ᠥᠪᠥᠷ ᠮᠣᠩᠭᠣᠯ 《ᠦᠷ᠎ᠡ ᠵᠢᠨ᠎ᠴᠢᠫ》 ᠤ᠋ᠨ ᠢᠨᠵᠧᠨᠧᠷᠢᠩ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠢᠡᠷ ᠡᠨ᠋ᠸᠷᠬᠢ ᠤᠯᠭᠤᠬᠤ ᠠᠵᠢᠯᠯᠠᠭᠠᠨ ᠤ᠋ ᠲᠥᠯᠥᠪᠯᠡᠭᠡ ᠶ᠋ᠢ ᠳᠠᠷᠤᠮᠠᠯᠯᠠᠨ ᠲᠠᠷᠬᠠᠭᠠᠪᠠ
2026-07-13 09:22:58
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠬᠠᠮᠲᠤᠷᠠᠨ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ 〈ᠦᠷ᠎ᠡ ᠶ᠋ᠢᠨ ᠴᠢᠫ〉 ᠤ᠋ᠨ ᠢᠨᠵᠧᠨᠧᠷᠢᠩ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠢᠡᠷ ᠡᠨ᠋ᠸᠷᠬᠢ ᠤᠯᠭᠤᠬᠤ ᠠᠵᠢᠯᠯᠠᠭᠠᠨ ᠤ᠋ ᠲᠥᠯᠥᠪᠯᠡᠭᠡ (2026 — 2030 ᠣᠨ)》 ᠶ᠋ᠢ ᠳᠠᠷᠤᠮᠠᠯᠯᠠᠨ ᠲᠠᠷᠬᠠᠭᠠᠪᠠ᠃

ᠠᠵᠢᠯᠯᠠᠭᠠᠨ ᠤ᠋ ᠲᠥᠯᠥᠪᠯᠡᠭᠡ ᠨᠢ ᠦᠷ᠎ᠡ ᠡᠳ᠋ ᠤ᠋ᠨ ᠡᠬᠢ ᠪᠠᠶᠠᠯᠢᠭ᠎ᠢ ᠬᠠᠮᠠᠭᠠᠯᠠᠵᠤ ᠬᠢᠨᠠᠨ ᠲᠣᠭ᠍ᠲᠠᠭᠠᠬᠤ ᠪᠠ ᠭᠧᠨ ᠢ᠋ ᠠᠭᠤᠳᠠᠯᠬᠤ᠎ᠲᠠᠶ ᠤᠶᠠᠯᠳᠤᠭᠤᠯᠤᠨ᠂ ᠣᠨᠴᠠᠯᠢᠭ᠍ᠲᠤ  ᠦᠷ᠎ᠡ  ᠡᠳ᠋ ᠤ᠋ᠨ ᠡᠬᠢ ᠪᠠᠶᠠᠯᠢᠭ᠎ᠢ ᠬᠠᠮᠢᠶᠠᠷᠴᠤ᠌ ᠬᠠᠮᠠᠭᠠᠯᠠᠬᠤ ᠠᠵᠢᠯ᠎ᠢ ᠨᠢᠭᠡᠳᠦᠯᠲᠡᠶ ᠲᠥᠯᠥᠪᠯᠡᠬᠦ ᠪᠡᠷ ᠲᠥᠯᠥᠪᠯᠡᠵᠦ᠍ ᠪᠤᠢ᠃ ᠮᠥᠬᠥᠬᠦ᠌ ᠱᠢᠬᠠᠭ᠍ᠰᠠᠨ ᠬᠣᠪᠣᠷ ᠴᠤᠬᠠᠭ ᠦᠷ᠎ᠡ ᠡᠳ᠋᠎ᠢ ᠲᠦᠷᠭᠡᠨ ᠠᠪᠤᠷᠠᠬᠤ ᠴᠢᠨᠠᠷᠲᠠᠢ ᠬᠠᠮᠠᠭᠠᠯᠠᠯᠲᠠ ᠥᠷᠨᠢᠭᠦᠯᠵᠦ᠍᠂ 3 — 5 ᠮᠤᠵᠢ ᠣᠷᠣᠨ ᠤ᠋ ᠲᠡᠰ ᠤ᠋ᠨ ᠦᠷ᠎ᠡ ᠡᠳ᠋ ᠤ᠋ᠨ ᠡᠬᠢ  ᠪᠠᠶᠠᠯᠢᠭ ᠤ᠋ᠨ ᠬᠥᠮᠥᠷᠭᠡ ᠶ᠋ᠢ ᠪᠦᠲᠦᠭᠡᠨ ᠪᠠᠢᠭᠤᠯᠵᠤ᠂ ᠲᠠᠷᠢᠮᠠᠯ ᠤ᠋ᠨ ᠦᠷ᠎ᠡ ᠡᠳ᠋ ᠤ᠋ᠨ ᠬᠢᠨᠠᠨ ᠲᠣᠭ᠍ᠲᠠᠭᠠᠯᠲᠠ ᠶ᠋ᠢ ᠲᠦᠮᠡᠨ ᠬᠤᠪᠢ᠎ᠠᠴᠠ ᠳᠡᠭᠡᠭ᠌ᠰᠢ ᠪᠡᠶᠡᠯᠡᠭᠦᠯᠦᠨ᠎ᠡ; ᠣᠶᠤᠨᠴᠢᠯᠠᠭ᠍ᠰᠠᠨ ᠬᠢᠨᠠᠨ ᠲᠣᠭ᠍ᠲᠠᠭᠠᠬᠤ ᠲᠠᠪᠴᠠᠩ᠎ᠢ ᠪᠠᠢᠭᠤᠯᠵᠤ᠂  8 — 10 ᠦᠷ᠎ᠡ ᠡᠳ᠋ ᠤ᠋ᠨ ᠳ᠋ᠠᠢᠲ᠋ᠠ ᠬᠥᠮᠥᠷᠭᠡ ᠶ᠋ᠢ ᠪᠠᠢᠭᠤᠯᠤᠨ᠂ ᠪᠥᠬᠥ᠌ ᠭᠧᠨ᠎ᠦ ᠪᠦᠯᠦᠭ᠌ᠯᠡᠯ ᠤ᠋ᠨ ᠵᠠᠳᠠᠯᠤᠯᠲᠠ᠎ᠪᠠᠷ ᠳᠠᠮᠵᠢᠨ 30 — 50 ᠱᠢᠯᠢᠳᠡᠭ ᠴᠢᠳᠠᠮᠵᠢ ᠶ᠋ᠢᠨ ᠭᠧᠨ᠎ᠢ ᠠᠭᠤᠳᠠᠯᠵᠤ᠂ 20 — 30 ᠱᠢᠯᠢᠳᠡᠭ ᠡᠭᠦᠯᠳᠡᠷ ᠪᠣᠢᠵᠢᠭᠤᠯᠬᠤ ᠪᠦᠯᠬᠦᠮ᠎ᠢ ᠡᠭᠦᠳᠦᠨ ᠪᠠᠢᠭᠤᠯᠵᠤ᠂ ᠦᠷ᠎ᠡ ᠶ᠋ᠢᠨ ᠦᠶ᠋ᠯᠡᠰ ᠤ᠋ᠨ ᠡᠬᠢ ᠡᠭᠦᠰᠦᠯ ᠤ᠋ᠨ ᠱᠢᠨ᠎ᠡ ᠶ᠋ᠢ ᠡᠭᠦᠳᠬᠦ᠌  ᠰᠠᠭᠤᠷᠢ ᠶ᠋ᠢ ᠪᠡᠬᠢᠵᠢᠭᠦᠯᠦᠨ᠎ᠡ᠃

