— ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ᠌ ᠨᠢ
ᠬᠡᠬᠦᠳᠡᠭ ᠴᠡᠭᠡᠵᠢᠨ᠎ᠳᠡᠭᠡᠨ ᠬᠦᠰᠡᠯ ᠵᠡᠭᠦᠳᠦ ᠡᠪᠦᠷᠯᠡᠭᠰᠡᠨ ᠤᠷᠳᠤ ᠠᠶᠠᠨ᠎ᠳᠤ᠂ ᠰᠠᠯᠬᠢ ᠪᠣᠷᠣᠭᠠᠨ᠎ᠡᠴᠡ ᠠᠶᠤᠬᠤ ᠦᠭᠡᠢ; ᠤᠷᠢᠳ᠎ᠤᠨ ᠬᠦᠮᠦᠰ᠎ᠤᠨ ᠬᠢᠵᠤ ᠦᠵᠡᠬᠡ ᠦᠬᠡᠢ ᠶᠡᠬᠡ ᠦᠢᠯᠡᠰ ᠢ᠋ ᠪᠦᠲᠦᠭᠡᠬᠦ ᠳ᠋ᠤ᠂ ᠡᠷᠡᠮᠡᠬᠡᠢᠯᠡᠨ ᠤᠷᠤᠬᠰᠢᠯᠠᠬᠤ ᠰᠢᠨ᠎ᠡ ᠲᠡᠮᠡᠴᠡᠯ᠎ᠢ ᠱᠠᠭᠠᠷᠳᠠᠨ᠎ᠠ᠃
ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠪᠠᠶ᠋ᠢᠯᠳᠤᠬᠤ ᠪᠤᠳᠤᠯᠭ᠎ᠠ᠎ᠶᠢᠨ ᠪᠦᠬᠦ᠌ ᠲᠠᠯ᠎ᠠ ᠪᠣᠯᠤᠨ ᠳᠡᠯᠡᠬᠡᠢ᠎ᠶᠢᠨ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶᠢ ᠨᠢᠭᠡᠳᠦᠯᠲᠡᠢ ᠲᠥᠯᠥᠪᠵᠢᠭᠦᠯᠬᠦ᠌ ᠦᠨᠳᠤᠷᠴᠡ ᠡᠴᠡ᠂ ᠨᠠᠮ ᠪᠣᠯᠤᠨ ᠠᠷᠠᠳ ᠲᠦᠮᠡᠨ᠎ᠦ ᠦᠢᠯᠡᠰ᠎ᠦᠨ ᠬᠥᠭᠵᠢᠯᠲᠡ᠎ᠶᠢᠨ ᠭᠡᠭᠡᠨ ᠰᠠᠷᠠᠭᠤᠯ ᠢᠷᠡᠭᠡᠳᠦᠢ᠎ᠶᠢ ᠪᠠᠷᠠᠯᠠᠵᠤ᠂ 《ᠰᠢᠨ᠎ᠡ ᠴᠠᠭ ᠦᠶ᠎ᠡ ᠰᠢᠨ᠎ᠡ ᠠᠶᠠᠨᠤ᠋ ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠪᠡᠶᠡᠯᠡᠭᠦᠯᠬᠦ᠌᠎ᠳᠦ᠂ ᠪᠦᠬᠦ᠌ ᠳᠤᠮᠳᠠᠳᠤ ᠤᠯᠤᠰ᠎ᠤᠨ ᠡᠪ ᠬᠠᠮᠲᠤᠴᠤᠳ ᠢᠲᠡᠭᠡᠯ ᠵᠣᠷᠢᠭ᠎ᠢᠶᠠᠨ ᠪᠠᠲᠤᠳᠬᠠᠵᠤ᠂ ᠦᠷᠭᠦᠯᠵᠢᠯᠡᠨ ᠲᠡᠮᠡᠴᠡᠵᠦ᠍᠂ ᠴᠠᠭ ᠦᠶ᠎ᠡ ᠪᠣᠯᠤᠨ ᠠᠷᠠᠳ ᠲᠦᠮᠡᠨ᠎ᠳᠦ ᠦᠯᠦ᠍ ᠣᠰᠣᠯᠳᠠᠬᠤ ᠰᠢᠨ᠎ᠡ ᠠᠮᠵᠢᠯᠲᠠ ᠪᠦᠲᠦᠮᠵᠢ᠎ᠶᠢ ᠲᠠᠰᠤᠷᠠᠯᠳᠠ ᠦᠭᠡᠢ ᠡᠭᠦᠳᠬᠦ᠌ ᠬᠡᠷᠡᠭᠲᠡᠢ》 ᠭᠡᠵᠦ᠍ ᠴᠢᠬᠤᠯᠠᠴᠢᠯᠠᠪᠠ᠃
ᠶᠠᠪᠤᠵᠤ ᠢᠷᠡᠭᠰᠡᠨ ᠵᠠᠮ ᠲᠤᠷᠰᠢ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌ ᠡᠨᠡ ᠬᠦ᠌ ᠭᠣᠣᠯ ᠰᠡᠳᠦᠪᠲᠦ᠍ ᠠᠩᠬᠠᠷᠤᠯ᠎ᠢᠶᠠᠨ ᠲᠥᠪᠯᠡᠷᠡᠭᠦᠯᠵᠦ᠍᠂ ᠠᠭᠤᠤ ᠶᠡᠬᠡ ᠵᠠᠮ᠎ᠢ ᠨᠡᠭᠡᠭᠡᠵᠦ᠍᠂ ᠠᠭᠤᠤ ᠶᠡᠬᠡ ᠦᠢᠯᠡᠰ᠎ᠢ ᠪᠦᠳᠦᠬᠡᠵᠤ᠂ ᠠᠭᠤᠤ ᠶᠡᠬᠡ ᠵᠣᠷᠢᠭ ᠰᠠᠨᠠᠭ᠎ᠠ᠎ᠶᠢ ᠱᠤᠭᠤᠵᠤ᠂ ᠡᠷᠬᠢᠮ ᠨᠠᠨᠳᠢᠨ ᠲᠤᠷᠰᠢᠯᠭ᠎ᠠ ᠵᠢ ᠬᠤᠷᠠᠮᠳᠤᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠥᠭᠵᠢᠯᠲᠡ᠎ᠶᠢᠨ ᠲᠡᠦᠬᠡ ᠪᠣᠯᠤᠨ ᠬᠥᠮᠦᠨ ᠲᠥᠷᠥᠯᠬᠢᠲᠡᠨ᠎ᠦ ᠨᠡᠶ᠋ᠢᠭᠡᠮ᠎ᠦᠨ ᠲᠠᠪᠰᠢᠯᠳᠠ᠎ᠶᠢᠨ ᠲᠡᠦᠬᠡᠨ ᠳ᠋ᠡᠬᠢ ᠭᠠᠶ᠋ᠢᠬᠠᠮᠰᠢᠭᠲᠤ᠌ ᠬᠠᠭᠤᠳᠠᠰᠤ᠎ᠶᠢ ᠪᠢᠴᠢᠭᠯᠡᠭᠰᠡᠨ ᠪᠠᠶ᠋ᠢᠨ᠎ᠠ᠃
ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠡᠭᠦᠷᠭᠡ ᠬᠠᠷᠢᠭᠤᠴᠠᠯᠭ᠎ᠠ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠶᠠᠪᠤᠳᠠᠯ ᠪᠣᠯᠤᠨ᠎ᠠ᠃ ᠦᠨᠳᠦᠰᠦᠲᠡᠨ᠎ᠦ ᠰᠡᠷᠭᠦᠨ ᠮᠠᠨᠳᠤᠯᠲᠠ᠎ᠳᠤ ᠣᠶ᠋ᠢᠷᠠᠳᠬᠤ ᠲᠤᠳᠤᠮ ᠢᠯᠭᠤᠮ ᠤᠷᠤᠭᠰᠢᠲᠠᠢ ᠪᠠᠶ᠋ᠢᠵᠤ ᠴᠢᠳᠠᠬᠤ ᠦᠭᠡᠢ᠂ ᠠᠶᠤᠯ ᠲᠦᠭᠰᠢᠭᠦᠷᠢ ᠪᠠ ᠥᠷᠢᠰᠥᠯᠳᠦᠭᠡᠨ ᠴᠢᠨᠠᠭᠰᠢᠯᠠᠪᠠᠯ ᠲᠤᠭᠰᠢᠨ ᠳᠠᠪᠠᠯᠭᠠᠨ ᠰᠢᠷᠦᠭᠦᠨ ᠤᠷᠤᠰᠬᠠᠯ ᠳ᠋ᠤ ᠲᠤᠯᠭᠠᠷᠠᠨ᠎ᠠ ᠭᠡᠳᠡᠭ ᠢ᠋ ᠡᠷᠬᠡᠪᠰᠢ ᠭᠦᠨᠵᠡᠭᠡᠢ ᠲᠠᠨᠢᠬᠤ ᠬᠡᠷᠡᠭᠲᠡᠢ᠃ ᠪᠢᠳᠡᠨ᠎ᠳᠦ ᠲᠤᠯᠭᠠᠷᠠᠵᠤ ᠪᠠᠶ᠋ᠢᠭ᠎ᠠ ᠡᠯ᠎ᠡ ᠵᠦᠢᠯ᠎ᠦᠨ ᠲᠡᠮᠡᠴᠡᠯ ᠪᠣᠯ ᠣᠬᠣᠷ ᠬᠤᠭᠤᠴᠠᠭᠠᠨ᠎ᠤ ᠪᠢᠰᠢ ᠬᠠᠷᠢᠨ ᠤᠷᠳᠤ ᠬᠤᠭᠤᠴᠠᠭᠠᠨ᠎ᠤ ᠶᠤᠮ᠂ ᠡᠳᠡᠭᠡᠷ ᠨᠢ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶᠢ ᠪᠡᠶᠡᠯᠡᠭᠦᠯᠬᠦ᠌ ᠪᠦᠬᠦ᠌ ᠶᠠᠪᠤᠴᠠ᠎ᠳᠤ ᠳᠠᠭᠠᠯᠳᠤᠬᠤ ᠪᠣᠯᠤᠨ᠎ᠠ᠃
ᠰᠢᠨ᠎ᠡ ᠴᠠᠭ ᠦᠶ᠎ᠡ ᠰᠢᠨ᠎ᠡ ᠠᠶᠠᠨ ᠤ᠋ ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠬᠡᠷᠬᠢᠨ ᠪᠡᠶᠡᠯᠡᠭᠦᠯᠬᠦ᠌ ᠪᠤᠢ?
《ᠡᠷᠬᠡᠪᠰᠢ ᠨᠠᠮ᠎ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ᠎ᠶᠢ ᠪᠠᠷᠢᠮᠲᠠᠯᠠᠬᠤ ᠬᠡᠷᠡᠭᠲᠡᠢ》᠂ 《ᠡᠷᠬᠡᠪᠰᠢ ᠠᠷᠠᠳ ᠲᠦᠮᠡᠨ᠎ᠳᠦ ᠨᠢᠭᠳᠠ ᠲᠦᠰᠢᠭᠯᠡᠵᠦ᠍ ᠲᠡᠦᠬᠡ᠎ᠶᠢᠨ ᠠᠭᠤᠤ ᠦᠢᠯᠡᠰ᠎ᠢ ᠡᠭᠦᠳᠬᠦ ᠬᠡᠷᠡᠭᠲᠡᠢ》᠂ 《ᠤᠷᠤᠭᠰᠢᠯᠠᠯᠲᠠ᠎ᠶᠢᠨ ᠵᠠᠮ ᠳᠡᠭᠡᠷᠡᠬᠢ ᠠᠶᠤᠯ ᠲᠦᠭᠰᠢᠭᠦᠷᠢ ᠪᠠ ᠥᠷᠢᠰᠥᠯᠳᠦᠭᠡᠨ᠎ᠢ ᠡᠷᠬᠡᠪᠰᠢ ᠢᠳᠡᠪᠬᠢᠲᠡᠢ ᠠᠷᠭᠠᠴᠡᠭᠠᠬᠤ ᠬᠡᠷᠡᠭᠲᠡᠢ》᠂ 《ᠡᠷᠬᠡᠪᠰᠢ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠦᠷᠭᠦᠯᠵᠢᠯᠡᠨ ᠠᠬᠢᠭᠤᠯᠬᠤ ᠬᠡᠷᠡᠭᠲᠡᠢ》᠂ 《ᠡᠷᠬᠡᠪᠰᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠬᠤ ᠬᠡᠷᠡᠭᠲᠡᠢ》᠃
