ᠬᠥᠬᠡᠬᠣᠲᠠ ᠵᠢᠨ ᠬᠡᠰᠡᠭ᠎ᠤᠨ ᠲᠦᠷᠦᠬᠦᠤ ᠪᠦᠯᠦᠭ᠎ᠤᠨ 《ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ》 ᠤ᠋ ᠢᠯᠡᠳᠬᠡᠮᠵᠢ ᠲᠡᠮᠳᠡᠭ ᠲᠠᠢ ᠡᠵᠡᠩᠨᠡᠯᠲᠡ᠎ᠶᠢᠨ ᠦᠨᠡᠮᠯᠡᠯ᠎ᠢ ᠤᠯᠭᠤᠪᠠ
2026-07-13 10:49:46
ᠵᠣᠬᠢᠶᠠᠭ᠍ᠴᠢ᠄
ᠵᠧᠩ ᠰᠢᠤᠸᠠᠢ ᠯᠢᠶᠠᠩ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 9 ᠤ᠋ ᠡᠳᠦᠷ᠂ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠬᠥᠬᠡᠬᠣᠲᠠ ᠵᠢᠨ ᠬᠡᠰᠡᠭ ᠎ᠤᠨ ᠲᠦᠷᠦᠭᠦᠦ ᠪᠦᠯᠦᠭ᠎ᠤᠨ 《ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ》 ᠵᠢᠡᠷ ᠵᠠᠰᠠᠭ ᠵᠠᠬᠢᠷᠭᠠᠨ᠎ᠤ  ᠬᠤᠪᠢᠶᠠᠷᠢᠯᠠᠯ ᠪᠣᠯᠭᠠᠭᠰᠠᠨ ᠠᠵᠤ ᠠᠬᠤᠶ᠋ᠢᠯᠠᠯ᠎ᠢ ᠳᠠᠩᠰᠠᠯᠠᠭᠤᠯᠵᠤ᠂ ᠴᠢᠶᠠᠨ ᠳ᠋ᠦᠸᠸ ᠳ᠋ᠦᠸᠸ ᠬᠠᠩᠭᠠᠯᠭ᠎ᠠ᠎ᠶᠢᠨ ᠬᠡᠯᠬᠢᠶ᠎ᠡ᠎ᠶᠢᠨ ᠬᠠᠮᠢᠶᠠᠷᠤᠯᠲᠠ᠎ᠶᠢᠨ ᠺᠣᠮᠫᠠᠨᠢ᠂ ᠮᠢᠩ ᠵᠣ᠌ ᠰᠢᠩ ᠰᠤᠸᠠᠨ ᠮᠡᠳᠡᠭᠡ ᠵᠠᠩᠭᠢ᠎ᠶᠢᠨ ᠮᠡᠷᠭᠡᠵᠢᠯ᠎ᠦᠨ ᠦᠢᠯᠡᠴᠢᠯᠡᠭᠡᠨ᠎ᠦ ᠺᠣᠮᠫᠠᠨᠢ ᠨᠢ ᠡᠩ ᠲᠡᠷᠢᠭᠦᠨ᠎ᠳᠦ 《ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ》 ᠤ᠋ ᠢᠯᠡᠳᠭᠡᠮᠵᠢ ᠲᠡᠮᠳᠡᠭ ᠲᠡᠶ ᠡᠵᠡᠩᠨᠡᠯᠲᠡ᠎ᠶᠢᠨ ᠦᠨᠡᠮᠯᠡᠯ᠎ᠢ ᠤᠯᠪᠠ᠃

《ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ》 ᠤ᠋ ᠲᠤᠰᠬᠠᠶ ᠬᠠᠷᠢᠶᠠᠯᠠᠭᠳᠠᠬᠤ ᠢᠯᠡᠳᠭᠡᠮᠵᠢ ᠲᠡᠮᠳᠡᠭ ᠢ᠋ ᠠᠰᠢᠬᠯᠠᠯᠳᠠ ᠳ᠋ᠤ ᠤᠷᠤᠭᠤᠯᠵᠤ᠂ ᠣᠷᠣᠵᠤ ᠰᠠᠭᠤᠬᠤ ᠠᠵᠤ ᠠᠬᠤᠶ᠋ᠢᠯᠠᠯ᠎ᠳᠤ ᠲᠤᠰᠬᠠᠶ ᠬᠠᠷᠢᠶᠠᠯᠠᠭᠳᠠᠬᠤ 《ᠵᠠᠰᠠᠭ ᠵᠠᠬᠢᠷᠭᠠᠨ᠎ᠤ ᠡᠷᠦᠬᠡ ᠠᠮᠠ ᠵᠢᠨ ᠲᠠᠩᠰᠠ》ᠲᠠᠢ ᠪᠣᠯᠭᠠᠪᠠ᠃ 《ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ》 ᠤ᠋ ᠢᠯᠡᠳᠬᠡᠮᠵᠢ ᠲᠡᠮᠳᠡᠭ᠎ᠢ ᠨᠡᠮᠡᠵᠤ ᠨᠡᠷᠠᠢᠳᠦᠭᠰᠡᠨ ᠨᠢ ᠥᠰᠥᠭ ᠪᠢᠴᠢᠭ᠎ᠦᠨ ᠲᠣᠬᠢᠷᠠᠭᠤᠯᠤᠯᠲᠠ ᠪᠤᠯᠬᠤ ᠪᠦᠭᠡᠳ ᠨᠠᠩ ᠴᠤ᠌ ᠬᠥᠬᠡᠬᠣᠲᠠ᠎ᠶᠢᠨ ᠬᠡᠰᠡᠭ᠎ᠤᠨ ᠬᠤᠳᠠᠯᠳᠤᠭᠠᠨ᠎ᠤ ᠶᠠᠪᠤᠳᠠᠯ᠎ᠤᠨ ᠳᠡᠩᠰᠡᠯᠡᠯᠲᠡ᠎ᠶᠢᠨ ᠬᠠᠮᠢᠶᠠᠷᠤᠯᠲᠠ᠎ᠶᠢᠨ ᠲᠦᠷᠢᠮᠵᠢᠯ ᠪᠣᠯᠤᠨ᠎ᠠ᠂ ᠡᠨᠡ ᠨᠢ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠡᠶ᠎ᠡ᠎ᠪᠡᠨ ᠳᠠᠭᠠᠭᠠᠭᠰᠠᠨ ᠵᠠᠰᠠᠭ ᠵᠠᠬᠢᠷᠭᠠᠨ᠎ᠤ ᠣᠷᠣᠨ ᠬᠤᠪᠢᠶᠠᠷᠢᠯᠠᠯ᠎ᠤᠨ ᠰᠢᠨᠵᠢ ᠴᠢᠨᠠᠷ᠎ᠢ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠣᠷᠣᠵᠤ ᠰᠠᠭᠤᠬᠤ ᠠᠵᠤ ᠠᠬᠤᠶ᠋ᠢᠯᠠᠯ᠎ᠤᠨ ᠴᠢᠯᠥᠭᠡᠲᠦ᠍ ᠠᠷᠠᠯᠵᠢᠶᠠᠨ᠎ᠤ ᠰᠢᠨᠵᠢ ᠴᠢᠨᠠᠷ᠎ᠢ ᠢᠯᠭᠠᠨ ᠲᠠᠨᠢᠬᠤ ᠬᠡᠮᠵᠢᠶ᠎ᠡ᠎ᠶᠢ ᠢᠯᠡᠳᠲᠡ ᠳᠡᠭᠡᠭᠰᠢᠯᠡᠭᠦᠯᠦᠨ᠂ ᠠᠵᠤ ᠠᠬᠤᠶ᠋ᠢᠯᠠᠯ᠎ᠤᠨ ᠴᠢᠯᠥᠭᠡᠲᠦ᠍ ᠠᠷᠠᠯᠵᠢᠶᠠᠨ᠎ᠤ ᠲᠤᠰᠬᠠᠶ ᠲᠥᠷᠥ᠎ᠶᠢᠨ ᠪᠣᠳᠣᠯᠭ᠎ᠠ᠎ᠶᠢᠨ ᠠᠰᠢᠭ᠎ᠢ ᠭᠥᠷᠳᠡᠬᠦ᠌ ᠥᠪᠡᠷᠮᠢᠴᠡ ᠳᠠᠪᠠᠭᠤᠯᠢᠭ᠎ᠢ ᠳᠣᠪᠣᠶ᠋ᠢᠯᠭᠠᠵᠤ᠂ ᠠᠵᠤ ᠠᠬᠤᠶ᠋ᠢᠯᠠᠯ᠎ᠤᠨ ᠬᠦᠷᠳᠡᠮᠵᠢ ᠵᠢᠨ ᠲᠥᠷᠥᠭᠳᠡᠯ᠎ᠢ ᠦᠨᠡᠨ ᠬᠦ᠌ ᠨᠡᠮᠡᠭᠳᠡᠭᠦᠯᠪᠡ᠃

