ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ ᠎ᠤ ᠪᠡᠶ᠎ᠡ ᠵᠢᠨ ᠲᠠᠮᠢᠷ᠎ᠤᠨ ᠴᠤᠭᠯᠠᠭᠠᠨ ᠎ᠤ ᠣᠯᠠᠨ ᠲᠦᠮᠡᠨᠴᠢ ᠤᠷᠤᠯᠳᠤᠭᠠᠨ ᠎ᠤ ᠲᠣᠣᠷ ᠪᠥᠮᠪᠥᠭᠡ᠎ᠶᠢᠨ ᠤᠷᠤᠯᠳᠤᠭᠠᠨ ᠦᠨᠳᠦᠷᠯᠡᠪᠡ
2026-07-13 09:53:01
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 6 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠣᠯᠠᠨ ᠲᠦᠮᠡᠨᠴᠢ ᠤᠷᠤᠯᠳᠤᠭᠠᠨ᠎ᠤ ᠲᠣᠣᠷ ᠪᠥᠮᠪᠥᠭᠡ ᠎ᠶᠢᠨ ᠲᠥᠷᠥᠯ ᠵᠦᠢᠯ ᠎ᠤᠨ ᠤᠷᠤᠯᠳᠤᠭᠠᠨ ᠦᠨᠳᠦᠷᠯᠡᠪᠡ᠃

ᠲᠣᠰ ᠤᠳᠠᠭᠠᠨ᠎ᠤ ᠤᠷᠤᠯᠳᠤᠭᠠᠨ᠎ᠳᠤ ᠪᠥᠬᠥ ᠣᠷᠣᠨ᠎ᠤ 13 ᠲᠥᠯᠥᠭᠡᠯᠡᠭᠴᠢᠳ᠎ᠦᠨ ᠠᠩᠭᠢ ᠣᠷᠣᠯᠴᠠᠵᠤ᠂ ᠡᠷᠡᠭᠲᠡᠢ᠎ᠶᠢᠨ ᠳ᠋ᠠᠩ᠎ᠢᠶᠡᠷ ᠴᠣᠬᠢᠬᠤ᠂ ᠡᠮᠡᠭᠲᠡᠢ᠎ᠶᠢᠨ ᠎ᠳ᠋ᠠᠩ᠎ᠢᠶᠡᠷ ᠴᠣᠬᠢᠬᠤ᠂ ᠡᠷᠡᠭᠲᠡᠢ᠎ᠶᠢᠨ ᠬᠣᠣᠰᠯᠠᠨ ᠴᠣᠬᠢᠬᠤ᠂ ᠡᠮᠡᠭᠲᠡᠢ᠎ᠶᠢᠨ ᠬᠣᠣᠰᠯᠠᠨ ᠴᠣᠬᠢᠬᠤ᠂ ᠡᠷᠡᠭᠲᠡᠢ᠎ᠶᠢᠨ ᠬᠠᠮᠲᠤ ᠎ᠶᠢᠨ ᠤᠷᠤᠯᠳᠤᠭᠠᠨ᠂ ᠡᠮᠡᠭᠲᠡᠢ᠎ᠶᠢᠨ ᠬᠠᠮᠲᠤ᠎ᠶᠢᠨ ᠤᠷᠤᠯᠳᠤᠭᠠᠨ ᠵᠡᠷᠭᠡ ᠵᠢᠷᠭᠤᠭᠠᠨ ᠤᠷᠤᠯᠳᠤᠭᠠᠨ᠎ᠤ ᠵᠦᠢᠯ᠎ᠢ ᠲᠣᠬᠢᠷᠠᠭᠤᠯᠪᠠ᠃ ᠡᠭᠦᠨ᠎ᠳᠦ ᠬᠥᠬᠡᠬᠣᠲᠠ᠎ᠶᠢᠨ ᠲᠥᠯᠥᠭᠡᠯᠡᠭᠴᠢᠳ᠎ᠦᠨ ᠠᠩᠭᠢ 6 ᠠᠯᠲᠠᠨ ᠮᠧᠳᠠᠯ᠂ 2 ᠮᠥᠩᠭᠥᠨ ᠮᠧᠳᠠᠯ᠂ 1 ᠬᠦᠷᠡᠯ ᠮᠧᠳᠠᠯ᠎ᠭᠠᠷᠳᠠᠭᠰᠠᠨ ᠰᠢᠯᠢᠳᠡᠭ ᠬᠢᠷᠢ ᠪᠦᠲᠦᠮᠵᠢ ᠤᠯᠪᠠ᠃ ᠲᠣᠰ ᠰᠢᠯᠢᠳᠡᠭ ᠬᠢᠷᠢ ᠪᠦᠲᠦᠮᠵᠢ ᠎ᠨᠢ ᠬᠦᠬᠡᠬᠤᠲᠠ᠎ᠶᠢᠨ ᠣᠯᠠᠨ ᠲᠦᠮᠡᠨᠴᠢ ᠲᠣᠣᠷ ᠪᠥᠮᠪᠥᠭᠡ᠎ᠶᠢᠨ ᠬᠥᠳᠡᠯᠭᠡᠭᠡᠨ᠎ᠦ ᠥᠷᠨᠢᠩᠭᠦᠢ ᠬᠥᠭᠵᠢᠯᠲᠡ᠎ᠶᠢᠨ ᠢᠯᠡᠷᠡᠯ ᠮᠥᠨ᠂ ᠪᠠᠰᠠ ᠴᠤ᠌ ᠣᠷᠣᠨ᠎ᠤ ᠲᠥᠪ ᠬᠣᠲᠠ᠎ᠶᠢᠨ ᠤᠯᠠᠨ ᠲᠦᠮᠡᠨᠴᠢ ᠪᠡᠶ᠎ᠡ ᠴᠢᠭᠢᠷᠠᠭᠵᠢᠭᠤᠯᠬᠤ ᠲᠦᠷᠦᠯ ᠵᠦᠢᠯ᠎ᠢ  ᠲᠦᠭᠡᠮᠡᠯᠵᠢᠭᠦᠯᠦᠨ  ᠳᠡᠯᠭᠡᠷᠡᠭᠦᠯᠬᠦ ᠲᠠᠯ᠎ᠠ᠎ᠪᠠᠷ ᠬᠢ ᠯᠠᠪᠳᠠᠭᠤᠨ ᠪᠠᠲᠤᠲᠠᠢ  ᠦᠷ᠎ᠡ ᠪᠦᠲᠦᠮᠵᠢ ᠎ᠶᠢ  ᠬᠠᠷᠠᠭᠤᠯᠵᠤ᠂ ᠪᠦᠬᠦ ᠬᠤᠳᠠ᠎ᠶᠢᠨ ᠪᠡᠶ᠎ᠡ᠎ᠶᠢᠨ ᠲᠠᠮᠢᠷ᠎ᠤᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号