ᠶᠡᠷᠦᠩᠬᠡᠢ ᠱᠦᠵᠢ ᠰᠢ ᠵᠢᠨ ᠫᠢᠩ 《ᠲᠠᠪᠤᠨ ᠡᠷᠬᠡᠪᠰᠢ》 ᠵᠢᠨ ᠲᠣᠳᠣᠷᠬᠠᠢ ᠱᠠᠭᠠᠷᠳᠠᠯᠭ᠎ᠠ᠎ᠶᠢ ᠢᠯᠡ ᠲᠣᠳᠣ ᠪᠡᠷ ᠳᠤᠷᠠᠳᠤᠨ ᠭᠠᠷᠭᠠᠵᠤ᠂ ᠮᠠᠨ᠎ᠤ ᠤᠯᠤᠰ᠎ᠤᠨ ᠬᠥᠭᠵᠢᠯᠲᠡ᠎ᠳᠦ ᠲᠤᠯᠭᠠᠷᠠᠵᠤ ᠪᠠᠶ᠋ᠢᠭ᠎ᠠ ᠠᠵᠠ ᠲᠣᠬᠢᠶᠠᠯ ᠪᠣᠯᠤᠨ ᠥᠷᠢᠰᠥᠯᠳᠦᠭᠡᠨ᠎ᠢ ᠰᠢᠨᠵᠢᠯᠡᠬᠦ᠌ ᠤᠬᠠᠭᠠᠨᠴᠢ᠎ᠪᠠᠷ ᠡᠵᠡᠮᠳᠡᠵᠦ᠍᠂ ᠨᠠᠮ ᠪᠣᠯᠤᠨ ᠠᠷᠠᠳ ᠲᠦᠮᠡᠨ᠎ᠦ ᠦᠢᠯᠡᠰ᠎ᠦᠨ ᠬᠥᠭᠵᠢᠯᠲᠡ᠎ᠶᠢ ᠠᠬᠢᠭᠤᠯᠬᠤ ᠵᠢᠮ᠎ᠡ ᠶᠣᠰᠣᠴᠢ ᠴᠢᠨᠡᠷ᠎ᠤᠨ ᠲᠤᠬᠠᠢ ᠲᠠᠨᠢᠯᠲᠠ ᠵᠢ ᠭᠦᠨᠵᠡᠭᠡᠶ᠋ᠢᠷᠡᠭᠦᠯᠵᠦ᠍᠂ ᠰᠢᠨ᠎ᠡ ᠠᠶᠠᠨ ᠳ᠋ᠤ ᠪᠦᠬᠦ᠌ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠢᠲᠡᠭᠡᠯ ᠵᠣᠷᠢᠭ᠎ᠢᠶᠠᠨ ᠪᠠᠲᠤᠳᠬᠠᠵᠤ᠂ ᠦᠷᠭᠦᠯᠵᠢᠯᠡᠨ ᠲᠡᠮᠡᠴᠡᠬᠦ᠌᠎ᠳᠦ ᠠᠵᠢᠯᠯᠠᠭᠠᠨ᠎ᠤ ᠵᠢᠯᠤᠭᠤᠳᠤᠯᠭ᠎ᠠ ᠬᠠᠩᠭᠠᠪᠠ᠃
ᠠᠷᠠᠳ ᠲᠦᠮᠡᠨ ᠪᠣᠯ ᠲᠡᠦᠬᠡ᠎ᠶᠢ ᠡᠭᠦᠳᠦᠨ ᠪᠦᠲᠦᠭᠡᠭᠴᠢ ᠮᠥᠨ᠂ ᠨᠠᠮ ᠪᠠ ᠤᠯᠤᠰ᠎ᠤᠨ ᠢᠷᠡᠭᠡᠳᠦᠢ ᠵᠢᠨ ᠬᠤᠪᠢ ᠵᠠᠶᠠᠭ᠎ᠠ᠎ᠶᠢ ᠲᠣᠭᠲᠠᠭᠠᠬᠤ ᠦᠨᠳᠦᠰᠦᠨ ᠬᠦᠴᠦᠨ ᠮᠥᠨ᠃
ᠲᠡᠦᠬᠡ᠎ᠶᠢ ᠡᠷᠭᠢᠴᠡᠭᠦᠯᠬᠦᠶ᠎ᠠ᠂ ᠠᠷᠠᠳ ᠲᠦᠮᠡᠨ᠎ᠦ ᠳᠤᠮᠳᠠ ᠭᠦᠨ ᠦᠨᠳᠦᠰᠦᠯᠡᠵᠤ᠂ ᠮᠠᠨ᠎ᠤ ᠨᠠᠮ ᠢᠮᠠᠭᠲᠠ ᠪᠠᠲᠤ᠌ ᠪᠡᠬᠢ ᠰᠠᠭᠤᠷᠢ᠎ᠲᠠᠶ ᠶᠤᠮ᠃ ᠭᠠᠵᠠᠷ ᠰᠢᠷᠣᠢ᠎ᠶᠢᠨ ᠬᠤᠪᠢᠰᠬᠠᠯᠲᠤ᠌ ᠲᠠᠢ᠌ᠨ ᠳ᠋ᠤ 《ᠲᠦᠭ ᠲᠦᠮᠡᠨ ᠠᠵᠢᠯᠴᠢᠨ ᠲᠠᠷᠢᠶᠠᠴᠢᠨ᠎ᠢ ᠤᠷᠢᠶᠠᠯᠠᠵᠤ᠂ ᠰᠡᠳᠬᠢᠯ ᠨᠢᠭᠡᠳᠦᠨ ᠠᠵᠢᠯᠯᠠᠭᠰᠠᠨ》 ᠡᠴᠡ ᠶᠠᠫᠣᠨ᠎ᠢ ᠡᠰᠡᠷᠭᠦᠴᠡᠬᠦ᠌ ᠲᠠᠢ᠌ᠨ ᠳ᠋ᠤ 《ᠳᠠᠶ᠋ᠢᠰᠤᠨ᠎ᠢ ᠮᠦᠬᠦᠵᠤ ᠰᠥᠨᠥᠬᠦ ᠵᠢᠨ ᠨᠡᠯᠦᠭᠡᠷ ᠲᠠᠯᠠᠢ ᠳ᠋ᠤ ᠲᠦᠯᠬᠢᠨ ᠤᠷᠤᠭᠤᠯᠤᠭᠰᠠᠨ》 ᠬᠦᠷᠲᠡᠯ᠎ᠡ; ᠬᠡᠳᠦᠨ ᠲᠦᠮᠡᠨ ᠠᠷᠠᠳ ᠤᠯᠠᠨ ᠠᠰᠬ᠎ᠠ ᠬᠠᠳᠠ᠎ᠶᠢ ᠳᠤᠮᠳᠠᠭᠤᠷ ᠨᠢ ᠵᠦᠰᠦᠵᠤ 《ᠵᠣᠬᠢᠶᠠᠮᠠᠯ ᠲᠩᠷᠢ᠎ᠶᠢᠨ ᠤᠶᠤᠳᠠᠯ》 ᠬᠡᠮᠡᠭᠳᠡᠬᠰᠡᠨ ᠤᠯᠠᠭᠠᠨ ᠲᠤᠭ ᠰᠤᠪᠠᠭ᠎ᠢ ᠪᠠᠶ᠋ᠢᠭᠤᠯᠤᠭᠰᠠᠨ᠎ᠡᠴᠡ᠂ ᠰᠢᠶᠤᠤ ᠭᠠᠩ ᠲᠣᠰᠬᠣᠨ᠎ᠤ ᠠᠷᠠᠳ ᠬᠤᠷᠤᠭᠤᠨ ᠤᠷᠤᠮ ᠳᠠᠷᠤᠵᠤ ᠬᠥᠳᠡᠭᠡ ᠲᠣᠰᠬᠣᠨ᠎ᠤ ᠥᠭᠡᠷᠡᠴᠢᠯᠡᠯᠲᠡ᠎ᠶᠢᠨ ᠲᠤᠮᠤ ᠬᠥᠰᠢᠭᠡ᠎ᠶᠢ ᠨᠡᠭᠡᠭᠡᠭᠰᠡᠨ ᠬᠦᠷᠲᠡᠯ᠎ᠡ ᠁ ᠲᠡᠦᠬᠡ᠎ᠶᠢᠨ ᠠᠭᠤᠤ ᠶᠡᠬᠡ ᠵᠦᠴᠦᠭᠡ᠎ᠶᠢ ᠲᠦᠭ ᠲᠦᠮᠡᠨ ᠠᠷᠠᠳ ᠤᠯᠠᠨ ᠭᠣᠣᠯᠯᠠᠨ ᠲᠣᠭᠯᠠᠵᠤ᠂ ᠠᠭᠤᠤ ᠶᠡᠬᠡ ᠠᠮᠵᠢᠯᠲᠠ᠎ᠶᠢ ᠨᠠᠮ ᠪᠣᠯᠤᠨ ᠠᠷᠠᠳ ᠲᠦᠮᠡᠨ ᠬᠠᠮᠲᠤ᠎ᠪᠠᠷ ᠠᠮᠢ ᠴᠦᠯᠡᠨ ᠪᠠᠢᠵᠤ ᠤᠯᠤᠭᠰᠠᠨ ᠶᠤᠮ᠂ ᠠᠵᠢᠯᠯᠠᠵᠤ ᠪᠠᠢᠭᠠᠳ ᠤᠯᠤᠭᠰᠠᠨ ᠶᠤᠮ᠂ ᠲᠡᠮᠡᠴᠡᠵᠦ᠍ ᠪᠠᠶ᠋ᠢᠭᠠᠳ ᠣᠯᠤᠭᠰᠠᠨ ᠶᠤᠮ᠃
ᠰᠢᠨ᠎ᠡ ᠴᠠᠭ ᠦᠶ᠎ᠡ ᠳ᠋ᠤ ᠤᠷᠤᠬᠰᠠᠨ᠎ᠡᠴᠡ ᠨᠠᠭᠠᠰᠢ᠂ ᠬᠥᠮᠦᠨ ᠲᠥᠷᠥᠯᠬᠢᠲᠡᠨ᠎ᠦ ᠲᠡᠦᠬᠡᠨ ᠳᠡᠭᠡᠷᠡᠬᠢ ᠬᠡᠪᠴᠢᠶ᠎ᠠ᠎ᠪᠡᠷ ᠬᠠᠮᠤᠭ᠎ᠤᠨ ᠶᠡᠬᠡ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠤ ᠢᠯᠠᠯᠲᠠ᠎ᠶᠢ ᠲᠡᠮᠡᠴᠡᠨ ᠣᠯᠵᠤ᠂ ᠲᠠᠪᠤᠨ ᠱᠠᠲᠤᠨ᠎ᠤ ᠱᠦᠵᠢ ᠶᠠᠳᠠᠭᠤ᠎ᠶᠢ ᠲᠡᠳᠬᠦᠬᠦ᠌᠎ᠶᠢ ᠠᠳᠬᠤᠵᠤ᠂ ᠪᠦᠬᠦ᠌ ᠨᠠᠮ᠎ᠢᠶᠠᠷ᠎ᠢᠶᠠᠨ ᠪᠣᠭᠣᠮᠲᠠ ᠰᠢᠪᠲᠤᠯᠬᠤ᠎ᠶᠢ ᠲᠠᠢᠴᠢᠯᠠᠨ ᠠᠬᠢᠭᠤᠯᠵᠤ᠂ 300 ᠭᠠᠷᠤᠢ ᠲᠦᠮᠡᠨ ᠨᠢᠭᠡᠳᠦᠭᠡᠷ ᠱᠦᠵᠢ ᠪᠣᠯᠤᠨ ᠲᠣᠰᠬᠣᠨ᠎ᠳᠤ ᠰᠠᠭᠤᠭ᠎ᠠ ᠺᠠᠳ᠋ᠷ ᠡᠮᠦᠨ᠎ᠡ ᠹᠷᠣᠨᠲ ᠲᠤ᠌ ᠭᠠᠪᠰᠢᠭᠠᠶ᠋ᠢᠯᠠᠪᠠ; 《ᠪᠣᠭᠣᠮᠢ ᠪᠤᠯᠵᠤ ᠪᠠᠢᠭ᠎ᠠ》 ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠢ ᠰᠢᠪᠲᠤᠯᠵᠤ᠂ ᠥᠷᠭᠡᠨ ᠤᠯᠠᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠳᠠᠨ ᠰᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ᠎ᠶᠢ ᠪᠠᠳᠠᠷᠠᠭᠤᠯᠵᠤ᠂ ᠳᠡᠯᠡᠬᠡᠢ᠎ᠶᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠨᠣᠶᠠᠨ ᠤᠷᠬᠢᠯ᠎ᠳᠤ ᠵᠣᠷᠢᠭᠲᠠᠢ ᠠᠪᠠᠷᠢᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠬᠦᠰᠡᠯ ᠵᠡᠭᠦᠳᠦ᠎ᠪᠡᠨ ᠲᠡᠷᠭᠡᠯᠰᠢᠭᠦᠯᠬᠦ᠌ ᠠᠤᠭ᠎ᠠ ᠰᠠᠨᠠᠭ᠎ᠠ ᠡᠷᠡᠯᠬᠡᠭ ᠵᠣᠷᠢᠭ᠎ᠢ ᠢᠯᠡᠷᠡᠭᠦᠯᠪᠡ᠋ ᠁
ᠮᠠᠨ᠎ᠤ ᠨᠠᠮ ᠶᠠᠭᠠᠬᠢᠭᠠᠳ ᠲᠡᠶ᠋ᠢᠮᠦ᠍ ᠪᠠᠭ᠎ᠠ ᠪᠠᠭᠤᠷᠠᠢ ᠪᠠᠶ᠋ᠢᠳᠠᠯ᠎ᠤᠨ ᠳᠣᠣᠷ᠎ᠠ ᠬᠥᠭᠵᠢᠨ ᠪᠤᠵᠠᠭᠠᠶ᠋ᠢᠷᠠᠵᠤ᠂ ᠮᠢᠩᠭ᠎ᠠ ᠲᠦᠮᠡᠨ ᠠᠶᠤᠯ ᠲᠦᠭᠰᠢᠭᠦᠷᠢ᠎ᠶᠢᠨ ᠳᠤᠮᠳᠠ ᠤᠳᠠᠭ᠎ᠠ ᠳᠠᠷᠠᠭᠠᠯᠠᠨ ᠲᠠᠬᠢᠨ ᠠᠮᠢᠯᠠᠵᠤ᠂ ᠦᠵᠡᠬᠦ᠌᠎ᠳᠦ ᠳᠠᠪᠠᠵᠤ ᠴᠢᠳᠠᠰᠢ ᠦᠭᠡᠢ ᠬᠦᠴᠢᠷ ᠪᠡᠷᠬᠡ ᠠᠶᠤᠯ ᠪᠠᠷᠳᠠᠭᠠᠨᠤᠭᠤᠳᠢ ᠢᠯᠠᠨ ᠳᠠᠪᠠᠵᠤ᠂ ᠬᠥᠮᠦᠰ᠎ᠢ ᠭᠠᠶ᠋ᠢᠬᠠᠰᠢ ᠠᠯᠳᠠᠭᠤᠯᠤᠮ᠎ᠠ ᠬᠥᠮᠦᠨ᠎ᠦ ᠶᠢᠷᠲᠢᠨᠴᠦ᠎ᠶᠢᠨ ᠭᠠᠶ᠋ᠢᠬᠠᠮᠰᠢᠭᠤᠳᠢ ᠡᠭᠦᠳᠦᠨ ᠪᠦᠲᠦᠭᠡᠵᠦ᠍ ᠴᠢᠳᠠᠭᠰᠠᠨ ᠪᠤᠢ?
ᠦᠨᠳᠦᠰᠦᠨ ᠰᠢᠯᠲᠠᠭᠠᠨ ᠨᠢ ᠮᠠᠨ᠎ᠤ ᠨᠠᠮ ᠢᠮᠠᠭᠲᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠴᠡᠭᠡᠵᠢᠯᠡᠵᠦ᠍᠂ ᠪᠦᠬᠦ᠌ ᠰᠡᠳᠬᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ᠌ ᠦᠨᠳᠦᠰᠦᠨ ᠵᠣᠷᠢᠯᠲᠠ᠎ᠶᠢ ᠦᠨᠡᠨᠴᠢ ᠰᠢᠳᠤᠷᠭᠤ᠎ᠪᠠᠷ ᠦᠢᠯᠡᠳᠦᠯᠭᠡᠵᠢᠭᠦᠯᠦᠭᠰᠡᠨ᠎ᠡᠴᠡ ᠠᠷᠠᠳ ᠲᠦᠮᠡᠨ᠎ᠦ ᠴᠢᠩ ᠰᠡᠳᠬᠢᠯ᠎ᠦᠨ ᠬᠦᠷᠢᠶᠡᠯᠡᠯ ᠪᠠ ᠳᠡᠮᠵᠢᠯᠭᠡ᠎ᠶᠢ ᠣᠯᠤᠭᠰᠠᠨ᠎ᠳᠤ ᠪᠤᠢ᠃
ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ᠌ ᠪᠣᠯ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶᠢᠨ ᠦᠢᠯᠡᠰ ᠮᠥᠨ᠃ ᠰᠢᠨ᠎ᠡ ᠠᠶᠠᠨ᠎ᠳᠤ᠂ ᠡᠷᠡᠰ ᠪᠠᠲᠤ᠎ᠪᠠᠷ ᠠᠷᠠᠳ ᠲᠦᠮᠡᠨ᠎ᠲᠡᠶ ᠬᠠᠮᠲᠤ᠌ ᠵᠣᠭᠰᠣᠵᠤ᠂ ᠬᠠᠮᠲᠤ᠌ ᠪᠣᠳᠣᠯᠬᠢᠯᠠᠵᠤ᠂ ᠬᠠᠮᠲᠤ᠌ ᠠᠵᠢᠯᠯᠠᠵᠤ᠂ ᠪᠦᠬᠦ᠌ ᠨᠠᠮ᠎ᠤᠨ ᠠᠵᠢᠯ ᠬᠢᠵᠦ᠍ ᠦᠢᠯᠡᠰ ᠪᠤᠰᠬᠠᠬᠤ ᠤᠷᠮ᠎ᠠ ᠵᠣᠷᠢᠭ᠎ᠢ ᠤᠯᠠᠮ ᠨᠢᠭᠡ ᠠᠯᠬᠤᠮ ᠨᠡᠮᠡᠭᠳᠡᠭᠦᠯᠵᠦ᠍᠂ ᠲᠦᠭ ᠲᠦᠮᠡᠨ ᠠᠷᠠᠳ ᠲᠦᠮᠡᠨ᠎ᠦ ᠢᠳᠡᠪᠬᠢᠵᠢᠯ ᠪᠠ ᠰᠠᠨᠠᠭᠠᠴᠢᠯᠠᠭᠠᠲᠤ᠌ ᠴᠢᠨᠠᠷ ᠪᠦᠲᠦᠭᠡᠯᠴᠢ ᠴᠢᠨᠠᠷ᠎ᠢ ᠭᠦᠢᠴᠡᠳ ᠬᠥᠭᠵᠢᠭᠡᠵᠦ᠍᠂ ᠮᠠᠨ᠎ᠤ ᠨᠠᠮ ᠶᠠᠮᠠᠷᠪᠠ ᠰᠠᠯᠬᠢ ᠳᠠᠪᠠᠯᠭᠠᠨ ᠴᠤ᠌ ᠭᠤᠶ᠋ᠢᠪᠢᠯᠵᠠᠭᠤᠯᠵᠤ ᠳᠡᠶ᠋ᠢᠯᠬᠦ᠌ ᠦᠭᠡᠢ ᠪᠠᠲᠤ᠌ ᠪᠡᠬᠢ ᠰᠠᠭᠤᠷᠢ᠎ᠲᠠᠶ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠬᠠᠮᠤᠭ᠎ᠤᠨ ᠨᠠᠶ᠋ᠢᠳᠠᠪᠤᠷᠢᠲᠠᠢ᠂ ᠬᠠᠮᠤᠭ᠎ᠤᠨ ᠭᠦᠨ ᠵᠤᠵᠠᠭᠠᠨ᠂ ᠬᠠᠮᠤᠭ᠎ᠤᠨ ᠤᠳᠠᠭᠠᠨ ᠳᠠᠭᠠᠭᠠᠮᠠᠭᠠᠢ ᠬᠦᠴᠦᠨ ᠴᠢᠳᠠᠯ᠎ᠤᠨ ᠡᠬᠢ ᠰᠤᠷᠪᠤᠯᠵᠢ᠎ᠲᠠᠶ ᠶᠤᠮ᠃
《ᠲᠤᠰ ᠪᠡᠶ᠎ᠡ᠎ᠪᠡᠨ ᠴᠢᠭᠢᠷᠠᠭᠵᠢᠭᠤᠯᠬᠤ᠎ᠶᠢ ᠴᠢᠬᠤᠯᠠᠴᠢᠯᠠᠵᠤ᠂ ᠢᠮᠠᠭᠲᠠ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠪᠠᠶ᠋ᠢᠬᠤ》 ᠪᠣᠯ ᠮᠠᠨ᠎ᠤ ᠨᠠᠮ᠎ᠤᠨ ᠰᠢᠯᠢᠳᠡᠭ ᠣᠨᠴᠠᠯᠢᠭ ᠰᠢᠨᠵᠢ ᠪᠣᠯᠤᠨ᠎ᠠ᠃ 《ᠨᠠᠮ᠎ᠡᠴᠡ ᠨᠠᠮ᠎ᠢ ᠬᠠᠮᠢᠶᠠᠷᠬᠤ᠂ ᠨᠠᠮ᠎ᠢ ᠴᠢᠩᠭ᠎ᠠ ᠵᠠᠰᠠᠬᠤ ᠵᠠᠷᠴᠢᠮ ᠪᠠ ᠴᠢᠭᠯᠡᠯᠲᠡ᠎ᠶᠢ ᠢᠮᠠᠭᠲᠠ ᠪᠠᠷᠢᠮᠲᠠᠯᠠᠬᠤ》 ᠪᠣᠯ ᠨᠠᠮ᠎ᠢ ᠪᠠᠶ᠋ᠢᠭᠤᠯᠵᠤ ᠤᠯᠤᠰ᠎ᠢ ᠪᠠᠶ᠋ᠢᠭᠤᠯᠬᠤ᠂ ᠨᠠᠮ᠎ᠢ ᠬᠦᠴᠦᠷᠬᠡᠭᠵᠢᠭᠦᠯᠵᠦ᠍ ᠤᠯᠤᠰ᠎ᠢᠶᠠᠨ ᠬᠦᠴᠦᠷᠬᠡᠭᠵᠢᠭᠦᠯᠬᠦ᠌᠎ᠶᠢᠨ ᠴᠢᠬᠤᠯᠠ ᠡᠷᠳᠡᠨᠢ ᠮᠥᠨ᠃
ᠲᠥᠪ᠎ᠦᠨ ᠨᠠᠢ᠍ᠮᠠᠨ ᠲᠣᠭᠲᠠᠭᠠᠯ᠎ᠢ ᠲᠣᠭᠲᠠᠭᠠᠨ ᠨᠠᠶ᠋ᠢᠳᠠᠪᠤᠷᠢᠵᠢᠭᠤᠯᠤᠬᠰᠠᠨᠡᠴᠡ ᠨᠠᠮ᠎ᠤᠨ ᠳᠣᠲᠣᠭᠠᠳᠤ᠎ᠶᠢᠨ ᠲᠥᠪᠯᠡᠷᠡᠩᠭᠦᠢ ᠬᠥᠮᠦᠵᠢᠯ᠎ᠢ ᠦᠷᠭᠦᠯᠵᠢᠯᠡᠨ ᠥᠷᠨᠢᠭᠦᠯᠦᠭᠰᠡᠨ ᠬᠦᠷᠲᠡᠯ᠎ᠡ; ᠨᠠᠮ ᠪᠣᠯᠤᠨ ᠤᠯᠤᠰ᠎ᠤᠨ ᠬᠢᠨᠠᠯᠲᠠ ᠲᠠᠯᠪᠢᠬᠤ ᠰᠢᠰᠲ᠋ᠧᠮ᠎ᠦᠨ 《ᠨᠢᠷᠤᠭᠤ ᠲᠤᠯᠭᠠᠭᠤᠷᠢ》 ᠵᠢ ᠪᠠᠶ᠋ᠢᠭᠤᠯᠬᠤ᠎ᠡᠴᠡ ᠠᠪᠤᠭᠠᠳ᠂ ᠤᠷᠢᠳ ᠡᠮᠦᠨ᠎ᠡ ᠪᠠᠶ᠋ᠢᠭ᠎ᠠ ᠦᠭᠡᠢ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠢ ᠥᠷᠨᠢᠭᠦᠯᠦᠭᠰᠡᠨ ᠬᠦᠷᠲᠡᠯ᠎ᠡ ᠁ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠪᠢᠳᠡ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠡᠷᠡᠰ ᠭᠤᠶ᠋ᠢᠪᠢᠰᠢ ᠦᠭᠡᠢ ᠠᠬᠢᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲ᠋ᠧᠮ᠎ᠢ ᠪᠠᠶ᠋ᠢᠭᠤᠯᠵᠤ᠂ ᠵᠠᠭᠤᠨ ᠵᠢᠯ᠎ᠦᠨ ᠲᠡᠦᠬᠡ᠎ᠲᠡᠶ ᠲᠤᠮᠤ ᠨᠠᠮ ᠨᠢ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ᠌ ᠰᠢᠨ᠎ᠡ ᠠᠬᠤᠢ ᠪᠠᠶ᠋ᠢᠳᠠᠯ᠎ᠢ ᠨᠡᠭᠡᠭᠡᠪᠡ᠃
