠯ᠎ᠦᠨ ᠵᠤᠯᠭᠠᠭᠤᠯᠤᠨ ᠬᠦᠮᠦᠵᠢᠬᠦᠯᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠢᠴᠢᠶᠡᠯ᠎ᠦᠨ ᠵᠥᠪᠯᠡᠭᠴᠢ᠂ ᠬᠤᠸᠠᠳ᠋ᠦ᠋ᠩ᠎ᠦᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠰᠡᠳᠬᠢᠴᠡ᠎ᠶᠢᠨ ᠬᠥᠭᠵᠢᠯᠲᠡ᠎ᠶᠢᠨ ᠰᠤᠳᠤᠯᠭᠠᠨ᠎ᠤ ᠲᠥᠪ᠎ᠦᠨ ᠣᠨᠴᠠ ᠤᠷᠢᠭ᠍ᠰᠠᠨ ᠰᠤᠳᠤᠯᠤᠭ᠍ᠴᠢ ᠯᠢ ᠫᠧᠢ ᠨᠢᠩ ᠫᠷᠤᠹᠧᠰᠰᠤᠷ᠎ᠢ ᠤᠷᠢᠵᠤ᠂ ᠰᠢᠨ᠎ᠡ ᠴᠠᠭ ᠦᠶ᠎ᠡ᠎ᠶᠢᠨ ᠰᠢᠨᠵᠢᠯᠡᠬᠦ ᠤᠬᠠᠭᠠᠨ᠎ᠤ ᠰᠤᠷᠭᠠᠨ ᠬᠥᠮᠦᠵᠢᠯ᠎ᠦᠨ ᠥᠭᠡᠷᠡᠴᠢᠯᠡᠯᠲᠡ ᠬᠥᠭᠵᠢᠯᠲᠡ᠎ᠶᠢᠨ ᠠᠷᠭ᠎ᠠ ᠵᠠᠮ᠎ᠤᠨ ᠲᠣᠭᠣᠷᠢᠨ᠎ᠳᠤ ᠭᠦᠨᠵᠡᠭᠡᠢ ᠲᠠᠢᠯᠤᠮᠵᠢ ᠬᠢᠯᠭᠡᠪᠡ᠃ ᠵᠠᠩ ᠶᠦᠨ ᠹᠧᠢ᠂ ᠶᠤᠸᠠᠢ ᠬᠤᠢ ᠯᠢᠩ᠂ ᠵᠤᠤ ᠳ᠋ᠠᠨ᠂ ᠠᠶᠠᠯᠭᠤᠨ ᠵᠡᠷᠭᠡ ᠳᠦᠷᠪᠡᠨ ᠰᠤᠷᠭᠠᠭᠤᠯᠢ᠎ᠶᠢᠨ ᠵᠠᠬᠢᠷᠤᠯ ᠲᠤᠰ ᠲᠤᠰ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠤᠷᠰᠢᠯᠲᠠ᠎ᠶᠢᠨ ᠴᠡᠭ᠎ᠤᠨ ᠪᠦᠲᠦᠭᠡᠨ ᠪᠠᠢᠭᠤᠯᠤᠯᠲᠠ᠂ ᠪᠦᠬᠦ ᠣᠷᠣᠨ ᠪᠦᠰᠡ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠᠢᠷᠢᠰᠢᠭᠤᠯᠤᠯᠲᠠ᠂ ᠰᠠᠨᠰᠠᠷ᠎ᠤᠨ ᠠᠶᠠᠯᠠᠯ᠎ᠤᠨ STEAM ᠬᠢᠴᠢᠶᠡᠯ᠎ᠦᠨ ᠨᠡᠭᠡᠭᠡᠨ ᠬᠥᠭᠵᠢᠭᠦᠯᠦᠯᠲᠡ᠂ ᠵᠠᠯᠠᠭᠤᠴᠤᠳ ᠪᠠᠭᠠᠴᠤᠳ᠎ᠤᠨ ᠣᠷᠣᠢᠯᠠᠭᠰᠠᠨ ᠴᠢᠳᠠᠪᠤᠷᠢᠲᠠᠨ᠎ᠢ ᠬᠥᠮᠥᠵᠢᠭᠦᠯᠬᠦ ᠵᠡᠷᠭᠡ ᠳᠦᠷᠪᠡᠨ ᠲᠠᠯ᠎ᠠ᠎ᠠᠴᠠ ᠡᠯ᠎ᠡ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠥᠮᠦᠵᠢᠯ᠎ᠦᠨ ᠪᠤᠳᠠᠳᠤ ᠦᠢᠯᠡᠳᠦᠯᠭᠡ᠎ᠶᠢᠨ ᠲᠤᠷᠰᠢᠯᠭ᠎ᠠ᠎ᠪᠠᠨ ᠬᠤᠪᠢᠶᠠᠯᠴᠠᠯ᠎ᠠ᠃

ᠣᠢᠷ᠎ᠠ᠎ᠶᠢᠨ ᠵᠢᠯ᠎ᠡᠴᠡ᠂ ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠷᠭᠠᠨ ᠬᠥᠮᠦᠵᠢᠯ ᠪᠠ ᠵᠣᠬᠢᠶᠠᠮᠠᠯ ᠣᠶᠤᠨ ᠴᠢᠳᠠᠪᠤᠷᠢ ᠵᠢᠨ ᠰᠤᠷᠭᠠᠨ ᠬᠥᠮᠦᠵᠢᠯ᠎ᠦᠨ ᠭᠦᠨᠵᠡᠭᠡᠢ ᠠᠭᠤᠰᠤᠯᠴᠠᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠡᠰ ᠳᠠᠪᠬᠤᠷᠭ᠎ᠠ ᠲᠦᠷᠦᠯ ᠬᠤᠪᠢᠶᠠᠭᠰᠠᠨ᠂ ᠪᠦᠬᠦ ᠣᠷᠣᠨ ᠪᠦᠰᠡ ᠵᠢ ᠬᠠᠮᠤᠷᠤᠭᠰᠠᠨ ᠣᠷᠣᠨ ᠪᠦᠰᠡ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠰᠤᠷᠭᠠᠨ ᠬᠥᠮᠦᠵᠢᠯ᠎ᠦᠨ ᠰᠢᠰᠲ᠋ᠧᠮ᠎ᠢ ᠪᠠᠢᠭᠤᠯᠵᠤ᠂ ᠱᠠᠳᠤᠴᠢᠯᠠᠭᠰᠠᠨ᠂ ᠬᠡᠪᠴᠢᠶᠡᠵᠢᠭᠰᠡᠨ ᠣᠷᠣᠨ ᠪᠦᠰᠡ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠱᠠᠲᠤᠯᠵᠢᠨ ᠡᠩᠨᠡᠭᠡ᠎ᠶᠢ ᠠᠩᠬ᠎ᠠ ᠠᠯᠬᠤᠮ ᠪᠦᠷᠢᠯᠳᠦᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号