— ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠳ᠋ᠦᠨ ᠵᠠᠰᠠᠭ ᠤ᠋ᠨ ᠲᠢᠩᠬᠢᠮᠦᠨ ᠨᠠᠮ ᠤ᠋ᠨ ᠤᠳᠤᠷᠢᠳᠬᠤ ᠳᠤᠭᠤᠶ᠋ᠢᠯᠠᠩ ᠤ᠋ᠨ ᠪᠦᠷᠢᠯᠳᠦᠬᠦᠨ᠂ ᠲᠢᠩᠬᠢᠮᠦᠨ ᠳᠡᠳ᠋ ᠳᠠᠷᠤᠭᠠ ᠦ᠋ ᠵᠢᠶᠠᠨᠢ ᠰᠤᠷᠪᠤᠯᠵᠢᠯᠠᠭᠰᠠᠨᠨᠢ
ᠮᠠᠨᠵᠤᠤᠷ᠂ ᠡᠷᠢᠶᠡᠨ ᠬᠣᠲᠠ ᠢ᠋ᠢᠨ ᠤᠶᠤᠨᠴᠢ ᠬᠢᠯᠢ ᠢ᠋ᠢᠨ ᠪᠣᠭᠣᠮᠲᠠ ᠢ᠋ᠢᠨ ᠪᠦᠲᠦᠭᠡᠨ ᠪᠠᠶ᠋ᠢᠭᠤᠯᠤᠯᠲᠠ ᠢ᠋ᠢ ᠭᠦᠨᠵᠡᠭᠡᠶ ᠠᠬᠢᠭᠤᠯᠵᠤ᠂ ᠪᠣᠭᠣᠮᠲᠠ ᠢ᠋ᠢᠨ ᠰᠠᠭᠤᠷᠢ ᠲᠦᠬᠦᠬᠡᠷᠤᠮᠵᠢ ᠪᠠ ᠰᠢᠯᠭᠠᠨ ᠪᠠᠢᠴᠠᠭᠠᠬᠤ ᠢᠵᠢ ᠪᠦᠷᠢᠳᠦᠭᠦᠯᠬᠦ᠌ ᠲᠦᠬᠦᠬᠡᠷᠤᠮᠵᠢ ᠢ᠋ᠢᠨ ᠪᠦᠲᠦᠭᠡᠨ ᠪᠠᠶ᠋ᠢᠭᠤᠯᠤᠯᠲᠠ᠂ ᠠᠵᠢᠯᠯᠠᠭᠠᠨ ᠤ᠋ ᠬᠠᠮᠠᠭᠠᠯᠠᠯᠳᠡ᠂ ᠳᠡᠰ ᠳᠡᠪᠰᠢᠭᠦᠯᠬᠦ ᠦᠬᠡᠷᠡᠴᠢᠯᠡᠯᠳᠡ ᠢ᠋ᠢ ᠳᠡᠮᠵᠢᠨᠡ᠃
— 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠶᠡᠷᠦᠩᠬᠡᠢ ᠲᠥᠰᠦᠯ》 ᠡᠴᠡ
2026 ᠣᠨ ᠤ᠋ 4 ᠰᠠᠷᠠ ᠢ᠋ᠢᠨ 9 ᠤ᠋ ᠡᠳᠦᠷ᠂ ᠲᠥᠷᠥ ᠢ᠋ᠢᠨ ᠶᠠᠪᠤᠳᠠᠯ ᠤ᠋ᠨ ᠬᠤᠷᠢᠶᠡ ᠢ᠋ᠢᠨ ᠳᠠᠷᠤᠮᠠᠯᠯᠠᠵᠤ ᠲᠠᠷᠬᠠᠭᠠᠭᠰᠠᠨ 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠶᠡᠷᠦᠩᠬᠡᠶ ᠲᠥᠰᠦᠯ》 (ᠳᠣᠷᠣᠭᠰᠢ 《ᠶᠡᠷᠦᠩᠬᠡᠶ ᠲᠥᠰᠦᠯ》 ᠭᠡᠵᠦ᠍ ᠲᠣᠪᠴᠢᠯᠠᠨᠠ) ᠢ᠋ ᠨᠡᠶ᠋ᠢᠲᠡᠯᠡᠪᠡ᠃ ᠡᠳ᠋ ᠤ᠋ᠨ ᠵᠠᠰᠠᠭ ᠤ᠋ᠨ ᠰᠢᠰᠲ᠋ᠸᠮ ᠤ᠋ᠨ ᠬᠢᠨ ᠦᠪᠤᠷ ᠮᠤᠨᠭᠭᠤᠯ ᠤ᠋ᠨ ᠴᠢᠯᠦᠬᠡᠳᠤ ᠠᠷᠠᠯᠵᠢᠶᠡᠨ ᠤ᠋ ᠪᠦᠳᠦᠬᠡᠨ ᠪᠠᠢᠭᠤᠯᠤᠯᠳᠡ ᠳ᠋ᠤ᠌ ᠬᠡᠷᠬᠢᠨ ᠤᠢᠯᠡᠴᠢᠯᠡᠵᠤ᠂ ᠦᠨᠳᠤᠷ ᠲᠦᠪᠰᠢᠨ ᠪᠦᠬᠦᠢ ᠭᠠᠳᠠᠭᠠᠳᠤ ᠨᠡᠬᠡᠬᠡᠯᠳᠡ ᠢ᠋ᠢ ᠤᠯᠠᠮ ᠨᠢᠬᠡ ᠠᠯᠬᠤᠮ ᠠᠬᠢᠭᠤᠯᠬᠤ ᠲᠤᠬᠠᠢ ᠰᠤᠷᠪᠤᠯᠵᠢᠯᠠᠭᠴᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠳ᠋ᠦᠨ ᠵᠠᠰᠠᠭ ᠤ᠋ᠨ ᠲᠢᠩᠬᠢᠮᠦᠨ ᠨᠠᠮ ᠤ᠋ᠨ ᠤᠳᠤᠷᠢᠳᠬᠤ ᠳᠤᠭᠤᠶ᠋ᠢᠯᠠᠩ ᠤ᠋ᠨ ᠪᠦᠷᠢᠯᠳᠦᠬᠦᠨ᠂ ᠲᠢᠩᠬᠢᠮᠦᠨ ᠳᠡᠳ᠋ ᠳᠠᠷᠤᠭᠠ ᠦ᠋ ᠵᠢᠶᠠᠨᠢ ᠰᠤᠷᠪᠤᠯᠵᠢᠯᠠᠪᠠ᠃
