ᠬᠤᠯᠤᠭᠠᠨ᠎ᠠ ᠵᠢᠨ ᠬᠥᠨᠥᠭᠡᠯ ᠤ᠋ᠨ ᠬᠢᠨᠡᠨ ᠭᠡᠮᠵᠢᠯᠳᠠ
2026-07-13 15:37:43
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠡᠨᠡ ᠵᠢᠯ᠎ᠤᠨ ᠡᠬᠢᠨ ᠡᠴᠡ ᠨᠠᠭᠠᠰᠢ᠂ ᠤᠯᠠᠭᠠᠨᠬᠠᠳᠠ ᠬᠣᠲᠠ᠎ᠵᠢᠨ ᠬᠢᠨ ᠨᠤᠲᠤᠭ ᠪᠡᠯᠴᠢᠭᠡᠷ ᠤ᠋ᠨ ᠬᠤᠯᠤᠭᠠᠨ᠎ᠠ ᠵᠢᠨ ᠬᠥᠨᠥᠭᠡᠯ ᠢ᠋ ᠲᠤᠰᠭᠠᠶ ᠵᠦᠶ᠋ᠯ ᠵᠢᠡᠷ ᠬᠢᠨᠠᠨ ᠬᠡᠮᠵᠢᠬᠦ᠌ ᠠᠵᠢᠯ ᠢ᠋ ᠡᠬᠢᠯᠡᠭᠦᠯᠤᠨ᠂ ᠪᠣᠰᠣᠭ᠎ᠠ ᠴᠤᠭᠴᠠᠵᠢᠭᠰᠠᠨ ᠵᠢᠭ᠍ᠰᠠᠭᠠᠨ ᠪᠠᠢᠴᠠᠭᠠᠯᠲᠠ ᠦᠷᠨᠢᠭᠦᠯᠵᠤ᠂ ᠣᠳᠣᠬᠠᠨ ᠪᠣᠯᠲᠠᠯ᠎ᠠ 116.8 ᠲᠦᠮᠡᠨ ᠮᠥ᠍ ᠨᠤᠲᠤᠭ ᠪᠡᠯᠴᠢᠭᠡᠷ ᠤ᠋ᠨ ᠬᠤᠯᠤᠭᠠᠨ᠎ᠠ ᠵᠢᠨ ᠬᠥᠨᠥᠭᠡᠯ ᠭᠠᠷᠤᠭ᠍ᠰᠠᠨ ᠭᠠᠵᠠᠷ ᠢ᠋ ᠵᠢᠭᠰᠠᠭᠠᠨ ᠪᠠᠢᠴᠠᠭᠠᠵᠤ᠂ 9 ᠭᠤᠤᠯᠳᠠᠯᠭ᠎ᠠ᠎ᠲᠠᠶ ᠬᠣᠱᠢᠭᠤ ᠱᠢᠶᠠᠨ ᠲᠣᠭᠣᠷᠢᠭ᠂ 33 ᠰᠤᠮᠤ ᠱᠢᠶᠠᠩ ᠪᠠᠯᠭᠠᠰᠤ ᠶ᠋ᠢ ᠬᠠᠮᠤᠷᠴᠤ᠌᠂ ᠬᠢᠨᠠᠨ ᠬᠡᠮᠵᠢᠬᠦ᠌ ᠡᠭᠦᠷᠭᠡ ᠪᠠᠨ ᠱᠠᠲᠤᠴᠢ ᠴᠢᠨᠠᠷᠲᠠᠶ ᠪᠡᠶᠡᠯᠡᠭᠦᠯᠪᠡ᠃

ᠬᠢᠨᠠᠨ ᠬᠡᠮᠵᠢᠭ᠌ᠰᠡᠨ ᠦᠷ᠎ᠡ ᠳ᠋ᠦᠩ ᠳ᠋ᠤ᠂ ᠪᠥᠬᠥ᠌ ᠬᠣᠲᠠ ᠵᠢᠨ ᠨᠤᠲᠤᠭ ᠪᠡᠯᠴᠢᠭᠡᠷ ᠤ᠋ᠨ ᠬᠤᠯᠤᠭᠠᠨ᠎ᠠ ᠵᠢᠨ ᠬᠦᠨᠦᠭᠡᠯ ᠳ᠋ᠤ ᠭᠤᠤᠯᠳᠠᠭᠤ ᠰᠣᠬᠣᠷ ᠨᠣᠮᠣᠨ᠂ ᠱᠢᠷ᠎ᠠ ᠬᠤᠯᠤᠭᠠᠨ᠎ᠠ᠂ ᠣᠷᠳᠣ ᠰᠠᠪᠠᠷᠲᠤ ᠡᠯᠡᠰᠦᠨ ᠬᠤᠯᠤᠭᠠᠨ᠎ᠠ ᠵᠡᠷᠭᠡ ᠭᠤᠷᠪᠠᠨ ᠲᠥᠷᠥᠯ ᠤ᠋ᠨ ᠬᠤᠯᠤᠭᠠᠨ᠎ᠠ ᠪᠤᠢ᠃ ᠬᠤᠯᠤᠭᠠᠨ᠎ᠠ ᠵᠢᠨ ᠬᠥᠨᠥᠭᠡᠯ ᠶᠡᠬᠡᠲᠡᠶ ᠣᠷᠣᠨ ᠨᠢ ᠬᠡᠱᠢᠭ᠌ᠲᠡᠨ ᠬᠣᠱᠢᠭᠤ᠂ ᠪᠠᠭᠠᠷᠢᠨ ᠪᠠᠷᠠᠭᠤᠨ ᠬᠣᠱᠢᠭᠤ᠂ ᠣᠩᠨᠢᠭᠤᠳ ᠬᠣᠱᠢᠭᠤ ᠵᠡᠷᠭᠡ ᠭᠠᠵᠠᠷ᠎ᠲᠤ ᠲᠥᠪᠯᠡᠷᠡᠵᠦ᠍᠂ ᠡᠭᠦᠨ ᠳ᠋ᠤ ᠬᠡᠱᠢᠭ᠌ᠲᠡᠨ ᠬᠣᠱᠢᠭᠤᠨ᠎ᠤ ᠬᠥᠨᠥᠭᠡᠯ ᠶᠡᠬᠡᠲᠡᠶ ᠲᠠᠯᠠᠪᠠᠶ ᠨᠢ ᠬᠠᠮᠤᠭ᠎ᠤᠨ ᠶᠡᠬᠡ ᠪᠠᠢᠵᠤ᠂ ᠲᠣᠰ ᠤᠳᠠᠭᠠᠨ᠎ᠤ ᠬᠢᠨᠠᠨ ᠬᠡᠮᠵᠢᠵᠦ᠍ ᠢᠯᠡᠷᠡᠭᠦᠯᠦᠭ᠌ᠰᠡᠨ ᠭᠤᠤᠯᠳᠠᠯᠭ᠎ᠠ᠎ᠲᠠᠶ ᠰᠡᠷᠭᠡᠢᠯᠡᠨ ᠡᠵᠡᠮᠳᠡᠬᠦ᠌ ᠣᠷᠣᠨ ᠪᠤᠯᠪᠠ᠃ ᠤᠯᠠᠭᠠᠨᠬᠠᠳᠠ ᠬᠣᠲᠠ ᠨᠤᠲᠤᠭ ᠪᠡᠯᠴᠢᠭᠡᠷ ᠤ᠋ᠨ ᠬᠤᠯᠤᠭᠠᠨ᠎ᠠ ᠵᠢᠨ ᠬᠥᠨᠥᠭᠡᠯ ᠢ᠋ ᠪᠠᠢᠩᠭᠤᠵᠢᠭᠤᠯᠤᠨ ᠬᠢᠨᠠᠨ ᠬᠡᠮᠵᠢᠬᠦ᠌ ᠶ᠋ᠢ ᠦᠷᠭᠦᠯᠵᠢᠯᠡᠨ ᠪᠣᠳᠠᠲᠠᠶ ᠠᠳᠭᠤᠨ᠂ ᠰᠡᠷᠭᠡᠢᠯᠡᠨ ᠡᠵᠡᠮᠳᠡᠬᠦ᠌ ᠬᠡᠷᠡᠭ᠌ᠵᠢᠭᠦᠯᠬᠦ᠌ ᠲᠥᠰᠦᠯ ᠢ᠋ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠍᠂ ᠡᠯ᠎ᠡ ᠵᠦᠶ᠋ᠯ ᠤ᠋ᠨ ᠰᠡᠷᠭᠡᠢᠯᠡᠨ ᠵᠠᠰᠠᠬᠤ ᠠᠵᠢᠯ ᠢ᠋ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶ᠋ᠢ ᠯᠠᠪᠳᠠᠭᠤᠨ ᠠᠬᠢᠭᠤᠯᠵᠤ᠂ ᠨᠤᠲᠤᠭ ᠪᠡᠯᠴᠢᠭᠡᠷ ᠤ᠋ᠨ ᠠᠮᠢ ᠠᠬᠤᠶ ᠶ᠋ᠢ ᠪᠥᠬᠥ᠌ ᠬᠦᠴᠦᠨ ᠵᠢᠡᠷ ᠵᠢᠡᠨ ᠰᠠᠬᠢᠨ ᠬᠠᠮᠠᠭᠠᠯᠠᠵᠤ᠂ ᠠᠮᠢ ᠠᠬᠤᠶ ᠵᠢᠨ ᠠᠮᠤᠷ ᠲᠦᠪᠱᠢᠨ ᠬᠢᠭᠡᠳ ᠮᠠᠯ ᠠᠵᠤ ᠠᠬᠤᠶ ᠵᠢᠨ ᠲᠣᠭ᠍ᠲᠠᠭᠤᠨ ᠬᠥᠭ᠌ᠵᠢᠯᠲᠡ ᠶ᠋ᠢ ᠪᠠᠲᠤᠯᠠᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号