ᠰᠦᠭ ᠰᠦᠨᠡᠰᠦ᠎ᠵᠢ ᠱᠤᠭᠤᠵᠤ ᠤᠭ ᠰᠠᠨᠠᠭ᠎ᠠ᠎ᠪᠠᠨ ᠪᠠᠷᠢᠮᠲᠠᠯᠠᠵᠦ ᠨᠠᠮ᠎ᠤᠨ ᠠᠴᠢ᠎ᠳᠤ ᠲᠠᠯᠠᠷᠬᠠᠨ ᠡᠷᠡᠮᠡᠬᠡᠢᠯᠡᠨ ᠤᠷᠤᠬᠰᠢᠯᠠᠨ᠎ᠠ
2026-07-13 09:40:06
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠨᠠᠮ᠎ᠤᠨ ᠬᠡᠰᠢᠬᠦᠨ ᠺᠠᠳ᠋ᠷᠴᠤᠳ᠎ᠤᠨ ᠤᠬ ᠰᠠᠨᠠᠭ᠎ᠠ ᠪᠠ ᠡᠬᠦᠷᠭᠡ ᠬᠠᠷᠢᠭᠤᠴᠠᠯᠭ᠎ᠠ》 ᠰᠢᠷᠢᠰ ᠮᠡᠳᠡᠭᠡᠯᠡᠯ ①


ᠨᠠᠢᠷᠠᠭᠤᠯᠤᠭ᠍ᠴᠢ᠎ᠶᠢᠨ ᠦᠭᠡ᠄ 

ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠵᠢ ᠪᠤᠢ ᠪᠤᠯᠭᠠᠨ ᠦᠢᠯᠡᠳᠦᠯᠭᠡᠵᠢᠬᠦᠯᠬᠦ ᠨᠢ ᠦᠷᠭᠡᠨ ᠤᠯᠠᠨ ᠨᠠᠮ᠎ᠤᠨ ᠭᠡᠰᠢᠬᠦᠨ ᠺᠠᠳ᠋ᠷᠴᠤᠳ᠎ᠤᠨ ᠤᠭ ᠰᠠᠨᠠᠭ᠎ᠠ ᠪᠠ ᠡᠭᠦᠷᠭᠡᠯᠡᠯ ᠬᠠᠷᠢᠭᠤᠴᠠᠯᠭ᠎ᠠ᠎ᠶᠢ ᠢᠯᠡᠷᠡᠭᠦᠯᠵᠦ᠂ ᠠᠵᠢᠯ ᠶᠠᠪᠤᠳᠠᠯ ᠬᠢᠬᠦ ᠴᠢᠭᠯᠡᠯ᠎ᠢ ᠲᠣᠭᠲᠠᠭᠠᠪᠠ᠃ ᠨᠠᠮ᠎ᠤᠨ ᠪᠠᠢᠭᠤᠯᠤᠯᠲᠠ ᠲᠤᠰᠬᠠᠢ ᠬᠡᠪᠯᠡᠯ ᠲᠤᠰ ᠬᠤᠭᠤᠴᠠᠭ᠎ᠠ ᠡᠴᠡ ᠡᠬᠢᠯᠡᠨ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ》 ᠭᠣᠣᠯ ᠰᠢᠵᠢᠮ᠎ᠤᠨ ᠲᠤᠭᠤᠷᠢᠨ᠎ᠳᠤ 《ᠨᠠᠮ᠎ᠤᠨ ᠬᠡᠰᠢᠬᠦᠨ ᠺᠠᠳ᠋ᠷᠴᠤᠳ᠎ᠤᠨ ᠤᠭ ᠰᠠᠨᠠᠭ᠎ᠠ ᠪᠠ ᠡᠬᠦᠷᠭᠡ ᠬᠠᠷᠢᠭᠤᠴᠠᠯᠭ᠎ᠠ》 ᠰᠢᠷᠢᠰ ᠮᠡᠳᠡᠭᠡᠯᠡᠯ ᠵᠢᠡᠨ ᠡᠬᠢᠯᠡᠬᠦᠯᠵᠦ᠂ ᠰᠦᠭ ᠰᠦᠨᠡᠰᠦ᠎ᠶᠢ ᠱᠤᠭᠤᠵᠤ ᠤᠭ ᠰᠠᠨᠠᠭ᠎ᠠ᠎ᠪᠠᠨ ᠪᠠᠳᠦ ᠰᠠᠬᠢᠬᠤ ᠦᠷᠳᠡᠭ᠎ᠦᠨ ᠤᠳᠤᠷᠢᠳᠤᠮᠵᠢ᠎ᠵᠢ ᠲᠦᠪ ᠪᠤᠯᠭᠠᠬᠤ᠎ᠠᠴᠠ ᠪᠣᠳᠠᠲᠠᠢ ᠠᠵᠢᠯᠯᠠᠵᠤ ᠪᠣᠳᠠᠲᠦ ᠠᠮᠵᠢᠯᠲᠠ ᠪᠦᠲᠦᠮᠵᠢ ᠭᠠᠷᠭᠠᠬᠤ ᠬᠦᠷᠲᠡᠯ᠎ᠡ᠂ ᠲᠠᠬᠢᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠠᠷᠠᠳ᠎ᠲᠤ ᠠᠰᠢᠭ ᠬᠦᠷᠲᠡᠭᠡᠬᠦ ᠬᠦᠷᠲᠡᠯᠡᠬᠢ ᠮᠠᠨ᠎ᠤ ᠣᠷᠣᠨ᠎ᠤ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠵᠢ ᠪᠤᠢ ᠪᠤᠯᠭᠠᠨ ᠦᠢᠯᠡᠳᠦᠯᠭᠡᠵᠢᠬᠦᠯᠬᠦ ᠰᠤᠷᠤᠯᠴᠠᠯᠭ᠎ᠠ ᠬᠦᠮᠦᠵᠢᠯ ᠵᠢᠴᠢ ᠪᠤᠳᠠᠳᠦ ᠦᠷ᠎ᠡ ᠪᠦᠲᠦᠮᠵᠢ᠂ ᠨᠠᠮ᠎ᠤᠨ ᠭᠡᠰᠢᠭᠦᠨ ᠺᠠᠳ᠋ᠷᠴᠤᠳ᠎ᠤᠨ ᠴᠢᠨᠠᠷ ᠰᠠᠢᠲᠠᠢ ᠬᠥᠭᠵᠢᠯᠲᠡ᠂ ᠦᠨᠳᠦᠰᠦᠨ ᠱᠠᠲᠤᠨ᠎ᠤ ᠵᠠᠰᠠᠯᠲᠠ᠎ᠶᠢᠨ ᠡᠮᠦᠨ᠎ᠡ ᠹᠷᠣᠨᠲ᠎ᠲᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠰᠠᠨ ᠠᠮᠢᠳᠤᠯᠢᠭ᠋ ᠦᠢᠯᠡᠳᠦᠯᠬᠡ᠎ᠵᠢ ᠮᠡᠳᠡᠭᠡᠯᠡᠬᠦ ᠪᠤᠯᠤᠨ᠎ᠠ᠃

ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠡᠴᠡ ᠨᠠᠭᠠᠰᠢ᠂ ᠥᠪᠥᠷ ᠮᠣᠩᠭᠣᠯ 《ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ᠎ᠶᠢ ᠰᠣᠨᠣᠰᠴᠦ᠂ ᠨᠠᠮ᠎ᠢᠶᠠᠨ ᠳᠠᠭᠠᠨ ᠤᠷᠤᠬᠰᠢᠯᠠᠬᠤ》 ᠵᠢᠨ ᠲᠤᠭᠤᠷᠢᠨ᠎ᠳᠤ᠂ 《ᠵᠠᠰᠠᠭ᠎ᠤᠨ ᠠᠵᠢᠯ᠎ᠤᠨ ᠪᠦᠲᠦᠮᠵᠢ᠎ᠵᠢ ᠭᠡᠨ᠎ᠤ ᠲᠦᠯᠦᠭᠡ ᠭᠠᠷᠭᠠᠬᠤ》 ᠭᠣᠣᠯ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠦᠵᠡᠯ ᠰᠠᠨᠠᠭᠠᠨ᠎ᠤ ᠳᠠᠪᠲᠠᠯᠲᠠ᠂ ᠤᠯᠤᠰ ᠲᠥᠷᠥ᠎ᠶᠢᠨ ᠵᠢᠯᠤᠭᠤᠳᠤᠮᠵᠢ ᠪᠡᠷ ᠲᠡᠷᠢᠭᠦᠨ ᠴᠢᠬᠤᠯᠠ ᠭᠠᠷᠳᠠᠴᠠ ᠪᠣᠯᠭᠠᠵᠤ᠂ ᠪᠥᠬᠥ ᠣᠷᠣᠨ᠎ᠤ ᠬᠡᠪᠴᠢᠶᠡᠨ᠎ᠳᠦ ᠲᠠᠰ ᠳᠠᠪᠬᠤᠷᠭ᠎ᠠ ᠬᠤᠪᠢᠶᠠᠨ ᠲᠤᠰᠬᠠᠢ ᠰᠡᠳᠦᠪᠲᠦ ᠰᠤᠷᠤᠯᠴᠠᠯᠭ᠎ᠠ᠂ ᠰᠤᠳᠤᠯᠤᠨ ᠶᠠᠷᠢᠯᠴᠠᠵᠤ ᠰᠣᠯᠢᠯᠴᠠᠬᠤ ᠪᠠ ᠴᠡᠭᠴᠡᠯᠡᠨ ᠰᠠᠢᠵᠢᠷᠠᠭᠤᠯᠬᠤ᠎ᠶᠢ ᠪᠥᠬᠥ ᠲᠠᠯ᠎ᠠ᠎ᠪᠠᠷ ᠪᠠᠢᠷᠢᠯᠠᠭᠤᠯᠵᠦ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠎ᠢ ᠬᠥᠲᠥᠯᠥᠨ ᠵᠢᠯᠤᠭᠣᠳᠴᠤ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢᠨ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠨ ᠡᠵᠡᠮᠰᠢᠬᠦᠯᠵᠦ᠂ 《ᠠᠷᠠᠳ ᠲᠦᠮᠡᠨ᠎ᠳᠦ ᠪᠤᠶᠠᠨ ᠦᠢᠯᠡᠳᠬᠦ ᠨᠢ ᠬᠠᠮᠤᠭ᠎ᠤᠨ ᠶᠡᠬᠡ ᠵᠠᠰᠠᠭ᠎ᠤᠨ ᠠᠵᠢᠯ᠎ᠤᠨ ᠪᠦᠲᠦᠮᠵᠢ ᠪᠤᠯᠤᠨ᠎ᠠ》ᠭᠡᠬᠦ ᠦᠨᠳᠦᠰᠦᠨ ᠠᠭᠤᠯᠤᠭᠳᠠᠬᠤᠨ᠎ᠢ ᠭᠦᠨᠵᠡᠭᠡᠢ ᠤᠢᠯᠠᠭᠠᠭᠤᠯᠵᠦ᠂ ᠦᠵᠡᠯ ᠰᠠᠨᠠᠭᠠᠨ᠎ᠤ ᠤᠬ ᠦᠨᠳᠦᠰᠦ ᠡᠴᠡ ᠠᠵᠢᠯ ᠬᠢᠵᠦ ᠦᠢᠯᠡᠰ ᠪᠦᠲᠦᠭᠡᠬᠦ ᠦᠷᠳᠡᠭ᠎ᠤᠨ ᠬᠠᠨᠳᠤᠰᠢ᠎ᠵᠢ ᠲᠤᠳᠤᠷᠬᠠᠢᠯᠠᠪᠠ᠃


ᠤᠨᠤᠯ ᠵᠢᠡᠷ ᠰᠦᠭ ᠰᠦᠨᠡᠰᠦ᠎ᠶᠢ ᠱᠤᠭᠤᠵᠤ ᠠᠷᠠᠳ᠎ᠤᠨ ᠲᠥᠯᠥᠭᠡ ᠵᠠᠰᠠᠭ ᠪᠠᠷᠢᠬᠤ ᠦᠵᠡᠯ ᠰᠠᠨᠠᠭ᠎ᠠ ᠦᠢᠯᠡ ᠠᠵᠢᠯᠯᠠᠭ᠎ᠠ᠎ᠵᠢ ᠲᠦᠪ ᠪᠤᠯᠭᠠᠪᠠ

ᠪᠥᠬᠥ ᠣᠷᠣᠨ᠎ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠦᠨ ᠬᠢᠨ ᠥᠨᠳᠥᠷ ᠪᠠᠢᠷᠢ᠎ᠠᠴᠠ ᠨᠢᠭᠡᠳᠦᠯᠲᠡᠢ ᠲᠥᠯᠥᠪᠵᠢᠭᠦᠯᠬᠦ᠂ ᠲᠦᠷᠦᠭᠦᠯᠡᠨ ᠥᠯᠢᠭᠡᠷ ᠳᠠᠭᠤᠷᠢᠶᠠᠯ ᠪᠣᠯᠬᠤ᠎ᠶᠢ ᠪᠠᠷᠢᠮᠲᠠᠯᠠᠵᠤ᠂ 《ᠳᠥᠷᠪᠡᠨ ᠭᠦᠨᠵᠡᠭᠡᠢ ᠰᠤᠷᠤᠯᠴᠠᠯᠭ᠎ᠠ》 ᠵᠢᠨ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠲᠤᠰᠬᠠᠢ ᠰᠡᠳᠦᠪᠲᠦ ᠨᠣᠮ ᠤᠩᠰᠢᠬᠤ ᠠᠩᠭᠢ᠂ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠳᠤᠯᠤᠨ ᠶᠠᠷᠢᠯᠴᠠᠬᠤ᠂ ᠰᠡᠷᠡᠮᠵᠢᠯᠡᠭᠦᠯᠬᠦ ᠬᠥᠮᠦᠵᠢᠯ᠂ 《ᠤᠮᠠᠷᠠᠲᠤ ᠬᠢᠯᠢ᠎ᠶᠢᠨ ᠡᠭᠦᠯᠡᠡ ᠲᠡᠪᠴᠡᠩ》᠂ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠡᠷᠭᠡ ᠣᠯᠠᠨ ᠡᠰᠢᠵᠢᠭᠰᠡᠨ ᠠᠴᠢᠶᠠᠯᠠᠪᠤᠷᠢ᠎ᠪᠠᠷ ᠳᠠᠮᠵᠢᠨ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢᠨ ᠲᠤᠰᠬᠠᠢ ᠰᠡᠳᠦᠪᠲᠦ ᠰᠤᠳᠤᠯᠤᠨ ᠰᠤᠷᠤᠯᠴᠠᠬᠤ᠎ᠶᠢ ᠪᠠᠢᠩᠭᠤᠵᠢᠭᠤᠯᠤᠨ ᠥᠷᠨᠢᠭᠦᠯᠵᠦ᠂ ᠨᠠᠮᠴᠢ ᠴᠢᠨᠠᠷ᠎ᠤᠨ ᠬᠥᠮᠦᠵᠢᠯ᠂ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ ᠪᠠ ᠠᠵᠢᠯ᠎ᠤᠨ ᠰᠤᠷᠲᠠᠯ᠎ᠤᠨ ᠪᠠᠢᠭᠤᠯᠤᠯᠲᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ ᠲᠠᠢ ᠬᠠᠷᠭᠤᠭᠤᠯᠵᠦ᠂ ᠠᠪᠤᠨ ᠳᠣᠣᠷ᠎ᠠ᠎ᠪᠠᠨ ᠠᠰᠢᠭ᠋ ᠣᠯᠬᠤ᠎ᠶᠢ ᠬᠥᠭᠡᠭᠡᠴᠡᠯᠳᠦᠬᠦ᠂ ᠥᠩᠭᠡᠨ ᠲᠠᠯ᠎ᠠ᠎ᠶᠢᠨ ᠠᠵᠢᠯ ᠬᠢᠬᠦ᠂ ᠬᠡᠯᠪᠡᠷᠢᠴᠢ ᠦᠵᠡᠯ ᠤ᠋ᠨ ᠠᠰᠠᠭᠤᠳᠠᠯ ᠵᠡᠷᠭᠡ ᠵᠢ ᠬᠦᠴᠦᠯᠡᠨ ᠵᠠᠯᠠᠷᠠᠭᠤᠯᠪᠡ᠃

ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠷᠤᠨ ᠨᠤᠲᠤᠭ᠎ᠤᠨ ᠦᠬᠡ ᠬᠡᠯᠡ ᠦᠰᠦᠭ ᠪᠢᠴᠢᠭ᠎ᠤᠨ ᠰᠤᠳᠤᠯᠭᠠᠨ ᠪᠠ ᠬᠡᠷᠡᠭᠯᠡᠭᠡᠨ᠎ᠤ ᠲᠦᠪ (ᠦᠪᠦᠷ ᠮᠤᠩᠭᠤᠯ᠎ᠤᠨ ᠦᠨᠳᠦᠰᠦᠲᠡᠨ᠎ᠤ ᠪᠦᠯᠬᠦᠮᠳᠡᠯ ᠰᠡᠳᠬᠦᠯ᠎ᠤᠨ ᠬᠤᠷᠢᠶ᠎ᠠ) ᠰᠤᠷᠤᠯᠴᠠᠯᠭ᠎ᠠ ᠬᠦᠮᠦᠵᠢᠯ᠎ᠢ ᠯᠠᠪᠳᠠᠭᠤᠨ ᠪᠠᠲᠤᠲᠠᠢ ᠦᠷᠨᠢᠬᠦᠯᠵᠦ᠂ ᠤᠨᠤᠯ᠎ᠤᠨ ᠰᠤᠷᠤᠯᠴᠠᠯᠭ᠎ᠠ ᠪᠡᠷ 《ᠨᠡᠢᠲᠡ᠎ᠵᠢᠨ ᠲᠦᠯᠦᠭᠡ ᠨᠠᠮ ᠪᠠᠢᠭᠤᠯᠬᠤ》 ᠵᠤᠷᠢᠯᠲᠠ᠎ᠵᠢ ᠴᠢᠩᠭᠠᠳᠬᠠᠵᠦ᠂ ᠬᠤᠯᠪᠤᠭᠠᠯᠠᠨ ᠰᠤᠷᠤᠯᠴᠠᠵᠦ ᠬᠠᠮᠳᠦ ᠪᠡᠷ ᠪᠠᠢᠭᠤᠯᠬᠤ ᠨᠢᠭᠡᠴᠢ ᠲᠠᠢ ᠬᠠᠮᠲᠤᠷᠠᠨ ᠤᠨᠤᠯ᠎ᠢ ᠬᠠᠮᠳᠦ ᠪᠡᠷ ᠰᠤᠷᠤᠯᠴᠠᠬᠤ᠂ ᠪᠤᠲᠠᠲᠠᠢ ᠭᠠᠵᠠᠷ ᠲᠤᠨᠢ ᠦᠢᠯᠡᠳᠦᠯᠭᠡᠵᠢᠬᠦᠯᠦᠨ ᠰᠤᠷᠤᠯᠴᠠᠬᠤ᠂ ᠦᠢᠯᠡᠴᠢᠯᠡᠬᠡ ᠪᠡᠷ ᠰᠤᠷᠤᠯᠴᠠᠯᠭ᠎ᠠ᠎ᠵᠢ ᠠᠬᠢᠭᠤᠯᠬᠤ᠂ ᠲᠦᠪᠯᠡᠷᠡᠩᠬᠦᠢ ᠰᠤᠷᠤᠯᠴᠠᠯᠭ᠎ᠠ ᠪᠠ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ᠎ᠵᠢ ᠪᠠᠢᠩᠭᠤᠵᠢᠭᠤᠯᠤᠨ᠂ ᠨᠠᠮ᠎ᠤᠨ ᠬᠡᠰᠢᠬᠦᠨ ᠺᠠᠳ᠋ᠷᠴᠤᠳ᠎ᠤᠨ ᠵᠠᠰᠠᠭ᠎ᠤᠨ ᠠᠵᠢᠯ᠎ᠤᠨ ᠪᠦᠲᠦᠮᠵᠢ᠎ᠵᠢᠨ ᠲᠤᠬᠠᠢ ᠵᠦᠪ ᠦᠵᠡᠯᠲᠡ᠎ᠵᠢ ᠪᠤᠢ ᠪᠤᠯᠭᠠᠪᠠ; ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠢᠩᠬᠢᠮ᠂ ᠠᠵᠢᠯᠴᠢᠨ᠎ᠤ ᠶᠡᠷᠦᠩᠬᠡᠢ ᠡᠪᠯᠡᠯ ᠵᠡᠷᠭᠡ ᠣᠷᠣᠨ᠎ᠤ ᠰᠢᠭᠤᠳ ᠬᠠᠷᠢᠶ᠎ᠠ ᠰᠠᠯᠠᠭ᠎ᠠ ᠮᠥᠴᠢᠷ ᠡᠭᠦᠷᠭᠡ᠎ᠶᠢᠨ ᠨᠠᠷᠢᠨ ᠲᠠᠩᠰᠠ᠎ᠶᠢ ᠨᠠᠷᠢᠯᠢᠭ᠍ᠵᠢᠭᠤᠯᠵᠤ᠂ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠲᠥᠪᠯᠡᠷᠡᠭᠦᠯᠦᠨ ᠰᠤᠷᠤᠯᠴᠠᠬᠤ ᠪᠠ ᠬᠤᠪᠢ ᠬᠥᠮᠥᠨ ᠥᠪᠡᠷ᠎ᠢᠶᠡᠨ ᠰᠤᠷᠤᠯᠴᠠᠬᠤ᠂ ᠣᠨᠣᠯ᠎ᠤᠨ ᠵᠢᠯᠣᠭᠣᠳᠤᠯᠭ᠎ᠠ ᠬᠢᠬᠦ ᠪᠠ ᠬᠡᠷᠡᠭ᠎ᠦᠨ ᠵᠢᠱ᠌ᠢᠶ᠎ᠡ᠎ᠪᠡᠷ ᠰᠡᠷᠡᠮᠵᠢᠯᠡᠭᠦᠯᠬᠦ ᠬᠣᠣᠰ ᠴᠢᠭᠯᠡᠯ᠎ᠢᠶᠡᠷ ᠤᠶᠠᠯᠳᠤᠭᠤᠯᠬᠤ᠎ᠶᠢ ᠪᠠᠷᠢᠮᠲᠠᠯᠠᠵᠤ᠂ ᠨᠠᠮ᠎ᠤᠨ ᠭᠡᠰᠢᠭᠦᠨ ᠺᠠᠳ᠋ᠷ᠎ᠤᠨ ᠦᠵᠡᠯ ᠰᠠᠨᠠᠭᠠᠨ᠎ᠤ ᠡᠨᠳᠡᠭᠦᠷᠡᠯ᠎ᠢ ᠠᠷᠢᠯᠭᠠᠵᠤ᠂ ᠣᠨᠣᠯ᠎ᠤᠨ ᠰᠠᠭᠤᠷᠢ᠎ᠶᠢ ᠪᠡᠬᠢᠵᠢᠭᠦᠯᠵᠦ ᠂ ᠨᠡᠶ᠋ᠢᠲᠡ᠎ᠶᠢᠨ ᠲᠥᠯᠥᠭᠡ ᠨᠠᠮ ᠪᠠᠶ᠋ᠢᠭᠤᠯᠬᠤ᠂ ᠠᠷᠠᠳ᠎ᠤᠨ ᠲᠥᠯᠥᠭᠡ ᠡᠭᠦᠷᠬᠡ ᠬᠠᠷᠢᠭᠤᠴᠠᠯᠭ᠎ᠠ᠎ᠪᠠᠨ ᠭᠦᠢᠴᠡᠳᠬᠡᠬᠦ ᠤᠯᠤᠰ ᠲᠥᠷᠥ᠎ᠶᠢᠨ ᠤᠬᠠᠮᠰᠠᠷ᠎ᠢ ᠪᠠᠲᠤ ᠪᠣᠶ ᠪᠣᠯᠭᠠᠪᠠ᠃

