ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ ᠦᠶᠡᠷ ᠤ᠋ᠨ ᠬᠤᠭᠤᠴᠠᠭᠠᠨ ᠳ᠋ᠤ ᠤᠷᠤᠬᠰᠠᠨ ᠡᠴᠡ ᠨᠠᠭᠠᠰᠢ ᠪᠦᠬᠦ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠰᠠᠯᠠᠭ᠎ᠠ ᠮᠥᠴᠢᠷ ᠤ᠋ᠨ ᠬᠢᠨ ᠰᠠᠨᠠᠭᠠᠴᠢᠯᠠᠭ᠎ᠠ ᠡᠴᠡ ᠪᠠᠨ ᠬᠠᠮᠢᠶᠠᠷᠤᠨ ᠡᠵᠡᠮᠳᠡᠵᠦ᠍᠂ ᠪᠡᠯᠡᠳᠬᠡᠯ ᠬᠦᠴᠦᠨ ᠢ᠋ ᠦᠨᠡᠨ ᠬᠦ᠌ ᠪᠠᠲᠤᠯᠠᠨ᠂ ᠦᠶᠡᠷ ᠤᠰᠤᠳᠤᠯ ᠢ᠋ ᠰᠡᠷᠭᠡᠶ᠋ᠢᠯᠡᠨ ᠠᠷᠭᠠᠴᠠᠭᠠᠬᠤ ᠡᠯ᠎ᠡ ᠵᠦᠢᠯ ᠤ᠋ᠨ ᠠᠵᠢᠯ ᠢ᠋ ᠰᠠᠶ᠋ᠢᠲᠤᠷ ᠬᠢᠵᠤ᠂ ᠦᠶᠡᠷ ᠢ᠋ ᠰᠡᠷᠭᠡᠶ᠋ᠢᠯᠡᠬᠦ᠌ 《ᠠᠮᠤᠷ ᠲᠦᠪᠰᠢᠨ ᠤ᠋ ᠲᠤᠤᠷ》 ᠢ᠋ ᠨᠢᠭᠳᠠ ᠰᠦᠯᠵᠢᠵᠤ ᠪᠠᠢᠨ᠎ᠠ᠃
ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠵᠠᠰᠠᠮᠠᠯ ᠵᠠᠮ ᠤ᠋ᠨ ᠦᠶᠡᠷ ᠤ᠋ᠨ ᠬᠤᠭᠤᠴᠠᠭᠠᠨ ᠤ᠋ ᠭᠠᠮᠰᠢᠭ ᠤ᠋ᠨ ᠲᠦᠭᠰᠢᠭᠦᠷᠢ ᠢ᠋ᠢ ᠵᠢᠭᠰᠠᠭᠠᠨ ᠪᠠᠶ᠋ᠢᠴᠠᠭᠠᠬᠤ 《ᠨᠠᠷᠢᠨ ᠬᠠᠭᠤᠳᠠᠰᠤ》 ᠢ᠋ᠢ ᠪᠦᠷᠢᠯᠳᠦᠭᠦᠯᠵᠤ᠂ ᠨᠠᠷᠢᠨ ᠬᠠᠭᠤᠳᠠᠰᠤ ᠲᠠᠢ ᠬᠠᠷᠭᠤᠭᠤᠯᠤᠨ ᠨᠡᠯᠢᠶᠡᠳ ᠶᠡᠬᠡ ᠲᠦᠭᠰᠢᠭᠦᠷᠢ ᠲᠠᠢ ᠵᠠᠰᠠᠮᠠᠯ ᠵᠠᠮ ᠤ᠋ᠨ ᠬᠡᠰᠡᠭ ᠪᠤᠯᠤᠨ ᠬᠡᠮ ᠰᠣᠭᠣᠭ ᠤ᠋ᠨ ᠴᠡᠭ ᠲᠦ᠍ ᠬᠦᠮᠤᠨ ᠤ᠋ ᠬᠦᠴᠦᠨ ᠲᠤᠬᠢᠷᠠᠭᠤᠯᠤᠨ᠂ ᠳᠠᠷᠤᠢᠬᠠᠨ ᠥᠭᠡᠷᠡᠴᠢᠯᠡᠨ ᠵᠠᠰᠠᠵᠤ ᠪᠣᠯᠬᠤ ᠬᠡᠮ ᠰᠣᠭᠣᠭ ᠤ᠋ᠨ ᠴᠡᠭ ᠢ᠋ ᠪᠦᠬᠦᠨ ᠢ᠋ ᠴᠡᠭᠴᠡᠯᠡᠨ ᠰᠠᠢᠵᠢᠷᠠᠭᠤᠯᠵᠤ᠂ ᠡᠨᠡ ᠵᠢᠯ ᠤ᠋ᠨ 4 ᠰᠠᠷ᠎ᠠ ᠡᠴᠡ ᠨᠠᠭᠠᠰᠢ 2925 ᠲᠣᠭᠣᠷᠢᠨ ᠪᠠᠶ᠋ᠢᠴᠠᠭᠠᠬᠰᠠᠨ ᠲᠠᠩᠰᠠᠨ ᠨᠣᠮᠧᠷ ᠢ᠋ ᠪᠠᠶ᠋ᠢᠭᠤᠯᠪᠠ᠃ ᠪᠠᠶ᠋ᠢᠭᠠᠯᠢ ᠢ᠋ᠢᠨ ᠡᠬᠢ ᠪᠠᠶᠠᠯᠢᠭ᠂ ᠤᠰᠤᠨ ᠠᠰᠢᠭᠯᠠᠯᠲᠠ ᠢ᠋ᠢᠨ ᠰᠠᠯᠠᠭ᠎ᠠ ᠮᠥᠴᠢᠷ ᠲᠡᠶ ᠢᠳᠡᠪᠬᠢᠲᠡᠶ ᠵᠣᠯᠭᠠᠭᠤᠯᠵᠤ ᠪᠠᠢᠭᠠᠳ 2026 ᠣᠨ ᠤ᠋ ᠪᠠᠶ᠋ᠢᠭᠠᠯᠢ ᠢ᠋ᠢᠨ ᠭᠠᠮᠰᠢᠭ ᠤ᠋ᠨ ᠲᠦᠭᠰᠢᠭᠦᠷᠢ ᠢ᠋ᠢᠨ ᠰᠢᠨᠡᠳᠬᠡᠭᠰᠡᠨ ᠲᠣᠭ᠎ᠠ ᠪᠠᠷᠢᠮᠲᠠ ᠢ᠋ᠢ ᠣᠯᠵᠤ᠂ ᠲᠦᠷᠭᠡᠨ ᠤ᠋ ᠵᠠᠰᠠᠮᠠᠯ ᠵᠠᠮ ᠵᠢᠴᠢ ᠭᠤᠤᠯᠳᠠᠯᠭ᠎ᠠ ᠲᠠᠢ ᠵᠠᠰᠠᠮᠠᠯ ᠵᠠᠮ ᠤ᠋ᠨ ᠲᠤᠤᠷᠵᠢᠯ ᠵᠢᠷᠤᠭ ᠲᠠᠢ ᠬᠠᠷᠭᠤᠭᠤᠯᠤᠨ᠂ 68 ᠵᠤᠷᠪᠤᠰ ᠵᠠᠰᠠᠮᠠᠯ ᠵᠠᠮ ᠤ᠋ᠨ ᠤᠷᠤᠨ ᠡᠴᠡ ᠭᠠᠳᠠᠨᠠᠬᠢ ᠭᠠᠵᠠᠷ ᠤ᠋ᠨ ᠭᠠᠮᠰᠢᠭ ᠤ᠋ᠨ ᠬᠡᠮ ᠰᠣᠭᠣᠭ ᠤ᠋ᠨ ᠴᠡᠭ᠂ 40 ᠲᠦᠭᠰᠢᠭᠦᠷᠢ ᠲᠠᠢ ᠵᠠᠰᠠᠮᠠᠯ ᠵᠠᠮ ᠤ᠋ᠨ ᠬᠡᠰᠡᠭ ᠪᠤᠯᠤᠨ ᠠᠭᠤᠯᠠᠨ ᠦᠶᠡᠷ ᠲᠦ᠍ ᠡᠪᠳᠡᠭᠳᠡᠭᠰᠡᠨ 978 ᠵᠠᠰᠠᠮᠠᠯ ᠵᠠᠮ ᠤ᠋ᠨ ᠬᠡᠰᠡᠭ ᠤ᠋ᠨ 《ᠨᠠᠷᠢᠨ ᠬᠠᠭᠤᠳᠠᠰᠤ 》 ᠢ᠋ᠢ ᠪᠦᠷᠢᠯᠳᠦᠭᠦᠯᠵᠦ᠍᠂ ᠡᠯ᠎ᠡ ᠨᠢᠭᠡᠴᠢ ᠳ᠋ᠤ ᠪᠠᠭᠤᠯᠭᠠᠨ ᠬᠡᠷᠡᠭᠯᠡᠭᠦᠯᠪᠡ᠃