《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠤ ᠬᠥᠭᠵᠢᠯᠲᠡ᠎ᠶᠢᠨ ᠡᠭᠦᠷᠭᠡ ᠪᠡᠷᠬᠡ ᠬᠠᠲᠠᠭᠤᠵᠢᠯᠲᠠᠢ ᠪᠥᠭᠡᠳ ᠨᠦᠰᠡᠷ ᠬᠦᠨᠳᠦ ᠪᠠᠶ᠋ᠢᠵᠤ᠂ ᠪᠠᠶ᠋ᠢᠳᠠᠯ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠢᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶ᠋ᠢᠨ᠎ᠠ᠃ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ᠎ᠶᠢᠨ ᠶᠡᠷᠦᠩᠬᠡᠢ ᠱᠠᠭᠠᠷᠳᠠᠯᠭ᠎ᠠ᠎ᠶᠢ ᠨᠠᠶ᠋ᠢᠳᠠᠪᠤᠷᠢᠵᠢᠭᠤᠯᠵᠤ᠂ ᠨᠠᠮ᠎ᠤᠨ ᠤᠯᠤᠰ ᠲᠦᠷᠦ᠎ᠶᠢᠨ ᠤᠳᠤᠷᠢᠳᠬᠤ ᠬᠦᠴᠦᠨ᠂ ᠦᠵᠡᠯ ᠰᠠᠨᠠᠭᠠᠨ᠎ᠤ ᠬᠦᠳᠦᠯᠥᠨ ᠳᠠᠭᠠᠭᠤᠯᠬᠤ ᠬᠦᠴᠦᠨ᠂ ᠤᠯᠠᠨ ᠲᠦᠮᠡᠨ᠎ᠢ ᠵᠣᠬᠢᠶᠠᠨ ᠪᠠᠶ᠋ᠢᠭᠤᠯᠬᠤ ᠬᠦᠴᠦᠨ᠂ ᠨᠡᠶ᠋ᠢᠭᠡᠮ᠎ᠦᠨ ᠤᠷᠢᠶᠠᠯᠠᠬᠤ ᠬᠦᠴᠦᠨ᠎ᠢ ᠲᠠᠰᠤᠷᠠᠯᠳᠠ ᠦᠭᠡᠢ ᠴᠢᠩᠭᠠᠳᠬᠠᠪᠠᠯ᠂ ᠯᠠᠪᠲᠠᠢ ᠰᠢᠨ᠎ᠡ ᠴᠠᠭ ᠦᠶ᠎ᠡ᠎ᠳᠦ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ᠌ ᠲᠡᠦᠬᠡᠨ ᠠᠬᠢᠴᠠ ᠳᠤᠮᠳᠠ ᠨᠠᠮ᠎ᠤᠨ ᠢᠮᠠᠭᠲᠠ ᠪᠠᠲᠤ᠌ ᠴᠢᠩᠭ᠎ᠠ ᠤᠳᠤᠷᠢᠳᠬᠤ ᠭᠣᠣᠯᠯᠠᠭᠴᠢ ᠪᠣᠯᠬᠤ᠎ᠶᠢ ᠪᠠᠲᠤᠯᠠᠵᠤ᠂ ᠳᠤᠮᠳᠠᠳᠤ᠎ᠶᠢᠨ ᠰᠡᠷᠭᠦᠨ ᠮᠠᠨᠳᠤᠯᠲᠠ ᠨᠡᠷᠡᠮᠵᠢᠲᠦ᠍ ᠲᠤᠮᠤ ᠬᠥᠯᠭᠡ ᠣᠩᠭᠣᠴᠠ᠎ᠶᠢ ᠵᠢᠯᠣᠭᠣᠳᠤᠨ ᠪᠠᠲᠤᠯᠠᠵᠤ ᠳᠠᠪᠠᠯᠭᠠᠨ᠎ᠢ ᠰᠦᠷᠦᠨ ᠤᠷᠤᠭᠰᠢᠯᠠᠵᠤ᠂ ᠯᠠᠪᠳᠠᠭᠤᠨ᠎ᠢᠶᠠᠷ ᠬᠤᠯᠠ ᠠᠶᠠᠯᠠᠵᠤ ᠴᠢᠳᠠᠨ᠎ᠠ᠃
ᠪᠡᠷᠬᠡ ᠬᠠᠳᠠᠭᠤᠵᠢᠯᠳᠠᠢ ᠭᠡᠷᠡᠯ ᠰᠠᠴᠤᠷᠠᠩᠭᠤᠢ ᠥᠩᠭᠡᠷᠡᠭᠰᠡᠨ᠎ᠢ ᠲᠤᠭᠤᠯᠤᠨ ᠭᠡᠭᠡᠨ ᠰᠠᠷᠠᠭᠤᠯ ᠠᠤᠭ᠎ᠠ ᠶᠡᠬᠡ ᠢᠷᠡᠭᠡᠳᠦᠢ ᠲᠡᠢᠰᠢ ᠤᠷᠤᠭᠰᠢᠯᠠᠵᠤ᠂ ᠥᠨᠥᠳᠦᠷ᠂ ᠪᠢᠳᠡ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌ ᠬᠠᠷᠠᠯᠲᠠ᠎ᠳᠤ ᠲᠡᠦᠬᠡ᠎ᠶᠢᠨ ᠠᠯᠢ ᠴᠤ᠌ ᠦᠶ᠎ᠡ᠎ᠡᠴᠡ ᠢᠯᠡᠭᠦᠦ ᠣᠶ᠋ᠢᠷᠠᠳᠴᠤ᠌᠂ ᠡᠨᠡ ᠬᠦ᠌ ᠬᠠᠷᠠᠯᠲᠠ᠎ᠶᠢ ᠪᠡᠶᠡᠯᠡᠭᠦᠯᠬᠦ᠌ ᠢᠲᠡᠭᠡᠯ ᠪᠠ ᠴᠢᠳᠠᠪᠤᠷᠢ ᠲᠡᠦᠬᠡ᠎ᠶᠢᠨ ᠠᠯᠢ ᠴᠤ᠌ ᠦᠶ᠎ᠡ᠎ᠡᠴᠡ ᠢᠯᠡᠭᠦᠦ ᠴᠢᠩᠭᠠᠷᠠᠵᠠᠢ᠃
