ᠾᠧ ᠸᠧᠶ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠪᠠᠶ᠋ᠢᠴᠠᠭᠠᠨ ᠰᠤᠳᠤᠯᠬᠤ ᠳᠤᠭᠤᠶ᠋ᠢᠯᠠᠩ᠎ᠢ ᠳᠠᠭᠠᠭᠤᠯᠤᠨ ᠥᠪᠥᠷ ᠮᠣᠩᠭᠣᠯ᠎ᠳᠤ ᠢᠷᠡᠵᠦ᠍ ᠳᠤᠮᠳᠠᠳᠤ᠎ᠶᠢᠨ ᠬᠠᠷᠢᠶᠠᠲᠤ ᠤᠯᠤᠰ᠎ᠲᠠᠭᠠᠨ ᠪᠤᠴᠠᠵᠤ ᠢᠷᠡᠭᠰᠡᠨ ᠬᠠᠷᠢᠶᠠᠲᠤ ᠬᠠᠷᠢᠶᠠᠳᠤ᠎ᠶᠢᠨ ᠬᠡᠷ ᠪᠦᠯᠢ ᠵᠢᠨ ᠬᠢᠨ ᠤ᠋ ᠡᠷᠬᠡ ᠠᠰᠢᠭ᠎ᠢ ᠬᠠᠮᠠᠭᠠᠯᠠᠬᠤ ᠠᠵᠢᠯ᠎ᠢ ᠴᠢᠨᠭᠭᠠᠤᠨᠬᠠᠭᠰᠠᠨ ᠪᠠᠶ᠋ᠢᠳᠠᠯ᠎ᠤᠨ ᠲᠤᠬᠠᠢ ᠲᠤᠰᠬᠠᠶ ᠰᠡᠳᠦᠪᠲᠦ᠍ ᠪᠠᠶ᠋ᠢᠴᠠᠭᠠᠨ ᠰᠤᠳᠤᠯᠤᠯᠲᠠ ᠦᠷᠨᠢᠭᠦᠯᠪᠡ
2026-07-13 10:29:59
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 8 ᠡᠴᠡ 12 ᠤ᠋ᠨ ᠡᠳᠦᠷ ᠪᠣᠯᠲᠠᠯ᠎ᠠ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠳᠡᠳ᠋ ᠬᠣᠷᠢᠶᠠᠨ ᠳᠠᠷᠤᠭ᠎ᠠ ᠾᠧ ᠸᠧᠶ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠪᠠᠶ᠋ᠢᠴᠠᠭᠠᠨ ᠰᠤᠳᠤᠯᠬᠤ ᠳᠤᠭᠤᠶ᠋ᠢᠯᠠᠩ᠎ᠢ ᠳᠠᠭᠠᠭᠤᠯᠤᠨ ᠥᠪᠥᠷ ᠮᠣᠩᠭᠣᠯ᠎ᠳᠤ ᠳᠤᠮᠳᠠᠳᠤ᠎ᠶᠢᠨ ᠬᠠᠷᠢᠶᠠᠲᠤ᠌ ᠤᠯᠤᠰ᠎ᠲᠠᠭᠠᠨ ᠪᠤᠴᠠᠵᠤ ᠢᠷᠡᠭᠰᠡᠨ ᠬᠠᠷᠢᠶᠠᠲᠤ ᠬᠠᠷᠢᠶᠠᠲᠤ ᠵᠢᠨ ᠬᠡᠷ ᠪᠦᠯᠢ᠎ᠶᠢᠨ ᠬᠢᠨ ᠤ᠋ ᠡᠷᠬᠡ ᠠᠰᠢᠭ᠎ᠢ ᠬᠠᠮᠠᠭᠠᠯᠠᠬᠤ ᠠᠵᠢᠯ᠎ᠢ ᠴᠢᠨᠭᠭᠠᠤᠨᠬᠠᠭᠰᠠᠨ ᠪᠠᠶ᠋ᠢᠳᠠᠯ᠎ᠤᠨ ᠲᠤᠬᠠᠢ ᠲᠤᠰᠬᠠᠶ ᠰᠡᠳᠦᠪᠲᠦ᠍ ᠪᠠᠶ᠋ᠢᠴᠠᠭᠠᠨ ᠰᠤᠳᠤᠯᠤᠯᠲᠠ ᠥᠷᠨᠢᠭᠦᠯᠪᠡ᠃

ᠥᠪᠥᠷ ᠮᠣᠩᠭᠣᠯ᠎ᠳᠤ ᠪᠠᠶ᠋ᠢᠬᠤ ᠬᠤᠭᠤᠴᠠᠭᠠᠨ᠎ᠳᠤ ᠪᠠᠶ᠋ᠢᠴᠠᠭᠠᠨ ᠰᠤᠳᠤᠯᠬᠤ ᠳᠤᠭᠤᠶ᠋ᠢᠯᠠᠩ ᠶᠠᠷᠢᠯᠴᠠᠬᠤ ᠬᠤᠷᠠᠯ ᠬᠤᠷᠠᠯᠳᠤᠭᠤᠯᠵᠤ᠂ ᠳᠤᠮᠳᠠᠳᠤ ᠵᠢᠨ ᠬᠠᠷᠢᠶᠠᠲᠤ ᠤᠯᠤᠰ᠎ᠲᠠᠭᠠᠨ ᠪᠤᠴᠠᠵᠤ ᠢᠷᠡᠭᠰᠡᠨ ᠬᠠᠷᠢᠶᠠᠲᠤ ᠬᠠᠷᠢᠶᠠᠲᠤ᠎ᠵᠢᠨ ᠬᠡᠷ ᠪᠦᠯᠢ᠎ᠶᠢᠨ ᠬᠢᠨ᠎ᠦ ᠡᠷᠬᠡ ᠠᠰᠢᠭ᠎ᠢ ᠬᠠᠮᠠᠭᠠᠯᠠᠬᠤ ᠠᠵᠢᠯ᠎ᠢ ᠴᠢᠨᠭᠭᠠᠤᠨᠬᠠᠭᠰᠠᠨ ᠪᠠᠢᠳᠠᠯ᠎ᠤᠨ ᠲᠤᠬᠠᠶ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠥᠬᠥᠶ ᠲᠠᠯ᠎ᠠ᠎ᠶᠢᠨ ᠬᠠᠷᠢᠭᠤ ᠮᠡᠳᠡᠭᠦᠯᠦᠯᠲᠡ᠎ᠶᠢ ᠰᠣᠨᠣᠰᠤᠭᠰᠠᠨ ᠪᠥᠭᠡᠳ ᠬᠥᠬᠡᠬᠣᠲᠠ᠂ ᠲᠦᠩᠯᠢᠶᠣᠤ ᠬᠣᠲᠠ ᠪᠣᠯᠤᠨ ᠬᠢᠩᠭᠠᠨ ᠠᠶ᠋ᠢᠮᠠᠭ᠎ᠲᠤ᠌ ᠬᠦᠷᠴᠦ᠍ ᠪᠠᠶ᠋ᠢᠴᠠᠭᠠᠨ ᠰᠤᠳᠤᠯᠪᠠ᠃ ᠪᠠᠶ᠋ᠢᠴᠠᠭᠠᠨ ᠰᠤᠳᠤᠯᠬᠤ ᠬᠤᠭᠤᠴᠠᠭᠠᠨ᠎ᠳᠤ ᠪᠠᠰᠠ ᠬᠡᠰᠡᠭ ᠮᠤᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠬᠠᠷᠢᠭᠤᠴᠠᠯᠭᠠᠲᠠᠨ ᠨᠥᠬᠥᠳ ᠣᠷᠣᠯᠴᠠᠭᠰᠠᠨ ᠬᠠᠷᠢᠶᠠᠲᠤ᠎ᠨᠠᠷ᠎ᠤᠨ ᠶᠠᠪᠤᠳᠠᠯ᠎ᠤᠨ ᠬᠠᠤᠯᠢ ᠲᠣᠭᠲᠠᠭᠠᠬᠤ ᠠᠵᠢᠯ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠰᠠᠨᠠᠯ ᠰᠠᠨᠠᠭᠤᠯᠭ᠎ᠠ᠎ᠶᠢ ᠨᠢ ᠭᠦᠨᠵᠡᠭᠡᠢ ᠰᠣᠨᠣᠰᠪᠠ᠃

ᠾᠧ ᠸᠧᠢ ᠥᠪᠥᠷ ᠮᠣᠩᠭᠣᠯ᠎ᠤᠨ ᠬᠠᠷᠢᠶᠠᠲᠤ᠎ᠨᠠᠷ᠎ᠤᠨ ᠶᠠᠪᠤᠳᠠᠯ᠎ᠤᠨ ᠠᠵᠢᠯ᠎ᠤᠨ ᠣᠯᠤᠭᠰᠠᠨ ᠠᠮᠵᠢᠯᠲᠠ᠎ᠶᠢ ᠭᠦᠢᠴᠡᠳ ᠨᠤᠲᠠᠯᠠᠪᠠ᠃ ᠲᠡᠷᠡ᠂ ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠶᠢ ᠭᠦᠨᠵᠡᠭᠡᠢ ᠰᠤᠷᠤᠯᠴᠠᠨ ᠣᠶ᠋ᠢᠯᠠᠭᠠᠵᠤ᠂ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ᠂  ᠶᠡᠷᠦᠩᠬᠡᠢ  ᠱᠦᠵᠢ  ᠰᠢ ᠵᠢᠨ ᠫᠢᠩ᠎ᠦᠨ ᠬᠠᠷᠢᠶᠠᠲᠤ᠎ᠨᠠᠷ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ᠂ ᠨᠠᠮ ᠪᠣᠯᠤᠨ ᠤᠯᠤᠰ᠎ᠤᠨ ᠴᠢᠬᠤᠯᠠ ᠶᠡᠬᠡ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠠᠷᠢᠶᠠᠲᠤ᠎ᠨᠠᠷ᠎ᠤᠨ ᠠᠵᠢᠯ᠎ᠤᠨ ᠵᠥᠪ ᠤᠯᠤᠰ ᠲᠦᠷᠦ᠎ᠶᠢᠨ ᠴᠢᠭᠯᠡᠯ᠎ᠢ ᠪᠠᠲᠤ᠌ ᠡᠵᠡᠮᠳᠡᠬᠦ᠌ ᠬᠡᠷᠡᠭᠲᠡᠢ᠃ ᠰᠢᠨ᠎ᠡ ᠠᠶᠠᠨ ᠰᠢᠨ᠎ᠡ ᠪᠠᠶ᠋ᠢᠳᠠᠯ ᠪᠣᠯᠤᠨ ᠡᠭᠦᠷᠭᠡ᠎ᠳᠦ ᠰᠠᠭᠤᠷᠢᠯᠠᠵᠤ᠂ ᠰᠢᠨ᠎ᠡ ᠴᠠᠭ ᠦᠶ᠎ᠡ᠎ᠶᠢᠨ ᠬᠠᠷᠢᠶᠠᠲᠤ᠎ᠨᠠᠷ᠎ᠤᠨ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ᠎ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠢ᠃ ᠣᠷᠣᠨ ᠪᠠᠶ᠋ᠢᠷᠢ᠎ᠶᠢᠨ ᠳᠠᠪᠠᠭᠤᠯᠢᠭ᠎ᠢᠶᠠᠨ ᠬᠠᠷᠢᠶᠠᠲᠤ᠎ᠨᠠᠷ᠎ᠤᠨ ᠠᠵᠢᠯ᠎ᠤᠨ ᠪᠣᠳᠠᠲᠤ᠌ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠶ᠋ᠢᠨ ᠪᠢᠴᠢᠭᠯᠡᠬᠦ᠌ ᠬᠡᠷᠡᠭᠲᠡᠢ ᠭᠡᠵᠤ ᠴᠢᠬᠤᠯᠠᠴᠢᠯᠠᠵᠠᠢ᠃

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠭᠡᠰᠢᠭᠦᠨ᠂ ᠳᠤᠮᠳᠠᠳᠤ᠎ᠶᠢᠨ ᠬᠠᠷᠢᠶᠠᠲᠤ᠎ᠨᠠᠷ᠎ᠤᠨ ᠵᠥᠪᠯᠡᠯ᠎ᠦᠨ ᠳᠡᠳ᠋ ᠡᠷᠬᠢᠯᠡᠭᠴᠢ ᠭᠡᠰᠢᠭᠦᠨ ᠬᠤᠸᠠᠩ ᡁᠢ ᠰᠢᠶᠠᠨ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠳᠤᠮᠳᠠᠳᠤ᠎ᠶᠢᠨ ᠬᠠᠷᠢᠶᠠᠲᠤ᠎ᠨᠠᠷ᠎ᠤᠨ ᠵᠥᠪᠯᠡᠯ᠎ᠦᠨ ᠭᠡᠰᠢᠭᠦᠨ ᠶᠠᠨ ᠰᠢᠶᠤᠤ ᠮᠢᠩ᠂ ᠯᠢ ᠭᠦᠸᠧ ᠴᠢᠶᠠᠩ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠰᠢᠤᠢ ᠵᠦᠩ᠎ᠨᠡᠷ ᠪᠠᠶ᠋ᠢᠴᠠᠭᠠᠨ ᠰᠤᠳᠤᠯᠬᠤ᠎ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠳᠡᠳ᠋ ᠡᠷᠬᠢᠯᠡᠭᠴᠢ ᠠᠶ ᠯᠢ ᠬᠤᠸᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠰᠦᠬᠡ ᠬᠤᠯᠪᠤᠭᠳᠠᠯ ᠪᠥᠬᠥᠶ ᠠᠵᠢᠯᠯᠠᠭ᠎ᠠ᠎ᠳᠤ ᠣᠷᠣᠯᠴᠠᠵᠠᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号