《 ᠡᠯ᠎ᠡ ᠰᠤᠷᠭᠠᠭᠤᠯᠢ ᠨᠤᠭᠤᠳ᠎ᠤᠨ ᠥᠩᠭᠡᠷᠡᠭᠰᠡᠨ ᠵᠢᠯᠦᠳᠲᠸ᠋ ᠥᠪᠥᠷ ᠮᠣᠩᠭᠣᠯ ᠠ᠋ᠴᠠ ᠰᠤᠷᠤᠭᠴᠢ ᠡᠯᠰᠡᠭᠰᠡᠨ ᠪᠠᠢᠳᠠᠯ ᠶᠠᠮᠠᠷ ᠪᠤᠢ ?》᠂ 《ᠮᠢᠨᠤ ᠰᠤᠩᠭᠤᠭᠰᠠᠨ ᠰᠢᠨᠵᠢᠯᠡᠬᠡᠨ᠎ᠤ ᠰᠠᠯᠠᠭ᠎ᠠ ᠲᠤᠰᠬᠠᠢ ᠮᠡᠷᠭᠡᠵᠢᠯ᠎ᠦᠨ ᠰᠣᠷᠣᠭ᠍ᠴᠢ ᠡᠯᠰᠡᠬᠦ ᠱᠠᠭᠠᠷᠳᠠᠯᠭ᠎ᠠ᠎ᠳᠤ ᠨᠡᠢᠴᠡᠨ᠎ᠡ ᠤᠤ 》 ᠁ ᠣᠢᠷ᠎ᠠ᠎ᠶᠢᠨ ᠡᠳᠦᠷ᠎ᠦᠳ᠎ᠲᠦ᠂ 2026 ᠣᠨ᠎ᠤ ᠥᠪᠥᠷ ᠮᠣᠩᠭᠣᠯ ᠤᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠲᠤᠬᠠᠢ᠎ᠶᠢᠨ ᠲᠠᠯᠠᠪᠤᠷ᠎ᠤᠨ ᠠᠰᠠᠭᠤᠨ ᠯᠠᠪᠯᠠᠬᠤ ᠠᠵᠢᠯᠯᠠᠭ᠎ᠠ ᠪᠥᠬᠥ ᠣᠷᠣᠨ᠎ᠤ ᠡᠯ᠎ᠡ ᠠᠢᠮᠠᠭ ᠬᠣᠲᠠ᠎ᠶᠢᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠳᠤ ᠵᠠᠯᠭᠠᠭ᠎ᠠ᠎ᠪᠠᠷ ᠶᠠᠪᠤᠭᠳᠠᠵᠤ᠂ ᠶᠡᠬᠡ ᠳᠡᠭᠡᠳᠦ ᠰᠤᠷᠭᠠᠭᠤᠯᠢ᠎ᠳ᠋ᠤ ᠰᠢᠯᠭᠠᠭᠤᠯᠤᠭᠰᠠᠳ᠂ ᠭᠡᠷ᠎ᠦᠨ ᠠᠬᠠᠮᠠᠳ᠎ᠲᠠᠢ ᠨᠢᠭᠤᠷᠲᠠᠨ ᠰᠣᠯᠢᠯᠴᠠᠬᠤ ᠬᠥᠭᠥᠷᠭᠡ ᠵᠢ ᠪᠠᠢᠭᠤᠯᠵᠤ ᠂ ᠶᠡᠬᠡ ᠳᠡᠭᠡᠳᠦ ᠰᠤᠷᠭᠠᠭᠤᠯᠢ ᠰᠢᠯᠭᠠᠭᠤᠯᠤᠭᠰᠠᠳ᠎ᠤᠨ ᠰᠢᠨᠵᠢᠯᠡᠬᠦ ᠤᠬᠠᠭᠠᠨᠴᠢ᠎ᠪᠠᠷ ᠰᠤᠷᠭᠠᠭᠤᠯᠢ ᠰᠣᠩᠭᠣᠬᠤ᠎ᠳᠤ ᠬᠦᠴᠦ ᠨᠡᠮᠡᠷᠢᠯᠡᠵᠦ ᠪᠤᠢ᠃
ᠰᠢᠷᠢᠰ ᠠᠵᠢᠯᠯᠠᠭ᠎ᠠ ᠳ᠋ᠦ ᠣᠷᠣᠨ᠎ᠤ ᠳᠣᠲᠣᠨ᠎ᠠ ᠭᠠᠳᠠᠨᠠᠬᠢ 580 ᠭᠠᠷᠤᠢ ᠶᠡᠬᠡ ᠳᠡᠭᠡᠳᠦ ᠰᠤᠷᠭᠠᠭᠤᠯᠢ᠎ᠶᠢ ᠡᠯ᠎ᠡ ᠭᠠᠵᠠᠷ ᠡᠯ᠎ᠡ ᠰᠤᠷᠭᠠᠭᠤᠯᠢ᠎ᠳᠤ ᠤᠷᠢᠵᠤ᠂ ᠰᠢᠯᠭᠠᠭᠤᠯᠤᠭ᠍ᠴᠢ ᠵᠢᠴᠢ ᠭᠡᠷ᠎ᠦᠨ ᠠᠬᠠᠮᠠᠳ᠎ᠲᠤ 5.4 ᠲᠦᠮᠡ ᠭᠠᠷᠤᠢ ᠬᠥᠮᠥᠨ ᠤᠳᠠᠭ᠎ᠠ ᠦᠢᠯᠡᠴᠢᠯᠡᠭᠡ ᠬᠠᠩᠭᠠᠵᠤ᠂ ᠰᠣᠷᠣᠭ᠍ᠴᠢ ᠡᠯᠰᠡᠬᠦ ᠤᠬᠠᠭᠤᠯᠭ᠎ᠠ ᠪᠠ ᠡᠷᠡᠮᠡᠯᠵᠡᠯ ᠲᠠᠭᠯᠠᠬᠤ 《ᠡᠴᠦᠰ᠎ᠦᠨ ᠨᠢᠭᠡ ᠺᠢᠯᠣᠮᠧᠲᠷ 》 ᠢ᠋ ᠨᠡᠪᠲᠡᠷᠡᠭᠦᠯᠵᠡᠢ ᠃ ᠣᠢᠷ᠎ᠠ᠎ᠶᠢᠨ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠰᠠᠨᠠᠭᠠᠴᠢᠯᠠᠭ᠎ᠠ᠎ᠡᠴᠡ᠎ᠪᠠᠨ ᠡᠮᠦᠨ᠎ᠡ ᠹᠷᠣᠨᠲ᠎ᠲᠤ ᠦᠢᠯᠡᠴᠢᠯᠡᠵᠦ᠂ ᠦᠢᠯᠡᠴᠢᠯᠡᠭᠡᠨ᠎ᠦ ᠬᠦᠷᠢᠶ᠎ᠡ᠎ᠪᠡᠨ ᠲᠠᠰᠤᠷᠠᠯᠳᠠ ᠦᠭᠡᠢ ᠥᠷᠭᠡᠳᠬᠡᠵᠦ᠂ ᠦᠢᠯᠡᠴᠢᠯᠡᠭᠡᠨ᠎ᠦ ᠵᠠᠭᠪᠤᠷ᠎ᠤᠨ ᠰᠢᠨ᠎ᠡ᠎ᠶᠢ ᠢᠳᠡᠪᠬᠢᠲᠡᠢ ᠡᠭᠦᠳᠴᠦ᠂ ᠰᠦᠯᠵᠢᠶᠡᠨ ᠳᠡᠭᠡᠷ᠎ᠡ ᠪᠠ ᠠᠬᠤᠢ ᠳᠠᠯᠠᠪᠠᠢ ᠵᠢᠨ ᠬᠠᠮᠵᠢᠯᠴᠠᠨ ᠬᠥᠮᠥᠨ ᠢ᠋ ᠬᠥᠮᠥᠵᠢᠭᠦᠯᠬᠦ ᠪᠤᠰᠤᠭ᠎ᠠ ᠴᠤᠭᠴᠠᠳᠤ ᠯᠠᠪᠯᠠᠭ᠎ᠠ᠎ᠶᠢᠨ ᠦᠢᠯᠡᠴᠢᠯᠡᠭᠡᠨ᠎ᠦ ᠵᠢᠭ᠍ᠰᠠᠭᠠᠯ᠎ᠢ ᠪᠠᠢᠭᠤᠯᠪᠠ᠃ ᠰᠦᠯᠵᠢᠶᠡᠨ ᠳᠡᠭᠡᠷ᠎ᠡ ᠂ 《ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ ᠡᠯᠰᠡᠬᠦ ᠴᠤᠭᠯᠠᠭᠠᠨ》 ᠳ᠋ᠤ ᠲᠦᠰᠢᠭᠯᠡᠨ ᠪᠥᠬᠥ ᠤᠯᠤᠰ᠎ᠤᠨ ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ ᠡᠯᠰᠡᠬᠦ ᠲᠠᠨᠢᠯᠴᠠᠭᠤᠯᠭ᠎ᠠ᠎ᠶᠢᠨ ᠬᠤᠷᠠᠯᠡᠷᠬᠢᠯᠡᠵᠦ᠂ ᠣᠷᠣᠨ ᠪᠦᠰᠡ᠎ᠶᠢᠨ ᠬᠢᠵᠠᠭᠠᠷᠯᠠᠯ᠎ᠢ ᠡᠪᠳᠡᠵᠦ᠂ ᠣᠯᠠᠨ ᠠᠢᠮᠠᠭ ᠬᠣᠲᠠ᠂ ᠣᠯᠠᠨ ᠰᠤᠷᠭᠠᠭᠤᠯᠢ ᠬᠣᠯᠪᠤᠭᠠᠯᠠᠨ ᠬᠥᠳᠡᠯᠦᠯᠴᠡᠬᠦ᠎ᠶᠢ ᠪᠡᠶᠡᠯᠡᠭᠦᠯᠵᠦ᠂ ᠪᠥᠬᠥ ᠣᠷᠣᠨ᠎ᠤ ᠡᠯ᠎ᠡ ᠭᠠᠵᠠᠷ᠎ᠤᠨ ᠰᠢᠯᠭᠠᠭᠤᠯᠤᠭᠰᠠᠳᠢ ᠴᠥᠮ ᠶᠡᠬᠡ ᠳᠡᠭᠡᠳᠦ ᠰᠤᠷᠭᠠᠭᠤᠯᠢ᠎ᠶᠢᠨ ᠡᠬᠢ ᠪᠠᠶᠠᠯᠢᠭ᠋᠎ᠲᠠᠢ ᠣᠢᠷ᠎ᠠ ᠬᠠᠪᠢ ᠳ᠋ᠤᠨᠢ ᠵᠣᠯᠭᠠᠭᠤᠯᠬᠤ ᠵᠢ ᠪᠡᠶᠡᠯᠡᠬᠦᠯᠪᠡ᠃ ᠡᠭᠦᠨ᠎ᠦ ᠬᠠᠮᠲᠤ ᠡᠯ᠎ᠡ ᠭᠠᠵᠠᠷ᠎ᠤᠨ ᠬᠢᠨ᠎ᠦ ᠲᠣᠰ ᠭᠠᠵᠠᠷ᠎ᠤᠨ ᠰᠤᠷᠤᠯᠭ᠎ᠠ᠎ᠶᠢᠨ ᠪᠠᠢᠳᠠᠯ᠎ᠳᠠᠭᠠᠨ ᠲᠦᠰᠢᠭᠯᠡᠨ᠂ ᠲᠤᠬᠠᠢ᠎ᠶᠢᠨ ᠲᠠᠯᠠᠪᠤᠷ᠎ᠤᠨ ᠠᠰᠠᠭᠤᠨ ᠯᠠᠪᠯᠠᠭ᠎ᠠ ᠵᠢᠨ ᠳᠤᠮᠳᠠ ᠬᠠᠨᠳᠤᠯᠭᠠᠲᠤ ᠴᠢᠨᠠᠷᠲᠠᠢ᠎ᠪᠠᠷ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ ᠪᠠ ᠨᠡᠷ᠎ᠡ ᠮᠡᠳᠡᠭᠦᠯᠬᠦ ᠵᠢᠯᠣᠭᠣᠳᠤᠯᠭ᠎ᠠ ᠥᠷᠨᠢᠭᠦᠯᠬᠦ᠎ᠶᠢ ᠵᠡᠷᠭᠡ᠎ᠪᠡᠷ ᠵᠢᠯᠤᠭᠣᠳᠴᠤ᠂ ᠰᠢᠯᠭᠠᠭᠤᠯᠤᠭ᠍ᠴᠢ᠎ᠳᠤ ᠲᠣᠰ ᠭᠠᠵᠠᠷ᠎ᠤᠨ ᠪᠣᠳᠠᠲᠠᠢ ᠪᠠᠢᠳᠠᠯ᠎ᠳᠤ ᠨᠡᠢᠴᠡᠭᠰᠡᠨ ᠨᠡᠷ᠎ᠡ ᠮᠡᠳᠡᠭᠦᠯᠬᠦ ᠰᠠᠨᠠᠭᠤᠯᠭ᠎ᠠ ᠬᠠᠩᠭᠠᠵᠤ᠂ ᠡᠷᠡᠮᠡᠯᠵᠡᠯ ᠲᠠᠭᠯᠠᠬᠤ ᠡᠨᠳᠡᠬᠦᠷᠡᠯᠢ ᠪᠦᠲᠦᠮᠵᠢᠲᠡᠶ ᠪᠠᠭᠤᠷᠠᠭᠤᠯᠪᠠ᠃ ᠰᠦᠯᠵᠢᠶᠡᠨ ᠳᠡᠭᠡᠷ᠎ᠡ᠂ 《ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ ᠡᠯᠰᠡᠬᠦ ᠠᠯᠪᠠᠨ ᠭᠡᠷ᠎ᠦᠨ ᠡᠷᠬᠢᠯᠡᠭᠴᠢ ᠨᠢᠭᠤᠷᠲᠠᠨ ᠶᠠᠷᠢᠯᠴᠠᠬᠤ 》 ᠰᠢᠭᠤᠳ ᠨᠡᠪᠲᠡᠷᠡᠭᠦᠯᠭᠡ᠂ ᠸᠢᠳᠢᠤ᠋ ᠨᠡᠪᠲᠡᠷᠡᠭᠦᠯᠭᠡ᠂ ᠲᠤᠰᠬᠠᠢ ᠰᠡᠳᠦᠪᠲᠦ ᠲᠠᠢᠯᠤᠮᠵᠢ ᠵᠡᠷᠭᠡ ᠰᠢᠷᠢᠰ ᠠᠵᠢᠯᠯᠠᠭ᠎ᠠ ᠵᠢᠴᠢ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠵᠢᠨ ᠰᠣᠷᠣᠭ᠍ᠴᠢ ᠡᠯᠰᠡᠬᠦ ᠰᠢᠯᠭᠠᠯᠲᠠ᠎ᠶᠢᠨ ᠡᠷᠡᠮᠡᠯᠵᠡᠯ ᠲᠠᠭᠯᠠᠬᠤ ᠬᠠᠪᠰᠤᠷᠤᠮᠵᠢ ᠰᠢᠰᠲᠧᠮ᠎ᠳᠦ ᠲᠦᠰᠢᠭᠯᠡᠨ᠂ ᠬᠠᠮᠤᠭ᠎ᠤᠨ ᠰᠢᠨ᠎ᠡ ᠡᠯᠰᠡᠬᠦ ᠲᠣᠭ᠎ᠠ ᠪᠠᠷᠢᠮᠲᠠ ᠪᠠ ᠰᠣᠷᠣᠭ᠍ᠴᠢ ᠡᠯᠰᠡᠬᠦ ᠲᠥᠯᠥᠪᠯᠡᠭᠡ᠎ᠶᠢ ᠨᠡᠢᠳᠬᠡᠵᠦ᠂ ᠲᠤᠰᠬᠠᠢᠵᠢᠭ᠍ᠰᠠᠨ᠂ ᠨᠠᠷᠢᠯᠢᠭᠵᠢᠭᠰᠠᠨ᠂ ᠪᠥᠬᠥ ᠬᠡᠯᠬᠢᠶᠡᠨ᠎ᠤ ᠦᠢᠯᠡᠴᠢᠯᠡᠭᠡ ᠬᠠᠩᠭᠠᠵᠤ᠂ ᠰᠢᠯᠭᠠᠭᠤᠯᠤᠭ᠍ᠴᠢ᠎ᠶᠢ ᠬᠠᠪᠰᠤᠷᠤᠨ 《ᠮᠡᠳᠡᠭᠡ ᠵᠠᠩᠭᠢ᠎ᠶᠢᠨ ᠵᠦᠷᠢᠶ᠎ᠠ 》 ᠵᠢᠨ ᠲᠦᠭᠰᠢᠭᠦᠷᠢ᠎ᠡᠴᠡ ᠣᠨᠣᠪᠴᠢᠲᠠᠶ ᠵᠠᠢᠯᠠᠭᠤᠯᠪᠠ᠃
ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠶᠡᠬᠡ ᠳᠡᠭᠡᠳᠦ ᠰᠤᠷᠭᠠᠭᠤᠯᠢ᠎ᠶᠢᠨ ᠰᠤᠷᠤᠭ᠍ᠴᠢᠳ᠎ᠤᠨ ᠶᠠᠪᠤᠳᠠᠯ᠎ᠤᠨ ᠭᠠᠵᠠᠷ᠎ᠤᠨ ᠳᠠᠷᠤᠭ᠎ᠠ ᠸᠠᠩ ᠶᠦᠩ᠎ᠤᠨ ᠳᠠᠨᠢᠯᠴᠠᠭᠤᠯᠤᠭᠰᠠᠨ ᠵᠢᠡᠷ᠂ ᠰᠤᠷᠭᠠᠨ ᠬᠥᠮᠦᠵᠢᠯ᠎ᠦᠨ ᠲᠢᠩᠬᠢᠮ᠎ᠡᠴᠡ ᠶᠡᠬᠡ ᠳᠡᠭᠡᠳᠦ ᠰᠤᠷᠭᠠᠭᠤᠯᠢ ᠪᠣᠯᠣᠨ ᠳᠤᠮᠳᠠᠳᠤ ᠰᠤᠷᠭᠠᠭᠤᠯᠢ᠎ᠶᠢᠨ ᠬᠠᠮᠵᠢᠯᠴᠠᠨ ᠬᠥᠮᠥᠨ᠎ᠢ ᠬᠥᠮᠥᠵᠢᠭᠦᠯᠬᠦ ᠠᠷᠭ᠎ᠠ ᠵᠠᠮ᠎ᠢ ᠦᠷᠭᠦᠯᠵᠢᠯᠡᠨ ᠭᠦᠨᠵᠡᠭᠡᠢᠷᠡᠭᠦᠯᠵᠦ᠂ ᠲᠦᠷᠦ᠎ᠶᠢᠨ ᠪᠣᠳᠣᠯᠭ᠎ᠠ᠎ᠶᠢᠨ ᠲᠠᠢᠯᠤᠮᠵᠢ ᠡᠴᠡ ᠡᠷᠡᠮᠡᠯᠵᠡᠯ ᠳᠠᠭᠯᠠᠬᠤ ᠵᠢᠯᠣᠭᠣᠳᠤᠯᠭ᠎ᠠ ᠬᠦᠷᠲᠡᠯ᠎ᠡ᠂ ᠰᠤᠷᠤᠯᠭ᠎ᠠ ᠠᠮᠢᠳᠤᠷᠠᠯ᠎ᠤᠨ ᠰᠡᠬᠡᠭᠡᠷᠡᠭᠦᠯᠦᠯ᠎ᠡᠴᠡ ᠰᠤᠷᠭᠠᠭᠤᠯᠢ ᠲᠠᠪᠰᠢᠨ ᠠᠶᠠᠯᠠᠯ ᠢ ᠬᠠᠮᠠᠭᠠᠯᠠᠬᠤ ᠬᠦᠷᠲᠡᠯ᠎ᠡ᠂ 《ᠰᠡᠳᠬᠢᠯ ᠢ ᠳᠤᠯᠠᠭᠠᠴᠠᠭᠤᠯᠤᠨ ᠠᠶᠠᠯᠠᠯ᠎ᠢ ᠬᠠᠮᠠᠭᠠᠯᠠᠬᠤ 》 ᠦᠢᠯᠡᠴᠢᠯᠡᠭᠡᠨ᠎ᠦ ᠣᠢᠯᠠᠭᠠᠭᠳᠠᠬᠤᠨ᠎ᠢ ᠪᠠᠷᠢᠮᠲᠠᠯᠠᠵᠤ᠂ ᠰᠠᠭᠤᠷᠢ ᠰᠤᠷᠭᠠᠨ ᠬᠥᠮᠦᠵᠢᠯ ᠪᠣᠯᠣᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠭᠦᠨᠵᠡᠭᠡᠢ ᠨᠡᠪᠲᠡᠷᠡᠬᠦ᠎ᠶᠢ ᠠᠬᠢᠭᠤᠯᠵᠤ᠂ ᠨᠡᠩ ᠣᠨᠣᠪᠴᠢᠲᠠᠢ᠂ ᠨᠡᠩ ᠳᠣᠲᠣᠨᠣ᠌ ᠦᠢᠯᠡᠴᠢᠯᠡᠭᠡ᠎ᠪᠡᠷ ᠥᠷᠭᠡᠨ ᠤᠯᠠᠨ ᠰᠤᠷᠤᠭ᠍ᠴᠢᠳ᠎ᠤᠨ ᠬᠦᠰᠡᠯ ᠵᠢᠡᠨ ᠲᠡᠷᠭᠡᠯᠰᠢᠭᠦᠯᠦᠨ ᠰᠠᠨᠠᠭᠰᠠᠨ ᠶᠡᠬᠡ ᠰᠤᠷᠭᠠᠭᠤᠯᠢ ᠳ᠋ᠠᠭᠠᠨ ᠤᠷᠤᠬᠤ ᠳ᠋ᠤ ᠬᠦᠴᠦᠨ ᠨᠡᠮᠡᠷᠢᠯᠡᠪᠡ᠃