《ᠵᠡᠮᠳᠡᠭᠴᠦᠳ᠎ᠲᠦ ᠠᠵᠢᠯ ᠣᠯᠭᠣᠬᠤ᠎ᠶᠢ ᠠᠬᠢᠭᠤᠯᠬᠤ ᠭᠤᠷᠪᠠᠨ ᠵᠢᠯ᠎ᠦᠨ ᠠᠵᠢᠯᠯᠠᠭᠠᠨ᠎ᠤ ᠲᠥᠰᠥᠯ(2025 - 2027 ᠣᠨ)》 ᠢ᠋ ᠨᠠᠢᠳᠠᠪᠤᠷᠢᠵᠢᠭᠤᠯᠤᠨ ᠵᠡᠮᠳᠡᠭᠴᠦᠳ᠎ᠦᠨ ᠴᠢᠨᠠᠷ ᠰᠠᠢᠲᠠᠢ ᠠᠵᠢᠯ ᠣᠯᠭᠣᠯᠲᠠ᠎ᠶᠢ ᠠᠬᠢᠭᠤᠯᠬᠤ᠎ᠵᠢᠨ ᠲᠦᠯᠦᠭᠡ᠂ ᠤᠢᠷ᠎ᠠ᠎ᠳᠤ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ᠎ᠲᠦ ᠠᠵᠢᠯ ᠣᠯᠭᠣᠬᠤ ᠦᠢᠯᠡᠴᠢᠯᠡᠭᠡᠨ ᠦ ᠲᠥᠪ᠎ᠡᠴᠡ ᠪᠤᠭᠤᠲᠦ ᠬᠤᠲᠠ᠎ᠳᠤ ᠪᠥᠬᠥ ᠣᠷᠣᠨ᠎ᠤ ᠵᠡᠮᠳᠡᠭᠴᠦᠳ᠎ᠦᠨ ᠲᠣᠭᠠᠴᠢᠯᠠᠭᠰᠠᠨ ᠣᠶᠤᠨᠴᠢ ᠦᠢᠯᠡᠳᠬᠡᠯ ᠤᠨ ᠮᠡᠷᠭᠡᠵᠢᠯ ᠤᠨ ᠪᠤᠯᠪᠠᠰᠤᠷᠠᠯ᠎ᠤᠨ ᠠᠩᠭᠢ ᠡᠷᠬᠢᠯᠡᠪᠡ᠃
ᠲᠣᠰ ᠤᠳᠠᠭᠠᠨ᠎ᠤ ᠪᠣᠯᠪᠠᠰᠤᠷᠠᠯ᠎ᠤᠨ ᠠᠩᠭᠢ ᠨᠢ ᠡᠭᠦᠯᠡᠨ ᠪᠣᠳᠣᠯᠲᠠ᠂ ᠦᠢᠯᠡᠳᠬᠦ ᠤᠷ᠎ᠠ ᠮᠡᠷᠭᠡᠵᠢᠯ᠂ ᠠᠵᠤ ᠦᠢᠯᠡᠳᠪᠦᠷᠢ᠎ᠶᠢᠨ ᠮᠠᠰᠢᠨ ᠬᠥᠮᠥᠨ᠎ᠦ ᠰᠢᠰᠲᠧᠮᠲᠦ ᠠᠵᠢᠯᠯᠠᠭ᠎ᠠ ᠵᠡᠷᠭᠡ ᠭᠤᠷᠪᠠᠨ ᠶᠡᠬᠡ ᠲᠥᠷᠥᠯ ᠵᠦᠢᠯ ᠳᠦ ᠠᠩᠬᠠᠷᠤᠯ᠎ᠢᠶᠠᠨ ᠲᠥᠪᠯᠡᠷᠡᠭᠦᠯᠵᠦ᠂ ᠶᠡᠬᠡ ᠳᠡᠭᠡᠳᠦ ᠰᠤᠷᠭᠠᠭᠤᠯᠢ᠎ᠶᠢᠨ ᠲᠤᠰᠬᠠᠢ ᠮᠡᠷᠭᠡᠵᠢᠯ ᠦᠨ ᠯᠧᠺᠲ᠋ᠣᠷ᠎ᠢ ᠤᠨᠴᠠ ᠤᠷᠢᠵᠦ ᠲᠠᠢᠯᠤᠮᠵᠢ ᠬᠢᠯᠭᠡᠪᠡ᠃ ᠲᠠᠢᠯᠤᠮᠵᠢ ᠨᠢ 《ᠣᠨᠣᠯ᠎ᠤᠨ ᠮᠡᠳᠡᠯᠭᠡ + ᠪᠣᠳᠠᠲᠠᠢ ᠠᠵᠢᠯᠯᠠᠭᠠᠨ᠎ᠤ ᠰᠣᠷᠢᠯᠲᠠ》 ᠵᠢ ᠤᠶᠠᠯᠳᠤᠭᠤᠯᠤᠭᠰᠠᠨ ᠵᠢᠭᠠᠨ ᠰᠤᠷᠭᠠᠯᠲᠠ᠎ᠶᠢᠨ ᠵᠠᠭᠪᠤᠷ᠎ᠢ ᠬᠡᠷᠡᠭᠯᠡᠵᠦ᠂ ᠠᠵᠤ ᠦᠢᠯᠡᠰ᠎ᠦᠨ ᠪᠣᠳᠠᠲᠤ ᠪᠠᠢᠳᠠᠯ ᠪᠠ ᠠᠵᠢᠯ ᠣᠯᠭᠣᠯᠲᠠ᠎ᠶᠢᠨ ᠬᠡᠷᠡᠭᠴᠡᠭᠡ ᠱᠠᠭᠠᠷᠳᠠᠯᠭ᠎ᠠ᠎ᠶᠢ ᠴᠢᠩᠭ᠎ᠠ ᠡᠵᠡᠮᠳᠡᠵᠦ᠂ ᠲᠣᠭᠠᠴᠢᠯᠠᠭᠰᠠᠨ ᠣᠶᠤᠨᠴᠢ ᠦᠢᠯᠡᠳᠬᠡᠯ᠎ᠤᠨ ᠮᠡᠷᠭᠡᠵᠢᠯ᠎ᠤᠨ ᠰᠠᠭᠤᠷᠢ ᠣᠨᠣᠯ᠂ ᠡᠭᠦᠯᠡᠨ ᠦᠵᠦᠭᠦᠷᠯᠢᠭ᠎ᠦᠨ ᠠᠵᠢᠯᠯᠠᠭᠠᠨ᠎ᠤ ᠤᠷ᠎ᠠ ᠴᠢᠳᠠᠪᠤᠷᠢ᠂ 3D ᠳᠠᠷᠤᠮᠠᠯᠯᠠᠬᠤ ᠪᠠ ᠦᠢᠯᠡᠳᠬᠦ ᠤᠷ᠎ᠠ ᠮᠡᠷᠭᠡᠵᠢᠯ᠂ ᠠᠵᠤ ᠦᠢᠯᠡᠳᠪᠦᠷᠢ ᠶᠢᠨ ᠮᠠᠰᠢᠨ ᠬᠥᠮᠥᠨ᠎ᠦ ᠰᠢᠰᠲᠸᠮᠲᠦ ᠠᠵᠢᠯᠯᠠᠭᠠᠨ ᠪᠠ ᠠᠮᠤᠷ ᠲᠦᠪᠰᠢᠨ᠎ᠦ ᠡᠵᠡᠮᠳᠡᠯ ᠵᠡᠷᠭᠡ ᠠᠭᠤᠯᠭ᠎ᠠ᠎ᠶᠢ ᠪᠠᠭᠲᠠᠭᠠᠵᠤ᠂ ᠬᠡᠷᠡᠭᠯᠡᠭᠡᠨ᠎ᠦ ᠴᠢᠨᠠᠷ ᠪᠣᠯᠣᠨ ᠬᠡᠷᠡᠭᠵᠢᠭᠦᠯᠵᠦ ᠪᠣᠯᠬᠤᠢᠴᠠ ᠴᠢᠨᠠᠷ᠎ᠢ ᠳᠣᠪᠣᠶ᠋ᠢᠯᠭᠠᠵᠤ᠂ ᠰᠤᠷᠤᠭ᠍ᠴᠢᠳ᠎ᠤᠨ ᠣᠢᠯᠠᠭᠠᠵᠤ ᠮᠡᠳᠡᠬᠦ᠂ ᠰᠤᠷᠴᠤ ᠴᠢᠳᠠᠬᠤ᠂ ᠬᠡᠷᠡᠭᠯᠡᠵᠦ ᠳᠡᠶ᠋ᠢᠯᠬᠦ ᠶᠢ ᠦᠨᠡᠨ ᠬᠦ᠌ ᠪᠠᠲᠤᠯᠠᠪᠠ᠃
