ᠣᠶ᠋ᠢᠷ᠎ᠠ᠎ᠳᠤ᠂ ᠲᠦᠪ᠎ᠤᠨ ᠷᠠᠳᠢᠤ᠋ ᠲᠸᠯᠸᠢᠰ᠎ᠤᠨ ᠶᠡᠷᠦᠩᠬᠡᠢ ᠬᠤᠷᠢᠶ᠎ᠠ ᠵᠢᠨ ᠸᠢᠳᠢᠤ᠋ ᠲᠠᠪᠴᠠᠩ ᠭᠢᠭᠡᠳ 《ᠦᠨᠦᠳᠦᠷ ᠬᠠᠤᠯᠢ ᠵᠢ ᠶᠠᠷᠢᠬᠤᠢ》 ᠪᠤᠯᠤᠩ ᠤᠨ ᠬᠠᠮᠲᠤᠷᠠᠨ ᠥᠷᠨᠢᠭᠦᠯᠦᠭᠰᠡᠨ 2025 ᠣᠨ᠎ᠤ 《ᠬᠠᠤᠯᠢ ᠴᠠᠭᠠᠵᠠ ᠶᠢᠨ ᠬᠠᠮ ᠵᠠᠭᠤᠴᠢᠯᠠᠭᠤᠷ᠎ᠤᠨ ᠨᠥᠯᠥᠭᠡᠯᠡᠬᠦ᠌ ᠬᠦᠴᠦᠨ ᠲᠠᠢ ᠪᠦᠲᠦᠭᠡᠯ ᠢ ᠳᠡᠯᠭᠡᠨ ᠦᠵᠡᠭᠦᠯᠵᠦ᠍ ᠨᠡᠪᠲᠡᠷᠡᠭᠦᠯᠬᠦ᠌ ᠠᠵᠢᠯᠯᠠᠭ᠎ᠠ》 ᠵᠢᠨ ᠱᠠᠩᠨᠠᠯ ᠭᠥᠷᠳᠡᠭᠰᠡᠨ ᠪᠦᠳᠦᠬᠡᠯ ᠲᠤᠳᠤᠷᠠᠵᠠᠢ᠃ ᠲᠤᠰ ᠠᠵᠢᠯᠯᠠᠭ᠎ᠠ ᠨᠢ ᠮᠡᠳᠡᠭᠦᠯᠦᠨ ᠳᠡᠪᠰᠢᠬᠦᠯᠦᠭᠰᠡᠨ 143 ᠪᠦᠲᠦᠭᠡᠯ᠎ᠡᠴᠡ 40 ᠬᠤᠪᠢ ᠵᠢ ᠰᠣᠩᠭᠣᠨ ᠭᠠᠷᠭᠠᠵᠦ ᠣᠨ᠎ᠤ ᠬᠠᠤᠯᠢ ᠴᠠᠭᠠᠵᠠ᠎ᠶᠢᠨ ᠬᠠᠮ ᠵᠠᠭᠤᠴᠢᠯᠠᠭᠤᠷ ᠤᠨ ᠨᠥᠯᠥᠭᠡᠯᠡᠬᠦ᠌ ᠬᠦᠴᠦᠨ ᠲᠠᠢ ᠪᠦᠲᠦᠭᠡᠯᠵᠢᠡᠷ ᠰᠢᠯᠭᠠᠷᠠᠭᠤᠯᠪᠠ᠃ ᠡᠭᠦᠨ᠎ᠳᠦ ᠥᠪᠥᠷ ᠮᠣᠩᠭᠣᠯ᠎ᠤᠨ ᠪᠠᠶ᠋ᠢᠴᠠᠭᠠᠬᠤ ᠪᠠᠶ᠋ᠢᠭᠤᠯᠭ᠎ᠠ᠎ᠶᠢᠨ 6 ᠪᠦᠲᠦᠭᠡᠯᠰᠤᠩᠭᠤᠬᠳᠠᠪᠠ᠃
ᠡᠳᠡᠬᠡᠷ ᠪᠦᠳᠦᠭᠡᠯᠳᠦ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ ᠲᠦᠩᠯᠢᠶᠣᠤ ᠬᠣᠲᠠ᠎ᠶᠢᠨ ᠠᠷᠠᠳ᠎ᠤᠨ ᠪᠠᠶ᠋ᠢᠴᠠᠭᠠᠬᠤ ᠬᠣᠷᠢᠶ᠎ᠠ ᠵᠢᠨ 