ᠦ᠋ ᠵᠢᠶᠠᠨ᠂ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠪᠥᠲᠥᠭᠡᠨ ᠪᠠᠢᠭᠤᠯᠤᠯᠳᠡ ᠪᠣᠯ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠪᠠᠶ᠋ᠢᠯᠳᠤᠬᠤ ᠪᠣᠳᠣᠯᠭᠠ ᠳ᠋ᠤ᠌ ᠤᠢᠯᠡᠴᠢᠯᠡᠬᠦ᠂ ᠬᠢᠯᠢ ᠳᠠᠭᠠᠤ ᠨᠡᠭᠡᠭᠡᠯᠲᠡ ᠬᠢᠬᠦ᠌ ᠪᠠᠶ᠋ᠢᠷᠢᠰᠢᠯᠢ ᠲᠡᠭᠦᠯᠳᠡᠷᠵᠢᠭᠦᠯᠬᠦ᠌ ᠴᠢᠬᠤᠯᠠ ᠶᠡᠬᠡ ᠤᠯᠤᠰ ᠲᠥᠷᠥ ᠢ᠋ᠢᠨ ᠡᠭᠦᠷᠭᠡ ᠪᠣᠯᠤᠨᠠ᠃ ᠡᠳ᠋ᠦᠨ ᠵᠠᠰᠠᠭᠨᠢ ᠤᠯᠤᠰ ᠤ᠋ᠨ ᠵᠠᠰᠠᠯᠲᠠ ᠢ᠋ᠢᠨ ᠰᠠᠭᠤᠷᠢ ᠪᠠ ᠴᠢᠬᠤᠯᠠ ᠲᠤᠯᠭᠠᠭᠤᠷᠢ ᠪᠣᠯᠤᠭᠰᠠᠨ ᠤ᠋ ᠬᠤᠪᠢ ᠳ᠋ᠤ᠌᠂ ᠢᠮᠠᠭᠲᠠ 《ᠤᠯᠤᠰ ᠤ᠋ᠨ ᠶᠡᠬᠡ ᠶᠠᠪᠤᠳᠡᠯ》ᠢ᠋ ᠬᠡᠬᠦᠳᠡᠭ ᠴᠡᠭᠡᠵᠢᠨᠳᠡᠭᠡᠨ ᠪᠠᠭᠲᠠᠭᠠᠵᠤ᠂ 《ᠶᠡᠷᠦᠩᠬᠡᠶ ᠲᠥᠰᠦᠯ》 ᠤ᠋ᠨ ᠱᠠᠭᠠᠷᠳᠠᠯᠭᠠ ᠢ᠋ᠢ ᠴᠢᠩᠭᠠ ᠡᠵᠡᠮᠳᠡᠨ᠂ ᠰᠢᠰᠲ᠋ᠧᠮ ᠲᠠᠢ ᠲᠥᠯᠥᠪᠵᠢᠭᠦᠯᠵᠦ᠍᠂ ᠣᠨᠣᠴᠠᠳᠠᠢ ᠠᠷᠭᠠ ᠪᠣᠳᠣᠯᠭᠠ ᠬᠡᠷᠡᠭᠵᠢᠭᠦᠯᠦᠨ᠂ ᠲᠥᠷᠥ ᠢ᠋ᠢᠨ ᠪᠣᠳᠣᠯᠭᠠᠪᠡᠷ ᠬᠦᠴᠦᠨ ᠣᠯᠭᠣᠬᠤ᠂ ᠪᠠᠯᠠ ᠮᠥᠩᠭᠥ ᠢ᠋ᠢᠨ ᠪᠠᠲᠤᠯᠠᠭᠠ ᠬᠠᠩᠭᠠᠬᠤ᠂ ᠮᠥᠩᠭᠥᠨ ᠬᠦᠢᠯᠬᠡᠬᠡᠨ ᠢ᠋ᠢᠡᠷ ᠬᠠᠮᠵᠢᠯᠴᠠᠬᠤ᠌᠂ ᠠᠮᠵᠢᠯᠲᠠ ᠪᠦᠲᠦᠮᠵᠢ ᠢ᠋ᠢᠨ ᠬᠠᠮᠢᠶᠠᠷᠤᠯᠲᠠ ᠬᠢᠬᠦ᠌ 《ᠳᠥᠷᠪᠡ ᠢ᠋ᠢ ᠨᠢᠭᠡ ᠴᠣᠭᠴᠠᠵᠢᠭᠤᠯᠤᠭᠰᠠᠨ》 ᠡᠳ᠋ᠦᠨ ᠵᠠᠰᠠᠭ ᠤ᠋ᠨ ᠪᠠᠲᠤᠯᠠᠭᠠ ᠢ᠋ᠢᠨ ᠰᠢᠰᠲ᠋ᠧᠮᠢ᠋ ᠪᠠᠶ᠋ᠢᠭᠤᠯᠵᠤ᠂ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠴᠢᠨᠠᠷ ᠰᠠᠶ᠋ᠢᠲᠠᠶ ᠬᠥᠭᠵᠢᠯᠲᠡᠳᠦ ᠪᠠᠲᠤ᠌ ᠪᠠᠬᠢ ᠨᠠᠶ᠋ᠢᠳᠠᠪᠤᠷᠢᠲᠠᠶ ᠡᠳ᠋ᠦᠨ ᠵᠠᠰᠠᠭ ᠤ᠋ᠨ ᠲᠤᠯᠭᠠᠭᠤᠷᠢᠯᠠᠯᠬᠠᠨᠭᠭᠠᠵᠤ ᠪᠠᠢᠨᠡ᠃
ᠲᠥᠷᠥ ᠢ᠋ᠢᠨ ᠪᠣᠳᠣᠯᠭᠠ ᠪᠡᠷ ᠬᠦᠴᠦᠨ ᠤᠯᠭᠤᠬᠤ ᠪᠡᠷ ᠤᠳᠤᠷᠢᠳᠤᠮᠵᠢ ᠪᠣᠯᠭᠠᠵᠤ᠂ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠡᠳ᠋ᠦᠨ ᠵᠠᠰᠠᠭ ᠤ᠋ᠨ ᠪᠠᠲᠤᠯᠠᠭᠠ ᠢ᠋ᠢᠨ ᠲᠤᠯᠭᠠᠭᠤᠷᠢᠯᠠᠯᠢ ᠪᠡᠬᠢᠵᠢᠬᠦᠯᠪᠠ᠃ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠵᠢᠩᠬᠢᠨᠢᠪᠡᠷ ᠵᠥᠪᠰᠢᠶᠡᠷᠡᠭᠳᠡᠭᠰᠡᠨᠦ ᠳᠠᠷᠠᠭᠠ᠂ ᠥᠪᠡᠷᠲᠡᠭᠡᠨ ᠵᠠᠰᠠᠬᠤ ᠣᠷᠣᠨ ᠤ᠋ ᠡᠳ᠋ᠦᠨ ᠵᠠᠰᠠᠭ ᠤ᠋ᠨ ᠲᠢᠩᠬᠢᠮ ᠤ᠋ᠨ ᠬᠢᠨ ᠡᠩ ᠲᠡᠷᠢᠭᠦᠨᠳᠦ ᠶᠡᠷᠦᠩᠬᠡᠶ ᠲᠥᠰᠦᠯ ᠵᠢᠡᠷ ᠪᠠᠷᠢᠮᠵᠢᠶᠠᠯᠠᠨ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠ᠂ ᠵᠠᠰᠠᠭ ᠤ᠋ᠨ ᠣᠷᠳᠣᠨ ᠤ᠋ ᠪᠠᠶ᠋ᠢᠯᠳᠤᠬᠤ ᠪᠣᠳᠣᠯᠭᠠ ᠢ᠋ᠢᠨ ᠪᠠᠶ᠋ᠢᠷᠢᠯᠠᠭᠤᠯᠤᠯᠲᠠ ᠢ᠋ᠢᠨ ᠲᠤᠭᠤᠷᠢᠨ ᠳ᠋ᠤ᠌ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠬᠡᠰᠡᠭ ᠲᠤᠭᠤᠷᠢᠭ ᠤ᠋ᠨ ᠪᠠᠶ᠋ᠢᠯᠳᠤᠬᠤ ᠪᠣᠳᠣᠯᠭᠠ ᠢ᠋ᠢᠨ ᠪᠠᠶ᠋ᠢᠷᠢ ᠲᠣᠭᠲᠠᠭᠠᠯᠲᠠ᠂ ᠴᠢᠳᠠᠮᠵᠢ ᠢ᠋ᠢᠨ ᠬᠤᠪᠢᠶᠠᠷᠢᠯᠠᠯ᠂ ᠭᠤᠤᠯ ᠡᠭᠦᠷᠭᠡ ᠵᠡᠷᠭᠡ ᠳ᠋ᠤ᠌ ᠠᠩᠬᠠᠷᠤᠯᠢᠶᠠᠨ ᠲᠥᠪᠯᠡᠷᠡᠭᠦᠯᠵᠤ᠂ ᠭᠤᠷᠪᠠᠨ ᠶᠡᠬᠡ ᠬᠡᠰᠡᠭ ᠵᠢᠴᠢ ᠪᠣᠭᠣᠮᠲᠠ ᠳ᠋ᠤ᠌ ᠬᠠᠨᠳᠤᠭᠤᠯᠤᠭᠰᠠᠨ᠂ ᠭᠤᠤᠯᠳᠠᠯᠭᠠᠲᠠᠶ ᠠᠵᠢᠯ ᠲᠥᠷᠥᠯᠦᠨ ᠭᠤᠤᠯᠯᠠᠨ ᠬᠠᠮᠢᠶᠠᠷᠬᠤ ᠰᠠᠯᠠᠭᠠ ᠮᠥᠴᠢᠷᠦᠳ ᠲᠥᠷᠥ ᠢ᠋ᠢᠨ ᠪᠣᠳᠣᠯᠭᠠ ᠢ᠋ᠢᠨ ᠬᠡᠷᠡᠭᠴᠡᠭᠡ ᠱᠠᠭᠠᠷᠳᠠᠯᠭᠠ ᠢ᠋ᠢᠨ ᠪᠠᠶ᠋ᠢᠴᠠᠭᠠᠨ ᠰᠤᠳᠤᠯᠤᠯᠲᠠ ᠥᠷᠨᠢᠭᠦᠯᠵᠤ᠂ ᠵᠤᠷᠪᠤᠰ ᠳᠠᠷᠠᠭᠠᠯᠠᠨ ᠲᠥᠷᠥ ᠢ᠋ᠢᠨ ᠪᠣᠳᠣᠯᠭᠠ ᠪᠤᠯᠤᠨ ᠪᠠᠯᠠ ᠮᠥᠩᠭᠥᠨᠦ ᠬᠡᠷᠡᠭᠴᠡᠭᠡ ᠱᠠᠭᠠᠷᠳᠠᠯᠭᠠ ᠵᠢᠨ 85 ᠵᠦᠢᠯ ᠢ᠋ ᠡᠮᠬᠢᠯᠡᠬᠦ᠌ ᠢ᠋ᠢᠨ ᠬᠠᠮᠲᠤ᠌ ᠰᠢᠰᠲ᠋ᠧᠮ ᠲᠠᠢ ᠴᠤᠭᠯᠠᠭᠤᠯᠵᠤ᠂ ᠡᠳ᠋ᠦᠨ ᠵᠠᠰᠠᠭ ᠤ᠋ᠨ ᠳᠡᠮᠵᠢᠯᠭᠡ ᠢ᠋ᠢᠨ ᠭᠣᠣᠯᠳᠠᠯᠭᠠᠲᠠᠶ ᠴᠢᠭᠯᠡᠯ ᠪᠠ ᠪᠠᠲᠤᠯᠠᠭᠠ ᠢ᠋ᠢᠨ ᠰᠡᠳᠬᠢᠴᠡ ᠢ᠋ᠢ ᠠᠩᠬᠠ ᠠᠯᠬᠤᠮ ᠪᠦᠷᠢᠯᠳᠦᠭᠦᠯᠪᠡ᠂ ᠡᠭᠦᠨᠦ ᠬᠠᠮᠲᠤ᠌ ᠠᠰᠠᠭᠤᠳᠠᠯᠢᠶᠠᠷ ᠤᠳᠤᠷᠢᠳᠤᠮᠵᠢ ᠪᠣᠯᠭᠠᠬᠤ ᠢ᠋ᠢ ᠪᠠᠷᠢᠮᠲᠠᠯᠠᠨ᠂ ᠭᠤᠷᠪᠠᠨ ᠶᠡᠬᠡ ᠬᠡᠰᠡᠭ ᠵᠢᠡᠷ ᠭᠦᠨᠵᠡᠭᠡᠶ᠋ᠢᠷᠡᠨ ᠲᠤᠬᠠᠶ ᠢ᠋ᠢᠨ ᠭᠠᠵᠠᠷᠲᠤᠨᠢ ᠪᠠᠶ᠋ᠢᠴᠠᠭᠠᠨ ᠰᠤᠳᠤᠯᠤᠯᠲᠠ ᠬᠢᠵᠤ᠂ ᠡᠳ᠋ᠦᠨ ᠵᠠᠰᠠᠭ ᠤ᠋ᠨ ᠳᠡᠮᠵᠢᠯᠭᠡ ᠢ᠋ᠢᠨ ᠠᠷᠭᠠ ᠬᠡᠮᠵᠢᠶᠡ ᠢ᠋ᠢ ᠤᠯᠠᠮ ᠨᠢᠭᠡ ᠠᠯᠬᠤᠮ ᠪᠠᠲᠤᠳᠬᠠᠨ᠂ ᠨᠠᠷᠢᠯᠢᠭ ᠣᠨᠣᠪᠴᠢᠲᠠᠶ ᠪᠥᠭᠡᠳ ᠬᠦᠴᠦᠲᠡᠶ ᠡᠳ᠋ᠦᠨ ᠵᠠᠰᠠᠭ ᠤ᠋ᠨ ᠲᠥᠷᠥ ᠢ᠋ᠢᠨ ᠪᠣᠳᠣᠯᠭᠠ ᠪᠡᠷ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠴᠢᠨᠠᠷ ᠰᠠᠶ᠋ᠢᠲᠠᠶ ᠬᠥᠭᠵᠢᠯᠲᠡᠳᠦ ᠬᠦᠴᠦᠨ ᠨᠡᠮᠡᠷᠢᠯᠡᠪᠡ᠃
ᠪᠡᠯᠡ ᠮᠥᠩᠭᠥ ᠢ᠋ᠢᠨ ᠪᠠᠲᠤᠯᠠᠭᠠ ᠪᠡᠷ ᠰᠠᠭᠤᠷᠢ ᠪᠣᠯᠭᠠᠵᠤ᠂ ᠬᠢᠯᠢ ᠢ᠋ᠢᠨ ᠪᠣᠭᠣᠮᠲᠠ ᠢ᠋ᠢᠨ ᠨᠡᠭᠡᠭᠡᠨ ᠬᠥᠭᠵᠢᠭᠦᠯᠵᠦ᠍ ᠨᠡᠭᠡᠭᠡᠯᠲᠡ ᠬᠢᠬᠦ᠌ ᠴᠢᠳᠠᠪᠤᠷᠢ ᠢ᠋ᠢ ᠲᠡᠭᠡᠭᠰᠢᠯᠡᠬᠦᠯᠪᠠ᠃ ᠮᠠᠨᠵᠤᠤᠷ᠂ ᠡᠷᠢᠶᠡᠨ ᠬᠣᠲᠠ ᠢ᠋ᠢᠨ ᠤᠶᠤᠨᠴᠢ ᠬᠢᠯᠢ ᠢ᠋ᠢᠨ ᠪᠣᠭᠣᠮᠲᠠ ᠢ᠋ᠢᠨ ᠪᠥᠲᠥᠭᠡᠨ ᠪᠠᠶ᠋ᠢᠭᠤᠯᠤᠯᠲᠠ ᠢ᠋ᠢ ᠠᠬᠢᠭᠤᠯᠬᠤ ᠪᠣᠯ ᠶᠡᠷᠦᠩᠬᠡᠶ ᠲᠥᠰᠦᠯᠡᠴᠡ ᠡᠳ᠋ᠦᠨ ᠵᠠᠰᠠᠭ ᠤ᠋ᠨ ᠰᠠᠯᠠᠭᠠ ᠮᠥᠴᠢᠷ ᠲᠦ᠍ ᠣᠯᠭᠣᠭᠰᠠᠨ ᠲᠦᠷᠦᠭᠦᠯᠡᠨ ᠬᠢᠬᠦ᠌ ᠥᠭᠡᠷᠡᠴᠢᠯᠡᠯᠲᠡ ᠢ᠋ᠢᠨ ᠡᠭᠦᠷᠭᠡ ᠪᠣᠯᠤᠨᠠ᠃ ᠡᠨᠡ ᠵᠢᠯ᠂ ᠥᠪᠡᠷᠲᠡᠭᠡᠨ ᠵᠠᠰᠠᠬᠤ ᠣᠷᠣᠨ ᠤ᠋ ᠡᠳ᠋ᠦᠨ ᠵᠠᠰᠠᠭ ᠤ᠋ᠨ ᠲᠥᠰᠦᠪᠦᠨ ᠲᠣᠬᠢᠷᠠᠭᠤᠯᠤᠯᠲᠠ ᠨᠢᠳᠤᠨᠤᠨ ᠤ᠋ ᠠᠳᠠᠯᠢ ᠬᠤᠭᠤᠴᠠᠭᠠᠨ ᠤ᠋ᠬᠢᠡᠴᠡ 15.2% ᠢ᠋ᠢᠡᠷ ᠨᠡᠮᠡᠭᠳᠡᠵᠦ᠍᠂ ᠡᠬᠢ ᠪᠠᠶᠠᠯᠢᠭ ᠤ᠋ᠨ ᠬᠦᠴᠦᠨ ᠢ᠋ ᠬᠢᠯᠢ ᠢ᠋ᠢᠨ ᠪᠣᠭᠣᠮᠲᠠ ᠢ᠋ᠢᠨ ᠭᠤᠤᠯᠳᠠᠯᠭᠠᠲᠠᠶ ᠲᠥᠷᠥᠯ ᠵᠦᠢᠯ ᠲᠡᠢᠰᠢ ᠬᠡᠯᠪᠡᠶ᠋ᠢᠯᠭᠡᠬᠦ᠌ ᠢ᠋ᠢ ᠠᠬᠢᠭᠤᠯᠤᠨ ᠂ ᠬᠢᠯᠢ ᠢ᠋ᠢᠨ ᠪᠣᠭᠣᠮᠲᠠ ᠢ᠋ᠢᠨ ᠦᠨᠳᠦᠰᠦᠨ ᠪᠥᠲᠥᠭᠡᠨ ᠪᠠᠶ᠋ᠢᠭᠤᠯᠤᠯᠲᠠ᠂ ᠣᠶᠤᠨᠴᠢ ᠪᠡᠷ ᠦᠨᠭᠬᠡᠷᠡᠬᠦ᠂ ᠲᠤᠨᠤᠭ ᠲᠦᠬᠦᠬᠡᠷᠤᠮᠵᠢ ᠢ᠋ᠢ ᠰᠢᠯᠭᠠᠨ ᠪᠠᠢᠴᠠᠭᠠᠬᠤ᠂ ᠡᠳ᠋ ᠪᠠᠷᠠᠭᠠᠨ ᠤ᠋ ᠲᠡᠭᠡᠭᠡᠪᠦᠷᠢ ᠢ᠋ᠢᠨ ᠲᠠᠯᠠᠪᠠᠶ ᠥᠷᠲᠡᠭᠡ᠂ ᠣᠶᠤᠨᠴᠢ ᠪᠡᠷ ᠬᠢᠨᠠᠨ ᠬᠠᠮᠢᠶᠠᠷᠬᠤ ᠲᠥᠬᠥᠭᠡᠷᠦᠮᠵᠢ ᠢ᠋ᠢ ᠲᠠᠰ ᠳᠡᠪᠰᠢᠭᠦᠯᠦᠨ ᠥᠭᠡᠷᠡᠴᠢᠯᠡᠬᠦ᠌ ᠵᠡᠷᠭᠡ ᠢ᠋ᠢ ᠳᠡᠮᠵᠢᠵᠦ᠍᠂ ᠪᠣᠭᠣᠮᠲᠠ ᠪᠡᠷ ᠦᠨᠭᠬᠡᠷᠡᠬᠦ ᠴᠠᠭᠢ ᠶᠡᠬᠡᠪᠡᠷ ᠪᠠᠭᠠᠰᠬᠠᠨ᠂ ᠠᠵᠤ ᠠᠬᠤᠶ᠋ᠢᠯᠠᠯ ᠤ᠋ᠨ ᠪᠣᠭᠣᠮᠲᠠ ᠪᠡᠷ ᠦᠨᠭᠬᠡᠷᠡᠬᠦ ᠥᠪᠡᠷᠦᠨ ᠥᠷᠲᠡᠭᠢ ᠪᠠᠭᠤᠷᠠᠭᠤᠯᠵᠤ᠂ ᠪᠣᠭᠣᠮᠲᠠ ᠪᠡᠷ ᠥᠩᠭᠡᠷᠡᠬᠦ᠌ ᠦᠷᠡ ᠪᠦᠲᠦᠮᠵᠢ ᠪᠠ ᠶᠡᠷᠦᠩᠬᠡᠶ᠋ᠢᠯᠡᠭᠰᠡᠨ ᠤᠢᠯᠡᠴᠢᠯᠡᠬᠡᠨᠦ ᠴᠢᠳᠠᠪᠤᠷᠢ ᠢ᠋ᠢ ᠲᠡᠭᠡᠭᠰᠢᠯᠡᠬᠦᠯᠵᠤ ᠪᠠᠢᠨᠠ᠃ 《ᠪᠥᠬᠥ᠌ ᠣᠷᠣᠨ ᠤ᠋ ᠭᠠᠳᠠᠭᠠᠳᠤ ᠠᠷᠠᠯᠵᠢᠶᠠᠨ ᠤ᠋ ᠬᠢᠯᠢ ᠢ᠋ᠢᠨ ᠪᠣᠭᠣᠮᠲᠠ ᠢ᠋ᠢᠨ ᠠᠵᠢᠯ ᠤ᠋ᠨ ᠡᠷᠴᠢᠮᠯᠢᠭ ᠦᠷᠡ ᠪᠦᠲᠦᠮᠵᠢᠲᠡᠶ ᠬᠥᠭᠵᠢᠬᠦ᠌ ᠢ᠋ᠢ ᠠᠬᠢᠭᠤᠯᠬᠤ ᠭᠤᠷᠪᠠᠨ ᠵᠢᠯᠦᠨ ᠠᠵᠢᠯᠯᠠᠭᠠᠨ ᠤ᠋ ᠲᠥᠰᠦᠯ (2026 —2028 ᠣᠨ)》 ᠤ᠋ᠨ ᠱᠠᠭᠠᠷᠳᠠᠯᠭᠠ ᠶᠣᠰᠣᠭᠠᠷ᠂ ᠬᠢᠯᠢ ᠢ᠋ᠢᠨ ᠪᠣᠭᠣᠮᠲᠠ ᠢ᠋ᠢᠨ ᠬᠥᠭᠵᠢᠯᠲᠡ ᠢ᠋ᠢᠨ ᠲᠤᠰᠬᠠᠶ ᠪᠠᠯᠠ ᠮᠥᠩᠭᠥ ᠢ᠋ᠢ ᠪᠦᠬᠦᠨᠢ ᠮᠠᠨᠵᠤᠤᠷ ᠬᠢᠯᠢ ᠢ᠋ᠢᠨ ᠪᠣᠭᠣᠮᠲᠠ᠂ ᠡᠷᠢᠶᠡᠨ ᠬᠢᠯᠢ ᠢ᠋ᠢᠨ ᠪᠣᠭᠣᠮᠲᠠ ᠵᠡᠷᠭᠡ ᠭᠤᠤᠯᠳᠠᠯᠭᠠᠲᠠᠶ ᠬᠢᠯᠢ ᠢ᠋ᠢᠨ ᠪᠣᠭᠣᠮᠲᠠ ᠢ᠋ᠢᠨ ᠰᠠᠭᠤᠷᠢ ᠲᠦᠬᠦᠬᠡᠷᠤᠮᠵᠢ ᠪᠤᠯᠤᠨ ᠣᠶᠤᠨᠴᠢᠯᠠᠭᠰᠠᠨ ᠲᠥᠷᠥᠯ ᠵᠦᠢᠯ ᠤ᠋ᠨ ᠪᠥᠲᠥᠭᠡᠨ ᠪᠠᠶ᠋ᠢᠭᠤᠯᠤᠯᠲᠠ ᠢ᠋ᠢ ᠳᠡᠮᠵᠢᠬᠦ᠌ᠳᠦ ᠬᠡᠷᠡᠭᠯᠡᠵᠦ᠍᠂ ᠪᠣᠭᠣᠮᠲᠠ ᠢ᠋ᠢᠨ ᠡᠷᠴᠢᠮᠯᠢᠭ ᠦᠷᠡ ᠪᠦᠲᠦᠮᠵᠢᠲᠡᠶ ᠬᠥᠭᠵᠢᠯᠲᠡ ᠢ᠋ᠢ ᠪᠡᠶᠡᠯᠡᠬᠦᠯᠬᠦ ᠪᠤᠯᠤᠨᠡ᠃
ᠮᠥᠩᠭᠥᠨ ᠭᠦᠢᠯᠭᠡᠭᠡᠨᠦ ᠬᠠᠮᠵᠢᠯᠴᠠᠭᠠ ᠪᠡᠷ ᠭᠠᠷᠳᠠᠴᠠ ᠪᠣᠯᠭᠠᠵᠤ᠂ ᠠᠵᠤ ᠦᠢᠯᠡᠰᠦᠨ ᠰᠢᠨᠡ ᠢ᠋ᠢ ᠡᠭᠦᠳᠬᠦ᠌ ᠬᠥᠭᠵᠢᠯᠲᠡ ᠢ᠋ᠢᠨ ᠳᠣᠲᠣᠭᠠᠳᠤ ᠬᠥᠳᠡᠯᠭᠡᠬᠦ᠌ ᠬᠦᠴᠦᠨᠢ ᠬᠦᠭᠵᠢᠬᠡᠪᠡ᠃ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠮᠡᠳᠡᠭᠡ ᠵᠠᠩᠭᠢ ᠢ᠋ᠢᠨ ᠰᠣᠯᠢᠯᠴᠠᠭᠠ᠂ ᠵᠠᠮ ᠬᠠᠷᠢᠯᠴᠠᠭᠠ ᠡᠳ᠋ ᠪᠠᠷᠠᠭᠠᠨ ᠤ᠋ ᠬᠦᠢᠯᠬᠡᠬᠡ᠂ ᠴᠢᠬᠤᠯᠠ ᠡᠯᠧᠮᠧᠨ᠋ᠲᠦᠨ ᠲᠣᠬᠢᠷᠠᠭᠤᠯᠤᠯᠲᠠ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯᠦᠨ ᠰᠢᠨᠡ ᠡᠬᠦᠳᠤᠯᠳᠠ᠂ ᠠᠵᠤ ᠤᠢᠯᠡᠰᠦᠨ ᠬᠠᠮᠲᠤᠷᠠᠯᠴᠠᠭᠠᠵᠢᠨ 《ᠲᠠᠪᠤᠨ ᠶᠡᠬᠡ ᠲᠥᠪ》 ᠤ᠋ᠨ ᠪᠠᠶ᠋ᠢᠷᠢ ᠲᠣᠭᠲᠠᠭᠠᠯᠲᠠᠲᠠᠶ ᠨᠢᠭᠲᠠ ᠤᠶᠠᠯᠳᠤᠭᠤᠯᠤᠨ᠂ ᠲᠤᠰᠬᠠᠶ ᠪᠠᠯᠠ ᠮᠥᠩᠭᠥ᠌ ᠬᠢᠭᠡᠳ ᠠᠵᠤ ᠤᠢᠯᠡᠰᠦᠨ ᠰᠠᠭᠤᠷᠢ ᠮᠥᠩᠭᠥ ᠢ᠋ᠢ ᠨᠢᠭᠡᠳᠦᠯᠲᠡᠶ ᠲᠦᠯᠦᠪᠵᠢᠬᠦᠯᠵᠤ᠂ ᠨᠥᠬᠥᠪᠥᠷᠢ ᠤᠯᠭᠤᠬᠤ᠂ ᠳᠠᠮ ᠬᠦᠦ ᠮᠥᠩᠭᠥ᠌ ᠥᠭᠬᠦ᠌᠂ ᠱᠠᠩᠨᠠᠯᠢᠶᠠᠷ ᠨᠥᠬᠥᠪᠥᠷᠢ ᠢ᠋ᠢ ᠣᠷᠣᠯᠠᠭᠤᠯᠬᠤ᠂ ᠲᠦᠭᠰᠢᠭᠦᠷᠢ ᠢ᠋ᠢᠨ ᠲᠥᠯᠥᠪᠦᠷᠢ ᠥᠭᠬᠦ᠌᠂ ᠪᠠᠯᠠ ᠬᠤᠷᠠᠮᠳᠤᠭᠤᠯᠭᠠ ᠢ᠋ᠢᠨ ᠪᠠᠳᠤᠯᠠᠨ ᠳᠠᠭᠠᠭᠠᠯᠲᠠ ᠬᠢᠬᠦ᠌ ᠵᠡᠷᠭᠡ ᠣᠯᠠᠨ ᠡᠰᠢᠲᠦ᠍ ᠮᠥᠩᠭᠥᠨ ᠬᠦᠢᠯᠬᠡᠬᠡᠨᠦ ᠪᠠᠭᠠᠵᠢ ᠢ᠋ᠢ ᠰᠠᠶ᠋ᠢᠲᠤᠷ ᠬᠡᠷᠡᠭᠯᠡᠵᠦ᠍᠂ ᠬᠢᠯᠢ ᠠᠯᠤᠰᠯᠠᠭᠰᠠᠨ ᠲᠣᠭᠠ ᠪᠠᠷᠢᠮᠲᠠ᠂ ᠣᠯᠠᠨ ᠤᠯᠤᠰ ᠤ᠋ᠨ ᠡᠳ᠋ ᠪᠠᠷᠠᠭᠠᠨ ᠤ᠋ ᠬᠦᠢᠯᠬᠡᠬᠡ᠂ ᠪᠥᠭᠡᠮ ᠵᠢᠡᠷ ᠪᠤᠷᠤᠯᠠᠭᠤᠯᠬᠤ ᠲᠠᠸᠠᠷ ᠤ᠋ᠨ ᠠᠷᠠᠯᠵᠢᠶᠠ᠂ ᠭᠠᠳᠠᠭᠠᠳᠤ ᠬᠠᠨᠳᠤᠯᠭᠠᠳᠤ ᠠᠵᠤ ᠤᠢᠯᠡᠰ ᠵᠡᠷᠭᠡ ᠭᠤᠤᠯᠳᠠᠯᠭᠠᠲᠠᠶ ᠬᠦᠷᠢᠶᠡ ᠢ᠋ᠢ ᠳᠡᠮᠵᠢᠵᠦ᠍᠂ ᠴᠢᠬᠤᠯᠠ ᠡᠯᠧᠮᠧᠨ᠋ᠲᠦᠨ ᠬᠦᠢᠯᠬᠡᠬᠡ᠂ ᠠᠵᠤ ᠤᠢᠯᠡᠰ ᠤ᠋ᠨ ᠲᠥᠪᠯᠡᠷᠡᠯᠵᠡᠷᠭᠡᠵᠢ ᠠᠬᠢᠭᠤᠯᠪᠡ᠃ ᠡᠳ᠋ᠦᠨ ᠵᠠᠰᠠᠭ ᠮᠥᠩᠭᠥᠨ ᠬᠦᠢᠯᠬᠡᠬᠡᠨᠦ ᠬᠠᠮᠵᠢᠯᠴᠠᠨ ᠬᠣᠯᠪᠣᠭᠠᠯᠠᠨ ᠬᠥᠳᠡᠯᠦᠯᠴᠡᠬᠦ᠌ ᠲᠣᠭᠲᠠᠴᠠ ᠢ᠋ᠢ ᠭᠦᠨᠵᠡᠭᠡᠶ᠋ᠢᠷᠡᠭᠦᠯᠵᠦ᠍᠂ ᠡᠳ᠋ᠦᠨ ᠵᠠᠰᠠᠭ ᠤ᠋ᠨ ᠲᠦᠭᠰᠢᠭᠦᠷᠢ ᠢ᠋ᠢᠨ ᠨᠥᠬᠥᠪᠥᠷᠢ᠂ ᠪᠠᠳᠤᠯᠠᠨ ᠳᠠᠭᠠᠭᠠᠯᠲᠠ ᠬᠢᠵᠦ᠍ ᠢᠲᠡᠭᠡᠮᠵᠢ ᠨᠡᠮᠡᠭᠳᠡᠭᠦᠯᠬᠦ᠌ ᠵᠡᠷᠭᠡᠳᠦ ᠲᠦᠰᠢᠭᠯᠡᠨ ᠨᠡᠶ᠋ᠢᠭᠡᠮᠦᠨ ᠬᠥᠷᠥᠩᠭᠡᠳ᠋ᠤ᠌ ᠲᠦᠰᠢᠭᠯᠡᠨ᠂ ᠵᠠᠬᠠ ᠳᠡᠯᠭᠡᠭᠦᠷᠦᠨ ᠭᠤᠤᠯ ᠴᠣᠭᠴᠠ ᠢ᠋ᠢᠨ ᠪᠠᠯᠠ ᠬᠤᠷᠠᠮᠳᠤᠭᠤᠯᠬᠤ ᠠᠷᠭᠠ ᠵᠠᠮᠢ ᠥᠷᠭᠡᠳᠬᠡᠵᠤ᠂ ᠡᠳ᠋ᠦᠨ ᠵᠠᠰᠠᠭ ᠤ᠋ᠨ ᠪᠠᠯᠠ ᠮᠥᠩᠭᠥ ᠢ᠋ᠢᠨ ᠬᠥᠰᠢᠭᠦᠷᠭᠡ ᠢ᠋ᠢᠨ ᠤᠢᠯᠡᠳᠤᠯᠢ ᠪᠠᠳᠠᠷᠠᠭᠤᠯᠵᠤ᠂ ᠣᠷᠣᠰ ᠮᠣᠩᠭᠣᠯ ᠳ᠋ᠤ᠌ ᠬᠠᠨᠳᠤᠭᠤᠯᠤᠭᠰᠠᠨ ᠥᠨᠳᠥᠷ ᠲᠦᠪᠰᠢᠨ ᠪᠥᠬᠥᠶ ᠭᠠᠳᠠᠭᠠᠳᠤ ᠨᠡᠭᠡᠭᠡᠯᠲᠡ ᠢ᠋ᠢᠨ ᠠᠵᠤ ᠤᠢᠯᠡᠰᠦᠨ ᠲᠠᠪᠴᠠᠩᠢ ᠪᠠᠶ᠋ᠢᠭᠤᠯᠬᠤ ᠳ᠋ᠤ᠌ ᠬᠦᠴᠦᠨ ᠨᠡᠮᠡᠷᠢᠯᠡᠪᠡ᠃ ᠡᠭᠦᠨᠦ ᠬᠠᠮᠲᠤ᠌᠂ ᠲᠥᠪ ᠤ᠋ᠨ ᠬᠢᠯᠢ ᠬᠢᠵᠠᠭᠠᠷ ᠣᠷᠣᠨ ᠳ᠋ᠤ᠌ ᠰᠢᠯᠵᠢᠭᠦᠯᠦᠨ ᠥᠭᠬᠦ᠌ ᠪᠡᠯᠡ ᠮᠦᠨᠭᠬᠦ ᠵᠢᠴᠢ ᠡᠯᠡ ᠲᠥᠷᠥᠯᠦᠨ ᠲᠤᠰᠬᠠᠶ ᠪᠠᠯᠠ ᠮᠥᠩᠭᠥ ᠢ᠋ᠢ ᠴᠢᠷᠮᠠᠢᠨ ᠣᠯᠵᠤ᠂ ᠪᠠᠷᠠᠭᠤᠨ ᠣᠷᠣᠨᠢ ᠶᠡᠬᠡ ᠪᠡᠷ ᠨᠡᠭᠡᠭᠡᠨ ᠬᠥᠭᠵᠢᠭᠦᠯᠬᠦ᠌᠂ ᠬᠢᠯᠢ ᠢ᠋ᠢᠨ ᠠᠷᠠᠳ ᠤ᠋ᠨ ᠵᠠᠬᠠ ᠢ᠋ᠢᠨ ᠠᠷᠠᠯᠵᠢᠶᠠ ᠢ᠋ᠢᠨ ᠭᠠᠶ᠋ᠢᠯᠢ ᠢ᠋ᠢ ᠬᠡᠯᠲᠦᠷᠢᠭᠦᠯᠬᠦ᠌ ᠵᠡᠷᠭᠡ ᠭᠠᠶ᠋ᠢᠯᠢ ᠲᠠᠲᠠᠪᠤᠷᠢ ᠢ᠋ᠢᠨ ᠬᠠᠷᠠᠭᠠᠯᠵᠠᠯ ᠤ᠋ᠨ ᠲᠥᠷᠥ ᠢ᠋ᠢᠨ ᠪᠣᠳᠣᠯᠭᠠ ᠢ᠋ᠢ ᠨᠠᠶ᠋ᠢᠳᠠᠪᠤᠷᠢᠵᠢᠭᠤᠯᠵᠤ᠂ ᠠᠵᠤ ᠠᠬᠤᠶ᠋ᠢᠯᠠᠯ ᠤ᠋ᠨ ᠡᠵᠡᠩᠨᠡᠯᠲᠡ ᠢ᠋ᠢᠨ ᠳᠠᠷᠤᠭᠠᠰᠤ ᠢ᠋ᠢ ᠦᠷᠭᠦᠯᠵᠢᠯᠡᠨ ᠬᠥᠩᠭᠡᠷᠡᠭᠦᠯᠦᠨᠡ᠃
