ᠥᠪᠥᠷ ᠮᠣᠩᠭᠣᠯ ᠬᠥᠳᠡᠭᠡ ᠲᠣᠰᠬᠣᠨ ᠎ᠤ ᠭᠤᠪᠢᠭᠤᠯᠭ᠎ᠠ᠎ᠶᠢᠨ ᠦᠢᠯᠡᠴᠢᠯᠡᠭᠡᠨ᠎ᠦ ᠲᠦᠪᠰᠢᠨ᠎ᠢ ᠳᠡᠭᠡᠭᠰᠢᠯᠡᠭᠦᠯᠵᠦ ᠪᠤᠢ
2026-07-13 09:17:14
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠣᠶ᠋ᠢᠷ᠎ᠠ᠎ᠳᠤ᠂  ᠥᠪᠥᠷ ᠮᠤᠩᠭᠤᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2026 ᠣᠨ᠎ᠤ ᠣᠷᠣᠰᠢᠨ ᠰᠠᠭᠤᠷᠢᠰᠢᠵᠦ ᠦᠢᠯᠡᠰ ᠪᠤᠰᠬᠠᠬᠤ᠎ᠳᠤ ᠲᠣᠬᠢᠷᠠᠮᠵᠢᠲᠠᠶ ᠪᠠ ᠦᠵᠡᠰᠬᠦᠯᠡᠩᠲᠦ᠍ ᠰᠠᠶ᠋ᠢᠬᠠᠨ ᠬᠥᠳᠡᠭᠡ ᠲᠣᠰᠬᠣᠨ ᠎ᠢ ᠪᠥᠲᠥᠭᠡᠨ ᠪᠠᠶ᠋ᠢᠭᠤᠯᠬᠤ ᠠᠵᠢᠯᠯᠠᠭ᠎ᠠ᠎ᠶᠢᠨ ᠠᠵᠢᠯ᠎ᠤᠨ ᠭᠤᠤᠯᠳᠠᠯᠭ᠎ᠠ 》 (ᠳᠣᠷᠣᠭᠰᠢ 《ᠠᠵᠢᠯ᠎ᠤᠨ ᠭᠤᠤᠯᠳᠠᠯᠭ᠎ᠠ》 ᠭᠡᠵᠦ᠍ ᠲᠣᠪᠴᠢᠯᠠᠨ᠎ᠠ) ᠵᠢ ᠳᠠᠷᠤᠮᠠᠯᠯᠠᠨ ᠲᠠᠷᠬᠠᠭᠠᠵᠤ᠂ ᠬᠥᠳᠡᠭᠡ ᠲᠣᠰᠬᠣᠨ᠎ᠤ ᠭᠤᠪᠢᠭᠤᠯᠭ᠎ᠠ᠎ᠶᠢᠨ ᠦᠢᠯᠡᠴᠢᠯᠡᠭᠡᠨ᠎ᠦ ᠲᠦᠪᠰᠢᠨ᠎ᠢ  ᠳᠡᠭᠡᠭᠰᠢᠯᠡᠭᠦᠯᠬᠦ᠌᠎ᠶᠢ  ᠦᠷᠭᠦᠯᠵᠢᠯᠡᠨ ᠠᠬᠢᠭᠤᠯᠵᠠᠢ᠃

《ᠠᠵᠢᠯ᠎ᠤᠨ ᠭᠤᠤᠯᠳᠠᠯᠭ᠎ᠠ》 ᠳ᠋ᠤ᠂ ᠬᠥᠳᠡᠭᠡ ᠲᠣᠰᠬᠣᠨ᠎ᠤ 《ᠠᠶᠠᠨᠴᠢᠨ ᠪᠠ  ᠪᠠᠷᠠᠭ᠎ᠠ ᠰᠢᠤᠳᠠᠨ》 ᠢ᠋ ᠠᠭᠤᠰᠤᠯᠴᠠᠭᠤᠯᠤᠨ ᠬᠥᠭᠵᠢᠭᠦᠯᠬᠦ᠌ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ ᠎ᠢ ᠨᠡᠮᠡᠭᠳᠡᠭᠦᠯᠬᠦ᠌ ᠠᠵᠢᠯᠯᠠᠭ᠎ᠠ᠎ᠶᠢ ᠬᠡᠷᠡᠭᠵᠢᠭᠦᠯᠵᠦ᠍᠂ ᠠᠭᠤᠰᠤᠯᠴᠠᠭᠤᠯᠬᠤ ᠵᠠᠮ ᠱᠤᠭᠤᠮ᠎ᠢ 10%ᠪᠠᠷ ᠨᠡᠮᠡᠭᠳᠡᠭᠦᠯᠵᠦ᠍᠂ ᠠᠭᠤᠰᠤᠯᠴᠠᠬᠤ ᠨᠥᠬᠥᠴᠡᠯ᠎ᠢ ᠪᠦᠷᠢᠯᠳᠦᠭᠦᠯᠦᠭᠰᠡᠨ ᠰᠢᠶᠠᠨ᠎ᠤ ᠱᠠᠲᠤᠨ᠎ᠤ ᠵᠠᠰᠠᠭ ᠵᠠᠬᠢᠷᠭᠠᠨ᠎ᠤ ᠣᠷᠣᠨ᠎ᠤ ᠪᠦᠷᠬᠦᠴᠡ ᠎ᠶᠢᠨ ᠨᠣᠷᠮ᠎ᠠ᠎ᠶᠢ 60% ᠎ᠳ᠋ᠤ ᠬᠦᠷᠭᠡᠨ᠎ᠠ᠃ ᠠᠶᠠᠨᠴᠢᠨ ᠪᠠ ᠪᠠᠷᠠᠭ᠎ᠠ᠎ᠶᠢᠨ ᠠᠭᠤᠰᠤᠯᠴᠠᠯ ᠎ᠤᠨ ᠲᠤᠷᠰᠢᠯᠲᠠ᠎ᠶᠢᠨ ᠴᠡᠭ ᠎ᠤᠨ ᠲᠥᠷᠥᠯ ᠵᠦᠢᠯ᠎ᠦᠨ ᠪᠥᠲᠥᠭᠡᠨ ᠪᠠᠶ᠋ᠢᠭᠤᠯᠤᠯᠲᠠ᠎ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠣᠨ᠎ᠤ ᠠᠶᠠᠨᠴᠢᠨ ᠪᠠ ᠪᠠᠷᠠᠭ᠎ᠠ᠎ᠶᠢᠨ ᠠᠭᠤᠰᠤᠯᠴᠠᠯ᠎ᠤᠨ ᠴᠢᠨᠠᠷ ᠰᠠᠶ᠋ᠢᠲᠠᠶ ᠬᠥᠭᠵᠢᠯᠲᠡ᠎ᠶᠢ ᠲᠤᠬᠠᠶ᠎ᠶᠢᠨ ᠭᠠᠵᠠᠷ ᠣᠷᠣᠨ᠎ᠤ ᠪᠠᠶ᠋ᠢᠳᠠᠯ᠎ᠳᠤᠨᠢ ᠳᠣᠭᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠍ ᠠᠬᠢᠭᠤᠯᠤᠨ᠎ᠠ᠃ ᠲᠣᠰᠬᠣᠨ᠎ᠤ ᠱᠠᠲᠤᠨ᠎ᠤ ᠭᠤᠪᠢᠭᠤᠯᠭ᠎ᠠ᠎ᠶᠢᠨ ᠪᠠᠷᠠᠭ᠎ᠠ᠎ᠶᠢᠨ ᠭᠦᠢᠯᠭᠡᠭᠡ᠎ᠶᠢᠨ ᠦᠢᠯᠡᠴᠢᠯᠡᠭᠡᠨ ᠎ᠦ ᠰᠠᠭᠤᠷᠢ ᠎ᠶᠢ ᠦᠷᠭᠦᠯᠵᠢᠯᠡᠨ ᠪᠡᠬᠢᠵᠢᠭᠦᠯᠵᠦ᠍᠂ ᠰᠢᠤᠳᠠᠨ᠎ᠤ ᠲᠦᠭᠡᠮᠡᠯ ᠦᠢᠯᠡᠴᠢᠯᠡᠭᠡᠨ᠎ᠦ ᠰᠠᠭᠤᠷᠢ᠎ᠶᠢ ᠪᠠᠲᠤᠯᠠᠬᠤ ᠴᠢᠳᠠᠮᠵᠢ᠎ᠶᠢ ᠪᠠᠳᠠᠷᠠᠭᠤᠯᠤᠨ᠎ᠠ᠃ ᠲᠦᠷᠭᠡᠨ ᠬᠦᠷᠭᠡᠯᠳᠡ᠎ᠶᠢᠨ ᠠᠵᠤ ᠠᠬᠤᠶ᠋ᠢᠯᠠᠯ᠎ᠤᠨ ᠦᠢᠯᠡᠴᠢᠯᠡᠭᠡᠨ᠎ᠦ ᠬᠠᠮᠤᠷᠬᠤ ᠴᠢᠳᠠᠪᠤᠷᠢ ᠵᠢ ᠬᠠᠷᠠᠬᠠᠨ ᠪᠦᠷᠢᠯᠳᠦᠭᠦᠯᠦᠭᠡᠳᠦᠶ ᠬᠥᠳᠡᠭᠡ ᠲᠣᠰᠬᠣᠨ᠎ᠤ ᠣᠷᠣᠨ ᠪᠦᠰᠡ᠎ᠳᠦ᠂ ᠰᠢᠤᠳᠠᠨ᠎ᠤ ᠶᠠᠪᠤᠳᠠᠯ᠎ᠤᠨ ᠠᠵᠤ ᠠᠬᠤᠶ᠋ᠢᠯᠠᠯ᠎ᠤᠨ ᠲᠦᠭᠡᠮᠡᠯ ᠦᠢᠯᠡᠴᠢᠯᠡᠭᠡᠨ᠎ᠦ ᠦᠨᠳᠦᠰᠦᠨ ᠵᠦᠢᠯ᠎ᠢ ᠪᠠᠲᠤᠯᠠᠬᠤ ᠡᠭᠦᠷᠭᠡ ᠬᠠᠷᠢᠭᠤᠴᠠᠯᠭ᠎ᠠ᠎ᠪᠠᠨ ᠬᠦᠢᠴᠡᠳᠭᠡᠬᠦ ᠵᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠮᠠᠯᠵᠢᠬᠤ ᠲᠠᠷᠢᠶᠠᠯᠠᠬᠤ ᠣᠷᠣᠨ ᠎ᠤ ᠣᠯᠠᠨ ᠲᠦᠮᠡᠨ᠎ᠦ ᠭᠤᠪᠢᠭᠤᠯᠭ᠎ᠠ᠎ᠶᠢᠨ ᠦᠨᠳᠦᠰᠦᠨ ᠦᠢᠯᠡᠴᠢᠯᠡᠭᠡᠨ᠎ᠦ ᠬᠡᠷᠡᠭᠴᠡᠭᠡ ᠱᠠᠭᠠᠷᠳᠠᠯᠭ᠎ᠠ᠎ᠶᠢ ᠦᠨᠡᠨ ᠬᠦ᠌ ᠪᠠᠲᠤᠯᠠᠨ᠂ ᠮᠠᠯᠵᠢᠬᠤ ᠲᠠᠷᠢᠶᠠᠯᠠᠬᠤ ᠣᠷᠣᠨ᠎ᠤ ᠣᠯᠠᠨ ᠲᠦᠮᠡᠨ᠎ᠦ ᠭᠤᠪᠢᠭᠤᠯᠭ᠎ᠠ᠎ᠶᠢᠨ ᠦᠨᠳᠦᠰᠦᠨ ᠦᠢᠯᠡᠴᠢᠯᠡᠭᠡᠨ᠎ᠦ ᠬᠡᠷᠡᠭᠴᠡᠭᠡ ᠱᠠᠭᠠᠷᠳᠠᠯᠭ᠎ᠠ᠎ᠶᠢ ᠦᠷᠭᠦᠯᠵᠢᠯᠡᠨ ᠳᠡᠭᠡᠭᠰᠢᠯᠡᠭᠦᠯᠵᠦ᠍᠂ ᠬᠥᠳᠡᠭᠡ ᠲᠣᠰᠬᠣᠨ᠎ᠤ ᠭᠤᠪᠢᠭᠤᠯᠭ᠎ᠠ᠎ᠶᠢᠨ ᠦᠢᠯᠡᠴᠢᠯᠡᠭᠡᠨ᠎ᠦ ᠬᠠᠩᠭᠠᠯᠭ᠎ᠠ᠎ᠶᠢᠨ ᠴᠢᠳᠠᠪᠤᠷᠢ ᠪᠠ ᠬᠣᠲᠠ ᠬᠥᠳᠡᠭᠡ᠎ᠶᠢᠨ ᠣᠯᠠᠨ ᠨᠡᠶ᠋ᠢᠲᠡ᠎ᠶᠢᠨ ᠦᠢᠯᠡᠴᠢᠯᠡᠭᠡ ᠵᠢᠨ ᠲᠡᠩᠴᠡᠭᠦᠷᠢᠰᠢᠭᠦᠯᠬᠦ᠌  ᠬᠢᠷᠢ ᠬᠡᠮᠵᠢᠶ᠎ᠡ᠎ᠶᠢ  ᠦᠷᠭᠦᠯᠵᠢᠯᠡᠨ ᠳᠡᠭᠡᠭᠰᠢᠯᠡᠭᠦᠯᠦᠨ᠎ᠡ ᠬᠡᠵᠠᠢ᠃

《ᠠᠵᠢᠯ ᠎ᠤᠨ ᠭᠤᠤᠯᠳᠠᠯᠭ᠎ᠠ》 ᠳ᠋ᠤ᠂ ᠲᠣᠰᠬᠣᠨ᠎ᠤ ᠱᠠᠲᠤᠨ ᠎ᠤ ᠭᠤᠪᠢᠭᠤᠯᠭ᠎ᠠ᠎ᠶ᠋ᠢᠨ᠌ ᠪᠠᠷᠠᠭᠠᠨ᠎ᠤ ᠬᠦᠢᠯᠭᠡᠭᠡ᠎ᠶᠢᠨ ᠶᠡᠷᠦᠩᠬᠡᠶ᠋ᠢᠯᠡᠭᠰᠡᠨ ᠦᠢᠯᠡᠴᠢᠯᠡᠭᠡᠨ᠎ᠦ ᠥᠷᠲᠡᠭᠡ᠎ᠶᠢᠨ ᠲᠦᠷᠢᠮᠵᠢᠭᠰᠡᠨ ᠪᠠᠶ᠋ᠢᠭᠤᠯᠤᠯᠲᠠ᠎ᠶᠢ ᠲᠣᠭᠲᠠᠭᠤᠨ᠎ᠢᠶᠠᠷ ᠠᠬᠢᠭᠤᠯᠬᠤ ᠬᠡᠷᠡᠭᠲᠡᠶ᠃ ᠡᠯᠧᠺᠲ᠋ᠷᠣᠨ ᠬᠤᠳᠠᠯᠳᠤᠭᠠᠨ᠎ᠤ ᠲᠦᠷᠭᠡᠨ ᠬᠦᠷᠭᠡᠯᠳᠡ᠎ᠶᠢᠨ ᠭᠦᠨᠵᠡᠭᠡᠶ ᠠᠭᠤᠰᠤᠯᠴᠠᠨ ᠬᠥᠭᠵᠢᠬᠦ᠌᠎ᠶᠢ ᠠᠬᠢᠭᠤᠯᠬᠤ ᠬᠡᠷᠡᠭᠳᠡᠢ᠃ ᠰᠢᠤᠳᠠᠨ᠎ᠤ ᠲᠦᠷᠭᠡᠨ ᠬᠦᠷᠭᠡᠯᠳᠡ᠎ᠶᠢᠨ ᠠᠵᠢᠯ ᠲᠥᠷᠥᠯ᠎ᠢ ᠣᠲᠣ ᠦᠶ᠎ᠡ᠎ᠶᠢᠨ ᠲᠠᠷᠢᠶᠠᠯᠠᠩ ᠮᠠᠯ ᠠᠵᠤ ᠠᠬᠤᠶ᠂ ᠬᠥᠳᠡᠭᠡ ᠲᠣᠰᠬᠣᠨ᠎ᠤ ᠲᠡᠷᠢᠭᠦᠨ᠎ᠦ ᠦᠢᠯᠡᠳᠬᠦ ᠦᠢᠯᠡᠰ᠎ᠯᠦᠭᠡ ᠭᠦᠨᠵᠡᠭᠡᠶ ᠬᠣᠯᠪᠣᠭᠠᠯᠠᠨ ᠬᠥᠳᠡᠯᠦᠯᠴᠡᠬᠦ᠎ᠵᠢ ᠬᠦᠳᠦᠯᠦᠨ ᠵᠢᠯᠤᠭᠤᠳᠴᠦ᠂  ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠭᠠᠳᠠᠭᠰᠢ ᠭᠠᠷᠭᠠᠬᠤ᠌᠂ ᠠᠵᠤ ᠦᠢᠯᠡᠳᠪᠦᠷᠢ᠎ᠶᠢᠨ ᠦᠢᠯᠡᠳᠬᠦᠨ᠎ᠢ ᠬᠥᠳᠡᠭᠡ ᠪᠠᠭᠤᠯᠭᠠᠬᠤ ᠬᠤᠤᠰ ᠴᠢᠭᠯᠡᠯᠲᠦ᠍ ᠵᠠᠮ᠎ᠢ ᠰᠢᠯᠤᠭᠤᠳᠬᠠᠨ᠂ ᠪᠣᠳᠠᠲᠤ᠌ ᠴᠣᠭᠴᠠ᠎ᠶᠢᠨ ᠠᠵᠤ ᠠᠬᠤᠶ᠎ᠶᠢᠨ ᠬᠥᠭᠵᠢᠯᠲᠡ ᠪᠠ ᠬᠥᠳᠡᠭᠡ ᠲᠣᠰᠬᠣᠨ᠎ᠤ ᠠᠵᠤ ᠦᠢᠯᠡᠰ᠎ᠦᠨ ᠬᠥᠭᠵᠢᠯ ᠮᠠᠨᠳᠤᠯ᠎ᠳᠤ ᠨᠠᠩ ᠰᠠᠶ᠋ᠢᠨ ᠦᠢᠯᠡᠴᠢᠯᠡᠬᠦᠯᠬᠦ ᠬᠡᠷᠡᠭᠳᠡᠢ ᠬᠡᠵᠦ ᠱᠠᠭᠠᠷᠳᠠᠵᠠᠢ᠃

ᠦᠪᠡᠷᠳᠡᠬᠡᠨ ᠵᠠᠰᠠᠬᠤ ᠤᠷᠤᠨ ᠎ᠤ ᠰᠢᠥᠳᠠᠨ ᠎ᠤ ᠬᠠᠮᠢᠶᠠᠷᠤᠯᠳᠡ᠎ᠶᠢᠨ ᠲᠣᠪᠴᠢᠶ᠎ᠠ ᠬᠥᠳᠡᠭᠡ ᠲᠣᠰᠬᠣᠨ᠎ᠤ ᠪᠥᠲᠥᠭᠡᠨ ᠪᠠᠶ᠋ᠢᠭᠤᠯᠤᠯᠲᠠ᠎ᠶᠢᠨ ᠡᠭᠦᠷᠭᠡ᠎ᠶᠢᠨ ᠨᠠᠷᠢᠨ ᠲᠠᠨᠭᠰᠠ ᠪᠠ ᠬᠠᠮᠢᠶ᠎ᠠ ᠪᠥᠬᠥᠶ ᠠᠵᠢᠯ᠎ᠤᠨ ᠭᠤᠤᠯᠳᠠᠯᠭ᠎ᠠ᠎ᠶᠢ ᠰᠠᠶ᠋ᠢᠲᠤᠷ ᠬᠡᠷᠡᠭᠯᠡᠵᠦ᠍᠂ ᠰᠢᠥᠳᠠᠨ᠎ᠤ ᠠᠵᠢᠯ ᠲᠥᠷᠥᠯ᠎ᠢ ᠢᠳᠡᠪᠬᠢᠲᠡᠶ ᠬᠥᠲᠥᠯᠥᠨ ᠵᠢᠯᠣᠭᠣᠳᠴᠤ᠌ ᠴᠢᠨᠠᠷ ᠰᠠᠶ᠋ᠢᠲᠠᠶ ᠬᠥᠭᠵᠢᠯᠲᠡ ᠪᠠ ᠬᠥᠳᠡᠭᠡ ᠲᠣᠰᠬᠣᠨ᠎ᠤ ᠪᠥᠲᠥᠭᠡᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠬᠦ᠌᠎ᠲᠡᠶ ᠨᠠᠩ ᠰᠠᠶ᠋ᠢᠲᠤᠷ ᠵᠣᠯᠭᠠᠭᠤᠯᠵᠤ᠂ ᠬᠠᠮᠢᠶ᠎ᠠ ᠪᠥᠬᠥᠶ ᠡᠭᠦᠷᠭᠡ᠎ᠵᠢ ᠪᠣᠳᠠᠲᠠᠶ᠎ᠳᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶᠢ ᠠᠬᠢᠭᠤᠯᠵᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号