ᠲᠦᠷᠦᠭᠦᠦ ᠪᠦᠯᠦᠭ᠎ᠤᠨ《ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ》᠎ᠤ᠋ ᠢᠯᠡᠳᠬᠡᠮᠵᠢ ᠲᠠᠮᠳᠡᠭ ᠲᠠᠢ ᠡᠵᠡᠩᠨᠡᠯᠲᠡ᠎ᠶᠢᠨ ᠦᠨᠡᠮᠯᠡᠯ᠎ᠢ ᠨᠠᠶ᠋ᠢᠳᠠᠪᠤᠷᠢᠵᠢᠭᠤᠯᠤᠭᠰᠠᠨ ᠶᠠᠪᠤᠳᠠᠯ ᠪᠣᠯ ᠬᠥᠬᠡᠬᠣᠲᠠ ᠵᠢᠨ ᠬᠡᠰᠡᠭ᠎ᠤᠨ ᠬᠤᠳᠠᠯᠳᠤᠭᠠᠨ᠎ᠤ ᠶᠠᠪᠤᠳᠠᠯ᠎ᠤᠨ ᠳᠦᠷᠢᠮ᠎ᠦᠨ ᠥᠭᠡᠷᠡᠴᠢᠯᠡᠯᠲᠡ᠂ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ᠌ ᠡᠷᠬᠡ ᠣᠯᠭᠣᠬᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠰᠢᠯᠢᠳᠡᠭᠵᠢᠭᠦᠯᠬᠦ᠌ ᠵᠡᠷᠭᠡ ᠱᠠᠳᠤᠴᠢ ᠴᠢᠨᠠᠷᠲᠠᠢ ᠦᠷ᠎ᠡ ᠪᠦᠲᠦᠭᠡᠯ ᠪᠣᠯᠤᠨ᠎ᠠ᠃ ᠲᠦᠷᠦᠬᠦᠭᠡᠨ᠂ ᠺᠤᠸᠠᠢ ᠱᠸᠤ ᠱᠤ᠌ ᠬᠥ᠋ (ᠬᠥᠬᠡᠬᠣᠲᠠ) ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ᠌ ᠺᠣᠮᠫᠠᠨᠢ ᠵᠡᠷᠭᠡ ᠭᠠᠳᠠᠭᠠᠳᠤ᠎ᠶᠢᠨ ᠬᠤᠳᠠᠯᠳᠤᠭᠠᠴᠢᠨ᠎ᠤ ᠪᠠᠯᠠ ᠣᠷᠣᠭᠤᠯᠤᠭᠰᠠᠨ 3 ᠠᠵᠤ ᠠᠬᠤᠶ᠋ᠢᠯᠠᠯ ᠬᠥᠬᠡᠬᠣᠲᠠ᠎ᠶᠢᠨ ᠬᠡᠰᠡᠭ ᠲᠦ᠍ ᠪᠠᠶ᠋ᠢᠭᠤᠯᠤᠭᠳᠠᠨ ᠳᠠᠩᠰᠠᠯᠠᠭᠤᠯᠵᠤ᠂ ᠮᠠᠲ᠋ᠧᠷᠢᠶᠠᠯ ᠲᠤᠰᠢᠶᠠᠬᠤ᠎ᠡᠴᠡ ᠡᠵᠡᠩᠨᠡᠯᠲᠡ᠎ᠶᠢᠨ ᠦᠨᠡᠮᠯᠡᠯ ᠠᠪᠬᠤ᠎ᠳᠤ ᠵᠥᠪᠬᠡᠨ ᠬᠠᠭᠠᠰᠬᠠᠨ ᠠᠵᠢᠯᠯᠠᠬᠤ ᠡᠳᠦᠷ ᠬᠡᠷᠡᠭᠰᠡᠵᠦ᠍᠂ ᠬᠤᠳᠠᠯᠳᠤᠭᠠᠨ᠎ᠤ ᠶᠠᠪᠤᠳᠠᠯ᠎ᠤᠨ ᠳᠡᠩᠰᠡᠯᠡᠯᠲᠡ᠎ᠶᠢᠨ ᠥᠭᠡᠷᠡᠴᠢᠯᠡᠯᠲᠡ᠎ᠶᠢ ᠳᠠᠬᠢᠨ ᠲᠦᠷᠭᠡᠳᠬᠡᠪᠡ᠃

ᠰᠤᠷᠪᠤᠯᠵᠢᠯᠠᠭᠴᠢ᠎ᠶᠢᠨ ᠣᠶ᠋ᠢᠯᠠᠭᠠᠭᠰᠠᠨ᠎ᠢᠶᠠᠷ᠂ ᠬᠥᠬᠡᠬᠣᠲᠠ ᠵᠢᠨ ᠬᠡᠰᠡᠭ ᠤ᠋ᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠥᠪ᠎ᠢ ᠪᠠᠶ᠋ᠢᠭᠤᠯᠵᠤ᠂ ᠣᠯᠠᠨ ᠵᠦᠢᠯ᠎ᠦᠨ ᠬᠡᠯᠡᠨ᠎ᠦ ᠲᠤᠰᠬᠠᠶ ᠮᠡᠷᠭᠡᠵᠢᠯ᠎ᠦᠨ ᠦᠢᠯᠡᠴᠢᠯᠡᠭᠡᠨ᠎ᠦ ᠪᠦᠯᠬᠦᠮ ᠴᠤᠬᠴᠠ᠎ᠶᠢ ᠵᠣᠬᠢᠶᠠᠨ ᠪᠠᠶ᠋ᠢᠭᠤᠯᠵᠤ᠂ ᠭᠠᠳᠠᠭᠠᠳᠤ᠎ᠶᠢᠨ ᠴᠢᠳᠠᠪᠤᠷᠢᠲᠠᠨ᠎ᠤ ᠠᠵᠢᠯᠯᠠᠬᠤ ᠵᠢ ᠵᠥᠪᠰᠢᠶᠡᠷᠡᠬᠦ᠂ ᠣᠷᠣᠰᠢᠨ ᠰᠠᠭᠤᠷᠢᠰᠢᠬᠤ ᠵᠡᠷᠭᠡ ᠳ᠋ᠤ ᠲᠥᠬᠥᠮ ᠦᠵᠡᠭᠦᠯᠬᠦ᠌ ᠦᠢᠯᠡᠴᠢᠯᠡᠭᠡ᠎ᠶᠢ ᠬᠡᠷᠡᠭᠵᠢᠭᠦᠯᠵᠦ᠍᠂ ᠭᠠᠳᠠᠭᠠᠳᠤ᠎ᠶᠢᠨ ᠬᠥᠮᠦᠰ᠎ᠦᠨ ᠠᠵᠢᠯᠯᠠᠬᠤ᠂ ᠣᠷᠣᠰᠢᠨ ᠰᠠᠭᠤᠷᠢᠰᠢᠬᠤ ᠵᠦᠢᠯᠡᠰ᠎ᠢ ᠲᠤᠬᠠᠶ᠎ᠶᠢᠨ ᠭᠠᠵᠠᠷ᠎ᠲᠤᠨᠢ ᠭᠦᠢᠴᠡᠳᠭᠡᠬᠦ᠎ᠶᠢ ᠪᠡᠶᠡᠯᠡᠭᠦᠯᠪᠡ᠃ ᠬᠣᠷᠢᠨᠭᠡᠷ ᠰᠢᠨ᠎ᠡ ᠲᠣᠭᠣᠷᠢᠭ᠎ᠤᠨ ᠡᠬᠦᠯᠡᠨ ᠬᠦᠨᠳᠡᠢ ᠵᠢᠨ ᠴᠦᠷᠭᠡᠯᠡᠭᠡ ᠳ᠋ᠠᠢᠲ᠋ᠠ ᠨᠢ ᠨᠡᠢᠳᠭᠡᠵᠢᠬᠦᠯᠦᠭᠰᠡᠨ ᠥᠭᠡᠷᠡᠴᠢᠯᠡᠯᠲᠡ᠎ᠪᠡᠷ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠶᠠᠪᠤᠴᠠ᠎ᠶᠢ ᠳᠠᠬᠢᠨ ᠴᠣᠭᠴᠠᠯᠠᠵᠤ᠂ 《ᠠᠵᠤ ᠠᠬᠤᠶ᠋ᠢᠯᠠᠯ ᠨᠡᠭᠡᠭᠡᠨ ᠡᠷᠭᠢᠯᠡᠬᠦ᠌ + N》 ᠨᠡᠢᠳᠭᠡᠭᠰᠡᠨ ᠦᠢᠯᠡᠴᠢᠯᠡᠭᠡ᠎ᠶᠢ ᠪᠥᠬᠥ᠌ ᠲᠠᠯ᠎ᠠ᠎ᠪᠠᠷ ᠬᠡᠷᠡᠭᠵᠢᠭᠦᠯᠵᠦ᠍᠂ ᠨᠢᠭᠡ ᠴᠣᠭᠴᠠᠵᠢᠭᠤᠯᠤᠭᠰᠠᠨ ᠪᠤᠳᠤᠯᠲᠠ᠎ᠶᠢᠨ ᠬᠦᠴᠦᠨ᠎ᠦ ᠲᠤᠤᠷ᠎ᠤᠨ ᠪᠥᠲᠥᠭᠡᠨ ᠪᠠᠶ᠋ᠢᠭᠤᠯᠤᠯᠲᠠ᠎ᠲᠠᠶ ᠤᠶᠠᠯᠳᠤᠭᠤᠯᠤᠨ 《ᠪᠤᠳᠤᠯᠲᠠ᠎ᠶᠢᠨ ᠬᠦᠴᠦᠨ᠎ᠤ ᠨᠢᠭᠡᠳᠦᠭᠡᠷ ᠲᠥᠷᠥᠯ᠎ᠦᠨ ᠶᠠᠪᠤᠳᠠᠯ》᠎ᠤ᠋ᠨ ᠥᠭᠡᠷᠡᠴᠢᠯᠡᠯᠲᠡ᠎ᠶᠢ ᠢᠳᠡᠪᠬᠢᠲᠡᠶ ᠰᠦᠪᠡᠭᠴᠢᠯᠡᠵᠦ᠍᠂ ᠪᠦᠬᠦᠨ᠎ᠢ ᠬᠠᠮᠤᠷᠤᠭᠰᠠᠨ᠂ ᠪᠢᠲᠡᠭᠦᠦ ᠭᠤᠬᠴᠤᠭ᠎ᠠ ᠮᠠᠶᠢᠭ᠎ᠤᠨ᠂ ᠲᠤᠤᠷᠵᠢᠭᠤᠯᠤᠬᠰᠠᠨ ᠠᠵᠤ ᠠᠬᠤᠶ᠋ᠢᠯᠠᠯ᠎ᠤᠨ ᠦᠢᠯᠡᠴᠢᠯᠡᠭᠡᠨ᠎ᠦ ᠰᠢᠰᠲ᠋ᠧᠮ᠎ᠢ ᠪᠠᠶ᠋ᠢᠭᠤᠯᠵᠤ᠂ ᠳᠡᠭᠡᠷ᠎ᠡ ᠬᠠᠭᠠᠰ ᠵᠢᠯ᠎ᠳᠦ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ᠌ ᠲᠥᠷᠥ᠎ᠶᠢᠨ ᠪᠣᠳᠣᠯᠭ᠎ᠠ᠎ᠶᠢ ᠨᠡᠶ᠋ᠢᠲᠡ 80 ᠭᠠᠷᠤᠶ ᠤᠳᠠᠭ᠎ᠠ ᠨᠡᠶ᠋ᠢᠲᠡᠯᠡᠵᠦ᠍᠂ ᠭᠠᠵᠠᠷ ᠰᠢᠷᠦᠢ ᠬᠡᠷᠡᠭᠯᠡᠬᠦ᠌᠎ᠶᠢ ᠪᠠᠲᠤᠯᠠᠬᠤ᠂ ᠬᠢᠨᠠᠨ ᠵᠥᠪᠰᠢᠶᠡᠷᠡᠬᠦ᠌ ᠬᠤᠷᠳᠤᠴᠠ᠎ᠶᠢ ᠲᠦᠷᠭᠡᠳᠬᠡᠬᠦ᠌᠂ ᠬᠦᠴᠦᠨ ᠵᠦᠢᠯ᠎ᠢ ᠢᠵᠢ ᠪᠦᠷᠢᠳᠦᠬᠦᠯᠬᠦ ᠵᠡᠷᠭᠡ ᠡᠯ᠎ᠡ ᠲᠥᠷᠥᠯ᠎ᠦᠨ ᠬᠦᠰᠡᠯ ᠱᠠᠭᠠᠷᠳᠠᠯᠭ᠎ᠠ᠎ᠶᠢ 100 ᠭᠠᠷᠤᠶ ᠵᠣᠬᠢᠴᠠᠭᠤᠯᠤᠨ ᠰᠢᠢᠳᠪᠦᠷᠢᠯᠡᠵᠦ᠍᠂ ᠵᠠᠬ᠎ᠠ ᠳᠡᠯᠭᠡᠭᠦᠷ᠎ᠦᠨ ᠭᠤᠤᠯ ᠴᠣᠭᠴᠠ᠎ᠶᠢᠨ ᠠᠰᠠᠭᠤᠳᠠᠯ᠎ᠳᠦ ᠲᠡᠷᠡ ᠲᠤᠤᠷ᠎ᠠ ᠨᠢ ᠲᠤᠰᠬᠠᠯ ᠭᠠᠷᠬᠤ᠂ ᠥᠨᠳᠥᠷ ᠪᠦᠲᠦᠮᠵᠢᠲᠡᠶ᠎ᠪᠡᠷ ᠮᠥᠷᠳᠡᠨ ᠰᠢᠢᠳᠪᠦᠷᠢᠯᠡᠬᠦ᠌᠂ ᠪᠥᠬᠥ᠌ ᠶᠠᠪᠤᠴᠠ᠎ᠳᠤᠨᠢ ᠮᠥᠷᠳᠡᠬᠦ᠌᠎ᠶᠢ ᠦᠨᠡᠨ ᠬᠦ᠌ ᠪᠠᠲᠤᠯᠠᠪᠠ᠃ ᠴᠡᠯᠡᠭᠡᠷ ᠲᠠᠯ᠎ᠠ᠎ᠶᠢᠨ ᠰᠦ᠋᠎ᠶᠢᠨ ᠦᠢᠯᠡᠰ᠎ᠦᠨ ᠨᠡᠭᠡᠭᠡᠯᠲᠡ᠎ᠶᠢᠨ ᠲᠤᠭᠤᠷᠢᠭ᠎ᠤᠨ ᠬᠡᠰᠡᠭ᠎ᠨᠢ ᠢᠨᠵᠧᠨᠧᠷᠢᠩ᠎ᠦᠨ ᠪᠥᠲᠥᠭᠡᠨ ᠪᠠᠶ᠋ᠢᠭᠤᠯᠤᠯᠲᠠ᠎ᠶᠢᠨ ᠲᠥᠷᠥᠯ ᠵᠦᠢᠯ᠎ᠢ ᠬᠢᠨᠠᠨ ᠵᠥᠪᠰᠢᠶᠡᠷᠡᠬᠦ᠌ ᠲᠦᠷᠢᠮ᠎ᠦᠨ ᠨᠡᠢᠳᠭᠡᠭᠰᠡᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠤᠭᠤᠷᠠᠭ᠎ᠢ ᠨᠠᠷᠢᠯᠢᠭ ᠡᠳ᠋ᠰᠢᠭᠦᠯᠬᠦ᠌ ᠬᠢᠭᠡᠳ ᠰᠢᠮ᠎ᠡ ᠲᠡᠵᠢᠭᠡᠯ ᠡᠷᠡᠭᠦᠯ ᠮᠡᠨᠳᠦ᠎ᠶᠢᠨ ᠠᠵᠤ ᠦᠢᠯᠡᠰ᠎ᠢ ᠠᠭᠤᠰᠣᠯᠴᠠᠭᠤᠯᠥᠨ ᠬᠥᠭᠵᠢᠭᠦᠯᠬᠦ᠌ ᠵᠢᠱ᠌ᠢᠶ᠎ᠡ ᠦᠵᠡᠭᠦᠯᠬᠦ᠌ ᠲᠥᠷᠥᠯ ᠵᠦᠢᠯ᠎ᠨᠢ ᠬᠡᠷᠡᠭᠯᠡᠬᠦ ᠭᠠᠵᠠᠷ ᠰᠢᠷᠣᠶ ᠵᠢ ᠵᠦᠪᠰᠢᠶᠡᠷᠡᠬᠦᠯᠦᠨ ᠫᠠᠶ᠋ᠢᠰᠠ ᠡᠯᠭᠦᠭᠰᠡᠨ᠎ᠡᠴᠡ ᠠᠪᠤᠭᠠᠳ ᠪᠥᠬᠥ᠌ ᠭᠡᠷᠡᠴᠢ ᠦᠨᠡᠮᠯᠡᠯ᠎ᠢ ᠭᠦᠢᠴᠡᠳᠬᠡᠵᠤ ᠲᠠᠭᠤᠰᠳᠠᠯ᠎ᠠ ᠵᠥᠪᠬᠡᠨ 24 ᠠᠵᠢᠯᠯᠠᠬᠤ ᠡᠳᠦᠷ ᠬᠡᠷᠡᠭᠯᠡᠵᠦ᠍᠂ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠪᠠᠶ᠋ᠢᠭᠤᠯᠤᠭᠰᠠᠨ᠎ᠤ ᠳᠠᠷᠠᠭᠠᠬᠢ ᠠᠩᠬᠠᠳᠠᠭᠴᠢ ᠠᠵᠤ ᠦᠢᠯᠡᠳᠪᠦᠷᠢ᠎ᠶᠢᠨ ᠲᠥᠷᠥᠯ ᠵᠦᠢᠯ᠎ᠦᠨ 《ᠲᠠᠪᠤᠨ ᠦᠨᠡᠮᠯᠡᠯ᠎ᠢ ᠬᠠᠮᠲᠤᠷᠠᠨ ᠣᠯᠭᠣᠬᠤ》 ᠵᠢ ᠪᠡᠶᠡᠯᠡᠭᠦᠯᠵᠦ᠍᠂ ᠬᠢᠨᠠᠨ ᠵᠥᠪᠰᠢᠶᠡᠷᠡᠬᠦ᠌ ᠬᠤᠷᠳᠤᠴᠠ᠎ᠶᠢᠨ ᠪᠣᠳᠠᠲᠤ᠌ ᠦᠷ᠎ᠡ ᠪᠦᠲᠦᠮᠵᠢ᠎ᠶᠢ ᠭᠦᠢᠴᠡᠳ ᠢᠯᠡᠷᠡᠭᠦᠯᠪᠡ᠃ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠎ᠤᠨ ᠰᠠᠭᠠᠯᠢᠴᠢᠨ᠎ᠤ ᠬᠡᠰᠡᠭ ᠨᠢ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠭᠠᠳᠬᠠᠯ᠎ᠤᠨ ᠰᠢᠨ᠎ᠡ᠎ᠶᠢ ᠡᠭᠦᠳᠬᠦ᠌ ᠲᠥᠷᠥ᠎ᠶᠢᠨ ᠪᠣᠳᠣᠯᠭ᠎ᠠ᠎ᠶᠢ ᠨᠠᠶ᠋ᠢᠳᠠᠪᠤᠷᠢᠵᠢᠭᠤᠯᠵᠤ᠂《ᠬᠥᠬᠡᠬᠣᠲᠠ᠎ᠶᠢᠨ ᠠᠵᠤ ᠠᠬᠤᠶ ᠮᠡᠷᠭᠡᠵᠢᠯ᠎ᠤᠨ᠎ᠨᠡᠭᠡᠭᠡᠯᠲᠡ᠎ᠶᠢᠨ ᠲᠤᠭᠤᠷᠢᠭ᠎ᠤᠨ ᠲᠦᠭᠡᠮᠡᠯ ᠬᠠᠷᠠᠭᠠᠯᠵᠠᠯᠲᠦ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠳᠠᠭᠠᠳᠬᠠᠯ᠎ᠤᠨ ᠦᠢᠯᠡᠳᠭᠦᠨ》 ᠎ᠤ᠋ ᠲᠠᠪᠤᠨ ᠶᠡᠬᠡ ᠣᠨᠴᠠᠯᠢᠭᠲᠤ᠌ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠭᠠᠳᠬᠠᠯ᠎ᠤᠨ ᠲᠥᠷᠥᠯ᠎ᠢ ᠨᠡᠢᠳᠡᠯᠡᠵᠤ᠂ 《ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠭᠠᠳᠬᠠᠯ᠎ᠤᠨ ᠰᠠᠭᠤᠷᠢ᠎ᠶᠢ ᠪᠠᠲᠤᠯᠠᠬᠤ + ᠲᠤᠰᠬᠠᠶ ᠵᠦᠢᠯ᠎ᠦᠨ ᠳᠠᠭᠠᠳᠬᠠᠯ᠎ᠤᠨ ᠵᠠᠷᠤᠳᠠᠯ᠎ᠤᠨ ᠨᠥᠬᠥᠪᠥᠷᠢ + ᠢᠲᠡᠭᠡᠮᠵᠢᠲᠦ᠍ ᠵᠢᠭᠡᠯᠡᠯᠭᠡ᠎ᠶᠢᠨ ᠢᠲᠡᠭᠡᠮᠵᠢ᠎ᠶᠢ ᠨᠡᠮᠡᠭᠳᠡᠭᠦᠯᠦᠨ ᠡᠨ᠋ᠸᠷᠬᠢ ᠣᠯᠭᠣᠬᠤ》 ᠨᠢᠭᠡ ᠴᠤᠭᠴᠠᠵᠢᠭᠤᠯᠤᠭᠰᠠᠨ ᠦᠢᠯᠡᠴᠢᠯᠡᠭᠡᠨ᠎ᠦ ᠰᠢᠰᠲ᠋ᠧᠮ᠎ᠢ ᠪᠠᠶ᠋ᠢᠭᠤᠯᠵᠤ᠂ ᠠᠵᠤ ᠠᠬᠤᠶ᠋ᠢᠯᠠᠯ᠎ᠤᠨ ᠮᠡᠷᠭᠡᠵᠢᠯ᠎ᠢ ᠰᠤᠳᠤᠯᠤᠨ ᠨᠡᠭᠡᠭᠡᠬᠦ᠌ ᠪᠠ ᠦᠷ᠎ᠡ ᠪᠦᠲᠦᠭᠡᠯ᠎ᠢ ᠤᠨᠳᠤᠤᠰᠢᠭᠤᠯᠬᠤ ᠶᠠᠪᠤᠴᠠ᠎ᠳᠠᠬᠢ ᠰᠢᠨ᠎ᠡ᠎ᠶᠢ ᠡᠭᠦᠳᠬᠦ᠌ ᠲᠦᠭᠰᠢᠭᠦᠷᠢ᠎ᠶᠢ ᠪᠥᠬᠥ᠌ ᠲᠠᠯ᠎ᠠ᠎ᠪᠠᠷ ᠲᠤᠯᠭᠠᠨ ᠠᠷᠢᠯᠭᠠᠵᠤ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠠᠵᠤ ᠠᠬᠤᠶ᠋ᠢᠯᠠᠯ᠎ᠤᠨ ᠬᠥᠭᠵᠢᠯᠲᠡ᠎ᠶᠢᠨ ᠡᠷᠡᠭᠡᠯᠵᠡᠯ᠎ᠢ ᠦᠨᠡᠨ ᠬᠦ᠌ ᠬᠥᠩᠭᠡᠷᠡᠭᠦᠯᠪᠡ᠃

ᠬᠥᠬᠡᠬᠣᠲᠠ᠎ᠶᠢᠨ ᠬᠡᠰᠡᠭ ᠨᠢ ᠬᠤᠳᠠᠯᠳᠤᠭᠠᠨ᠎ᠤ ᠶᠠᠪᠤᠳᠠᠯ᠎ᠤᠨ ᠳᠠᠩᠰᠠᠯᠠᠯᠳᠠ ᠵᠢᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠡᠷᠬᠡ ᠣᠯᠭᠣᠵᠤ ᠬᠢᠨᠠᠨ ᠵᠥᠪᠰᠢᠶᠡᠷᠡᠭᠦᠯᠬᠦ᠌ ᠵᠢ ᠢᠵᠢ ᠪᠦᠷᠢᠳᠦᠭᠦᠯᠬᠦ᠌᠎ᠶᠢ ᠲᠡᠭᠦᠯᠳᠡᠷᠵᠢᠭᠦᠯᠵᠦ᠍᠂ ᠡᠩᠨᠡᠭᠡᠨ᠎ᠦ ᠲᠤᠰᠬᠠᠶ ᠮᠡᠷᠭᠡᠵᠢᠯ᠎ᠦᠨ ᠴᠢᠳᠠᠪᠤᠷᠢ᠎ᠶᠢ ᠳᠡᠭᠡᠭᠰᠢᠯᠡᠭᠦᠯᠵᠦ᠍᠂ ᠲᠤᠤᠷᠵᠢᠭᠤᠯᠤᠯᠲᠠ᠎ᠶᠢᠨ ᠦᠢᠯᠡᠴᠢᠯᠡᠭᠡ᠂ ᠬᠠᠪᠰᠤᠷᠤᠨ ᠭᠦᠢᠴᠡᠳᠬᠡᠬᠦ᠌ ᠤᠷᠤᠯᠠᠨ ᠭᠦᠢᠴᠡᠳᠭᠡᠬᠦ ᠪᠠ ᠣᠶᠤᠨᠴᠢ ᠵᠠᠰᠠᠭ᠎ᠤᠨ ᠶᠠᠪᠤᠳᠠᠯ᠎ᠤᠨ ᠰᠢᠰᠲ᠋ᠧᠮ᠎ᠢ ᠲᠠᠰ ᠳᠡᠪᠰᠢᠭᠦᠯᠵᠦ᠍᠂ ᠪᠤᠳᠤᠯᠲᠠ᠎ᠶᠢᠨ ᠬᠦᠴᠦᠨ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠭᠤᠤᠯᠳᠠᠯᠭ᠎ᠠ᠎ᠲᠠᠶ ᠠᠵᠤ ᠦᠢᠯᠡᠰ ᠪᠠ ᠬᠢᠯᠢ ᠠᠯᠤᠰᠯᠠᠭᠰᠠᠨ ᠠᠷᠠᠯᠵᠢᠶ᠎ᠠ᠂ ᠬᠤᠤᠰ ᠴᠢᠭᠯᠡᠯ᠎ᠢᠶᠡᠷ ᠪᠠᠯᠠ ᠣᠷᠣᠭᠤᠯᠬᠤ ᠵᠡᠷᠭᠡ ᠬᠦᠷᠢᠶᠡᠨ᠎ᠳᠦ ᠨᠠᠩ ᠣᠯᠠᠨ ᠨᠡᠢᠳᠭᠡᠭᠰᠡᠨ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ ᠵᠢ ᠨᠡᠢᠳᠡᠯᠡᠵᠤ᠂ ᠲᠦᠷᠢᠮ᠎ᠦᠨ ᠴᠢᠨᠠᠷᠲᠠᠶ ᠠᠷᠠᠯᠵᠢᠶᠠᠨ᠎ᠤ ᠥᠪᠡᠷ᠎ᠦᠨ ᠥᠷᠲᠡᠭ᠎ᠢ ᠦᠷᠭᠦᠯᠵᠢᠯᠡᠨ ᠪᠠᠭᠤᠷᠠᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶ᠋ᠢᠵᠢᠭᠰᠡᠨ ᠲᠡᠷᠢᠭᠦᠨ ᠵᠡᠷᠭᠡ᠎ᠶᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠥᠬᠥ᠌ ᠬᠦᠴᠦᠨ᠎ᠢᠶᠡᠷ᠎ᠢᠶᠡᠨ ᠪᠣᠶ ᠪᠣᠯᠭᠠᠵᠤ᠂ ᠵᠠᠬ᠎ᠠ ᠳᠡᠯᠭᠡᠭᠦᠷ᠎ᠦᠨ ᠭᠤᠤᠯ ᠴᠣᠭᠴᠠ᠎ᠶᠢᠨ ᠬᠦᠷᠲᠡᠮᠵᠢ᠎ᠶᠢᠨ ᠲᠥᠷᠥᠭᠳᠡᠯ ᠪᠠ ᠬᠠᠨᠤᠮᠵᠢ ᠲᠠᠢ ᠪᠠᠢᠬᠤ ᠬᠡᠮᠵᠢᠶ᠎ᠡ᠎ᠶᠢ ᠲᠠᠰᠤᠷᠠᠯᠲᠠ ᠥᠬᠡᠶ ᠨᠡᠮᠡᠭᠳᠡᠭᠦᠯᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号