ᠨᠢᠬᠡᠨ ᠬᠡᠷᠡᠭᠯᠡᠭᠴᠢ ᠬᠡᠪᠯᠡᠯ ᠬᠤᠯᠠᠭᠠᠢᠯᠠᠭᠰᠠᠨ ᠵᠦᠴᠦᠭᠡ ᠵᠢ ᠳᠠᠬᠢᠨ ᠳᠠᠪᠲᠠᠨ ᠳᠠᠮᠵᠢᠭᠤᠯᠣᠬᠰᠠᠨᠳᠦ ᠬᠡᠪᠯᠡᠯ ᠦᠨ ᠡᠷᠬᠡ᠎ᠶᠢᠨ ᠲᠠᠯ᠎ᠠ᠎ᠶᠢᠨ ᠬᠢᠨ 20 ᠭᠠᠷᠤᠢ ᠤᠳᠠᠭ᠎ᠠ ᠵᠠᠭᠠᠯᠳᠤᠪᠠ᠂ ᠡᠬᠦᠨ᠎ᠳᠦ ᠲᠠᠪᠴᠠᠩ ᠡᠴᠡ ᠵᠦᠴᠦᠭᠡ ᠵᠢᠨ ᠬᠣᠯᠪᠣᠭᠠᠰᠣ ᠵᠢ ᠨᠢ ᠬᠠᠰᠣᠭᠠᠳ ᠬᠡᠷᠡᠭᠯᠡᠭᠴᠢ ᠵᠢᠨ ᠳ᠋ᠤᠭᠠᠷ ᠢ ᠪᠢᠳᠡᠬᠦᠮᠵᠢᠯᠡᠭᠰᠡᠨ ᠦᠬᠡᠢ ᠪᠠᠢᠯ᠎ᠠ᠃ ᠡᠬᠦᠨ ᠦ ᠳ᠋ᠦᠩ᠎ᠳᠦ ᠲᠣᠰ ᠬᠡᠷᠡᠭᠯᠡᠭᠴᠢ ᠮᠦᠨ ᠦᠷᠬᠦᠯᠵᠢᠯᠡᠨ ᠬᠡᠪᠯᠡᠯ ᠬᠣᠯᠠᠭᠠᠢᠯᠠᠬᠰᠠᠨ ᠵᠦᠴᠦᠬᠡ ᠪᠡᠨ ᠲᠠᠮᠵᠢᠭᠣᠯᠵᠦ ᠯᠡ ᠪᠠᠢᠨ᠎ᠠ᠃ ᠡᠢᠮᠦ ᠪᠠᠢᠳᠠᠯ ᠳᠣᠣᠷ᠎ᠠ ᠲᠠᠪᠴᠠᠩ ᠨᠢ ᠬᠠᠷᠢᠭᠤᠴᠠᠯᠭ᠎ᠠ ᠡᠭᠦᠷᠭᠡᠯᠡᠨ᠎ᠡ ᠦᠦ? ᠲᠥᠪ ᠲᠧᠯᠸᠢᠰ ᠦᠨ ᠰᠣᠨᠢᠨ ᠮᠡᠳᠡᠭᠡᠨ ᠦ ᠰᠢᠯᠵᠢᠶ᠎ᠡ᠎ᠶᠢᠨ ᠮᠡᠳᠡᠭᠡᠯᠡᠭᠰᠡᠨ᠎ᠢᠶᠡᠷ᠂ ᠪᠡᠭᠡᠵᠢᠩ᠎ᠦᠨ ᠢᠨᠲᠧᠷ ᠰᠦᠯᠵᠢᠶᠡᠨ᠎ᠦ ᠰᠢᠭᠦᠬᠦ ᠬᠣᠷᠢᠶ᠎ᠠ᠎ᠶᠢᠨ ᠣᠢᠷ᠎ᠠ᠎ᠳᠤ ᠰᠢᠬᠦᠭᠰᠡᠨ ᠨᠢᠭᠡ ᠤᠳᠠᠭ᠎ᠠ ᠵᠢᠨ ᠡᠷᠬᠡ᠎ᠳᠦ ᠬᠠᠯᠳᠠᠭᠰᠠᠨ ᠵᠠᠭᠤᠷᠠᠯᠳᠤᠭᠠᠨ᠎ᠢ ᠰᠢᠬᠦᠬᠦ᠎ᠳᠦ ᠲᠠᠪᠴᠠᠩ ᠨᠢ ᠡᠷᠬᠡ᠎ᠳᠦ ᠬᠠᠯᠳᠠᠬᠤ᠎ᠳᠤ ᠬᠠᠪᠰᠤᠷᠤᠯᠭ᠎ᠠ ᠦᠵᠡᠭᠦᠯᠦᠭᠰᠡᠨ ᠪᠠᠢᠪᠠᠯ ᠡᠷᠬᠡᠪᠰᠢ ᠲᠥᠯᠥᠪᠤᠷᠢ ᠦᠭᠬᠦ ᠬᠡᠬᠦ ᠲᠣᠳᠣᠷᠬᠠᠢ ᠬᠠᠷᠢᠭᠣᠯᠳᠠ ᠦᠭᠴᠡᠢ᠃

ᠲᠠᠪᠴᠠᠩ ᠨᠢ ᠬᠡᠪᠯᠡᠯ ᠬᠤᠯᠠᠭᠠᠢᠯᠠᠵᠦ ᠪᠠᠢᠭ᠎ᠠ 《ᠰᠤᠷᠮᠠᠭᠠᠢ ᠬᠡᠷᠡᠭᠲᠡᠨ 》 ᠳᠤ ᠬᠣᠯᠪᠣᠭᠠᠰᠣ᠎ᠶᠢ ᠨᠢ ᠬᠠᠰᠤᠭᠠᠳ ᠪᠢᠲᠡᠭᠦᠮᠵᠢᠯᠡᠬᠦ ᠦᠭᠡᠢ ᠪᠠᠢᠬᠤ ᠨᠢ ᠪᠠᠷᠤᠭ ᠬᠡᠪᠯᠡᠯ ᠬᠤᠯᠠᠭᠠᠢᠯᠠᠭᠰᠠᠨ ᠵᠦᠴᠦᠭᠡ᠎ᠶᠢᠨ ᠣᠷᠣᠰᠴᠡ ᠶᠡᠬᠡ ᠪᠠᠢᠳᠠᠭ ᠡᠴᠡ ᠪᠣᠯᠣᠬᠰᠠᠨ ᠪᠠᠢᠬ᠎ᠠ᠃ ᠰᠢᠭᠦᠬᠦ ᠬᠣᠷᠢᠶ᠎ᠠ ᠡᠴᠡ ᠲᠠᠪᠴᠠᠩ ᠨᠢᠳᠠᠬᠢᠨ ᠳᠠᠪᠲᠠᠨ ᠡᠷᠬᠡ᠎ᠳᠦ ᠬᠠᠯᠳᠠᠬᠤ᠎ᠶᠢ ᠪᠦᠲᠦᠮᠵᠢᠲᠡᠶ ᠬᠣᠷᠢᠭ᠍ᠯᠠᠵᠤ ᠴᠢᠳᠠᠭᠰᠠᠨ ᠦᠭᠡᠢ᠂ ᠪᠡᠶᠡᠴᠢ ᠲᠠᠯ᠎ᠠ᠎ᠶᠢᠨ ᠠᠯᠳᠠᠭ᠎ᠠ ᠣᠷᠣᠰᠢᠵᠤ ᠪᠠᠢᠨ᠎ᠠ 》 ᠭᠡᠵᠦ ᠮᠠᠭᠠᠳᠯᠠᠨ ᠲᠣᠭᠲᠠᠭᠠᠵᠤ᠂ ᠬᠡᠪᠯᠡᠯ᠎ᠦᠨ ᠡᠷᠬᠡ ᠪᠠ ᠵᠣᠬᠢᠶᠠᠨ ᠪᠦᠲᠦᠭᠡᠬᠦ ᠨᠡᠷ᠎ᠡ ᠬᠦᠨᠳᠦ᠎ᠶᠢ ᠬᠠᠮᠠᠭᠠᠯᠠᠭᠰᠠᠨ ᠤ ᠬᠠᠮᠲᠤ ᠲᠠᠪᠴᠠᠩ ᠤᠨ ᠬᠠᠷᠢᠭᠤᠴᠠᠬᠤ ᠡᠭᠦᠷᠭᠡ ᠶᠢ ᠳᠠᠬᠢᠨ ᠲᠣᠳᠣᠷᠬᠠᠢᠯᠠᠪᠠ᠃ ᠣᠢᠷ᠎ᠠ᠎ᠶᠢᠨ ᠵᠢᠯ᠎ᠡᠴᠡ ᠺᠢᠨᠣ᠋ ᠲᠧᠯᠸᠢᠰ᠎ᠦᠨ ᠠᠵᠢᠯ ᠲᠦᠷᠦᠯ ᠦᠨ ᠬᠢᠨ ᠬᠡᠪᠯᠡᠯ ᠬᠣᠯᠠᠭᠠᠢᠯᠠᠬᠳᠠᠬᠣ ᠬᠦᠴᠢᠷᠳᠡᠯ᠎ᠳᠦ ᠲᠣᠯᠭᠠᠷᠠᠵᠦ ᠪᠠᠢᠨ᠎ᠠ᠃ ᠣᠢᠷ᠎ᠠ᠎ᠳᠤ᠂ ᠣᠯᠠᠨ ᠰᠠᠯᠠᠭ᠎ᠠ ᠮᠥᠴᠢᠷ ᠬᠠᠮᠲᠤᠷᠠᠨ ᠰᠦᠯᠵᠢᠶᠡᠨ᠎ᠦ ᠡᠷᠬᠡ᠎ᠳᠦ ᠬᠠᠯᠳᠠᠨ ᠬᠡᠪᠯᠡᠯ ᠬᠤᠯᠠᠭᠠᠢᠯᠠᠬᠤ ᠠᠵᠢᠯᠯᠠᠭ᠎ᠠ᠎ᠳᠤ ᠴᠣᠬᠢᠯᠲᠠ ᠥᠭᠬᠦ ᠠᠵᠢᠯᠯᠠᠭᠠᠦᠷᠨᠢᠬᠦᠯᠵᠦ᠂ ᠰᠦᠯᠵᠢᠶᠡᠨ᠎ᠦ ᠦᠢᠯᠡᠴᠢᠯᠡᠭᠡᠨ᠎ᠦ ᠲᠠᠪᠴᠠᠩ 《ᠬᠡᠪᠯᠡᠯ ᠬᠤᠯᠠᠭᠠᠢᠯᠠᠬᠰᠠᠨ ᠺᠢᠨᠣ᠋ ᠲᠧᠯᠸᠢᠰ᠎ᠦᠨ ᠡᠬᠢ ᠪᠠᠶᠠᠯᠢᠭ᠋᠎ᠢ ᠤᠯᠠᠮᠵᠢᠯᠠᠨ ᠲᠠᠷᠬᠠᠭᠠᠬᠤ᠎ᠳᠤ ᠵᠣᠷᠢᠭᠤᠳᠠ ᠬᠠᠪᠰᠤᠷᠤᠯᠭ᠎ᠠ ᠦᠵᠡᠭᠦᠯᠬᠦ 》 ᠵᠡᠷᠭᠡ ᠦᠶ᠋ᠯᠡ ᠠᠵᠢᠯᠯᠠᠭ᠎ᠠ᠎ᠶᠢ ᠴᠡᠭᠴᠡᠯᠡᠨ ᠵᠠᠰᠠᠵᠤ ᠪᠠᠢᠨ᠎ᠠ᠃ 《ᠡᠭᠦᠳᠡ ᠰᠠᠬᠢᠭ᠍ᠴᠢ 》 ᠪᠣᠯᠤᠭᠰᠠᠨ᠎ᠤ ᠬᠤᠪᠢ᠎ᠳᠤ᠂ ᠲᠠᠪᠴᠠᠩ ᠨᠢ ᠳᠠᠭᠢᠵᠤ ᠰᠠᠨᠠᠭᠠᠴᠢᠯᠠᠭ᠎ᠠ ᠦᠭᠡᠢ᠎ᠪᠡᠷ ᠴᠤᠤᠷᠢᠶᠠᠲᠤᠨ ᠳᠠᠭᠠᠵᠤ ᠪᠣᠯᠬᠤ ᠦᠭᠡᠢ᠂ ᠬᠠᠷᠢᠨ ᠢᠳᠡᠪᠬᠢᠲᠡᠢ᠎ᠪᠡᠷ ᠪᠠᠢᠴᠠᠭᠠᠵᠤ᠂ ᠬᠡᠪᠯᠡᠯ ᠬᠤᠯᠠᠭᠠᠢᠯᠠᠬᠤ ᠵᠢ ᠰᠠᠨᠠᠭᠠᠴᠢᠯᠠᠭ᠎ᠠ᠎ᠠᠴᠠ᠎ᠪᠠᠨ ᠬᠣᠷᠢᠭ᠍ᠯᠠᠬᠤ ᠬᠡᠷᠡᠭᠲᠡᠢ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号