ᠵᠠᠰᠠᠮᠠᠯ ᠵᠠᠮ ᠢ᠋ ᠲᠣᠭᠣᠷᠢᠨ ᠪᠠᠶ᠋ᠢᠴᠠᠭᠠᠵᠤ ᠠᠷᠠᠴᠢᠯᠠᠨ ᠬᠠᠮᠠᠭᠠᠯᠠᠬᠤ ᠲᠠᠯ᠎ᠠ ᠪᠠᠷ᠂ ᠬᠠᠮᠢᠶᠠᠷᠴᠤ᠌ ᠬᠠᠮᠠᠭᠠᠯᠠᠬᠤ ᠨᠢᠭᠡᠴᠢ ᠢ᠋ᠢᠨ ᠬᠢᠨ ᠡᠳᠦᠷ ᠲᠤᠲᠤᠮ ᠤ᠋ᠨ ᠠᠷᠠᠴᠢᠯᠠᠨ ᠬᠠᠮᠠᠭᠠᠯᠠᠯᠲᠠ ᠪᠠ ᠰᠡᠷᠭᠡᠶ᠋ᠢᠯᠡᠬᠦ᠌ ᠴᠢᠨᠠᠷᠲᠠᠶ ᠲᠤᠰᠬᠠᠶ ᠵᠦᠢᠯ ᠤ᠋ᠨ ᠠᠵᠢᠯᠯᠠᠭ᠎ᠠ ᠪᠠᠷ ᠳᠠᠮᠵᠢᠨ ᠵᠠᠰᠠᠮᠠᠯ ᠵᠠᠮ ᠤ᠋ᠨ ᠡᠪᠳᠡᠭᠳᠡᠯ ᠢ᠋ ᠭᠣᠣᠯᠳᠠᠯᠭ᠎ᠠ ᠲᠠᠢ ᠵᠠᠰᠠᠵᠤ᠂ ᠠᠮᠤᠷ ᠲᠦᠪᠰᠢᠨ ᠤ᠋ ᠰᠡᠷᠭᠡᠶ᠋ᠢᠯᠡᠯᠲᠡ ᠢ᠋ᠢᠨ ᠲᠦᠬᠦᠭᠡᠷᠦᠮᠵᠢ ᠢ᠋ᠢ ᠰᠡᠯᠪᠢᠨ ᠵᠠᠰᠠᠵᠤ᠂ ᠤᠰᠤ ᠲᠠᠲᠠᠷᠠᠭᠤᠯᠬᠤ ᠰᠢᠰᠲᠧᠮ ᠢ᠋ ᠨᠡᠪᠲᠡᠷᠡᠭᠦᠯᠪᠠ᠃ 7 ᠰᠠᠷ᠎ᠠ ᠢ᠋ᠢᠨ 9 ᠤ᠋ ᠡᠳᠦᠷ ᠪᠣᠯᠲᠠᠯ᠎ᠠ ᠪᠥᠬᠥ᠌ ᠣᠷᠣᠨ ᠤ᠋ ᠲᠦᠷᠭᠡᠨ ᠤ᠋ ᠵᠠᠰᠠᠮᠠᠯ ᠵᠠᠮ ᠪᠣᠯᠤᠨ ᠡᠩ ᠤ᠋ᠨ ᠤᠯᠤᠰ ᠤ᠋ᠨ ᠪᠠ ᠮᠤᠵᠢ ᠢ᠋ᠢᠨ ᠭᠤᠤᠯ ᠱᠤᠭᠤᠮ ᠤ᠋ᠨ ᠵᠠᠰᠠᠮᠠᠯ ᠵᠠᠮ ᠤ᠋ᠨ ᠠᠡᠭ ᠴᠠᠪᠠ ᠢ᠋ᠢ ᠨᠡᠢᠳᠡ 1831ᠲᠦᠮᠡᠨ ᠮᠧᠲᠷ ᠵᠠᠰᠠᠨ᠂ ᠵᠠᠰᠠᠮᠠᠯ ᠵᠠᠮ ᠤ᠋ᠨ ᠡᠪᠳᠡᠭᠳᠡᠯ ᠢ᠋ 19 ᠲᠦᠮᠡᠨ ᠲᠡᠭᠰᠢ ᠳᠥᠷᠪᠡᠯᠵᠢᠨ ᠮᠧᠲᠷ ᠵᠠᠰᠠᠵᠤ᠂ ᠵᠠᠮ ᠤ᠋ᠨ ᠬᠠᠵᠠᠭᠤ ᠢ᠋ᠢᠨ ᠭᠤᠤ ᠢ᠋ᠢ 538 ᠮᠧᠲᠷ ᠴᠡᠪᠡᠷᠯᠡᠪᠡ᠃ ᠪᠠᠴᠢᠮ ᠪᠠᠶ᠋ᠢᠳᠠᠯ ᠢ᠋ ᠠᠷᠭᠠᠴᠠᠭᠠᠬᠤ ᠲᠠᠯ᠎ᠠ ᠪᠠᠷ᠂ ᠪᠦᠬᠦ ᠤᠷᠤᠨ ᠳ᠋ᠤ ᠪᠠᠴᠢᠮ ᠪᠠᠶ᠋ᠢᠳᠠᠯ ᠢ᠋ ᠠᠷᠭᠠᠴᠠᠭᠠᠬᠤ 547 ᠡᠩᠨᠡᠭᠡ ᠪᠤᠯᠤᠨ ᠪᠠᠴᠢᠮ ᠪᠠᠶ᠋ᠢᠳᠠᠯ ᠢ᠋ ᠠᠷᠭᠠᠴᠠᠭᠠᠬᠤ 6568 ᠠᠵᠢᠯᠲᠠᠨ ᠲᠤᠬᠢᠷᠠᠭᠤᠯᠵᠤ᠂ ᠡᠳ᠋ ᠪᠤᠳᠠᠰ ᠨᠥᠭᠡᠴᠡᠯᠡᠬᠦ᠌ 519 ᠬᠥᠮᠥᠷᠭᠡ ᠪᠠᠢᠷᠢᠯᠠᠭᠤᠯᠵᠤ᠂ 3.8 ᠲᠦᠮᠡᠨ ᠲᠣᠨ ᠬᠠᠶ᠋ᠢᠷ ᠴᠢᠯᠠᠭᠤᠨ ᠮᠠᠲ᠋ᠧᠷᠢᠶᠠᠯ ᠨᠥᠭᠡᠴᠡᠯᠡᠪᠠ᠃ ᠨᠡᠯᠢᠶᠡᠳ ᠶᠡᠬᠡ ᠲᠦ᠋ᠭᠰᠢᠬᠦᠷᠢ ᠲᠠᠢ ᠵᠠᠮ ᠤ᠋ᠨ ᠬᠡᠰᠡᠭ᠂ ᠬᠠᠵᠠᠭᠤ ᠬᠥᠲᠥᠯ᠂ ᠬᠥᠭᠥᠷᠭᠡ ᠢ᠋ᠢᠨ ᠬᠡᠰᠡᠭ ᠲᠤ᠌ 44 ᠴᠡᠭ ᠪᠠᠢᠷᠢᠯᠠᠭᠤᠯᠵᠤ᠂ ᠪᠠᠴᠢᠮ ᠪᠠᠶ᠋ᠢᠳᠠᠯ ᠢ᠋ ᠠᠷᠭᠠᠴᠠᠭᠠᠬᠤ 36 ᠡᠩᠨᠡᠭᠡ ᠪᠠ 442 ᠠᠵᠢᠯᠲᠠᠨ᠂ 169 ᠮᠠᠰᠢᠨ ᠲᠥᠬᠥᠭᠡᠷᠦᠮᠵᠢ ᠵᠢ ᠤᠷᠢᠳᠴᠢᠯᠠᠨ ᠲᠣᠬᠢᠷᠠᠭᠤᠯᠵᠤ᠂ 1842 ᠲᠣᠨ ᠬᠠᠢᠷ ᠴᠢᠯᠠᠭᠤᠨ ᠮᠠᠲ᠋ᠧᠷᠢᠶᠠᠯ᠂ 4.87 ᠲᠦᠮᠡᠨ ᠨᠡᠬᠡᠮᠡᠯ ᠤᠭᠤᠲᠠ ᠪᠤᠯᠤᠨ 6306 ᠲᠡᠭᠰᠢ ᠳᠥᠷᠪᠡᠯᠵᠢᠨ ᠮᠧᠲ᠋ᠷ ᠤ᠋ᠨ ᠤᠰᠤ ᠰᠡᠷᠭᠡᠶ᠋ᠢᠯᠡᠬᠦ᠌ ᠪᠦᠰ ᠨᠦᠭᠡᠴᠡᠯᠡᠵᠡᠢ᠃