7 ᠰᠠᠷ᠎ᠠ ᠵᠢᠨ 6 ᠤ᠋ ᠡᠳᠤᠷ᠂ ᠰᠤᠷᠪᠤᠯᠵᠢᠯᠠᠭᠴᠢ ᠵᠦᠸᠧᠽᠢ ᠰᠢᠶᠠᠨ ᠡᠴᠡ ᠤᠢᠯᠡᠭᠠᠭᠰᠠᠨ ᠵᠢᠡᠷ᠂ ᠤᠢ᠌ᠷ᠎ᠠ᠎ᠶᠢᠨ ᠵᠢᠯ᠎ᠡᠴᠡ ᠵᠦᠸᠧᠽᠢ ᠰᠢᠶᠠᠨ ᠬᠦᠢᠳᠡᠨ ᠰᠡᠷᠢᠭᠦᠨ ᠠᠭᠤᠷ ᠠᠮᠢᠰᠬᠤᠯ ᠪᠣᠯᠤᠨ ᠰᠢᠯᠢᠳᠡᠭ ᠠᠮᠢ ᠠᠬᠤᠢ᠎ᠶᠢᠨ ᠳᠠᠪᠠᠭᠤᠯᠢᠭ᠎ᠲᠠᠭᠠᠨ ᠰᠠᠭᠤᠷᠢᠯᠠᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠳᠦ ᠲᠦᠰᠢᠭᠯᠡᠨ᠂ ᠡᠪᠡᠰᠦᠨ ᠡᠮ᠎ᠦᠨ ᠠᠵᠤ ᠦᠢᠯᠡᠰ᠎ᠦᠨ ᠬᠡᠯᠪᠡᠷᠢ᠎ᠶᠢ ᠬᠤᠪᠢᠷᠠᠭᠤᠯᠤᠨ ᠲᠡᠰ ᠳᠡᠪᠰᠢᠭᠦᠯᠬᠦ᠌᠎ᠶᠢ ᠠᠬᠢᠭᠤᠯᠵᠤ᠂ ᠤᠯᠠᠮᠵᠢᠯᠠᠯᠲᠤ᠌ ᠨᠤᠲᠤᠭ᠎ᠤᠨ ᠲᠠᠷᠢᠵᠤ ᠲᠡᠵᠢᠭᠡᠬᠦ ᠠᠵᠤ ᠤᠢᠯᠡᠰ ᠢ᠋ ᠥᠪᠡᠷᠮᠢᠴᠡ ᠣᠨᠴᠠᠯᠢᠭ᠎ᠲᠠᠶ ᠠᠷᠠᠳ᠎ᠢ ᠪᠠᠶᠠᠵᠢᠭᠤᠯᠬᠤ ᠠᠵᠤ ᠦᠢᠯᠡᠰ ᠲᠡᠶ᠋ᠢᠰᠢ ᠭᠦᠭᠵᠢᠭᠦᠯᠵᠤ ᠪᠤᠢ᠃
ᠵᠦᠸᠧᠽᠢ ᠰᠢᠶᠠᠨ᠎ᠤ ᠯᠢ ᠬᠤᠸᠠ ᠪᠠᠯᠭᠠᠰᠤᠨ᠎ᠤ ᠵᠡᠬᠦᠨ ᠬᠤᠭᠤᠯᠠᠢ ᠲᠣᠰᠬᠣᠨ᠎ᠳᠤ ᠬᠦᠷᠬᠦ᠌᠎ᠳᠦ᠂ ᠼᠠᠩ ᠾᠧ ᠲᠠᠷᠢᠶᠠᠯᠠᠩ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ᠌ ᠺᠣᠮᠫᠠᠨᠢ ︵ᠳᠣᠷᠣᠭᠰᠢ ᠼᠠᠩ ᠾᠧ ᠲᠠᠷᠢᠶᠠᠯᠠᠩ ᠤ᠋ᠨ ᠺᠤᠮᠫᠠᠨᠢ ᠭᠡᠵᠦ᠍ ᠳᠥᠭᠥᠮᠴᠢᠯᠡᠨ᠎ᠡ︶ᠵᠢᠨ ᠰᠢᠨ᠎ᠡ ᠡᠭᠦᠯᠳᠡᠷ᠎ᠦᠨ ᠲᠤᠷᠰᠢᠯᠲᠠ᠎ᠶᠢᠨ ᠰᠠᠭᠤᠷᠢᠨ᠎ᠳᠤ 24 ᠪᠠᠷᠢᠮᠵᠢᠶᠠᠵᠢᠭᠰᠠᠨ ᠴᠢᠬᠢ ᠪᠣᠶ᠋ᠢᠵᠢᠭᠤᠯᠬᠤ ᠬᠦᠯᠡᠮᠵᠢ ᠵᠢᠭᠳᠡᠷᠡᠨ᠂ ᠳᠤᠲᠤᠷ᠎ᠠ ᠨᠢ ᠴᠢᠨᠦ᠎ᠠ ᠵᠢᠨ ᠬᠠᠯᠳᠠᠷ᠂ ᠬᠠᠢᠴᠢ ᠡᠪᠡᠰᠤ᠂ ᠬᠤᠨᠴᠢᠷ ᠵᠡᠷᠭᠡ ᠡᠪᠡᠰᠦᠨ ᠡᠮ ᠬᠦᠬᠡᠷᠡᠨ ᠤᠷᠭᠤᠨ᠎ᠠ᠃
ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠶ᠋ᠢᠭᠡᠮᠯᠢᠭ ᠵᠢᠴᠢ ᠶᠡᠬᠡ ᠳᠡᠭᠡᠳᠦ ᠰᠤᠷᠭᠠᠭᠤᠯᠢ᠎ᠶᠢᠨ ᠰᠢᠯᠢᠳᠡᠭ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠡᠬᠢ ᠪᠠᠶᠠᠯᠢᠭ᠎ᠲᠤ᠌ ᠲᠦᠰᠢᠭᠯᠡᠨ᠂ 2026 ᠣᠨ᠎ᠳᠤ ᠼᠠᠩ ᠾᠧ ᠲᠠᠷᠢᠶᠠᠯᠠᠩ ᠤ᠋ᠨ ᠺᠤᠮᠫᠠᠨᠢ ᠠᠮᠵᠢᠯᠲᠠ᠎ᠲᠠᠶ᠎ᠪᠠᠷ ᠥᠪᠥᠷ ᠮᠣᠩᠭᠣᠯ᠎ᠤᠨ ᠵᠦᠸᠧᠽᠢ ᠵᠢᠨ ᠬᠤᠨᠴᠢᠷ ᠤ᠋ᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠢ ᠳᠠᠭᠠᠭᠠᠴᠢᠯᠠᠨ ᠪᠠᠶ᠋ᠢᠭᠤᠯᠵᠤ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠤᠷᠰᠢᠯᠲᠠ᠎ᠶᠢᠨ ᠲᠠᠰᠤᠭ᠎ᠢ ᠲᠠᠷᠢᠶᠠᠨ ᠭᠠᠵᠠᠷ᠎ᠲᠤ᠌ ᠰᠢᠯᠵᠢᠭᠦᠯᠦᠨ᠂ ᠪᠣᠬᠢᠷᠲᠤᠯ ᠦᠭᠡᠢ ᠲᠠᠷᠢᠶᠠᠨ ᠡᠮ ᠤ᠋ᠨ ᠦᠯᠡᠳᠡᠭᠳᠡᠯ ᠦᠭᠡᠢ ᠲᠠᠷᠢᠶᠠᠯᠠᠬᠤ ᠪᠠᠷᠢᠮᠵᠢᠶ᠎ᠠ ᠪᠣᠯᠤᠨ ᠪᠦᠬᠦ᠌ ᠶᠠᠪᠤᠴᠠ᠎ᠶᠢ ᠮᠥᠷᠳᠡᠬᠦ᠌ ᠰᠢᠰᠲ᠋ᠧᠮ᠎ᠢ ᠬᠡᠷᠡᠭᠵᠢᠭᠦᠯᠵᠦ᠍᠂ ᠡᠪᠡᠰᠦᠨ ᠡᠮ᠎ᠦᠨ ᠶᠠᠰᠤ ᠴᠢᠨᠠᠷ᠎ᠤᠨ ᠪᠣᠭᠣᠮᠲᠠ᠎ᠶᠢ ᠡᠬᠢ ᠰᠤᠷᠪᠤᠯᠵᠢ ᠡᠴᠡ ᠨᠢ ᠴᠢᠩᠭ᠎ᠠ ᠠᠳᠬᠤᠪᠠ᠃ ᠼᠠᠩ ᠾᠧ ᠲᠠᠷᠢᠶᠠᠯᠠᠩ ᠤ᠋ᠨ ᠺᠤᠮᠫᠠᠨᠢ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠢᠶᠡᠷ ᠰᠢᠨ᠎ᠡ᠎ᠶᠢ ᠡᠭᠦᠳᠬᠦ᠌ ᠠᠴᠢᠶᠠᠯᠠᠪᠤᠷᠢ ᠪᠣᠯᠭᠠᠵᠤ᠂ ᠲᠠᠷᠢᠶᠠᠯᠠᠩ ᠤᠨ ᠳᠠᠭᠠᠭᠤᠯᠤᠭᠴᠢ ᠭᠤᠤᠯ ᠴᠣᠭᠴᠠ ᠶᠢ ᠬᠦᠴᠦᠷᠬᠡᠭᠵᠢᠭᠦᠯᠦᠨ᠂ ᠵᠠᠬ᠎ᠠ ᠳᠡᠯᠭᠡᠭᠦᠷ ᠦᠨ ᠬᠡᠷᠡᠭᠴᠡᠭᠡᠯᠤᠭᠡ ᠣᠨᠣᠪᠴᠢᠲᠠᠶᠵᠣᠯᠭᠠᠭᠤᠯᠵᠤ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠂ ᠳᠠᠷᠢᠵᠤ ᠲᠡᠵᠢᠭᠡᠬᠦ᠌ ᠮᠡᠷᠭᠡᠵᠢᠯ᠎ᠢ ᠰᠢᠭᠤᠳ ᠲᠠᠷᠢᠶᠠᠨ ᠭᠠᠵᠠᠷ ᠲᠠᠷᠢᠶᠠᠯᠠᠬᠤ ᠡᠷᠦᠬᠡ᠎ᠳᠦ ᠬᠦᠷᠭᠡᠬᠦ᠌᠎ᠶᠢ ᠠᠬᠢᠭᠤᠯᠤᠭᠰᠠᠨ᠎ᠢᠶᠠᠷ ᠪᠠᠷᠠᠬᠤ ᠥᠬᠡᠶ ᠪᠠᠰᠠ ᠵᠠᠬᠢᠶᠠᠯᠠᠭ᠎ᠠ᠎ᠪᠠᠷ ᠳᠠᠷᠢᠬᠤ᠂ ᠪᠥᠬᠥ᠌ ᠶᠠᠪᠤᠴᠠ᠎ᠳᠤ ᠮᠡᠷᠭᠡᠵᠢᠯ᠎ᠦᠨ ᠵᠢᠯᠣᠭᠣᠳᠣᠯᠭ᠎ᠠ ᠬᠢᠬᠦ᠌᠂ ᠦᠨ᠎ᠠ ᠵᠢ ᠪᠠᠲᠤᠯᠠᠵᠤ ᠬᠤᠳᠠᠯᠳᠤᠨ ᠠᠪᠬᠤ ᠲᠠᠷᠢᠶᠠᠴᠢᠨ ᠲᠠᠢ ᠬᠣᠯᠪᠣᠭᠠᠯᠠᠨ ᠲᠠᠷᠢᠶᠠᠴᠢᠨ᠎ᠢ ᠳᠠᠶ᠋ᠢᠴᠢᠯᠠᠬᠤ ᠵᠠᠭᠪᠤᠷ ᠢ᠋ ᠰᠢᠨ᠎ᠡ᠎ᠶᠢ ᠡᠭᠦᠳᠦᠨ ᠬᠡᠷᠡᠭᠵᠢᠭᠦᠯᠵᠦ᠍᠂ ᠲᠠᠷᠢᠶᠠᠴᠢᠨ ᠡᠷᠦᠬᠡ᠎ᠶᠢᠨ ᠲᠠᠷᠢᠶᠠᠯᠠᠬᠤ ᠶᠠᠪᠤᠴᠠ ᠳ᠋ᠡᠬᠢ ᠡᠯ᠎ᠠ ᠲᠠᠯ᠎ᠠ ᠵᠢᠨ ᠡᠷᠡᠭᠡᠯᠵᠡᠯ᠎ᠢ ᠲᠤᠶ᠋ᠢᠯᠪᠤᠷᠢᠲᠠᠶ ᠠᠷᠢᠯᠭᠠᠵᠤ᠂ ᠣᠨᠴᠠᠯᠢᠭᠲᠤ᠌ ᠡᠪᠡᠰᠦᠨ ᠡᠮ᠎ᠦᠨ ᠠᠵᠤ ᠤᠢᠯᠡᠰᠲᠦ᠍ ᠲᠦᠰᠢᠭᠯᠡᠨ᠂ ᠣᠯᠠᠨ ᠲᠦᠮᠡᠨ᠎ᠦ ᠣᠷᠣᠯᠭ᠎ᠠ᠎ᠶᠢ ᠨᠡᠮᠡᠭᠳᠡᠭᠦᠯᠬᠦ᠌ ᠠᠷᠭ᠎ᠠ ᠵᠠᠮ᠎ᠢ ᠪᠦᠲᠦᠮᠵᠢᠲᠡᠶ ᠥᠷᠭᠡᠳᠬᠡᠪᠡ᠃
ᠼᠠᠩ ᠾᠧ ᠲᠠᠷᠢᠶᠠᠯᠠᠩ᠎ᠤᠨ ᠺᠤᠮᠫᠠᠨᠢ ᠵᠢᠨ ᠬᠠᠷᠢᠭᠤᠴᠠᠯᠭᠠᠲᠠᠨ ᠯᠢᠦ ᠵᠢᠩ᠄《ᠥᠩᠭᠡᠷᠡᠭᠰᠡᠨ᠎ᠳᠦ ᠮᠠᠨ᠎ᠤ ᠲᠤᠬᠠᠶ᠎ᠶᠢᠨ ᠭᠠᠵᠠᠷ᠎ᠤᠨ ᠲᠠᠷᠢᠶᠠᠴᠢᠳ ᠡᠪᠡᠰᠦᠨ ᠡᠮ ᠳᠠᠷᠢᠬᠤ᠎ᠳᠤ ᠮᠡᠷᠭᠡᠵᠢᠯ ᠵᠢᠡᠷ ᠲᠤᠳᠠᠮᠠᠭ᠂ ᠪᠣᠷᠣᠯᠠᠭᠤᠯᠬᠤ ᠳ᠋ᠤ ᠬᠦᠴᠢᠷ᠂ ᠭᠠᠷᠤᠯᠲᠠ ᠪᠠᠭ᠎ᠠ ᠵᠡᠷᠭᠡ ᠤᠯᠠᠨ ᠠᠰᠠᠭᠤᠳᠠᠯ ᠤᠷᠤᠰᠢᠵᠤ ᠪᠠᠢᠵᠠᠢ᠃ ᠡᠳᠡᠭᠡᠷ ᠠᠰᠠᠭᠤᠳᠠᠯ ᠢ᠋ ᠰᠢᠢᠳᠪᠤᠷᠢᠯᠡᠬᠦ ᠵᠢᠨ ᠲᠦᠯᠦᠭᠡ᠂ ᠪᠢᠳᠡ ᠪᠠᠷᠢᠮᠵᠢᠶᠠᠵᠢᠭᠤᠯᠤᠭᠰᠠᠨ ᠴᠢᠬᠢ ᠪᠣᠶ᠋ᠢᠵᠢᠭᠤᠯᠬᠤ ᠰᠠᠭᠤᠷᠢᠨ᠂ ᠰᠢᠨ᠎ᠡ ᠡᠭᠦᠯᠳᠡᠷ᠎ᠦᠨ ᠲᠤᠷᠰᠢᠯᠲᠠ᠎ᠶᠢᠨ ᠰᠠᠭᠤᠷᠢᠨ᠎ᠢ ᠪᠠᠶ᠋ᠢᠭᠤᠯᠵᠤ᠂ ᠪᠥᠬᠥ᠌ ᠵᠢᠯ᠎ᠳᠦ ᠴᠢᠨᠤ᠎ᠠ ᠵᠢᠨ ᠬᠠᠯᠳᠠᠷ᠂ ᠬᠠᠢᠴᠢ ᠡᠪᠡᠰᠤ᠂ ᠬᠤᠨᠴᠢᠷ ᠵᠡᠷᠭᠡ ᠦᠷ᠎ᠡ᠎ᠶᠢᠨ ᠴᠢᠬᠢ᠎ᠶᠢ 1000 ᠲᠦᠮᠡᠨ ᠰᠠᠭᠤᠷᠢ ᠪᠣᠶ᠋ᠢᠵᠢᠭᠤᠯᠵᠠᠢ》 ᠬᠡᠵᠤ ᠰᠤᠷᠪᠤᠯᠵᠢᠯᠠᠭᠴᠢ᠎ᠳᠤ ᠲᠠᠨᠢᠯᠴᠠᠭᠤᠯᠤᠯ᠎ᠠ᠃
ᠡᠭᠦᠨ᠎ᠦ ᠬᠠᠮᠲᠤ᠌᠂ ᠼᠠᠩ ᠾᠧ ᠲᠠᠷᠢᠶᠠᠯᠠᠩ᠎ᠤᠨ ᠺᠤᠮᠫᠠᠨᠢ 《 ᠺᠣᠮᠫᠠᠨᠢ + ᠬᠣᠷᠰᠢᠶ᠎ᠠ + ᠡᠪᠡᠰᠦᠨ ᠡᠮᠳᠠᠷᠢᠵᠤ ᠪᠠᠢᠭ᠎ᠠ ᠲᠠᠷᠢᠶᠠᠴᠢᠨ ᠡᠷᠤᠬᠡ》 ᠵᠢᠨ ᠵᠠᠭᠪᠤᠷ᠎ᠢ ᠬᠡᠷᠡᠭᠵᠢᠭᠦᠯᠵᠦ᠍ ᠂ ᠵᠢᠨᠢᠩ ᠲᠣᠭᠣᠷᠢᠭ᠂ ᠵᠦᠸᠧᠽᠢ ᠰᠢᠶᠠᠨ᠂ ᠳᠥᠷᠪᠡᠳ ᠬᠣᠰᠢᠭᠤ ᠵᠡᠷᠭᠡ ᠭᠠᠵᠠᠷ᠎ᠢ ᠬᠠᠮᠤᠷᠴᠤ᠂ ᠲᠠᠷᠢᠮᠠᠯ᠎ᠤᠨ ᠶᠡᠷᠦᠩᠬᠡᠶ ᠲᠠᠯᠠᠪᠠᠶ᠎ᠨᠢ 6000 ᠰᠢᠬᠠᠮ ᠮᠤ᠌᠎ᠳᠦ ᠬᠦᠷᠴᠦ᠍᠂ ᠲᠣᠰᠬᠣᠨ᠎ᠤ ᠬᠠᠶᠠᠭᠳᠠᠮᠠᠯ ᠲᠣᠮᠣ ᠬᠦᠯᠡᠮᠵᠢ ᠪᠣᠯᠤᠨ ᠰᠤᠯᠠ ᠲᠠᠯᠪᠢᠬᠳᠠᠵᠤ ᠪᠠᠶ᠋ᠢᠭ᠎ᠠ ᠭᠠᠵᠠᠷ ᠰᠢᠷᠣᠶ᠎ᠶᠢ ᠪᠦᠲᠦᠮᠵᠢᠲᠡᠶ ᠠᠰᠢᠭᠯᠠᠨ᠂ ᠵᠢᠯ ᠪᠦᠷᠢ ᠲᠣᠰ ᠭᠠᠵᠠᠷ᠎ᠤᠨ 30 ᠭᠠᠷᠤᠶ ᠣᠯᠠᠨ ᠲᠦᠮᠡᠨ ᠳ᠋ᠤ ᠭᠡᠷ ᠤ᠋ᠨ ᠬᠢᠨᠢ ᠬᠠᠵᠠᠭᠤ ᠳ᠋ᠤ ᠠᠵᠢᠯ ᠤᠯᠭᠤᠵᠤ᠂ ᠬᠥᠯᠥᠰᠥᠨ ᠠᠵᠢᠯ ᠬᠢᠭᠰᠡᠨ ᠴᠠᠯᠢᠡᠭ ᠮᠦᠡᠭᠬᠦ 200 ᠭᠠᠷᠤᠶ ᠲᠦᠮᠡᠨ ᠲᠥᠭᠥᠷᠢᠭ᠂ ᠭᠠᠵᠠᠷ ᠰᠢᠷᠣᠶ ᠬᠡᠷᠡᠭᠯᠡᠬᠦ ᠡᠷᠭᠡ ᠵᠢ ᠲᠠᠭᠠᠭᠠᠴᠢᠯᠠᠭᠰᠠᠨ ᠮᠥᠩᠭᠥ᠌ ᠵᠢ 50 ᠲᠦᠮᠡᠨ ᠲᠥᠭᠥᠷᠢᠭ ᠲᠦᠭᠡᠭᠡᠨ᠂ ᠵᠢᠯ ᠪᠦᠷᠢ ᠵᠡᠭᠦᠨ ᠬᠤᠭᠤᠯᠠᠢ ᠲᠣᠰᠬᠣᠨ᠎ᠤ ᠬᠠᠮᠲᠤ᠎ᠶᠢᠨ ᠠᠵᠤ ᠠᠬᠤᠶ᠎ᠶᠢᠨ ᠣᠷᠣᠯᠭ᠎ᠠ᠎ᠶᠢ 5 ᠲᠦᠮᠡᠨ ᠲᠥᠭᠥᠷᠢᠭ ᠨᠡᠮᠡᠭᠳᠡᠭᠦᠯᠵᠤ ᠪᠤᠢ᠃
《ᠪᠢ ᠬᠡᠷ᠎ᠦᠨ᠎ᠢᠶᠡᠨ ᠡᠭᠦᠳᠡᠨ᠎ᠳᠡᠬᠢ ᠬᠦᠯᠡᠮᠵᠢᠨ᠎ᠳᠦ ᠴᠢᠬᠢ ᠪᠣᠶ᠋ᠢᠵᠢᠭᠤᠯᠬᠤ᠂ ᠡᠪᠡᠰᠦ ᠠᠷᠢᠯᠭᠠᠬᠤ᠂ ᠦᠷ᠎ᠡ ᠵᠢᠨ ᠴᠢᠬᠢ ᠵᠢ ᠪᠤᠭᠤᠳᠠᠯᠯᠠᠬᠤ ᠵᠡᠷᠭᠡ ᠠᠵᠢᠯ ᠬᠢᠵᠤ ᠪᠠᠢᠨ᠎ᠠ᠃ ᠠᠵᠢᠯ ᠬᠦᠡᠭᠭᠡᠨ ᠪᠥᠭᠡᠳ ᠲᠣᠭᠲᠠᠭᠤᠨ ᠪᠠᠶ᠋ᠢᠵᠤ᠂ ᠵᠢᠯ᠎ᠳᠦ 3 ᠲᠦᠮᠡ ᠭᠠᠷᠤᠢ ᠲᠥᠭᠥᠷᠢᠭ ᠤ᠋ᠨ ᠴᠠᠯᠢᠡᠭ ᠣᠯᠵᠤ᠂ ᠡᠷᠦᠭᠡ ᠭᠡᠷ᠎ᠢᠶᠡᠨ ᠬᠠᠷᠠᠭᠠᠯᠵᠠᠵᠤ ᠲᠡᠢᠯᠬᠦ ᠮᠦᠷᠳᠡᠭᠡᠨ ᠪᠠᠰᠠ ᠤᠷᠤᠯᠭ᠎ᠠ ᠪᠠᠨ ᠨᠡᠮᠡᠭᠳᠡᠭᠦᠯᠴᠢᠬᠡᠳᠡᠭ︾ ᠭᠡᠵᠦ᠍ ᠵᠡᠬᠦᠨ ᠬᠤᠭᠤᠯᠠᠢ ᠲᠣᠰᠬᠣᠨ᠎ᠤ ᠠᠷᠠᠳ ᠬᠤ᠌ ᠵᠢᠨ ᠰᠦᠸᠸ ᠶᠠᠷᠢᠪᠠ᠃
ᠵᠦᠸᠧᠽᠢ ᠰᠢᠶᠠᠨ᠎ᠤ ᠵᠡᠬᠦᠨ ᠬᠤᠭᠤᠯᠠᠢ ᠲᠣᠰᠬᠣᠨ᠎ᠤ ᠨᠠᠮ᠎ᠤᠨ ᠡᠭᠦᠷ᠎ᠦᠨ ᠱᠦᠵᠢ ᠯᠢ ᠵᠢᠶᠠᠨ ᠲᠠᠩ᠎ᠤᠨ ᠢᠯᠡᠷᠬᠡᠢᠯᠡᠬᠦ ᠪᠡᠷ᠂ ᠠᠵᠤ ᠠᠬᠤᠶ᠋ᠢᠯᠠᠯ ᠵᠡᠬᠦᠨ ᠬᠤᠭᠤᠯᠠᠢ ᠲᠣᠰᠬᠣᠨ᠎ᠳᠤ ᠨᠤᠲᠤᠭᠰᠢᠭᠰᠠᠨ ᠨᠢ ᠰᠤᠯᠠ ᠲᠠᠯᠪᠢᠭᠳᠠᠵᠤ ᠪᠠᠶ᠋ᠢᠭ᠎ᠠ ᠡᠳ᠋ ᠬᠦᠷᠦᠩᠭᠡ᠎ᠶᠢ ᠠᠮᠢᠯᠠᠭᠤᠯᠤᠭᠰᠠᠨ᠎ᠢᠶᠠᠷ ᠪᠠᠷᠠᠬᠤ ᠦᠭᠡᠢ᠂ ᠨᠡᠩ ᠴᠢᠬᠤᠯᠠ ᠨᠢ ᠲᠣᠰᠬᠣᠨ᠎ᠤ ᠠᠷᠠᠳ᠎ᠢ ᠲᠠᠢ᠌ᠴᠢᠯᠠᠨ ᠠᠵᠢᠯ ᠣᠯᠭᠣᠯᠲᠠ᠎ᠶᠢ ᠲᠣᠭᠲᠠᠪᠤᠷᠢᠵᠢᠭᠤᠯᠵᠤ᠂ ᠣᠷᠣᠯᠭ᠎ᠠ᠎ᠶᠢ ᠨᠢ ᠲᠤᠭᠳᠠᠭᠤᠨ ᠵᠢᠡᠷ ᠨᠡᠮᠡᠭᠳᠡᠭᠦᠯᠦᠨ᠂ ᠬᠦᠳᠡᠭᠡ ᠲᠤᠰᠬᠤᠨ ᠤ᠋ ᠬᠦᠭᠵᠢᠯᠲᠡ ᠳ᠋ᠤ ᠬᠦᠴᠦᠨ ᠨᠡᠮᠡᠷᠢᠯᠡᠭᠰᠨᠨ ᠪᠠᠢᠨ᠎ᠠ᠃
ᠣᠶ᠋ᠢᠯᠠᠭᠠᠭᠰᠠᠨ᠎ᠢᠶᠠᠷ᠂ ᠡᠨᠡ ᠵᠢᠯ ᠤᠯᠠᠭᠠᠨᠴᠠᠪ ᠬᠣᠲᠠ᠎ᠶᠢᠨ ᠠᠩᠬᠠᠳᠠᠭᠴᠢ ᠡᠪᠡᠰᠦᠨ ᠡᠮ᠎ᠦᠨ ᠰᠢᠨᠵᠢᠯᠡᠬᠦ᠌ ᠤᠬᠠᠭᠠᠨ᠎ᠤ ᠰᠤᠳᠤᠯᠭᠠᠨ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠰᠠᠭᠤᠷᠢᠨ ᠵᠦᠸᠧᠽᠢ ᠰᠢᠶᠠᠨ᠎ᠳᠤ ᠪᠠᠶ᠋ᠢᠭᠤᠯᠤᠭᠳᠠᠵᠤ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ᠎ᠲᠠᠶ ᠬᠣᠯᠪᠣᠭᠠᠯᠠᠭᠠᠳ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠪ ᠪᠠᠶ᠋ᠢᠭᠤᠯᠵᠤ᠂ ᠴᠢᠬᠢ ᠪᠣᠶ᠋ᠢᠵᠢᠭᠤᠯᠬᠤ᠂ ᠳᠠᠷᠢᠬᠤ᠂ ᠡᠳ᠋ᠰᠢᠭᠦᠯᠬᠦ᠌ ᠪᠥᠬᠥ᠌ ᠬᠡᠯᠬᠢᠶᠠᠨ ᠤ᠋ ᠰᠢᠨ᠎ᠡ᠎ᠶᠢ ᠡᠭᠦᠳᠬᠦ ᠲᠠᠯ᠎ᠠ ᠪᠡᠷ ᠬᠦᠴᠦᠯᠡᠨ᠂ ᠡᠪᠡᠰᠦᠨ ᠡᠮ᠎ᠢ ᠢᠯᠭᠠᠨ ᠲᠠᠨᠢᠬᠤ ᠂ ᠥᠯᠢᠭᠡᠷ ᠬᠡᠪ ᠬᠢᠬᠦ᠌ ᠪᠠ ᠦᠨᠦᠷᠲᠦ᠍ ᠤᠭᠤᠲᠠ ᠬᠢᠬᠦ᠌ ᠵᠡᠷᠭᠡ ᠰᠤᠳᠤᠯᠤᠨ ᠰᠤᠷᠤᠯᠴᠠᠵᠤ ᠪᠠᠶᠠᠴᠢᠯᠡᠨ ᠤᠢᠯᠠᠭᠠᠬᠤ ᠠᠵᠢᠯᠯᠠᠭ᠎ᠠ ᠪᠡᠷ ᠳᠠᠮᠵᠢᠭᠤᠯᠤᠨ᠂ ᠬᠢᠲᠠᠳ ᠡᠮ ᠡᠮᠨᠡᠯᠭᠡ᠎ᠶᠢᠨ ᠤᠯᠠᠮᠵᠢᠯᠠᠯᠲᠤ᠌ ᠰᠣᠶᠣᠯ ᠢ᠋ ᠤᠯᠠᠮᠵᠢᠯᠠᠨ ᠬᠦᠭᠵᠢᠭᠦᠯᠬᠦ ᠵᠢ ᠠᠬᠢᠭᠤᠯᠵᠤ ᠪᠤᠢ᠃ ᠡᠭᠦᠨ᠎ᠦ ᠬᠠᠮᠲᠤ᠌ ᠂ ᠪᠡᠶ᠎ᠡ᠎ᠪᠡᠨ ᠳᠠᠭᠠᠭᠠᠭᠰᠠᠨ ᠲᠦᠷᠦᠯ ᠲᠡᠮᠳᠡᠭ ︽ᠼᠠᠩ ᠾᠧ》᠂《ᠮᠸᠩ ᠼᠠᠩ ᠾᠧ》᠎ᠳ᠋ᠤ ᠲᠦᠰᠢᠭᠯᠡᠨ᠂ 10 ᠭᠠᠷᠤᠶ ᠵᠤᠢᠯ᠎ᠦᠨ ᠪᠡᠶ᠎ᠠ ᠰᠤᠪᠢᠯᠠᠬᠤ ᠴᠠᠢ ᠵᠢ ᠰᠤᠳᠤᠯᠤᠨ ᠨᠡᠭᠡᠭᠡᠵᠦ᠍᠂ ᠡᠪᠡᠰᠦᠨ ᠡᠮ᠎ᠤᠨ ᠨᠡᠮᠡᠯᠲᠡ ᠥᠷᠲᠡᠭ᠎ᠢ ᠳᠡᠭᠡᠭᠰᠢᠯᠡᠭᠦᠯᠦᠭᠰᠡᠨ ᠪᠠᠢᠨ᠎ᠠ᠃