2030 ᠣᠨ ᠪᠣᠯᠬᠤ᠎ᠳᠤ᠂ ᠥᠪᠥᠷ ᠮᠣᠩᠭᠣᠯ ᠡᠭᠦᠯᠳᠡᠷ ᠪᠣᠢᠵᠢᠭᠤᠯᠬᠤ 10 ᠵᠦᠶ᠋ᠯ ᠡᠴᠡ ᠳᠡᠭᠡᠭ᠌ᠰᠢ ᠭᠤᠤᠯᠯᠠᠬᠤ ᠮᠡᠷᠭᠡᠵᠢᠯ᠎ᠢ ᠱᠢᠪᠲᠤᠯᠵᠤ᠂ ᠪᠡᠶ᠎ᠡ ᠪᠡᠨ ᠳᠠᠭᠠᠭᠠᠨ 15 ᠲᠥᠷᠥᠯ ᠵᠦᠶ᠋ᠯ ᠡᠴᠡ ᠳᠡᠭᠡᠭ᠌ᠰᠢ ᠰᠢᠨ᠎ᠡ ᠡᠭᠦᠯᠳᠡᠷ ᠢ᠋ ᠪᠤᠢᠵᠢᠭᠤᠯᠤᠨ᠂ ᠲᠤᠬᠠᠢ ᠵᠢᠨ ᠭᠠᠵᠠᠷ ᠣᠷᠣᠨ ᠤ᠋ ᠡᠭᠦᠯᠳᠡᠷ ᠤ᠋ᠨ ᠲᠥᠷᠥᠯ ᠵᠦᠶ᠋ᠯ ᠤ᠋ᠨ ᠣᠷᠣᠨ ᠪᠦᠰᠡ ᠶ᠋ᠢᠨ ᠡᠵᠡᠯᠡᠬᠦ᠌ ᠨᠣᠷᠮ᠎ᠠ ᠶ᠋ᠢ 5 — 10 ᠬᠤᠪᠢ ᠪᠡᠷ ᠳᠡᠭᠡᠭ᠌ᠰᠢᠯᠡᠭᠦᠯᠵᠦ᠍᠂ ᠡᠯ᠎ᠡ ᠱᠠᠲᠤᠨ ᠤ᠋ ᠡᠭᠦᠯᠳᠡᠷ ᠪᠣᠢᠵᠢᠭᠤᠯᠬᠤ ᠲᠠᠪᠴᠠᠩ᠎ᠢ 15 ᠡᠴᠡ ᠳᠡᠭᠡᠭ᠌ᠰᠢ ᠪᠠᠢᠭᠤᠯᠤᠨ᠂ ᠤᠯᠤᠰ ᠤ᠋ᠨ ᠳᠣᠲᠣᠭᠠᠳᠤ ᠶ᠋ᠢᠨ ᠲᠡᠷᠢᠭᠦᠨ᠎ᠦ ᠦᠷ᠎ᠡ ᠶ᠋ᠢᠨ ᠦᠶ᠋ᠯᠡᠰ ᠤ᠋ᠨ ᠱᠢᠨ᠎ᠡ ᠶ᠋ᠢ ᠡᠭᠦᠳᠬᠦ᠌ ᠪᠦᠯᠬᠦᠮ ᠢ᠋ 10᠂ ᠳᠠᠭᠠᠭᠤᠯᠤᠭ᠍ᠴᠢ ᠦᠷ᠎ᠡ ᠶ᠋ᠢᠨ ᠦᠶ᠋ᠯᠡᠰ ᠤ᠋ᠨ ᠠᠵᠤ ᠠᠬᠤᠢᠯᠠᠯ ᠢ᠋ 15 ᠪᠠᠢᠭᠤᠯᠵᠤ᠂ ᠳᠠᠪᠠᠭᠤᠯᠢᠭ ᠤᠨᠴᠠᠯᠢᠭ᠍ᠳᠤ ᠠᠵᠤ ᠦᠶ᠋ᠯᠡᠰ ᠤ᠋ᠨ ᠪᠦᠯᠦᠭ᠌ᠵᠢᠯ ᠢ᠋ 10 ᠶ᠋ᠢ ᠪᠣᠢᠵᠢᠭᠤᠯᠤᠨ᠂ ᠪᠥᠬᠥ᠌ ᠬᠡᠯᠬᠢᠶᠡᠨ ᠤ᠋ ᠠᠮᠢᠳᠤ ᠪᠣᠳᠠᠰ ᠤ᠋ᠨ ᠡᠭᠦᠯᠳᠡᠷ ᠪᠣᠢᠵᠢᠭᠤᠯᠬᠤ ᠱᠢᠨ᠎ᠡ ᠶ᠋ᠢ ᠡᠭᠦᠳᠬᠦ᠌ ᠱᠢᠰᠲ᠋ᠧᠮ᠎ᠢ᠋ ᠪᠠᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号