ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠪᠡᠶ᠎ᠡ᠎ᠶᠢᠨ ᠲᠠᠮᠢᠷ᠎ᠤᠨ ᠲᠤᠪᠴᠢᠶ᠎ᠠ ᠡᠴᠡ ᠤᠢᠯᠠᠭᠠᠭᠰᠠᠨ᠎ᠶ᠋ᠢᠡᠷ᠂ 7 ᠰᠠᠷ᠎ᠠ᠎ᠶᠢᠨ 1 ᠤ᠋ ᠡᠳᠦᠷ᠎ᠡᠴᠡ 5 ᠤ᠋ ᠡᠳᠦᠷ ᠪᠣᠯᠲᠠᠯ᠎ᠠ᠂ 2026 ᠣᠨ᠎ᠤ ᠪᠥᠬᠥ ᠤᠯᠤᠰ᠎ᠤᠨ ᠵᠠᠯᠠᠭᠤᠴᠤᠳ ᠪᠠᠭᠠᠴᠤᠳ᠎ᠤᠨ U ᠰᠢᠷᠢᠰ ᠲᠤᠯᠤᠭᠠᠨ ᠬᠥᠮᠥᠨ᠎ᠦ ᠳᠦᠷᠢᠮᠲᠦ ᠠᠷᠤᠷ᠎ᠠ ᠪᠥᠮᠪᠥᠭᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠱᠠᠨᠳᠦ᠋ᠩ ᠮᠤᠵᠢ᠎ᠶᠢᠨ ᠽᠤᠤᠵᠦᠸᠠᠩ ᠬᠤᠲᠠ᠎ᠳᠤ ᠶᠠᠪᠤᠭᠳᠠᠪᠠ᠃
ᠲᠤᠰ ᠤᠷᠤᠯᠳᠤᠭᠠᠨ᠎ᠳᠦ ᠪᠦᠬᠦ ᠤᠯᠤᠰ᠎ᠤᠨ 20 ᠲᠥᠯᠥᠭᠡᠯᠡᠭᠴᠢᠳ᠎ᠦᠨ ᠠᠩᠭᠢ ᠤᠷᠤᠯᠴᠠᠨ᠂ ᠳᠤᠭᠤᠢᠯᠠᠩ᠎ᠤᠨ ᠡᠭᠡᠯᠵᠢᠯᠡᠬᠦ ᠤᠷᠤᠯᠳᠤᠭᠠᠨ ᠪᠠ ᠰᠣᠯᠪᠢᠴᠠᠯ ᠨᠤᠭᠤᠯᠤᠭ᠎ᠠ ᠤᠷᠤᠯᠳᠤᠭᠠᠨ᠎ᠤ ᠳᠦᠷᠢᠮ᠎ᠢ ᠬᠡᠷᠡᠭᠯᠡᠭᠰᠡᠨ ᠪᠠᠢᠨ᠎ᠠ᠃ ᠤᠷᠤᠯᠳᠤᠭᠠᠨ᠎ᠤ ᠶᠠᠪᠤᠴᠠ᠎ᠳᠤ᠂ ᠥᠪᠥᠷ ᠮᠣᠩᠭᠣᠯ᠎ᠤᠨ ᠡᠷᠡᠭᠲᠡᠢ᠎ᠶᠢᠨ ᠠᠷᠤᠷ᠎ᠠ ᠪᠥᠮᠪᠥᠭᠡᠨ ᠠᠩᠭᠢ᠎ᠶᠢᠨ ᠪᠥᠬᠥ ᠭᠡᠰᠢᠭᠦᠳ ᠵᠣᠷᠢᠭ᠍ᠲᠠᠢ᠎ᠪᠠᠷ ᠲᠡᠮᠡᠴᠡᠵᠦ᠂ ᠣᠯᠠᠨ ᠡᠭᠡᠯᠵᠢ᠎ᠶᠢᠨ ᠴᠢᠩᠭ᠎ᠠ ᠡᠷᠴᠢᠮ᠎ᠲᠠᠢ ᠦᠷᠢᠰᠦᠯᠳᠦᠭᠡᠨ᠎ᠤ ᠳᠤᠮᠳᠠ ᠯᠠᠪᠳᠠᠭᠤᠨ ᠪᠠᠲᠤᠲᠠᠢ ᠮᠡᠷᠭᠡᠵᠢᠯ ᠪᠠ ᠭᠠᠷᠮᠠᠭᠠᠢ ᠤᠷᠤᠯᠳᠤᠬᠤ ᠠᠷᠭ᠎ᠠ᠎ᠪᠠᠨ ᠢᠯᠡᠷᠡᠬᠦᠯᠵᠦ᠂ ᠡᠴᠦᠰ ᠲᠸ᠋ 43 ᠄ 0 ᠬᠤᠪᠢ ᠪᠡᠷ ᠪᠡᠭᠡᠵᠢᠩ᠎ᠦᠨ ᠠᠩᠭᠢ᠎ᠶᠢ ᠢᠯᠠᠵᠤ᠂ ᠲᠣᠰ ᠤᠳᠠᠭᠠᠨ᠎ᠤ ᠤᠷᠤᠯᠳᠤᠭᠠᠨ᠎ᠤ ᠮᠠᠩᠯᠠᠢ᠎ᠳᠤ ᠰᠢᠯᠭᠠᠷᠠᠵᠠᠢ᠃ ᠥᠪᠥᠷ ᠮᠣᠩᠭᠣᠯ᠎ᠤᠨ ᠡᠮᠡᠭᠲᠡᠢ᠎ᠶᠢᠨ ᠠᠷᠤᠷ᠎ᠠ ᠪᠥᠮᠪᠥᠭᠡᠨ ᠠᠩᠭᠢ ᠲᠠᠪᠤᠳᠤᠭᠠᠷᠨᠡᠷᠡᠰᠲᠤ ᠤᠷᠤᠪᠠ᠃ ᠲᠤᠰ ᠰᠢᠯᠢᠳᠡᠭ ᠬᠢᠷᠢ ᠪᠦᠲᠦᠮᠵᠢ ᠨᠢ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ ᠲᠠᠮᠢᠷᠴᠢᠳ᠎ᠤᠨ ᠴᠥᠬᠥᠷᠡᠰᠢ ᠦᠭᠡᠢ ᠲᠡᠮᠡᠴᠡᠬᠦ ᠪᠡᠶ᠎ᠡ᠎ᠶᠢᠨ ᠲᠠᠮᠢᠷ᠎ᠤᠨ ᠵᠣᠷᠢᠭ᠋ ᠰᠠᠨᠠᠭ᠎ᠠ᠎ᠶᠢ ᠭᠦᠢᠴᠡᠳ ᠢᠯᠡᠷᠡᠭᠦᠯᠵᠦ᠂ ᠮᠥᠨᠴᠦ ᠦᠪᠦᠷ ᠮᠤᠨᠭᠭᠤᠯ᠎ᠤᠨ ᠵᠠᠯᠠᠭᠤᠴᠤᠳ ᠪᠠᠭᠠᠴᠤᠳ᠎ᠤᠨ ᠪᠡᠶ᠎ᠡ᠎ᠶᠢᠨ ᠲᠠᠮᠢᠷ᠎ᠤᠨ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠬᠦ᠂ ᠠᠷᠤᠷ᠎ᠠ ᠪᠥᠮᠪᠥᠭᠡ᠎ᠶᠢᠨ ᠲᠦᠷᠦᠯ ᠵᠦᠢᠯ᠎ᠦᠨ ᠬᠥᠭᠵᠢᠯᠲᠡ᠎ᠶᠢ ᠦᠷᠭᠦᠯᠵᠢᠯᠡᠨ ᠠᠬᠢᠭᠤᠯᠤᠭᠰᠠᠨ᠎ᠤ ᠴᠢᠬᠤᠯᠠ ᠦᠷ᠎ᠡ ᠪᠦᠲᠦᠭᠡᠯ ᠪᠤᠯᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号