《ᠦᠨ᠎ᠡ ᠲᠥᠯᠥᠪᠦᠷᠢ ᠥᠬᠡᠶ ᠲᠠᠬᠢᠶᠠᠨ ᠥᠨᠳᠡᠭᠡ + ᠡᠷᠡᠭᠦᠯ ᠮᠡᠨᠳᠦ᠎ᠶᠢᠨ ᠰᠤᠪᠢᠯᠠᠯᠲᠠ? ᠡᠨᠡ ᠬᠦ᠌ ᠠᠷᠭ᠎ᠠ ᠪᠠᠰᠢᠷ ᠨᠢ ᠨᠠᠰᠤᠳᠠᠢᠴᠤᠳ᠎ᠤᠨ ᠵᠤᠭᠤᠰ ᠮᠦᠩᠬᠦ ᠵᠢ ᠮᠡᠬᠡᠯᠡᠬᠦ ᠬᠡᠵᠦ ᠪᠠᠢᠨ᠎ᠠ》᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ ᠲᠦᠩᠯᠢᠶᠣᠤ ᠬᠣᠲᠠ᠎ᠶᠢᠨ ᠬᠣᠷᠴᠢᠨ ᠲᠣᠭᠣᠷᠢᠭ᠎ᠤᠨ ᠠᠷᠠᠳ᠎ᠤᠨ ᠪᠠᠶ᠋ᠢᠴᠠᠭᠠᠬᠤ ᠬᠣᠷᠢᠶ᠎ᠠ ᠵᠢᠨ 《ᠨᠣᠬᠠᠢ᠎ᠡᠴᠡ ᠪᠤᠯᠤᠬᠰᠠᠨ ᠬᠡᠷᠡᠭ ᠡᠵᠡᠨ᠎ᠲᠡᠶ ᠨᠢ ᠬᠠᠮᠢᠶ᠎ᠠ ᠦᠭᠡᠢᠦᠦ? ᠬᠠᠤᠯᠢ ᠴᠠᠭᠠᠵᠠ ᠵᠢᠨ ᠬᠠᠷᠠᠭᠠᠰᠦ ᠡᠴᠡ ᠦᠵᠡᠪᠡᠯ ᠶᠠᠮᠠᠷ ᠪᠤᠯ?》᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠤᠨ ᠬᠣᠰᠢᠭᠤᠨ᠎ᠤ ᠠᠷᠠᠳ᠎ᠤᠨ ᠪᠠᠶ᠋ᠢᠴᠠᠭᠠᠬᠤ ᠬᠣᠷᠢᠶ᠎ᠠ ᠵᠢᠨ 《ᠰᠢᠨ᠎ᠡ ᠲᠣᠭᠲᠠᠭᠠᠯᠨᠡᠢᠳᠡᠯᠡᠭᠳᠡᠯᠡ !ᠡᠨᠡ ᠬᠣᠶᠠᠷ ᠶᠡᠬᠡ ᠬᠤᠪᠢᠷᠠᠯᠲᠠ᠎ᠵᠢᠨ ᠲᠤᠬᠠᠢ ᠪᠠᠢᠴᠠᠭᠠᠬᠤ ᠲᠤᠰᠢᠶᠠᠯᠲᠠᠨ ᠭᠣᠣᠯᠳᠠᠯᠭ᠎ᠠ᠎ᠵᠢ ᠲᠤᠬᠳᠠᠭᠠᠵᠤ ᠦᠭᠬᠦᠯ᠎ᠡ》᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ ᠪᠠᠶᠠᠨᠨᠠᠭᠤᠷ ᠬᠣᠲᠠ᠎ᠶᠢᠨ ᠠᠷᠠᠳ᠎ᠤᠨ ᠪᠠᠶ᠋ᠢᠴᠠᠭᠠᠬᠤ ᠬᠣᠷᠢᠶ᠎ᠠ ᠵᠢᠨ《ᠨᠢᠬᠡᠯᠬᠡᠨ ᠭᠠᠷᠠᠬ ᠲᠦ᠍ ᠤᠯᠠᠨ ᠬᠦᠮᠦᠨ ᠮᠡᠬᠡᠯᠡᠭᠳᠡᠵᠡᠢ! ᠬᠤᠳᠠᠯ ᠬᠠᠭᠤᠷᠮᠠᠭ ᠡᠷᠡᠭᠦᠯᠵᠢᠯ᠎ᠦᠨ ᠲᠥᠷᠥᠯ ᠵᠦᠢᠯ ᠨᠠᠰᠤᠲᠠᠨ᠎ᠢ ᠠᠯᠬᠤᠮ ᠠᠯᠬᠤᠮ᠎ᠢᠶᠠᠷ ᠤᠷᠠᠬᠠᠨᠳ᠋ᠠᠭᠠᠨ ᠣᠷᠣᠭᠤᠯᠤᠨ᠎ᠠ》᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠤᠬ᠎ᠠ ᠵᠢᠨ ᠵᠣ ᠵᠢᠨ ᠭᠠᠵᠠᠷ ᠤᠷᠤᠨ ᠤ᠋ ᠠᠷᠠᠳ ᠤ᠋ᠨ ᠪᠠᠢᠴᠠᠭᠠᠬᠤ ᠬᠤᠷᠢᠶ᠎ᠠ ᠵᠢᠨ 《ᠤᠯᠤᠰ᠎ᠤᠨ ᠠᠮᠤᠷ ᠲᠦᠪᠰᠢᠨ᠎ᠳᠦ ᠬᠣᠣᠷ ᠬᠥᠨᠥᠭᠡᠯ ᠤᠴᠠᠷᠠᠭᠤᠯᠬᠤ ᠶᠠᠭᠤᠮ᠎ᠠ ᠲᠠᠢ ᠪᠢᠳᠡᠬᠡᠢ ᠬᠠᠯᠳᠠᠭᠠᠷᠠᠢ》᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠶᠢᠨ ᠰᠠᠶ᠋ᠢᠬᠠᠨ ᠲᠣᠭᠣᠷᠢᠭ᠎ᠤᠨ ᠠᠷᠠᠳ᠎ᠤᠨ ᠪᠠᠶ᠋ᠢᠴᠠᠭᠠᠬᠤ ᠬᠣᠷᠢᠶ᠎ᠠ ᠵᠢᠨ 《ᠨᠢᠭᠡ ᠦᠷᠦᠬᠡ᠎ᠵᠢ ᠤᠯᠠᠨ ᠲᠠᠰᠤᠯᠭ᠎ᠠ ᠪᠤᠯᠭᠠᠨ ᠲᠠᠰᠤᠯᠤᠭᠠᠳ ᠲᠦᠷᠢᠶᠡᠰᠦᠯᠡᠭᠦᠯᠵᠡᠢ᠂ ᠡᠨᠡ ᠨᠢ 〈ᠣᠷᠣᠨ ᠰᠠᠭᠤᠴᠠ ᠵᠢᠨ ᠲᠦᠷᠢᠶᠡᠰᠦᠯᠡᠬᠦ᠌ ᠳᠦᠷᠢᠮ〉 ᠢ᠋ ᠵᠦᠷᠢᠴᠡᠵᠡᠢ》 ᠵᠡᠷᠬᠡ ᠪᠤᠢ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号