300 ᠰᠢᠬᠠᠮ ᠪᠠᠭ᠍ᠰᠢ ᠵᠢᠭᠠᠨ ᠰᠤᠷᠭᠠᠯᠲᠠ᠎ᠶᠢᠨ ᠴᠢᠳᠠᠪᠤᠷᠢ ᠪᠠᠨ ᠮᠥᠷᠥᠢᠴᠡᠪᠡ
2026-07-13 16:00:47
ᠵᠣᠬᠢᠶᠠᠭ᠍ᠴᠢ᠄
ᠬᠠᠨ ᠯᠢᠨᠭ ᠯᠢᠨᠭ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 7 ᠡᠴᠡ 8 ᠤ᠋ ᠡᠳᠦᠷ ᠪᠣᠯᠲᠠᠯ᠎ᠠ᠂ ᠪᠦᠬᠦ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠰᠢᠨᠵᠢᠯᠡᠬᠦ ᠤᠬᠠᠭᠠᠨ᠎ᠤ ᠬᠢᠴᠢᠶᠡᠯ᠎ᠦᠨ ᠲᠥᠯᠥᠪᠯᠡᠭᠡ ᠵᠢᠴᠢ ᠦᠢᠯᠡᠳᠦᠯᠭᠡ᠎ᠶᠢᠨ ᠤᠷ᠎ᠠ ᠴᠢᠳᠠᠪᠤᠷᠢ᠎ᠶᠢᠨ ᠤᠷᠤᠯᠳᠤᠭᠠᠨ᠎ᠤ ᠬᠣᠶᠠᠳᠠᠭᠢ ᠤᠷᠤᠯᠳᠤᠭᠠᠨ ᠶᠠᠪᠤᠭᠳᠠᠵᠤ᠂ ᠥᠪᠥᠷ ᠮᠣᠩᠭᠣᠯ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ᠎ᠦᠨ ᠠᠵᠢᠯ᠎ᠢ ᠴᠢᠨᠠᠭᠰᠢᠳᠠ ᠴᠢᠩᠭᠠᠳᠬᠠᠵᠤ᠂ ᠰᠢᠨᠵᠢᠯᠡᠬᠦ ᠤᠬᠠᠭᠠᠨ᠎ᠤ ᠪᠠᠭ᠍ᠰᠢ᠎ᠶᠢᠨ ᠠᠵᠢᠯ ᠮᠡᠷᠭᠡᠵᠢᠯ᠎ᠦᠨ ᠬᠡᠪ ᠪᠣᠯᠪᠠᠰᠤᠷᠠᠯ ᠪᠣᠯᠣᠨ ᠦᠢᠯᠡᠳᠦᠯᠭᠡ᠎ᠶᠢᠨ ᠰᠢᠨ᠎ᠡ᠎ᠶᠢ ᠡᠭᠦᠳᠬᠦ ᠴᠢᠳᠠᠪᠤᠷᠢ᠎ᠶᠢ ᠳᠡᠭᠡᠭᠰᠢᠯᠡᠭᠦᠯᠵᠡᠢ᠃


QQ截图20260713153229.png


ᠤᠷ᠎ᠠ ᠮᠡᠷᠬᠡᠵᠢᠯ ᠵᠢᠡᠨ ᠦᠵᠡᠬᠦᠯᠦᠨ᠎ᠡ 


ᠲᠣᠰ ᠤᠳᠠᠭᠠᠨ᠎ᠤ ᠤᠷᠤᠯᠳᠤᠭᠠᠨ᠎ᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ ᠳᠠᠭᠠᠭᠠᠴᠢᠯᠠᠨ ᠡᠷᠭᠢᠯᠡᠵᠦ᠂ ᠡᠯ᠎ᠡ ᠠᠢᠮᠠᠭ ᠬᠣᠲᠠ᠎ᠶᠢᠨ 300 ᠰᠢᠬᠠᠮ ᠪᠠᠭ᠍ᠰᠢ ᠲᠤᠬᠠᠢ᠎ᠶᠢᠨ ᠲᠠᠯᠠᠪᠤᠷ᠎ᠤᠨ ᠤᠷᠤᠯᠳᠤᠭᠠᠨ᠎ᠳᠤ ᠣᠷᠣᠯᠴᠠᠵᠠᠢ᠃ ᠤᠷᠤᠯᠳᠤᠭᠠᠨ᠎ᠢ ᠪᠠᠭ᠎ᠠ ᠰᠤᠷᠭᠠᠭᠤᠯᠢ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠭᠡᠵᠦ ᠭᠤᠷᠪᠠᠨ ᠳᠤᠭᠤᠢᠯᠠᠩ ᠬᠤᠪᠢᠶᠠᠵᠤ᠂ ᠡᠯ᠎ᠡ ᠠᠢᠮᠠᠭ ᠬᠣᠲᠠ᠎ᠶᠢᠨ ᠰᠢᠯᠢᠳᠡᠭ᠎ᠢ ᠰᠣᠩᠭᠣᠨ ᠲᠠᠨᠢᠯᠴᠠᠭᠤᠯᠬᠤ᠂ ᠥᠪᠡᠷᠲᠡᠭᠡᠨ ᠵᠠᠰᠠᠬᠤ ᠣᠷᠣᠨ᠎ᠤ ᠠᠩᠬᠠᠨ᠎ᠤ ᠤᠷᠤᠯᠳᠤᠭᠠᠨ᠎ᠢᠶᠠᠷ ᠰᠣᠩᠭᠣᠨ ᠰᠢᠯᠭᠠᠷᠠᠭᠤᠯᠬᠤ᠎ᠪᠠᠷ ᠳᠡᠮᠵᠢᠨ᠂ 97 ᠬᠢᠴᠢᠶᠡᠯ᠎ᠦᠨ ᠲᠥᠯᠥᠪᠯᠡᠭᠡ ᠪᠠ 87 ᠦᠢᠯᠡᠳᠦᠯᠭᠡ᠎ᠶᠢᠨ ᠤᠷ᠎ᠠ ᠴᠢᠳᠠᠪᠤᠷᠢ᠎ᠶᠢᠨ ᠪᠦᠲᠦᠭᠡᠯ᠎ᠢ ᠰᠣᠩᠭᠣᠨ ᠬᠣᠶᠠᠳᠠᠭᠢ ᠤᠷᠤᠯᠳᠤᠭᠠᠨ᠎ᠳᠤ ᠣᠷᠣᠯᠴᠠᠭᠤᠯᠵᠤ᠂ ᠰᠢᠨᠵᠢᠯᠡᠬᠦ ᠤᠬᠠᠭᠠᠨ᠂ ᠹᠢᠽᠢᠺ᠂ ᠬᠢᠮᠢ᠂ ᠠᠮᠢᠳᠤ ᠪᠣᠳᠠᠰ᠎ᠤᠨ ᠤᠬᠠᠭᠠᠨ᠂ ᠭᠠᠵᠠᠷ ᠵᠦᠢ᠂ ᠮᠡᠳᠡᠭᠡ ᠵᠠᠩᠭᠢ᠎ᠶᠢᠨ ᠰᠢᠨᠵᠢᠯᠡᠬᠦ ᠤᠬᠠᠭᠠᠨ ᠮᠡᠷᠭᠡᠵᠢᠯ᠂ ᠨᠡᠢᠳᠡᠮ ᠬᠡᠷᠡᠭᠯᠡᠭᠡᠨ᠎ᠦ ᠮᠡᠷᠭᠡᠵᠢᠯ ᠵᠡᠷᠭᠡ ᠬᠠᠮᠢᠶ᠎ᠠ ᠪᠦᠬᠦᠢ ᠬᠢᠴᠢᠶᠡᠯ᠎ᠢ ᠬᠠᠮᠤᠷᠪᠠ᠃ ᠤᠷᠤᠯᠳᠤᠭᠠᠨ᠎ᠤ ᠳᠤᠮᠳᠠ᠂ ᠤᠷᠤᠯᠳᠤᠭᠠᠨ᠎ᠳᠤ ᠣᠷᠣᠯᠴᠠᠭᠰᠠᠳ ᠯᠠᠪᠳᠠᠭᠤᠨ ᠪᠠᠲᠤᠲᠠᠢ ᠵᠢᠭᠠᠨ ᠰᠤᠷᠭᠠᠯᠲᠠ᠎ᠶᠢᠨ ᠰᠠᠭᠤᠷᠢ ᠪᠠ ᠰᠢᠨᠵᠢᠯᠡᠬᠦ ᠤᠬᠠᠭᠠᠨ᠎ᠤ ᠬᠣᠰᠢᠭᠤᠷᠠᠯ ᠵᠢᠭᠠᠨ ᠰᠤᠷᠭᠠᠯᠲᠠ᠎ᠶᠢᠨ ᠣᠢᠯᠠᠭᠠᠭᠳᠠᠬᠤᠨ᠎ᠳᠤ ᠲᠦᠰᠢᠭᠯᠡᠨ᠂ ᠵᠢᠭᠠᠨ ᠰᠤᠷᠭᠠᠯᠲᠠ᠎ᠶᠢᠨ ᠲᠥᠯᠥᠪᠯᠡᠭᠡ᠎ᠶᠢᠨ ᠰᠡᠳᠬᠢᠴᠡ᠂ ᠵᠢᠭᠠᠨ ᠰᠤᠷᠭᠠᠯᠲᠠ᠎ᠶᠢᠨ ᠪᠠᠭᠠᠵᠢ ᠬᠡᠷᠡᠭᠰᠡᠯ᠎ᠦᠨ ᠰᠢᠨᠵᠢᠯᠡᠬᠦ ᠤᠬᠠᠭᠠᠨᠴᠢ ᠤᠭ ᠶᠣᠰᠣ᠌ ᠪᠣᠯᠣᠨ ᠬᠢᠴᠢᠶᠡᠯ᠎ᠦᠨ ᠲᠠᠩᠬᠢᠮ᠎ᠢ ᠬᠡᠷᠡᠭᠵᠢᠭᠦᠯᠬᠦ ᠠᠷᠭ᠎ᠠ ᠵᠠᠮ᠎ᠢ ᠨᠠᠷᠢᠨ ᠨᠢᠭ᠍ᠲᠠ ᠲᠠᠢᠯᠪᠤᠷᠢᠯᠠᠵᠤ᠂ ᠰᠢᠨᠵᠢᠯᠡᠬᠦ ᠤᠬᠠᠭᠠᠨᠴᠢ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶᠢᠨ ᠰᠢᠨ᠎ᠡ᠎ᠶᠢ ᠡᠭᠦᠳᠬᠦ ᠦᠢᠯᠡᠳᠦᠯᠭᠡ ᠪᠣᠯᠣᠨ ᠬᠠᠢᠨ ᠰᠦᠪᠡᠭᠴᠢᠯᠡᠯᠲᠡ᠎ᠶᠢᠨ ᠦᠷ᠎ᠡ ᠪᠦᠲᠦᠭᠡᠯ᠎ᠢ ᠪᠦᠬᠦ ᠲᠠᠯ᠎ᠠ᠎ᠪᠠᠷ ᠢᠯᠡᠷᠡᠭᠦᠯᠵᠦ᠂ ᠨᠢᠭᠡᠳᠦᠭᠡᠷ ᠹᠷᠣᠨᠲ᠎ᠤᠨ ᠪᠠᠭ᠍ᠰᠢ᠎ᠶᠢᠨ ᠰᠢᠨᠵᠢᠯᠡᠬᠦ ᠤᠬᠠᠭᠠᠨ᠎ᠤ ᠰᠤᠷᠭᠠᠨ ᠬᠥᠮᠦᠵᠢᠯ᠎ᠦᠨ ᠰᠢᠨ᠎ᠡ᠎ᠶᠢ ᠡᠭᠦᠳᠬᠦ ᠤᠶᠤᠨ ᠤᠬᠠᠭᠠᠨ᠎ᠢ ᠭᠦᠢᠴᠡᠳ ᠢᠯᠡᠷᠡᠭᠦᠯᠵᠦ᠂ ᠪᠦᠬᠦ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠰᠢᠨᠵᠢᠯᠡᠬᠦ ᠤᠬᠠᠭᠠᠨ᠎ᠤ ᠵᠢᠭᠠᠨ ᠰᠤᠷᠭᠠᠯᠲᠠ᠎ᠶᠢᠨ ᠬᠥᠭᠵᠢᠯᠲᠡ᠎ᠶᠢᠨ ᠰᠠᠢᠨ ᠦᠷ᠎ᠡ ᠪᠦᠲᠦᠮᠵᠢ᠎ᠶᠢ ᠲᠥᠪᠯᠡᠷᠡᠭᠦᠯᠦᠨ ᠢᠯᠡᠷᠡᠬᠦᠯᠪᠡ᠃

ᠤᠷᠤᠯᠳᠤᠭᠠᠨ ᠨᠢ ᠪᠦᠬᠦ ᠣᠷᠣᠨ᠎ᠤ ᠥᠷᠭᠡᠨ ᠤᠯᠠᠨ ᠳᠤᠮᠳᠠᠳᠤ ᠪᠠᠭ᠎ᠠ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠵᠢᠴᠢ ᠬᠠᠮᠢᠶ᠎ᠠ ᠪᠦᠬᠦᠢ ᠬᠢᠴᠢᠶᠡᠯ ᠲᠦᠷᠦᠯ᠎ᠦᠨ ᠪᠠᠭ᠍ᠰᠢ ᠨᠠᠷ᠎ᠲᠤ ᠣᠷᠣᠨ ᠪᠦᠰᠡ ᠠᠯᠤᠰᠯᠠᠨ ᠰᠣᠯᠢᠯᠴᠠᠨ ᠵᠥᠪᠳᠡᠯᠴᠡᠬᠦ᠂ ᠲᠤᠰᠬᠠᠢ ᠮᠡᠷᠭᠡᠵᠢᠯ᠎ᠦᠨ ᠴᠤᠭ ᠵᠢᠪᠬᠤᠭ᠎ᠠ᠎ᠪᠠᠨ ᠳᠡᠯᠭᠡᠨ ᠦᠵᠡᠭᠦᠯᠬᠦ ᠥᠷᠭᠡᠨ ᠠᠭᠤᠳᠠᠮ ᠲᠠᠪᠴᠠᠩ ᠪᠠᠢᠭᠤᠯᠵᠤ ᠥᠭᠴᠡᠢ᠃ ᠡᠨᠡ ᠨᠢ ᠰᠢᠨᠵᠢᠯᠡᠬᠦ ᠤᠬᠠᠭᠠᠨ᠎ᠤ ᠬᠢᠴᠢᠶᠡᠯ᠎ᠦᠨ ᠵᠢᠷᠤᠭ ᠲᠥᠯᠥᠪᠯᠡᠭᠡ ᠬᠢᠭᠡᠳ ᠰᠢᠨ᠎ᠡ᠎ᠶᠢ ᠡᠭᠦᠳᠬᠦ ᠦᠢᠯᠡᠳᠦᠯᠭᠡ᠎ᠶᠢᠨ ᠨᠢᠭᠡ ᠪᠦᠯᠦᠭ ᠰᠢᠯᠢᠳᠡᠭ  ᠵᠢᠱ᠌ᠢᠶ᠎ᠡ᠎ᠶᠢ ᠰᠢᠯᠢᠨ ᠰᠣᠩᠭᠣᠵᠤ᠂ ᠡᠯ᠎ᠡ ᠭᠠᠵᠠᠷ ᠡᠯ᠎ᠡ ᠰᠤᠷᠭᠠᠭᠤᠯᠢ᠎ᠶᠢᠨ ᠰᠢᠨᠵᠢᠯᠡᠬᠦ ᠤᠬᠠᠭᠠᠨᠴᠢ᠎ᠪᠠᠷ ᠰᠤᠳᠤᠯᠤᠨ ᠰᠦᠪᠡᠭᠴᠢᠯᠡᠬᠦ ᠵᠢᠭᠠᠨ ᠰᠤᠷᠭᠠᠯᠲᠠ ᠥᠷᠨᠢᠭᠦᠯᠬᠦ᠎ᠳᠦ ᠬᠠᠭᠤᠯᠪᠤᠷᠢᠯᠠᠵᠤ ᠪᠣᠯᠬᠤ᠂ ᠲᠣᠯᠢ ᠪᠣᠯᠭᠠᠵᠤ ᠪᠣᠯᠬᠤ ᠦᠢᠯᠡᠳᠦᠯᠭᠡ᠎ᠶᠢᠨ ᠵᠠᠭᠪᠤᠷ ᠬᠠᠩᠭᠠᠵᠤ᠂ ᠪᠥᠬᠥ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠰᠢᠨᠵᠢᠯᠡᠬᠦ ᠤᠬᠠᠭᠠᠨ᠎ᠤ ᠰᠤᠷᠭᠠᠨ ᠬᠥᠮᠦᠵᠢᠯ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号