ᠲᠦᠩᠯᠢᠶᠣᠣ᠂ ᠪᠤᠭᠤᠲᠤ᠂ ᠣᠷᠳᠣᠰ ᠵᠡᠷᠭᠡ ᠠᠢᠮᠠᠭ ᠬᠣᠲᠠ ᠲᠤᠰᠬᠠᠢ ᠰᠡᠳᠦᠪᠲᠦ ᠨᠣᠮ ᠤᠩᠰᠢᠬᠤ ᠠᠩᠭᠢ᠂ ᠨᠢᠭᠡᠳᠦᠭᠡᠷ ᠹᠷᠣᠨᠲ᠎ᠤᠨ ᠪᠠᠢᠴᠠᠭᠠᠨ ᠰᠤᠳᠤᠯᠵᠤ ᠱᠠᠯᠠᠪᠳᠠᠭᠤᠯᠤᠨ ᠵᠢᠯᠤᠭᠣᠳᠬᠤ᠎ᠪᠠᠷ ᠭᠠᠷᠳᠠᠴᠠ ᠪᠣᠯᠭᠠᠵᠤ᠂ ᠣᠨᠣᠯ᠎ᠤᠨ ᠰᠤᠷᠤᠯᠴᠠᠯᠭ᠎ᠠ᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠠᠬᠢᠭᠤᠯᠵᠤ᠂ ᠨᠠᠮ᠎ᠤᠨ ᠭᠡᠰᠢᠭᠦᠨ ᠺᠠᠳ᠋ᠷ᠎ᠤᠨ ᠢᠮᠠᠭᠲᠠ ᠨᠠᠮ᠎ᠤᠨ ᠠᠴᠢ᠎ᠳ᠋ᠤ ᠲᠠᠯᠠᠷᠬᠠᠬᠤ᠂ ᠲᠤᠰᠢᠶᠠᠯ ᠬᠠᠷᠢᠭᠤᠴᠠᠯᠭ᠎ᠠ᠎ᠪᠠᠨ ᠦᠨᠡᠨᠴᠢ ᠰᠢᠳᠤᠷᠭᠤ᠎ᠪᠠᠷ ᠭᠦᠢᠴᠡᠳᠬᠡᠬᠦ᠂ ᠠᠷᠠᠳ᠎ᠤᠨ ᠲᠥᠯᠥᠭᠡ ᠤᠭ ᠰᠠᠨᠠᠭ᠎ᠠ᠎ᠪᠠᠨ ᠪᠠᠷᠢᠮᠲᠠᠯᠠᠨ ᠠᠵᠢᠯ ᠬᠢᠵᠦ ᠦᠢᠯᠡᠰ ᠪᠣᠰᠬᠠᠬᠤ᠎ᠵᠢ ᠬᠦᠲᠦᠯᠦᠨ ᠵᠢᠯᠤᠭᠤᠳᠪᠠ᠃

ᠨᠠᠷᠢᠨ ᠪᠠᠢᠴᠠᠭᠠᠨ ᠢᠯᠡᠷᠡᠬᠦᠯᠤᠨ ᠰᠠᠢᠳᠤᠷ ᠴᠡᠭᠴᠡᠯᠡᠨ ᠰᠠᠢᠵᠢᠷᠠᠭᠤᠯᠵᠦ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠵᠢᠨ ᠵᠥᠷᠢᠶ᠎ᠡ᠎ᠶᠢ ᠪᠦᠲᠦᠮᠵᠢᠲᠡᠢ ᠰᠡᠷᠬᠡᠢᠯᠡᠨ ᠵᠠᠯᠠᠷᠠᠭᠤᠯᠪᠠ

ᠰᠤᠷᠤᠯᠴᠠᠬᠤ ᠪᠠ ᠪᠠᠢᠴᠠᠭᠠᠨ ᠰᠤᠳᠤᠯᠬᠤ᠎ᠶᠢ ᠤᠶᠠᠯᠳᠤᠭᠤᠯᠬᠤ᠂ ᠥᠩᠭᠡᠨ ᠲᠠᠯ᠎ᠠ ᠪᠠ ᠦᠨᠳᠦᠰᠦ᠎ᠡᠴᠡ ᠨᠢ ᠵᠠᠰᠠᠬᠤ᠎ᠶᠢ ᠤᠶᠠᠯᠳᠤᠭᠤᠯᠵᠤ᠂ ᠮᠠᠨ᠎ᠤ ᠣᠷᠣᠨ ᠪᠠᠢᠴᠠᠭᠠᠨ ᠦᠵᠡᠵᠦ ᠴᠡᠭᠴᠡᠯᠡᠨ ᠰᠠᠢᠵᠢᠷᠠᠭᠤᠯᠬᠤ᠎ᠶᠢ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠠᠲᠤ ᠪᠣᠶ ᠪᠣᠯᠭᠠᠬᠤ ᠵᠠᠩᠭᠢᠯᠠᠭ᠎ᠠ᠎ᠶᠢᠨ ᠠᠷᠭ᠎ᠠ ᠬᠡᠮᠵᠢᠶ᠎ᠡ ᠪᠣᠯᠭᠠᠵᠤ᠂ ᠢᠯᠡ ᠠᠮᠵᠢᠯᠲᠠ᠎ᠶᠢ ᠴᠢᠬᠤᠯᠠᠴᠢᠯᠠᠵᠤ ᠳᠠᠯᠳᠠ ᠠᠮᠵᠢᠯᠲᠠ᠎ᠶᠢ ᠬᠥᠩᠭᠡᠪᠴᠢᠯᠡᠬᠦ᠂ ᠬᠡᠯᠪᠡᠷᠢ᠎ᠶᠢ ᠴᠢᠬᠤᠯᠠᠴᠢᠯᠠᠵᠤ ᠪᠣᠳᠠᠲᠤ ᠦᠷ᠎ᠡ ᠪᠦᠲᠦᠮᠵᠢ᠎ᠶᠢ ᠬᠥᠩᠭᠡᠪᠴᠢᠯᠡᠬᠦ᠂ ᠣᠬᠣᠷ ᠬᠤᠭᠤᠴᠠᠭ᠎ᠠ᠎ᠶᠢ ᠴᠢᠬᠤᠯᠠᠴᠢᠯᠠᠵᠤ ᠠᠯᠤᠰ ᠬᠡᠲᠦ᠎ᠶᠢ ᠬᠥᠩᠭᠡᠪᠴᠢᠯᠡᠬᠦ ᠪᠤᠷᠤᠭᠤ ᠤᠳᠤᠷᠢᠳᠤᠮᠵᠢ᠎ᠶᠢ ᠡᠷᠡᠰ ᠠᠷᠢᠯᠭᠠᠵᠤ᠂ ᠬᠢᠲᠤᠭᠠᠨ ᠢᠷ᠎ᠢ ᠳᠣᠲᠣᠭ᠍ᠰᠢ ᠬᠠᠨᠳᠤᠭᠤᠯᠬᠤ ᠰᠥᠰᠥ ᠵᠣᠷᠢᠭ᠋᠎ᠢᠶᠠᠷ ᠠᠰᠠᠭᠤᠳᠠᠯ᠎ᠢ ᠪᠠᠢᠴᠠᠭᠠᠨ ᠳᠡᠯᠭᠡᠵᠦ᠂ ᠳᠤᠲᠠᠭᠤᠳᠠᠯ᠎ᠢ ᠨᠥᠬᠥᠪᠦᠷᠢᠯᠡᠪᠡ᠃ ᠡᠯ᠎ᠡ ᠱᠠᠲᠤ ᠡᠯ᠎ᠡ ᠰᠠᠯᠠᠭ᠎ᠠ ᠮᠥᠴᠢᠷ᠎ᠦᠨ ᠬᠢᠨ ᠡᠭᠦᠳᠡ᠎ᠪᠡᠨ ᠨᠡᠭᠡᠭᠡᠵᠦ ᠬᠥᠮᠦᠵᠢᠯ ᠬᠢᠬᠦ᠎ᠶᠢ ᠪᠠᠷᠢᠮᠲᠠᠯᠠᠵᠤ᠂ ᠦᠨᠳᠦᠰᠦᠨ ᠱᠠᠲᠤᠨ᠎ᠳᠤ ᠪᠠᠢᠴᠠᠭᠠᠨ ᠰᠤᠳᠤᠯᠤᠯᠲᠠ ᠬᠢᠬᠦ᠂ ᠲᠤᠭᠤᠷᠢᠨ ᠰᠤᠷᠪᠤᠯᠵᠢᠯᠠᠬᠤ᠂ ᠠᠷᠠᠳ᠎ᠤᠨ ᠰᠠᠨᠠᠯ᠎ᠢ ᠬᠤᠷᠢᠶᠠᠬᠤ ᠵᠡᠷᠭᠡ ᠠᠷᠭ᠎ᠠ ᠬᠡᠯᠪᠡᠷᠢ᠎ᠪᠡᠷ ᠣᠯᠠᠨ ᠲᠦᠮᠡᠨ᠎ᠦ ᠰᠡᠳᠬᠢᠯ᠎ᠦᠨ ᠦᠭᠡ᠎ᠶᠢ ᠥᠷᠭᠡᠨ᠎ᠢᠶᠡᠷ ᠰᠣᠨᠣᠰᠴᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠵᠥᠷᠢᠶ᠎ᠡ᠎ᠶᠢᠨ ᠨᠠᠷᠢᠨ ᠲᠠᠩᠰᠠ᠎ᠲᠠᠢ ᠬᠠᠷᠭᠤᠭᠤᠯᠤᠨ ᠨᠢᠭᠡᠳ ᠨᠢᠭᠡ᠎ᠪᠡᠷ ᠡᠮᠬᠢᠯᠡᠵᠦ᠂ 《3 ᠬᠠᠷᠢᠴᠠᠭᠤᠯᠤᠯ》 ᠤ᠋ᠨ ᠪᠠᠢᠴᠠᠭᠠᠨ ᠳᠡᠯᠭᠡᠬᠦ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠬᠥᠳᠡᠯᠦᠩᠭᠦᠢ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ ᠨᠠᠷᠢᠨ ᠲᠠᠩᠰᠠ᠎ᠶᠢ ᠪᠠᠢᠭᠤᠯᠪᠠ᠃

ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠰᠢᠰᠲᠧᠮ᠎ᠲᠠᠢ ᠴᠡᠭᠴᠡᠯᠡᠨ ᠰᠠᠢᠵᠢᠷᠠᠭᠤᠯᠬᠤ᠂ ᠨᠢᠭᠡ ᠴᠣᠭᠴᠠᠵᠢᠭᠤᠯᠤᠨ ᠠᠬᠢᠭᠤᠯᠬᠤ᠎ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ᠎ᠦᠨ ᠥᠪᠡᠷ᠎ᠢ ᠪᠠᠨ ᠪᠠᠢᠴᠠᠭᠠᠬᠤ ᠠᠰᠠᠭᠤᠳᠠᠯ᠎ᠢ ᠲᠣᠭᠣᠷᠢᠨ ᠪᠠᠢᠴᠠᠭᠠᠬᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠱᠠᠯᠠᠪᠳᠠᠭᠤᠯᠤᠨ ᠪᠠᠢᠴᠠᠭᠠᠬᠤ᠂ ᠬᠢᠨᠠᠨ ᠪᠣᠳᠣᠯᠲᠠ᠎ᠪᠠᠷ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ᠎ᠲᠠᠢ ᠭᠦᠨᠵᠡᠭᠡᠢ ᠤᠶᠠᠯᠳᠤᠭᠤᠯᠵᠤ᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠲᠣᠪᠣᠢᠮ᠎ᠠ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠵᠤ᠂ 《ᠴᠠᠭᠠᠰᠤᠨ ᠳᠡᠭᠡᠷ᠎ᠡ ᠴᠡᠭᠴᠡᠯᠡᠨ ᠰᠠᠢᠵᠢᠷᠠᠭᠤᠯᠬᠤ》᠂ 《ᠬᠤᠳᠠᠯ ᠬᠠᠭᠤᠷᠮᠠᠭ᠎ᠢᠶᠠᠷ ᠴᠡᠭᠴᠡᠯᠡᠨ ᠰᠠᠢᠵᠢᠷᠠᠭᠤᠯᠬᠤ》 ᠵᠡᠷᠭᠡ ᠬᠡᠯᠪᠡᠷᠢᠴᠢ ᠦᠵᠡᠯ᠎ᠦᠨ ᠠᠰᠠᠭᠤᠳᠠᠯ᠎ᠢ ᠡᠷᠡᠰ ᠬᠣᠷᠢᠭ᠍ᠯᠠᠪᠠ᠃ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠎ᠠᠴᠠ ᠦᠨᠳᠦᠰᠦᠨ ᠱᠠᠲᠤᠨ᠎ᠤ ᠬᠣᠰᠢᠭᠤ ᠰᠢᠶᠠᠨ ᠬᠦᠷᠲᠡᠯ᠎ᠡ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠰᠠᠨᠠᠭᠠᠴᠢᠯᠠᠭ᠎ᠠ᠎ᠠᠴᠠ᠎ᠪᠠᠨ ᠪᠠᠷᠢᠮᠵᠢᠶᠠᠯᠠᠨ ᠪᠠᠢᠴᠠᠭᠠᠨ ᠦᠵᠡᠵᠦ᠂ ᠥᠪᠡᠷ᠎ᠦᠨ ᠪᠡᠶ᠎ᠡ᠎ᠪᠡᠨ ᠲᠤᠩᠭᠠᠵᠤ᠂ 《ᠵᠠᠰᠠᠭ᠎ᠤᠨ ᠠᠵᠢᠯ᠎ᠤᠨ ᠪᠦᠲᠦᠮᠵᠢ᠎ᠵᠢ ᠭᠡᠨ᠎ᠤ ᠲᠦᠯᠦᠭᠡ ᠭᠠᠷᠭᠠᠬᠤ᠂ ᠶᠠᠮᠠᠷ ᠶᠠᠩᠵᠦ᠎ᠵᠢᠨ ᠵᠠᠰᠠᠭ᠎ᠤᠨ ᠠᠵᠢᠯ᠎ᠤᠨ ᠪᠦᠲᠦᠮᠵᠢ᠎ᠵᠢ ᠪᠤᠢ ᠪᠤᠯᠭᠠᠬᠤ᠂ ᠶᠠᠭᠤᠨ᠎ᠳᠤ ᠲᠦᠰᠢᠭᠯᠡᠵᠦ ᠵᠠᠰᠠᠭ᠎ᠤᠨ ᠠᠵᠢᠯ᠎ᠤᠨ ᠪᠦᠲᠦᠮᠵᠢ᠎ᠵᠢ ᠭᠠᠷᠭᠠᠬᠤ》 ᠵᠢᠨ ᠲᠣᠭᠣᠷᠢᠨ᠎ᠳᠤ ᠭᠦᠨᠵᠡᠭᠡᠢ ᠵᠠᠳᠠᠯᠤᠯᠲᠠ ᠬᠢᠵᠦ᠂ ᠥᠩᠭᠡᠪᠴᠢ ᠠᠵᠢᠯ ᠬᠢᠬᠦ᠂ ᠨᠢᠭᠤᠷ ᠲᠠᠯ᠎ᠠ ᠬᠠᠷᠠᠬᠤ ᠬᠥᠩᠭᠡᠨ ᠬᠠᠭᠤᠮᠠᠭᠠᠢ ᠪᠣᠳᠣᠯ᠎ᠢᠶᠠᠨ ᠲᠠᠶᠠᠭᠳᠠᠵᠤ᠂ ᠦᠨᠳᠦᠰᠦᠨ ᠱᠠᠲᠤᠨ᠎ᠤ ᠤᠯᠤᠰ ᠲᠥᠷᠥ᠎ᠶᠢᠨ ᠠᠮᠢ ᠠᠬᠤᠢ᠎ᠶᠢ ᠦᠷᠭᠦᠯᠵᠢᠯᠡᠨ ᠴᠡᠪᠡᠷᠰᠢᠭᠦᠯᠵᠦ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠬᠦ᠂ ᠤᠳᠠᠭᠠᠨ ᠳᠠᠭᠠᠭᠠᠮᠠᠭᠠᠢ ᠵᠢᠳᠬᠦᠯ ᠴᠢᠷᠮᠠᠢᠯᠭ᠎ᠠ ᠭᠠᠷᠭᠠᠬᠤ ᠠᠵᠢᠯ ᠬᠢᠬᠦ ᠤᠳᠤᠷᠢᠳᠤᠮᠵᠢ᠎ᠶᠢ ᠪᠣᠶ ᠪᠣᠯᠭᠠᠪᠠ᠃

ᠰᠤᠷᠤᠯᠴᠠᠯᠭ᠎ᠠ᠎ᠪᠠᠷ ᠠᠵᠢᠯ᠎ᠢᠶᠠᠨ ᠠᠬᠢᠭᠤᠯᠵᠤ ᠠᠷᠠᠳ ᠲᠦᠮᠡᠨ᠎ᠳᠦ ᠪᠤᠶᠠᠨ ᠦᠢᠯᠡᠳᠬᠦ ᠤᠭ ᠰᠠᠨᠠᠭ᠎ᠠ ᠪᠠᠨ ᠪᠠᠲᠤ ᠰᠠᠬᠢᠪᠠ

ᠰᠤᠷᠤᠯᠴᠠᠬᠤ ᠰᠡᠳᠬᠢᠬᠦ ᠤᠬᠠᠪᠤᠷᠢᠯᠠᠬᠤ ᠦᠢᠯᠡᠳᠦᠯᠭᠡᠵᠢᠭᠦᠯᠬᠦ᠎ᠶᠢᠨ ᠵᠣᠭᠰᠣᠴᠠ ᠨᠢ ᠠᠷᠠᠳ᠎ᠤᠨ ᠲᠥᠯᠥᠭᠡ ᠪᠣᠳᠠᠲᠠᠢ ᠠᠵᠢᠯᠯᠠᠬᠤ᠎ᠳᠤ ᠤᠷᠤᠰᠢᠨ᠎ᠠ᠃ ᠪᠦᠬᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠢᠮᠠᠭᠲᠠ ᠠᠷᠠᠳ ᠲᠦᠮᠡᠨ᠎ᠳᠦ ᠪᠤᠶᠠᠨ ᠦᠢᠯᠡᠳᠬᠦ᠎ᠶᠢ ᠠᠯᠢᠪᠠ ᠠᠵᠢᠯ᠎ᠤᠨ ᠵᠣᠷᠢᠯᠲᠠ ᠪᠠ ᠲᠤᠰᠤᠯᠲᠠ᠎ᠪᠠᠨ ᠪᠣᠯᠭᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠤᠯᠠᠨ ᠲᠦᠮᠡᠨ᠎ᠳᠦ ᠦᠢᠯᠡᠴᠢᠯᠡᠬᠦ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠪᠣᠳᠠᠲᠠᠢ᠎ᠶᠢ ᠡᠷᠬᠢᠮᠯᠡᠭᠰᠡᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠎ᠶᠢ ᠠᠬᠢᠭᠤᠯᠵᠤ᠂ ᠦᠨᠡᠨ ᠪᠣᠳᠠᠲᠠᠢ ᠠᠵᠢᠯ᠎ᠤᠨ ᠪᠦᠲᠦᠮᠵᠢ᠎ᠪᠠᠷ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠦᠰᠡᠯ ᠡᠷᠡᠮᠡᠯᠵᠡᠯ᠎ᠳᠦ ᠬᠠᠷᠢᠭᠤᠯᠲᠠ ᠥᠭᠪᠡ᠃

ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠷᠤᠨ ᠨᠤᠲᠤᠭ᠎ᠤᠨ ᠦᠬᠡ ᠬᠡᠯᠡ ᠦᠰᠦᠭ ᠪᠢᠴᠢᠭ᠎ᠤᠨ ᠰᠤᠳᠤᠯᠭᠠᠨ ᠪᠠ ᠬᠡᠷᠡᠭᠯᠡᠭᠡᠨ᠎ᠤ ᠲᠦᠪ (ᠦᠪᠦᠷ ᠮᠤᠩᠭᠤᠯ᠎ᠤᠨ ᠦᠨᠳᠦᠰᠦᠲᠡᠨ᠎ᠤ ᠪᠦᠯᠬᠦᠮᠳᠡᠯ ᠰᠡᠳᠬᠦᠯ᠎ᠤᠨ ᠬᠤᠷᠢᠶ᠎ᠠ) ᠦᠨᠳᠦᠰᠦᠨ ᠱᠠᠲᠦᠨ᠎ᠳᠤ ᠦᠢᠯᠡᠴᠢᠯᠡᠬᠦ ᠪᠡᠷ 《ᠠᠷᠠᠳ᠎ᠲᠤ ᠪᠤᠶᠠᠨ ᠦᠢᠯᠡᠳᠬᠦ》 ᠱᠠᠭᠠᠷᠳᠠᠯᠭ᠎ᠠ᠎ᠵᠢ ᠦᠢᠯᠡᠳᠦᠯᠭᠡᠵᠢᠬᠦᠯᠵᠦ᠂ ᠤᠯᠠᠨ ᠲᠦᠮᠡᠨ᠎ᠤ ᠪᠠᠴᠢᠮᠳᠠᠵᠦ ᠲᠦᠪᠡᠭᠳᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠳᠤ ᠠᠩᠬᠠᠷᠤᠯ ᠵᠢᠡᠨ ᠲᠦᠪᠯᠡᠷᠡᠬᠦᠯᠵᠦ᠂ 《ᠠᠨᠠᠷ᠎ᠤᠨ ᠬᠡᠯᠬᠢᠶ᠎ᠡ》 ᠦᠨᠳᠦᠰᠦᠨ ᠱᠠᠲᠦᠨ᠎ᠳᠤ ᠦᠢᠯᠡᠴᠢᠯᠡᠬᠦ ᠠᠵᠢᠯᠯᠠᠭ᠎ᠠ᠎ᠵᠢ 4 ᠲᠠᠯᠠᠪᠠᠢ ᠦᠷᠨᠢᠬᠦᠯᠵᠦ᠂ ᠠᠷᠠᠳ᠎ᠲᠤ ᠠᠰᠢᠭ ᠬᠦᠷᠲᠡᠭᠡᠬᠦ ᠦᠢᠯᠡᠴᠢᠯᠡᠬᠡ᠎ᠵᠢ ᠦᠨᠳᠦᠰᠦᠨ ᠱᠠᠲᠦᠨ᠎ᠤ ᠤᠯᠠᠨ ᠲᠦᠮᠡᠨ᠎ᠤ ᠲᠡᠷᠭᠡᠲᠡ ᠬᠦᠷᠭᠡᠪᠡ᠃

ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ ᠣᠯᠠᠨ ᠲᠦᠮᠡᠨ᠎ᠦ ᠣᠷᠣᠨ ᠰᠠᠭᠤᠴᠠ᠎ᠶᠢᠨ ᠪᠤᠲᠠᠲᠠᠢ ᠬᠡᠷᠡᠭᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠨᠥᠬᠥᠪᠦᠷᠢ ᠣᠯᠭᠣᠬᠤ᠂ ᠠᠳᠠᠯ ᠠᠬᠤᠢ᠎ᠶᠢᠨ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠬᠦ᠂ ᠬᠠᠭᠤᠴᠢᠨ ᠴᠠᠬᠢᠯᠭᠠᠨ ᠱᠠᠲᠤ᠎ᠶᠢ ᠰᠢᠨᠡᠳᠬᠡᠬᠦ ᠵᠡᠷᠭᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠪᠣᠳᠠᠲᠠᠢ ᠠᠳᠬᠤᠵᠤ᠂ 《ᠰᠠᠢᠨ ᠭᠡᠷ ᠪᠠᠢᠰᠢᠩ》 ᠤ᠋ᠨ ᠪᠦᠲᠦᠭᠡᠨ ᠪᠠᠢᠭᠤᠯᠤᠯᠲᠠ᠎ᠶᠢᠨ ᠲᠤᠰᠬᠠᠢ ᠲᠥᠰᠥᠯ᠎ᠢ ᠨᠡᠢᠲᠡᠯᠡᠵᠦ᠂ ᠣᠨᠣᠴᠠᠲᠠᠶ ᠠᠷᠭ᠎ᠠ ᠬᠡᠮᠵᠢᠶ᠎ᠡ᠎ᠪᠡᠷ ᠣᠯᠠᠨ ᠲᠦᠮᠡᠨ᠎ᠦ ᠣᠷᠣᠨ ᠰᠠᠭᠤᠴᠠ᠎ᠶᠢᠨ ᠪᠤᠲᠠᠲᠠᠢ ᠬᠦᠴᠢᠷ ᠠᠰᠠᠭᠤᠳᠠᠯ᠎ᠢ ᠰᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠢᠩᠬᠢᠮ ᠴᠢᠨᠠᠷ ᠰᠠᠢᠲᠠᠢ ᠬᠥᠭᠵᠢᠯᠲᠡ᠎ᠶᠢᠨ ᠶᠡᠬᠡ ᠲᠠᠯ᠎ᠠ᠎ᠳᠤ ᠰᠠᠭᠤᠷᠢᠯᠠᠨ᠂ ᠣᠬᠣᠷ ᠬᠤᠭᠤᠴᠠᠭᠠᠨ᠎ᠤ ᠨᠡᠮᠡᠭᠳᠡᠯ᠎ᠦᠨ ᠬᠤᠷᠳᠤᠴᠠ᠎ᠶᠢᠨ ᠰᠡᠳᠬᠢᠬᠦᠢ᠎ᠪᠡᠨ ᠲᠠᠶᠠᠭᠳᠠᠵᠤ᠂ ᠠᠵᠤ ᠦᠢᠯᠡᠰ᠎ᠢ ᠬᠦᠭᠵᠢᠬᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠬᠦᠷᠢᠶᠡᠯᠡᠩ ᠲᠣᠭᠣᠷᠢᠭ᠋᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠂ ᠳᠤᠮᠳᠠ ᠪᠠᠭ᠎ᠠ ᠠᠵᠤ ᠠᠬᠤᠢᠯᠠᠯ᠎ᠳᠤ ᠬᠦᠴᠦᠨ ᠣᠯᠭᠣᠬᠤ ᠵᠡᠷᠭᠡ ᠰᠠᠭᠤᠷᠢ ᠴᠢᠨᠠᠷᠲᠠᠢ᠂ ᠠᠯᠤᠰ ᠬᠡᠲᠦ᠎ᠶᠢᠨ ᠴᠢᠨᠠᠷᠲᠠᠢ ᠠᠵᠢᠯ᠎ᠢ ᠭᠦᠨᠵᠡᠭᠡᠢ ᠬᠢᠪᠡ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠠᠵᠢᠯᠲᠠᠨ ᠠᠵᠢᠯᠴᠢᠨ᠎ᠤ ᠪᠠᠴᠢᠮᠳᠠᠵᠦ ᠲᠦᠪᠡᠭᠳᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠬᠠᠨᠳᠤᠭᠤᠯᠵᠤ᠂ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ᠂ ᠤᠷ᠎ᠠ ᠴᠢᠳᠠᠪᠤᠷᠢ᠎ᠵᠢ ᠳᠡᠭᠡᠭᠰᠢᠯᠡᠭᠦᠯᠬᠦ᠂ ᠡᠷᠬᠡ ᠠᠰᠢᠭ᠋᠎ᠢ ᠪᠠᠲᠤᠯᠠᠬᠤ᠂ ᠬᠦᠴᠢᠷᠳᠡᠯ ᠡᠴᠡ ᠠᠪᠤᠷᠠᠨ ᠲᠤᠰᠠᠯᠠᠬᠤ ᠵᠡᠷᠭᠡ ᠰᠡᠳᠬᠢᠯ᠎ᠢ ᠳᠤᠯᠠᠭᠠᠴᠠᠭᠤᠯᠬᠤ ᠦᠢᠯᠡᠴᠢᠯᠡᠭᠡ᠎ᠶᠢ ᠯᠠᠪᠳᠠᠭᠤᠨ ᠪᠠᠲᠤᠲᠠᠢ ᠰᠠᠢᠲᠤᠷ ᠬᠢᠪᠡ᠃ ᠪᠤᠭᠤᠲᠤ ᠬᠤᠳᠠ᠎ᠶᠢᠨ ᠬᠥᠨᠳᠡᠯᠡᠨ ᠲᠣᠭᠣᠷᠢᠭ᠋᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠠᠷᠠᠳ᠎ᠤᠨ ᠠᠮᠢᠳᠤᠷᠠᠯ᠎ᠤᠨ ᠡᠪᠡᠷᠰᠢᠶᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠣᠶᠤᠨᠴᠢ ᠨᠠᠰᠤᠲᠠᠨ᠎ᠢ ᠠᠰᠠᠷᠠᠬᠤ ᠬᠣᠭᠣᠯᠠ ᠪᠡᠷ ᠲᠤᠰᠠᠯᠠᠬᠤ ᠦᠢᠯᠡᠴᠢᠯᠡᠭᠡᠨ᠎ᠦ ᠰᠢᠰᠲᠧᠮ᠎ᠢ ᠰᠢᠨ᠎ᠡ᠎ᠪᠡᠷ ᠡᠭᠦᠳᠦᠨ ᠪᠠᠢᠭᠤᠯᠵᠤ᠂ ᠨᠠᠰᠤᠲᠠᠢᠴᠤᠳ᠎ᠤᠨ 《ᠬᠣᠭᠣᠯᠠ ᠢᠳᠡᠬᠦ᠎ᠳᠦ ᠬᠦᠴᠢᠷ》 ᠪᠠᠢᠬᠤ ᠠᠰᠠᠭᠤᠳᠠᠯ᠎ᠢ ᠤᠷᠳᠤ ᠬᠤᠭᠤᠴᠠᠭ᠎ᠠ᠎ᠪᠠᠷ ᠪᠦᠲᠦᠮᠵᠢᠲᠡᠢ ᠰᠢᠢᠳᠪᠦᠷᠢᠯᠡᠪᠡ; ᠣᠷᠳᠣᠰ ᠬᠣᠲᠠ᠎ᠶᠢᠨ ᠦᠦᠰᠢᠨ ᠬᠣᠰᠢᠭᠤ ᠨᠢᠭᠡᠳᠦᠭᠡᠷ ᠹᠷᠣᠨᠲ᠎ᠲᠤ ᠭᠦᠨᠵᠡᠭᠡᠢᠷᠡᠨ ᠪᠣᠳᠠᠲᠤ ᠪᠠᠢᠳᠠᠯ᠎ᠢ ᠪᠠᠢᠴᠠᠭᠠᠨ᠂ ᠠᠷᠠᠳ᠎ᠤᠨ ᠵᠣᠪᠠᠨᠢᠯ᠎ᠢ ᠠᠷᠢᠯᠭᠠᠬᠤ᠎ᠶᠢ ᠪᠠᠷᠢᠮᠲᠠᠯᠠᠵᠤ᠂ ᠨᠢᠭᠡᠳᠦᠭᠡᠷ ᠹᠷᠣᠨᠲ᠎ᠲᠤ ᠱᠠᠯᠠᠪᠳᠠᠭᠤᠯᠤᠨ ᠵᠢᠯᠤᠭᠣᠳᠬᠤ᠎ᠪᠠᠷ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ᠂ ᠠᠷᠠᠳ᠎ᠤᠨ ᠠᠮᠢᠳᠤᠷᠠᠯ᠎ᠢ ᠪᠣᠳᠠᠲᠠᠢᠵᠢᠭᠤᠯᠬᠤ᠎ᠶᠢ ᠠᠬᠢᠭᠤᠯᠪᠠ᠃

ᠤᠭ ᠰᠠᠨᠠᠭ᠎ᠠ ᠪᠠᠨ ᠪᠠᠳᠦ ᠰᠠᠬᠢᠵᠦ ᠢᠷᠡᠭᠡᠳᠦᠢ᠎ᠶᠢ ᠵᠣᠷᠢᠨ ᠯᠠᠪᠳᠠᠭᠤᠨ ᠪᠠᠲᠤᠲᠠᠢ ᠠᠵᠢᠯᠯᠠᠵᠤ ᠰᠢᠨ᠎ᠡ ᠠᠶᠠᠨ᠎ᠢᠶᠠᠨ ᠡᠬᠢᠯᠡᠭᠦᠯᠦᠨ᠎ᠡ᠃ ᠪᠦᠬᠦ ᠣᠷᠣᠨ᠎ᠤ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠦᠷᠭᠦᠯᠵᠢᠯᠡᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠪᠡᠷ ᠰᠡᠳᠬᠢᠯ᠎ᠢ ᠨᠢᠭ᠍ᠲᠠᠷᠠᠭᠤᠯᠤᠨ ᠰᠦᠭ ᠰᠦᠨᠡᠰᠦ᠎ᠶᠢ ᠱᠤᠭᠤᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠢᠮᠠᠭᠲᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠠᠷᠠᠳ᠎ᠤᠨ ᠲᠥᠯᠥᠭᠡ ᠭᠡᠬᠦ ᠬᠠᠢᠷ᠎ᠠ ᠰᠡᠳᠬᠢᠯᠭᠡ᠎ᠶᠢ ᠵᠤᠵᠠᠭᠠᠳᠬᠠᠵᠤ᠂ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠰᠢᠨ᠎ᠠ ᠴᠠᠭ ᠦᠶ᠎ᠠ᠎ᠵᠢᠨ ᠺᠠᠳ᠋ᠷ᠎ᠤᠨ ᠳᠦᠷᠢ ᠲᠥᠷᠬᠦ᠎ᠪᠡᠷ ᠳᠤᠮᠳᠠᠳᠤ ᠤᠯᠤᠰ᠎ᠤᠨ ᠮᠠᠶ᠍ᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢᠨ ᠰᠢᠨ᠎ᠡ ᠬᠠᠷᠢᠭᠤᠯᠲᠠ᠎ᠶᠢᠨ ᠬᠠᠭᠤᠳᠠᠰᠤ᠎ᠶᠢ ᠴᠢᠷᠮᠠᠢᠨ ᠪᠢᠴᠢᠭᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号