ᠵᠠᠮ ᠬᠤᠪᠢᠷᠠᠬᠤ ᠦᠭᠡᠢ᠂ ᠵᠣᠷᠢᠭ ᠬᠤᠪᠢᠷᠠᠬᠤ ᠦᠭᠡᠢ ᠪᠠᠶ᠋ᠢᠬᠤ ᠲᠣᠭᠲᠠᠯ ᠬᠦᠴᠦᠨ᠎ᠢ ᠪᠠᠲᠤᠯᠠᠵᠤ᠂ ᠨᠠᠮ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ ᠪᠣᠯᠤᠨ ᠨᠠᠮ᠎ᠤᠨ ᠲᠥᠪ ᠬᠣᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠵᠠᠮ᠎ᠤᠨ ᠢᠲᠡᠭᠡᠯ᠂ ᠤᠨᠤᠯ᠎ᠤᠨ ᠢᠲᠡᠭᠡᠯ᠂ ᠪᠠᠶ᠋ᠢᠭᠤᠯᠤᠯ᠎ᠤᠨ ᠢᠲᠡᠭᠡᠯ᠂ ᠰᠣᠶᠣᠯ᠎ᠤᠨ ᠢᠲᠡᠭᠡᠯ᠎ᠢᠶᠡᠨ ᠪᠠᠲᠤᠳᠬᠠᠵᠤ᠂ ᠤᠷᠢᠳᠤᠬᠢ᠎ᠶᠢ ᠵᠠᠯᠭᠠᠮᠵᠢᠯᠠᠨ ᠬᠣᠶ᠋ᠢᠰᠢᠬᠢ᠎ᠳᠤ ᠵᠠᠮ ᠨᠡᠭᠡᠭᠡᠵᠦ᠍᠂ ᠲᠥᠪ ᠶᠣᠰᠣ᠎ᠶᠢ ᠪᠠᠷᠢᠮᠲᠠᠯᠠᠨ ᠰᠢᠨ᠎ᠡ᠎ᠶᠢ ᠡᠭᠦᠳᠪᠡᠯ᠂ ᠪᠢᠳᠠ ᠳᠠᠷᠤᠢ ᠪᠠᠷᠠᠭᠠᠨ ᠡᠭᠦᠯᠡ ᠬᠠᠷᠠᠭ᠎ᠠ᠎ᠶᠢ ᠬᠠᠯᠬᠠᠯᠠᠬᠤ᠎ᠡᠴᠡ ᠠᠶᠤᠬᠤ ᠦᠭᠡᠢ᠂ ᠰᠠᠯᠬᠢ ᠳᠠᠪᠠᠯᠭᠠᠨ᠎ᠢ ᠵᠦᠰᠦᠨ ᠤᠷᠤᠬᠰᠢᠯᠠᠵᠤ ᠵᠠᠮ ᠲᠥᠭᠡᠷᠢᠬᠦ᠌ ᠦᠭᠡᠢ ᠪᠠᠶ᠋ᠢᠵᠤ ᠴᠢᠳᠠᠨ᠎ᠠ᠃
ᠰᠢᠨ᠎ᠡ ᠠᠶᠠᠨ᠎ᠳᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠶᠢᠨ ᠪᠠᠲᠤ᠌ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠪᠦᠯᠬᠦᠮᠳᠡᠨ 《ᠪᠠᠲᠤ᠌ ᠪᠡᠬᠢ ᠪᠤᠯᠤᠳ ᠲᠡᠮᠦᠷ》 ᠪᠤᠯᠵᠥ᠍᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠪᠠᠯ᠂ ᠯᠠᠪᠲᠠᠢ ᠰᠢᠨ᠎ᠡ ᠠᠭᠤᠤ ᠶᠡᠬᠡ ᠲᠡᠮᠡᠴᠡᠯ᠎ᠢᠶᠡᠷ ᠲᠡᠦᠬᠡ᠎ᠶᠢᠨ ᠭᠡᠷᠡᠯ ᠰᠠᠴᠤᠷᠠᠩᠭᠤᠢ ᠰᠢᠨ᠎ᠡ ᠠᠮᠵᠢᠯᠲᠠ᠎ᠶᠢ ᠡᠭᠦᠳᠴᠦ᠍᠂ ᠠᠤᠭ᠎ᠠ ᠶᠡᠬᠡ ᠬᠦᠰᠡᠯ ᠡᠷᠡᠮᠡᠯᠵᠡᠯ᠎ᠢ ᠰᠠᠢ᠌ᠨ ᠰᠠᠶ᠋ᠢᠬᠠᠨ ᠪᠣᠳᠠᠲᠤ᠌ ᠠᠬᠤᠢ ᠪᠣᠯᠭᠠᠵᠤ ᠴᠢᠳᠠᠨ᠎ᠠ᠃
(ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 7 ᠰᠠᠷ᠎ᠠ᠎ᠶᠢᠨ 4 ᠤ᠋ ᠴᠠᠬᠢᠯᠭᠠᠨ ᠮᠡᠳᠡᠭᠡ)