ᠡᠨᠡ ᠵᠢᠯ᠂ ᠥᠪᠥᠷ ᠮᠤᠩᠭᠤᠯ ᠴᠢᠬᠤᠯᠠ ᠶᠡᠬᠡ ᠲᠥᠷᠥᠯ ᠵᠦᠢᠯ᠎ᠦᠨ ᠪᠥᠲᠥᠭᠡᠨ ᠪᠠᠶ᠋ᠢᠭᠤᠯᠤᠯᠲᠠ᠎ᠪᠠᠷ ᠪᠠᠯᠠ ᠣᠷᠣᠭᠤᠯᠤᠯᠲᠠ᠎ᠶᠢ ᠲᠣᠭᠲᠠᠪᠤᠷᠢᠵᠢᠭᠤᠯᠬᠤ ᠪᠠ ᠬᠥᠭᠵᠢᠯᠲᠡ᠎ᠶᠢ ᠠᠬᠢᠭᠤᠯᠬᠤ ᠴᠢᠬᠤᠯᠠ ᠬᠥᠳᠡᠯᠭᠡᠭᠦᠷ ᠪᠣᠯᠭᠠᠵᠤ᠂ ᠪᠥᠬᠥ᠌ ᠵᠢᠯ᠎ᠦᠨ ᠲᠣᠭᠲᠠᠮᠠᠯ ᠬᠥᠷᠥᠩᠭᠡ᠎ᠶᠢᠨ ᠪᠠᠯᠠ ᠣᠷᠣᠭᠤᠯᠤᠯᠲᠠ᠎ᠶᠢᠨ ᠬᠠᠷᠠᠯᠲᠠᠲᠤ᠌ ᠡᠭᠦᠷᠭᠡ᠎ᠲᠡᠶ ᠨᠢᠭᠲᠠ ᠤᠶᠠᠯᠳᠤᠭᠤᠯᠤᠨ᠂ ᠡᠯ᠎ᠡ ᠲᠠᠯ᠎ᠠ᠎ᠶᠢᠨ ᠬᠠᠷᠢᠭᠤᠴᠠᠯᠭ᠎ᠠ᠎ᠶᠢ ᠪᠣᠳᠠᠲᠠᠶ᠋ᠢᠵᠢᠭᠤᠯᠵᠤ᠂ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ᠌ ᠠᠵᠢᠯ᠎ᠤᠨ ᠲᠣᠭᠲᠠᠴᠠ᠎ᠶᠢᠨ ᠦᠢᠯᠡᠳᠦᠯ᠎ᠢ ᠪᠠᠳᠠᠷᠠᠭᠤᠯᠤᠨ᠂ ᠲᠥᠷᠥᠯ ᠵᠦᠢᠯ᠎ᠦᠨ ᠪᠠᠷᠢᠯᠭ᠎ᠠ ᠡᠬᠢᠯᠡᠭᠦᠯᠦᠨ ᠪᠥᠲᠥᠭᠡᠨ ᠪᠠᠶ᠋ᠢᠭᠤᠯᠬᠤ᠎ᠶᠢ ᠪᠥᠬᠥ᠌ ᠬᠦᠴᠦᠨ᠎ᠢᠶᠡᠷ ᠠᠬᠢᠭᠤᠯᠵᠤ᠂ ᠪᠠᠯᠠ ᠣᠷᠣᠭᠤᠯᠤᠯᠲᠠ᠎ᠶᠢᠨ ᠡᠷᠴᠢᠮ᠎ᠢᠶᠡᠨ ᠲᠦᠷᠭᠡᠳᠬᠡᠨ᠂ ᠴᠢᠬᠤᠯᠠ ᠶᠡᠬᠡ ᠲᠥᠷᠥᠯ ᠵᠦᠢᠯ᠎ᠦᠨ ᠪᠥᠲᠥᠭᠡᠨ ᠪᠠᠶ᠋ᠢᠭᠤᠯᠤᠯᠲᠠ᠎ᠶᠢ ᠯᠠᠪᠳᠠᠭᠤᠨ᠎ᠢᠶᠠᠷ ᠠᠬᠢᠭᠤᠯᠵᠠᠢ᠃
6 ᠰᠠᠷ᠎ᠠ᠎ᠶᠢᠨ ᠳᠤᠮᠳᠠᠴᠢ ᠪᠣᠯᠲᠠᠯ᠎ᠠ᠂ ᠥᠪᠥᠷ ᠮᠤᠩᠭᠤᠯ 2026 ᠣᠨ᠎ᠳᠤ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ5000 ᠲᠦᠮᠡᠨ ᠲᠥᠭᠥᠷᠢᠭ᠎ᠡᠴᠡ ᠳᠡᠭᠡᠭᠰᠢ ᠲᠦᠷᠦᠯ ᠵᠦᠢᠯ ᠪᠠ ᠠᠵᠤ ᠠᠬᠤᠶ᠋ᠢᠯᠠᠯ᠎ᠤᠨ ᠪᠡᠯᠡ ᠤᠷᠤᠭᠤᠯᠤᠯᠳᠠ ᠳ᠋ᠦᠩᠰᠢᠭᠤᠷ ᠲᠥᠭᠥᠷᠢᠭ᠎ᠡᠴᠡ ᠳᠡᠭᠡᠭᠰᠢᠬᠢ ᠲᠥᠷᠥᠯ ᠵᠦᠢᠯ᠎ᠢ ᠨᠡᠶ᠋ᠢᠲᠡ 3668 ᠬᠡᠷᠡᠭᠵᠢᠭᠦᠯᠬᠦ᠌᠎ᠪᠡᠷ ᠲᠥᠯᠥᠪᠯᠡᠵᠦ᠍᠂ ᠶᠡᠷᠦᠩᠬᠡᠶ ᠪᠠᠯᠠ ᠣᠷᠣᠭᠤᠯᠤᠯᠲᠠ᠎ᠨᠢ 3.4 ᠲᠦᠮᠡᠨ ᠳ᠋ᠦᠩᠰᠢᠭᠤᠷ ᠲᠥᠭᠥᠷᠢᠭ᠎ᠲᠦ᠍ ᠬᠦᠷᠴᠦ᠍᠂ ᠵᠢᠯ᠎ᠳᠤ 10697 ᠳ᠋ᠦᠩᠰᠢᠭᠤᠷ ᠲᠥᠭᠥᠷᠢᠭ᠎ᠦᠨ ᠪᠠᠯᠠ ᠣᠷᠣᠭᠤᠯᠤᠯᠲᠠ᠎ᠶᠢ ᠪᠡᠶᠡᠯᠡᠭᠦᠯᠬᠦ ᠪᠡᠷ ᠲᠦᠯᠦᠪᠯᠡᠵᠦ᠂ 2025 ᠣᠨ᠎ᠤ᠎ᠬᠢ᠎ᠡᠴᠡ ᠲᠣᠰ ᠲᠣᠰ 325 ᠳ᠋ᠦᠩᠰᠢᠭᠤᠷ ᠲᠥᠭᠥᠷᠢᠭ᠂ 2 ᠳ᠋ᠦᠩᠰᠢᠭᠤᠷ ᠲᠥᠭᠥᠷᠢᠭ ᠪᠠ 879 ᠳ᠋ᠦᠩᠰᠢᠭᠤᠷ ᠲᠥᠭᠥᠷᠢᠭ ᠨᠡᠮᠡᠭᠳᠡᠵᠦ᠍᠂ ᠪᠥᠬᠥ᠌ ᠵᠢᠯ᠎ᠦᠨ ᠲᠣᠭᠲᠠᠮᠠᠯ ᠬᠥᠷᠥᠩᠭᠡ᠎ᠶᠢᠨ ᠪᠠᠯᠠ ᠣᠷᠣᠭᠤᠯᠤᠯᠲᠠ᠎ᠶᠢ 8% ᠪᠠᠷ ᠨᠡᠮᠡᠭᠳᠡᠭᠦᠯᠬᠦ᠌ ᠬᠠᠷᠠᠯᠲᠠ᠎ᠳᠤ ᠪᠠᠲᠤ᠌ ᠪᠠᠬᠢ ᠲᠤᠯᠭᠠᠭᠤᠷᠢᠯᠠᠯ ᠬᠠᠩᠭᠠᠵᠠᠢ᠃ ᠡᠭᠦᠨ᠎ᠦ ᠬᠠᠮᠲᠤ᠌᠂ ᠲᠥᠷᠥᠯ ᠵᠦᠢᠯ᠎ᠦᠨ ᠪᠦᠲᠦᠴᠡ᠎ᠳᠦ ᠬᠤᠪᠢᠷᠠᠯᠲᠠ ᠭᠠᠷᠴᠠᠶ᠄ ᠰᠢᠨ᠎ᠡ᠎ᠪᠡᠷ ᠪᠠᠶ᠋ᠢᠭᠤᠯᠬᠤ ᠲᠥᠷᠥᠯ ᠵᠦᠢᠯ᠎ᠦᠨ ᠡᠵᠡᠯᠡᠬᠦ᠌ ᠬᠠᠷᠢᠴᠠᠯ 53% ᠳ᠋ᠤ ᠬᠦᠷᠴᠦ᠍᠂ ᠦᠷᠭᠦᠯᠵᠢᠯᠡᠨ ᠪᠠᠶ᠋ᠢᠭᠤᠯᠬᠤ ᠲᠥᠷᠥᠯ ᠵᠠᠭᠤᠨ᠎ᠤ ᠬᠠᠷᠢᠴᠡᠯ᠎ᠢᠶᠡᠷ 6 ᠬᠤᠪᠢ ᠥᠨᠳᠥᠷ ᠪᠣᠯᠵᠦ᠂ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠴᠠᠢ; ᠠᠷᠠᠳ᠎ᠤᠨ ᠡᠵᠡᠩᠨᠡᠯᠳᠡ᠎ᠶᠢᠨ ᠬᠦᠷᠦᠨᠭᠭᠡ᠎ᠶᠢᠨ ᠪᠡᠯᠡ ᠣᠷᠣᠭᠤᠯᠤᠯᠲᠠ᠎ᠶᠢᠨ ᠡᠵᠡᠯᠡᠬᠦ᠌ ᠬᠠᠷᠢᠴᠠᠯ 52% ᠪᠠᠶ᠋ᠢᠵᠤ᠂ ᠤᠯᠤᠰ᠎ᠤᠨ ᠥᠮᠴᠢᠯᠡᠯ᠎ᠦᠨ ᠬᠦᠷᠦᠨᠭᠭᠡ᠎ᠡᠴᠡ ᠵᠠᠭᠤᠨ᠎ᠤ ᠬᠠᠷᠢᠴᠡᠯ᠎ᠢᠶᠡᠷ 4 ᠬᠤᠪᠢ ᠳᠠᠪᠠᠵᠤ᠂ ᠵᠠᠬ᠎ᠠ ᠳᠡᠯᠭᠡᠭᠦᠷ᠎ᠦᠨ ᠠᠮᠢᠳᠤᠯᠢᠭ ᠬᠦᠴᠦᠨ᠎ᠢ ᠤᠯᠠᠮ ᠨᠢᠭᠡ ᠠᠯᠬᠤᠮ ᠴᠢᠩᠭᠠᠷᠠᠭᠤᠯᠵᠠᠢ; ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶᠢᠨ ᠲᠦᠷᠦᠯ ᠵᠦᠢᠯ᠎ᠦᠨ ᠡᠵᠡᠯᠡᠬᠦ᠌ ᠬᠠᠷᠢᠴᠠᠯ 3 ᠵᠢᠯ ᠳᠠᠷᠠᠭᠠᠯᠠᠨ 15% ᠡᠴᠡ ᠳᠣᠷᠣᠭᠰᠢ (ᠣᠳᠣᠬᠠᠨ᠎ᠳᠤ 12%) ᠪᠠᠶ᠋ᠢᠬᠤ᠎ᠶᠢ ᠪᠠᠲᠤᠯᠠᠵᠤ᠂ ᠥᠷᠢ ᠥᠭᠴᠡᠭᠡ᠎ᠶᠢ ᠠᠷᠢᠯᠭᠠᠬᠤ ᠶᠡᠬᠡ ᠲᠠᠯ᠎ᠠ᠎ᠳᠤ ᠪᠦᠲᠦᠮᠵᠢᠲᠡᠢ ᠦᠢᠯᠡᠴᠢᠯᠡᠵᠠᠢ᠃
ᠴᠢᠬᠤᠯᠠ ᠶᠡᠬᠡ ᠲᠥᠷᠥᠯ ᠵᠦᠢᠯ᠎ᠢ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ᠌ ᠪᠦᠷᠢᠨ ᠲᠡᠭᠦᠯᠳᠡᠷ ᠠᠵᠢᠯ᠎ᠤᠨ ᠲᠣᠭᠲᠠᠴᠠ᠎ᠳᠤ ᠲᠦᠰᠢᠭᠯᠡᠨ᠂ ᠡᠯ᠎ᠡ ᠱᠠᠲᠤᠨ᠎ᠤ ᠬᠢᠨᠠᠨ ᠵᠥᠪᠰᠢᠶᠡᠷᠡᠬᠦ᠌ ᠰᠠᠯᠠᠭ᠎ᠠ ᠮᠥᠴᠢᠷ᠎ᠦᠳ ᠬᠥᠨᠳᠡᠯᠡᠨ᠎ᠢᠶᠡᠷ ᠬᠠᠮᠵᠢᠯᠴᠠᠵᠤ᠂ ᠭᠤᠯᠳᠤ᠎ᠪᠠᠷ ᠬᠣᠯᠪᠣᠭᠠᠯᠠᠨ ᠬᠥᠳᠡᠯᠦᠯᠴᠡᠵᠦ᠍᠂ ᠲᠥᠪᠯᠡᠷᠡᠭᠦᠯᠦᠨ ᠪᠣᠭᠣᠮᠲᠠ ᠰᠢᠪᠲᠤᠯᠬᠤ ᠲᠥᠷᠥᠯ ᠵᠦᠢᠯ᠎ᠦᠨ ᠡᠮᠦᠨᠡᠬᠢ ᠬᠤᠭᠤᠴᠠᠭᠠᠨ᠎ᠤ ᠭᠠᠷᠳᠠᠮ᠎ᠢ ᠭᠦᠢᠴᠡᠳᠬᠡᠵᠠᠢ᠃ 1940 ᠰᠢᠨ᠎ᠡ᠎ᠪᠡᠷ ᠪᠠᠶ᠋ᠢᠭᠤᠯᠬᠤ ᠲᠥᠷᠥᠯ ᠵᠦᠢᠯ᠎ᠦᠨ ᠳᠣᠲᠣᠷ᠎ᠠ᠂ ᠨᠢᠭᠡᠨᠲᠡ 1775 ᠲᠥᠷᠥᠯ ᠵᠦᠢᠯ᠎ᠦᠨ 10 ᠵᠦᠢᠯ᠎ᠦᠨ ᠭᠣᠣᠯ ᠪᠣᠯᠬᠤ ᠡᠮᠦᠨᠡᠬᠢ ᠬᠤᠭᠤᠴᠠᠭᠠᠨ᠎ᠤ ᠭᠠᠷᠳᠠᠮ᠎ᠢ ᠭᠦᠢᠴᠡᠳᠬᠡᠵᠦ᠍᠂ ᠭᠦᠢᠴᠡᠳᠬᠡᠵᠦ᠍ ᠳᠠᠭᠤᠰᠬᠠᠭᠰᠠᠨ ᠨᠣᠷᠮ᠎ᠠ ᠨᠢ 91% ᠪᠤᠯᠵᠠᠢ᠃ ᠡᠭᠦᠨ᠎ᠦ ᠬᠠᠮᠲᠤ᠌᠂ ᠭᠤᠷᠪᠠᠨ ᠱᠠᠲᠤ᠌ ᠬᠠᠮᠲᠤᠷᠠᠨ ᠬᠢᠨᠠᠨ ᠬᠠᠮᠲᠤᠷᠠᠨ ᠵᠥᠪᠰᠢᠶᠡᠷᠡᠬᠦ᠌᠎ᠪᠡᠷ ᠳᠡᠮᠵᠢᠨ ᠬᠠᠮᠲᠤ᠎ᠪᠠᠷ ᠠᠬᠢᠭᠤᠯᠵᠤ᠂ ᠰᠢᠨ᠎ᠡ᠎ᠪᠡᠷ ᠲᠥᠯᠥᠪᠯᠡᠭᠰᠡᠨ 593 《ᠠᠷᠪᠠᠨ ᠲᠠᠪᠤᠳᠤᠭᠠᠷ ᠲᠠᠪᠤᠨ ᠵᠢᠯ》 ᠤ᠋ᠨ ᠨᠥᠭᠡᠴᠡ ᠲᠥᠷᠥᠯ ᠵᠦᠢᠯ (ᠶᠡᠷᠦᠩᠬᠡᠶ ᠪᠠᠯᠠ ᠣᠷᠣᠭᠤᠯᠤᠯᠲᠠ᠎ᠨᠢ ᠪᠠᠷᠤᠭ 1 ᠲᠦᠮᠡᠨ ᠳ᠋ᠦᠩᠰᠢᠭᠤᠷ ᠲᠥᠭᠥᠷᠢᠭ) ᠤ᠋ᠨ ᠡᠮᠦᠨᠡᠬᠢ ᠬᠤᠭᠤᠴᠠᠭᠠᠨ᠎ᠤ ᠠᠵᠢᠯ ᠢᠯᠡᠳᠲᠡ ᠲᠦᠷᠭᠡᠳᠴᠡᠢ᠃
6 ᠰᠠᠷ᠎ᠠ᠎ᠶᠢᠨ ᠳᠤᠮᠳᠠᠴᠢ ᠪᠣᠯᠲᠠᠯ᠎ᠠ᠂ ᠥᠪᠥᠷ ᠮᠤᠩᠭᠤᠯ᠎ᠤᠨ 3412 ᠲᠥᠷᠥᠯ ᠵᠦᠢᠯ ᠠᠵᠢᠯ᠎ᠢᠶᠠᠨ ᠡᠬᠢᠯᠡᠭᠦᠯᠦᠨ ᠠᠵᠢᠯ᠎ᠢᠶᠡᠨ ᠰᠡᠷᠭᠦᠭᠡᠵᠦ᠍᠂ ᠠᠵᠢᠯ᠎ᠢᠶᠠᠨ ᠡᠬᠢᠯᠡᠭᠦᠯᠦᠨ ᠠᠵᠢᠯ᠎ᠢᠶᠡᠨ ᠰᠡᠷᠭᠦᠭᠡᠭᠰᠡᠨ ᠨᠣᠷᠮ᠎ᠠ 93% ᠳ᠋ᠤ ᠬᠥᠷᠪᠡ᠃ ᠡᠭᠦᠨ᠎ᠳᠦ᠂ ᠦᠷᠭᠦᠯᠵᠢᠯᠡᠨ ᠪᠠᠶ᠋ᠢᠭᠤᠯᠬᠤ ᠲᠥᠷᠥᠯ ᠵᠦᠢᠯ 1725 ᠪᠠᠶ᠋ᠢᠵᠤ᠂ ᠠᠵᠢᠯ᠎ᠢᠶᠠᠨ ᠰᠡᠷᠭᠦᠭᠡᠭᠰᠡᠨ ᠨᠣᠷᠮ᠎ᠠ 99.8% ᠳ᠋ᠤ ᠬᠦᠷᠴᠠᠢ; ᠰᠢᠨ᠎ᠡ᠎ᠪᠡᠷ ᠪᠠᠢᠭᠤᠯᠬᠤ 1687 ᠲᠥᠷᠥᠯ ᠵᠦᠢᠯ ᠠᠵᠢᠯ᠎ᠢᠶᠡᠨ ᠡᠬᠢᠯᠡᠭᠦᠯᠦᠨ᠂ ᠠᠵᠢᠯ ᠡᠬᠢᠯᠡᠭᠦᠯᠦᠭᠰᠡᠨ ᠨᠣᠷᠮ᠎ᠠ 87% ᠪᠣᠯᠵᠠᠢ᠃ ᠵᠢᠯ᠎ᠦᠨ ᠪᠥᠲᠥᠭᠡᠨ ᠪᠠᠶ᠋ᠢᠭᠤᠯᠤᠯᠲᠠ᠎ᠶᠢᠨ ᠪᠠᠯᠠ ᠣᠷᠣᠭᠤᠯᠤᠯᠲᠠ᠎ᠶᠢ 4215 ᠳ᠋ᠦᠩᠰᠢᠭᠤᠷ ᠲᠥᠭᠥᠷᠢᠭ ᠪᠡᠶᠡᠯᠡᠭᠦᠯᠵᠦ᠍᠂ ᠪᠠᠯᠠ ᠣᠷᠣᠭᠤᠯᠤᠯᠲᠠ᠎ᠶᠢ ᠪᠡᠶᠡᠯᠡᠭᠦᠯᠦᠭᠰᠡᠨ ᠨᠣᠷᠮ᠎ᠠ 39% ᠪᠣᠯᠵᠠᠢ᠃ ᠦᠷᠭᠦᠯᠵᠢᠯᠡᠨ ᠪᠠᠶ᠋ᠢᠭᠤᠯᠬᠤ ᠲᠥᠷᠥᠯ ᠵᠦᠢᠯ᠎ᠦᠨ ᠬᠤᠪᠢ ᠨᠡᠮᠡᠷᠢ᠎ᠶᠢᠨ ᠪᠡᠯᠡ ᠣᠷᠣᠭᠤᠯᠤᠯᠲᠠ 2367 ᠳ᠋ᠦᠩᠰᠢᠭᠤᠷ ᠲᠥᠭᠥᠷᠢᠭ ᠪᠠᠶ᠋ᠢᠵᠤ᠂ ᠪᠡᠶᠡᠯᠡᠭᠦᠯᠦᠭᠰᠡᠨ ᠨᠣᠷᠮ᠎ᠠ ᠨᠢ 47% ᠪᠣᠯᠵᠠᠢ; ᠰᠢᠨ᠎ᠡ᠎ᠪᠡᠷ ᠪᠠᠶ᠋ᠢᠭᠤᠯᠬᠤ ᠲᠥᠷᠥᠯ ᠵᠦᠢᠯ᠎ᠳᠦ 1848 ᠳ᠋ᠦᠩᠰᠢᠭᠤᠷ ᠲᠥᠭᠥᠷᠢᠭ᠎ᠦᠨ ᠪᠠᠯᠠ ᠣᠷᠣᠭᠤᠯᠤᠯᠲᠠ᠎ᠶᠢ ᠪᠡᠶᠡᠯᠡᠭᠦᠯᠵᠦ᠍᠂ ᠪᠡᠶᠡᠯᠡᠭᠦᠯᠦᠭᠰᠡᠨ ᠨᠣᠷᠮ᠎ᠠ ᠨᠢ 33% ᠳ᠋ᠤ ᠬᠦᠷᠴᠦ᠍᠂ ᠴᠢᠬᠤᠯᠠ ᠶᠡᠬᠡ ᠲᠥᠷᠥᠯ ᠵᠦᠢᠯ᠎ᠦᠨ ᠪᠥᠲᠥᠭᠡᠨ ᠪᠠᠶ᠋ᠢᠭᠤᠯᠤᠯᠲᠠ᠎ᠶᠢᠨ ᠡᠷᠴᠢᠮ ᠶᠠᠭ ᠠᠯᠬᠤᠮ ᠠᠯᠬᠤᠮ᠎ᠢᠶᠠᠷ ᠴᠢᠩᠭᠠᠷᠠᠵᠦ ᠪᠤᠢ᠃