ᠠᠮᠵᠢᠯᠲᠠ ᠪᠦᠲᠦᠮᠵᠢ ᠢ᠋ᠢᠨ ᠬᠠᠮᠢᠶᠠᠷᠤᠯᠲᠠ ᠪᠡᠷ ᠪᠠᠷᠢᠮᠵᠢᠶᠠ ᠪᠣᠯᠭᠠᠵᠤ᠂ ᠡᠳ᠋ᠦᠨ ᠵᠠᠰᠠᠭ ᠤ᠋ᠨ ᠡᠬᠢ ᠪᠠᠶᠠᠯᠢᠭᠢ ᠲᠣᠬᠢᠷᠠᠭᠤᠯᠬᠤ ᠦᠷᠡ ᠪᠦᠲᠦᠮᠵᠢ ᠢ᠋ᠢ ᠲᠡᠭᠡᠭᠰᠢᠯᠡᠬᠦᠯᠪᠡ᠃ ᠪᠥᠬᠥ᠌ ᠶᠠᠪᠤᠴᠡ ᠳ᠋ᠤ᠌ ᠪᠢᠲᠡᠭᠦᠮᠵᠢᠯᠡᠭᠰᠡᠨ ᠠᠵᠢᠯ ᠤ᠋ᠨ ᠠᠮᠵᠢᠯᠲᠠ ᠪᠦᠲᠦᠮᠵᠢ ᠢ᠋ᠢᠨ ᠬᠠᠮᠢᠶᠠᠷᠤᠯᠲᠠ ᠢ᠋ᠢᠨ ᠰᠢᠰᠲ᠋ᠧᠮᠢ᠋ ᠪᠠᠶ᠋ᠢᠭᠤᠯᠤᠨ ᠪᠦᠷᠢᠨᠰᠢᠭᠦᠯᠵᠦ᠍᠂ ᠬᠢᠯᠢ ᠢ᠋ᠢᠨ ᠪᠣᠭᠣᠮᠲᠠ ᠢ᠋ᠢᠨ ᠪᠥᠲᠥᠭᠡᠨ ᠪᠠᠶ᠋ᠢᠭᠤᠯᠤᠯᠲᠠ ᠢ᠋ᠢᠨ ᠦᠷᠡ ᠪᠦᠲᠦᠮᠵᠢ᠂ ᠠᠵᠤ ᠤᠢᠯᠡᠰ ᠢ᠋ ᠪᠣᠶ᠋ᠢᠵᠢᠭᠤᠯᠬᠤ ᠠᠬᠢᠴᠠ᠂ ᠪᠠᠯᠠ ᠮᠥᠩᠭᠥ ᠢ᠋ᠢᠨ ᠬᠡᠷᠡᠭᠯᠡᠯᠲᠡ ᠢ᠋ᠢᠨ ᠦᠷᠡ ᠠᠰᠢᠭ᠂ ᠰᠢᠨᠡ ᠢ᠋ᠢ ᠡᠭᠦᠳᠦᠨ ᠨᠠᠶ᠋ᠢᠳᠠᠪᠤᠷᠢᠵᠢᠭᠤᠯᠤᠭᠰᠠᠨ ᠦᠷᠡ ᠪᠦᠲᠦᠭᠡᠯ ᠵᠡᠷᠭᠡ ᠢ᠋ᠢ ᠲᠥᠰᠦᠪᠦᠨ ᠠᠵᠢᠯ ᠤ᠋ᠨ ᠠᠮᠵᠢᠯᠲᠠ ᠪᠦᠲᠦᠮᠵᠢ ᠢ᠋ᠢ ᠦᠨᠡᠯᠡᠬᠦ᠌ ᠬᠦᠢᠴᠡᠳᠬᠡᠯ ᠲᠣᠭᠠ ᠳ᠋ᠤ᠌ ᠤᠷᠤᠭᠤᠯᠪᠡ᠃ ᠬᠡᠷᠡᠭᠦᠨ ᠡᠮᠦᠨᠡ ᠠᠵᠢᠯ ᠤ᠋ᠨ ᠠᠮᠵᠢᠯᠲᠠ ᠪᠦᠲᠦᠮᠵᠢ ᠢ᠋ᠢ ᠦᠨᠡᠯᠡᠨ ᠵᠢᠱ᠌ᠢᠬᠦ᠌᠂ ᠬᠡᠷᠡᠭᠦᠨ ᠳᠤᠮᠳᠠ ᠬᠥᠳᠡᠯᠦᠩᠭᠦᠶᠪᠡᠷ ᠬᠢᠨᠠᠨ ᠡᠵᠡᠮᠳᠡᠬᠦ᠌᠂ ᠬᠡᠷᠡᠭᠦᠨ ᠳᠠᠷᠠᠭᠠ ᠠᠵᠢᠯ ᠤ᠋ᠨ ᠠᠮᠵᠢᠯᠲᠠ ᠪᠦᠲᠦᠮᠵᠢ ᠢ᠋ᠢ ᠦᠨᠡᠯᠡᠬᠦ᠌ ᠪᠥᠬᠥ᠌ ᠬᠡᠯᠬᠢᠶᠡᠪᠡᠷ ᠬᠠᠮᠢᠶᠠᠷᠤᠨ ᠡᠵᠡᠮᠳᠡᠬᠦ᠌ ᠢ᠋ᠢ ᠨᠠᠶ᠋ᠢᠳᠠᠪᠤᠷᠢᠵᠢᠭᠤᠯᠵᠤ᠂ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠤᠷᠤᠨ ᠤ᠋ ᠡᠯᠡ ᠲᠥᠷᠥᠯᠦᠨ ᠲᠡᠳᠬᠦᠨ ᠳᠡᠮᠵᠢᠬᠦ᠌ ᠪᠠᠯᠠ ᠮᠥᠩᠭᠥᠳᠦ ᠪᠥᠬᠥ᠌ ᠶᠠᠪᠤᠴᠠᠪᠡᠷ ᠮᠥᠷᠳᠡᠨ ᠦᠷᠡ ᠪᠦᠲᠦᠮᠵᠢ ᠢ᠋ᠢᠨᠢ ᠠᠰᠠᠭᠤᠬᠤ ᠢ᠋ᠢ ᠬᠡᠷᠡᠭᠵᠢᠭᠦᠯᠪᠡ᠃ ᠬᠠᠲᠠᠭᠤ ᠴᠢᠩᠭᠠ ᠠᠮᠵᠢᠯᠲᠠ ᠪᠦᠲᠦᠮᠵᠢ ᠢ᠋ᠢᠨ ᠬᠢᠵᠠᠭᠠᠷᠯᠠᠯᠢᠶᠠᠷ ᠳᠠᠮᠵᠢᠭᠤᠯᠤᠨ ᠪᠠᠯᠠ ᠮᠥᠩᠭᠥ ᠢ᠋ᠢᠨ ᠣᠷᠣᠭᠤᠯᠤᠯᠲᠠ ᠢ᠋ᠢᠨ ᠬᠠᠨᠳᠤᠰᠢ ᠢ᠋ᠢ ᠰᠢᠯᠢᠳᠡᠭᠵᠢᠭᠦᠯᠵᠦ᠍᠂ ᠰᠢᠯᠵᠢᠭᠦᠯᠦᠨ ᠥᠭᠬᠦ᠌ ᠲᠠᠷᠠᠭᠠᠯᠠᠯ ᠢ᠋ ᠵᠢᠷᠤᠮᠵᠢᠭᠤᠯᠤᠨ᠂ ᠲᠥᠷᠥ ᠢ᠋ᠢᠨ ᠪᠣᠳᠣᠯᠭᠠ ᠢ᠋ᠢᠨ ᠪᠣᠳᠠᠲᠠᠶ᠋ᠢᠵᠢᠭᠤᠯᠬᠤ ᠢ᠋ᠢ ᠲᠦᠷᠭᠡᠳᠬᠡᠵᠦ᠍᠂ ᠠᠵᠤ ᠠᠬᠤᠶ᠋ᠢᠯᠠᠯ ᠳ᠋ᠤ᠌ ᠠᠰᠢᠭ ᠬᠦᠷᠲᠡᠭᠡᠬᠦ᠌ ᠪᠠᠯᠠ ᠮᠥᠩᠭᠥ ᠢ᠋ᠢ ᠰᠢᠭᠤᠳ ᠬᠦᠷᠭᠡᠬᠦ᠌ ᠲᠣᠭᠲᠠᠴᠠ ᠢ᠋ᠢ ᠬᠡᠷᠡᠭᠵᠢᠭᠦᠯᠦᠨ᠂ ᠪᠠᠯᠠ ᠮᠥᠩᠭᠥ ᠢ᠋ᠢ ᠰᠤᠯᠠ ᠪᠠᠶ᠋ᠢᠯᠭᠠᠵᠤ ᠦᠷᠡ ᠠᠰᠢᠭᠢᠶᠠᠷ ᠳᠤᠤᠷᠠ ᠪᠠᠶ᠋ᠢᠯᠭᠠᠬᠤ ᠢ᠋ᠢ ᠬᠣᠷᠢᠭᠯᠠᠵᠤ᠂ ᠡᠳ᠋ᠦᠨ ᠵᠠᠰᠠᠭ ᠤ᠋ᠨ ᠡᠬᠢ ᠪᠠᠶᠠᠯᠢᠭ ᠨᠢᠭᠡᠪᠦᠷᠢ ᠢ᠋ᠢ ᠥᠭᠡᠷᠡᠴᠢᠯᠡᠯᠲᠡ ᠢ᠋ᠢᠨ ᠵᠠᠩᠭᠢᠯᠠᠭᠠ ᠢ᠋ᠢᠨ ᠭᠠᠵᠠᠷᠲᠤ᠌ ᠣᠨᠣᠪᠴᠢᠲᠠᠶ ᠬᠡᠷᠡᠭᠯᠡᠬᠦ᠌ ᠢ᠋ᠢ ᠦᠨᠡᠨ ᠬᠦ᠌ ᠪᠠᠲᠤᠯᠠᠨ᠂ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠤᠷᠤᠨ ᠤ᠋ ᠪᠥᠲᠥᠭᠡᠨ ᠪᠠᠶ᠋ᠢᠭᠤᠯᠤᠯᠲᠠ ᠳ᠋ᠤ᠌ ᠤᠢᠯᠡᠴᠢᠯᠡᠬᠦ ᠡᠳ᠋ᠦᠨ ᠵᠠᠰᠠᠭ ᠤ᠋ᠨ ᠶᠡᠷᠦᠩᠬᠡᠶ᠋ᠢᠯᠡᠭᠰᠡᠨ ᠬᠦᠴᠦᠨ ᠴᠢᠳᠠᠪᠤᠷᠢ ᠢ᠋ᠢ ᠦᠨᠡᠨ ᠬᠦ᠌ ᠲᠡᠭᠡᠭᠰᠢᠯᠡᠬᠦᠯᠵᠤ ᠪᠠᠢᠨᠡ ᠭᠡᠪᠠ᠃
ᠢᠯᠠᠯᠲᠠ ᠢ᠋ᠢᠨ ᠡᠷᠴᠢᠨ ᠳᠡᠭᠡᠷᠡ ᠡᠷᠡᠮᠡᠬᠡᠢᠯᠡᠨ ᠤᠷᠤᠭᠰᠢᠯᠠᠵᠤ᠂ ᠰᠢᠨᠡ ᠠᠮᠵᠢᠯᠳᠡ ᠪᠦᠳᠦᠮᠵᠢ ᠢ᠋ᠢ ᠡᠬᠦᠳᠤᠨᠠ᠃ 《ᠲᠠᠷᠠᠭᠠᠴᠢ ᠢ᠋ᠢᠨ ᠠᠯᠬᠤᠮ ᠳ᠋ᠤ᠌᠂ ᠪᠥᠬᠥ᠌ ᠣᠷᠣᠨ ᠤ᠋ ᠡᠳ᠋ᠦᠨ ᠵᠠᠰᠠᠭ ᠤ᠋ᠨ ᠰᠢᠰᠲ᠋ᠧᠮᠦᠨᠬᠢᠨ ᠤᠯᠤᠰ ᠤ᠋ᠨ ᠪᠠᠶ᠋ᠢᠯᠳᠤᠬᠤ ᠪᠣᠳᠣᠯᠭᠠ ᠳ᠋ᠤ᠌ ᠤᠢᠯᠡᠴᠢᠯᠡᠬᠦ ᠤᠯᠤᠰ ᠲᠥᠷᠥ ᠢ᠋ᠢᠨ ᠬᠠᠷᠢᠭᠤᠴᠠᠯᠭᠠ ᠢ᠋ᠢ ᠢᠮᠠᠭᠲᠠ ᠪᠠᠲᠤ᠌ ᠡᠭᠦᠷᠭᠡᠯᠡᠵᠦ᠍᠂ ᠡᠳ᠋ᠦᠨ ᠬᠦᠴᠦᠨᠢ ᠨᠢᠭᠡᠳᠦᠯᠲᠡᠶ ᠲᠥᠯᠥᠪᠵᠢᠭᠦᠯᠬᠦ᠌ ᠲᠣᠭᠲᠠᠴᠠ ᠢ᠋ᠢ ᠦᠷᠭᠦᠯᠵᠢᠯᠡᠨ ᠰᠢᠯᠢᠳᠡᠭᠵᠢᠭᠦᠯᠵᠦ᠍᠂ ᠡᠳ᠋ᠦᠨ ᠵᠠᠰᠠᠭ ᠭᠠᠶ᠋ᠢᠯᠢ ᠢ᠋ᠢᠨ ᠬᠦᠴᠦᠨ ᠣᠯᠭᠣᠬᠤ ᠠᠷᠭᠠ ᠵᠠᠮ ᠢ᠋ ᠰᠢᠨᠡᠴᠢᠯᠠᠵᠤ᠂ ᠪᠣᠳᠠᠲᠠᠶ ᠢ᠋ᠢ ᠡᠷᠬᠢᠮᠯᠡᠭᠰᠡᠨ ᠪᠦᠲᠦᠮᠵᠢᠲᠡᠶ ᠡᠳ᠋ᠦᠨ ᠵᠠᠰᠠᠭ ᠤ᠋ᠨ ᠪᠠᠲᠤᠯᠠᠭᠠ ᠪᠡᠷ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠡᠯᠡ ᠵᠦᠢᠯ ᠤ᠋ᠨ ᠥᠭᠡᠷᠡᠴᠢᠯᠡᠯᠲᠡ ᠢ᠋ᠢᠨ ᠡᠭᠦᠷᠭᠡ ᠢ᠋ᠢ ᠪᠣᠳᠠᠲᠠᠶ ᠳ᠋ᠤ᠌ ᠨᠠᠶ᠋ᠢᠳᠠᠪᠤᠷᠢᠵᠢᠭᠤᠯᠤᠨ ᠦᠷᠡ ᠪᠦᠲᠦᠮᠵᠢ ᠤᠯᠬᠤ ᠢ᠋ᠢ ᠠᠬᠢᠭᠤᠯᠵᠤ᠂ ᠳᠤᠮᠳᠠᠳᠤ ᠤᠯᠤᠰ ᠤ᠋ᠨ ᠮᠠᠶᠢᠭᠤᠨ ᠣᠳᠣᠬᠢᠴᠢᠯᠠᠯᠳᠠᠵᠢᠨ ᠥᠪᠥᠷ ᠮᠣᠩᠭᠣᠯ ᠤ᠋ᠨ ᠰᠢᠨᠡ ᠬᠠᠭᠤᠳᠠᠰᠤ ᠢ᠋ᠢ ᠪᠢᠴᠢᠭᠯᠡᠬᠦ᠌ᠳᠦ ᠪᠠᠲᠤ᠌ ᠪᠠᠬᠢ ᠡᠳ᠋ᠦᠨ ᠵᠠᠰᠠᠭ ᠤ᠋ᠨ ᠲᠤᠯᠭᠠᠭᠤᠷᠢᠯᠠᠯ ᠬᠠᠩᠭᠠᠨᠠ》 ᠭᠡᠵᠦ᠍ ᠦ᠋ ᠵᠢᠶᠠᠨ ᠶᠠᠷᠢᠵᠤ ᠪᠠᠢᠯᠡ᠃