ᠲᠣᠰ ᠪᠣᠯᠪᠠᠰᠤᠷᠠᠯ ᠨᠢ ᠵᠡᠮᠳᠡᠭᠴᠦᠳ᠎ᠤᠨ ᠠᠵᠢᠯ ᠣᠯᠬᠤ ᠠᠷᠭ᠎ᠠ ᠵᠠᠮ᠎ᠢ ᠤᠯᠠᠮ ᠨᠢᠭᠡ ᠠᠯᠬᠤᠮ ᠥᠷᠭᠡᠳᠬᠡᠭᠰᠡᠨ ᠵᠢᠡᠷ ᠪᠠᠷᠠᠬᠤ ᠦᠭᠡᠢ ᠪᠠᠰᠠ ᠳᠣᠯᠣᠳᠤᠭᠠᠷ ᠬᠤᠭᠤᠴᠠᠭᠠᠨ᠎ᠤ ᠪᠥᠬᠥ ᠣᠷᠣᠨ᠎ᠤ ᠵᠡᠮᠳᠡᠭᠴᠦᠳ᠎ᠦᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠤᠷᠤᠯᠳᠤᠭᠠᠨ᠎ᠳᠤ ᠰᠢᠯᠢᠳᠡᠭ ᠦᠷᠢᠰᠦᠯᠳᠦᠭᠴᠢ ᠵᠢ ᠨᠥᠭᠡᠴᠡᠯᠡᠪᠡ᠃ ᠪᠥᠬᠥ ᠰᠤᠷᠤᠭ᠍ᠴᠢᠳ ᠡᠴᠡ᠂ ᠤᠷᠠᠨ ᠳᠠᠷᠬᠠᠨ᠎ᠤ ᠵᠣᠷᠢᠭ᠋ ᠰᠠᠨᠠᠭ᠎ᠠ᠎ᠶᠢ ᠤᠯᠠᠮᠵᠢᠯᠠᠨ ᠪᠠᠳᠠᠷᠠᠭᠤᠯᠵᠤ᠂ ᠣᠷᠭᠢᠯᠤᠮ᠎ᠠ ᠬᠠᠯᠠᠭᠤᠨ ᠰᠡᠳᠬᠢᠯᠭᠡ᠎ᠪᠡᠷ ᠰᠤᠷᠤᠯᠴᠠᠨ ᠰᠤᠳᠤᠯᠵᠤ᠂ ᠲᠤᠰᠬᠠᠢ ᠮᠡᠷᠭᠡᠵᠢᠯ ᠦᠨ ᠣᠨᠣᠯ ᠪᠠ ᠪᠣᠳᠠᠲᠠᠢ ᠠᠵᠢᠯᠯᠠᠬᠤ ᠴᠢᠳᠠᠪᠤᠷᠢ ᠶᠢ ᠪᠣᠯᠪᠠᠰᠤᠷᠠᠩᠭᠤᠢ ᠡᠵᠡᠮᠰᠢᠵᠦ᠂ ᠠᠵᠢᠯ ᠮᠡᠷᠭᠡᠵᠢᠯ ᠦᠨ ᠬᠡᠪ ᠪᠣᠯᠪᠠᠰᠤᠷᠠᠯ ᠪᠠ ᠠᠵᠢᠯ ᠣᠯᠭᠣᠯᠲᠠ᠎ᠶᠢᠨ ᠥᠷᠢᠰᠦᠯᠳᠦᠬᠦ ᠬᠦᠴᠦᠨ ᠵᠢᠡᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠤᠯᠤᠰ᠎ᠤᠨ ᠮᠠᠶᠢᠭ᠋ ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠵᠡᠭᠡᠪᠡ᠃