《ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ ᠳ᠋ᠤ ᠬᠦᠷᠬᠦ᠂ ᠨᠡᠭᠦᠷᠡᠰᠦᠲᠥ᠋ᠷᠥᠭᠴᠢ ᠶ᠋ᠢ ᠰᠠᠭᠠᠷᠮᠠᠭᠵᠢᠭᠤᠯᠬᠤ》 ᠪᠠᠢᠯᠳᠤᠬᠤ ᠪᠣᠳᠣᠯᠭ᠎ᠠ ᠵᠢᠨ ᠪᠠᠢᠷᠢᠯᠠᠭᠤᠯᠤᠯᠲᠠ ᠶ᠋ᠢ ᠪᠦᠬᠦ ᠲᠠᠯ᠎ᠠ ᠪᠡᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠦᠬᠦ ᠬᠤᠲᠠ ᠵᠢᠨ ᠠᠮᠢ ᠠᠬᠤᠢ ᠵᠢᠨ ᠪᠣᠯᠪᠠᠰᠤᠨ ᠤ᠋ ᠪᠠᠢᠭᠤᠯᠤᠯᠲᠠ ᠶ᠋ᠢ ᠯᠠᠪᠳᠠᠭᠤᠨ ᠪᠠᠲᠤᠲᠠᠢ ᠠᠬᠢᠭᠤᠯᠬᠤ ᠵᠢᠨ ᠲᠥᠯᠥᠭᠡ᠂ ᠬᠥᠬᠡᠡᠡᠣᠲᠠ ᠵᠢᠨ ᠤᠢ ᠰᠢᠭᠤᠢ ᠪᠠ ᠨᠤᠲᠤᠭ ᠪᠡᠯᠴᠢᠭᠡᠷᠦᠨ ᠲᠣᠪᠴᠢᠶ᠎ᠠ ᠤᠢᠷᠠᠳᠤ᠂ 2026 ᠣᠨ ᠤ᠋ ᠣᠢᠲᠤ ᠭᠠᠵᠠᠷ᠂ ᠨᠤᠲᠤᠭ ᠪᠡᠯᠴᠢᠭᠡᠷ᠂ ᠨᠤᠭᠤ ᠭᠠᠵᠠᠷ ᠤ᠋ᠨ ᠨᠡᠭᠦᠷᠡᠰᠦᠲᠥ᠋ᠷᠥᠭᠴᠢ ᠵᠢᠨ ᠬᠤᠷᠠᠮᠳᠤᠭᠤᠯᠭ᠎ᠠ ᠵᠢᠨ ᠬᠡᠮᠵᠢᠶ᠎ᠡ ᠶ᠋ᠢ ᠬᠢᠨᠠᠨ ᠬᠡᠮᠵᠢᠬᠦ ᠠᠵᠢᠯ ᠢ᠋ ᠡᠬᠢᠯᠡᠭᠦᠯᠪᠡ᠃
ᠣᠢᠲᠤ ᠭᠠᠵᠠᠷ᠂ ᠨᠤᠲᠤᠭ ᠪᠡᠯᠴᠢᠭᠡᠷ᠂ ᠨᠤᠭᠤ ᠭᠠᠵᠠᠷ ᠤ᠋ᠨ ᠠᠮᠢ ᠠᠬᠤᠢ ᠵᠢᠨ ᠰᠢᠰᠲᠧᠮ ᠪᠣᠯ ᠡᠬᠡ ᠬᠠᠭᠤᠷᠠᠢ ᠵᠢᠨ ᠨᠡᠭᠦᠷᠡᠰᠦᠲᠥ᠋ᠷᠥᠭᠴᠢ ᠵᠢᠨ ᠬᠥᠮᠥᠷᠭᠡ ᠵᠢᠨ ᠴᠢᠬᠤᠯᠠ ᠪᠦᠷᠢᠯᠳᠦᠭᠦᠨ ᠬᠡᠰᠡᠭ ᠪᠠᠢᠵᠤ᠂ ᠲᠤᠬᠠᠢ ᠵᠢᠨ ᠭᠠᠵᠠᠷ ᠤ᠋ᠨ ᠨᠡᠭᠦᠷᠡᠰᠦᠲᠥ᠋ᠷᠥᠭᠴᠢ ᠵᠢᠨ ᠬᠤᠷᠠᠮᠳᠤᠭᠤᠯᠭ᠎ᠠ ᠵᠢᠨ ᠬᠡᠮᠵᠢᠶ᠎ᠡ ᠶ᠋ᠢ ᠬᠢᠨᠠᠨ ᠬᠡᠮᠵᠢᠬᠦ ᠰᠢᠰᠲᠧᠮ ᠢ᠋ ᠪᠠᠶ᠋ᠢᠭᠤᠯᠬᠤ ᠰᠠᠭᠤᠷᠢ ᠴᠢᠨᠠᠷᠲᠠᠢ ᠠᠵᠢᠯ ᠪᠣᠯᠣᠨ᠎ᠠ᠃ 2022 — 2023 ᠣᠨ ᠳ᠋ᠤ᠂ ᠬᠦᠬᠡᠬᠤᠲᠠ ᠨᠢᠭᠡᠨᠲᠡ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠤ᠋ᠨ ᠨᠡᠭᠦᠷᠡᠰᠦᠲᠥ᠋ᠷᠥᠭᠴᠢ ᠵᠢᠨ ᠬᠠᠳᠠᠭᠠᠯᠠᠭᠳᠠᠴᠠ ᠵᠢᠨ ᠦᠨᠳᠦᠰᠦᠨ ᠪᠠᠢᠴᠠᠭᠠᠯᠲᠠ ᠶ᠋ᠢ ᠪᠡᠶᠡᠯᠡᠭᠦᠯᠵᠦ᠂ ᠨᠡᠶ᠋ᠢᠲᠡ 770 ᠲᠣᠭᠲᠠᠮᠠᠯ ᠥᠯᠢᠭᠡᠷ ᠭᠠᠵᠠᠷ ᠢ᠋ ᠪᠠᠢᠷᠢᠯᠠᠭᠤᠯᠤᠨ᠂ ᠨᠡᠭᠦᠷᠡᠰᠦᠲᠥ᠋ᠷᠥᠭᠴᠢ ᠵᠢᠨ ᠬᠠᠳᠠᠭᠠᠯᠠᠭᠳᠠᠴᠠ ᠶ᠋ᠢ 7001.42 ᠲᠦᠮᠡᠨ ᠲᠣᠨ ᠬᠢᠨᠠᠨ ᠬᠡᠮᠵᠢᠵᠦ᠂ ᠨᠡᠭᠦᠷᠡᠰᠦᠲᠥ᠋ᠷᠥᠭᠴᠢ ᠵᠢᠨ ᠬᠠᠳᠠᠭᠠᠯᠠᠭᠳᠠᠴᠠ ᠵᠢᠨ ᠦᠨᠳᠦᠰᠦᠨ ᠳ᠋ᠠᠢᠲ᠋ᠠ ᠬᠥᠮᠥᠷᠭᠡ ᠶ᠋ᠢ ᠠᠩᠬ᠎ᠠ ᠠᠯᠬᠤᠮ ᠪᠠᠢᠭᠤᠯᠪᠠ᠃
ᠣᠢᠷ᠎ᠠ ᠵᠢᠨ ᠵᠢᠯ᠂ ᠬᠦᠬᠡᠡᠡᠤᠲᠠ 《ᠤᠮᠠᠷᠠᠲᠤ ᠵᠢᠨ ᠭᠤᠷᠪᠠᠨ ᠤᠷᠤᠨ 》 ᠤ᠋ ᠢᠨᠵᠧᠨᠧᠷᠢᠩᠦᠨ ᠪᠦᠲᠦᠭᠡᠨ ᠪᠠᠢᠭᠤᠯᠤᠯᠲᠠ ᠶ᠋ᠢ ᠦᠷᠭᠦᠯᠵᠢᠯᠡᠨ ᠠᠬᠢᠭᠤᠯᠵᠤ᠂ ᠣᠶ ᠰᠢᠭᠤᠢ ᠪᠠ ᠨᠤᠲᠤᠭ ᠪᠡᠯᠴᠢᠭᠡᠷᠦᠨ ᠠᠮᠢ ᠠᠬᠤᠢ ᠶ᠋ᠢ ᠬᠠᠮᠠᠭᠠᠯᠠᠨ ᠰᠡᠷᠭᠦᠭᠡᠬᠦ ᠶ᠋ᠢ ᠭᠦᠨᠵᠡᠭᠡᠢ ᠬᠡᠷᠡᠭᠵᠢᠭᠦᠯᠦᠭᠰᠡᠨ ᠵᠢᠡᠷ ᠣᠷᠣᠨ ᠪᠦᠰᠡᠳᠣᠲᠣᠷᠠᠬᠢ ᠨᠡᠭᠦᠷᠡᠰᠦᠲᠥ᠋ᠷᠥᠭᠴᠢ ᠵᠢᠨ ᠬᠠᠳᠠᠭᠠᠯᠠᠭᠳᠠᠴᠠ ᠳ᠋ᠤ ᠨᠢᠭᠡᠨᠲᠡ ᠬᠤᠪᠢᠷᠠᠯᠲᠠ ᠭᠠᠷᠴᠠᠢ᠃ ᠲᠣᠰ ᠤᠳᠠᠭᠠᠨᠤ ᠬᠢᠨᠠᠨ ᠬᠡᠮᠵᠢᠬᠦ ᠠᠵᠢᠯ ᠨᠢ ᠲᠤᠬᠠᠢ ᠵᠢᠨ ᠲᠠᠯᠠᠪᠠᠶ ᠵᠢᠨ ᠪᠠᠢᠴᠠᠭᠠᠯᠲᠠ᠂ ᠲᠣᠭ᠎ᠠ ᠪᠠᠷᠢᠮᠲᠠ ᠴᠤᠭᠯᠠᠭᠤᠯᠬᠤ᠂ ᠥᠯᠢᠭᠡᠷ ᠬᠡᠪ ᠴᠤᠭᠯᠠᠭᠤᠯᠬᠤ᠂ ᠲᠤᠷᠰᠢᠯᠲᠠ ᠵᠢᠨ ᠲᠠᠰᠤᠭ ᠤ᠋ᠨ ᠭᠦᠢᠴᠡᠳᠬᠡᠯ ᠲᠣᠭ᠎ᠠ ᠶ᠋ᠢ ᠬᠡᠮᠵᠢᠨ ᠲᠣᠭᠲᠠᠭᠠᠬᠤ᠂ ᠲᠣᠭ᠎ᠠ ᠪᠠᠷᠢᠮᠲᠠ ᠶ᠋ᠢ ᠵᠠᠳᠠᠯᠤᠨ ᠰᠢᠢᠳᠪᠦᠷᠢᠯᠡᠬᠦ ᠵᠡᠷᠭᠡ ᠶᠠᠪᠤᠴᠠ ᠪᠡᠷ ᠳᠠᠮᠵᠢᠨ᠂ ᠬᠦᠬᠡᠡᠡᠤᠲᠠ ᠵᠢᠨ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠤ᠋ᠨ ᠨᠡᠭᠦᠷᠡᠰᠦᠲᠥ᠋ᠷᠥᠭᠴᠢ ᠵᠢᠨ ᠬᠠᠳᠠᠭᠠᠯᠠᠭᠳᠠᠴᠠ ᠵᠢᠨ ᠣᠳᠣᠬᠢ ᠪᠠᠢᠳᠠᠯ ᠢ᠋ ᠲᠥᠰᠥᠭᠡᠯᠡᠨ ᠪᠤᠳᠤᠵᠤ᠂ ᠨᠡᠮᠡᠭᠳᠡᠯ ᠬᠠᠰᠤᠭᠳᠠᠯ ᠤ᠋ᠨ ᠬᠤᠪᠢᠷᠠᠯᠲᠠ ᠵᠢᠨ ᠰᠢᠯᠲᠠᠭᠠᠨ ᠢ᠋ ᠵᠠᠳᠠᠯᠤᠨ᠂ ᠨᠡᠭᠦᠷᠡᠰᠦᠲᠥ᠋ᠷᠥᠭᠴᠢ ᠵᠢᠨ ᠬᠤᠷᠠᠮᠳᠤᠭᠤᠯᠭ᠎ᠠ ᠵᠢᠨ ᠰᠠᠭᠤᠷᠢ ᠪᠠᠢᠴᠠᠭᠠᠯᠲᠠ ᠵᠢᠨ ᠳ᠋ᠠᠢᠲ᠋ᠠ ᠬᠥᠮᠥᠷᠭᠡ ᠶ᠋ᠢ ᠲᠡᠭᠦᠯᠳᠡᠷᠵᠢᠭᠦᠯᠬᠦ ᠶ᠋ᠢ ᠵᠤᠷᠢᠪᠠ᠃ ᠲᠣᠰ ᠤᠳᠠᠭᠠᠨ ᠤ᠋ ᠬᠢᠨᠠᠨ ᠬᠡᠮᠵᠢᠯᠲᠡ ᠵᠢᠨ ᠠᠵᠢᠯ ᠢ᠋ ᠥᠷᠨᠢᠭᠦᠯᠦᠭᠰᠡᠨ ᠨᠢ ᠬᠦᠬᠡᠬᠤᠲᠠ ᠵᠢᠨ ᠣᠶ ᠰᠢᠭᠤᠢ ᠪᠠ ᠨᠤᠲᠤᠭ ᠪᠡᠯᠴᠢᠭᠡᠷᠦᠨ ᠨᠡᠭᠦᠷᠡᠰᠦᠲᠥ᠋ᠷᠥᠭᠴᠢ ᠵᠢᠨ ᠬᠤᠷᠠᠮᠳᠤᠭᠤᠯᠭ᠎ᠠ ᠵᠢᠨ ᠰᠠᠭᠤᠷᠢ ᠶ᠋ᠢ ᠤᠯᠠᠮ ᠨᠢᠭᠡ ᠠᠯᠬᠤᠮ ᠪᠡᠬᠢᠵᠢᠭᠦᠯᠵᠦ᠂ ᠪᠥᠬᠥ ᠬᠣᠲᠠ ᠵᠢᠨ 《ᠬᠣᠣᠰ ᠨᠡᠭᠦᠷᠡᠰᠦᠲᠥ᠋ᠷᠥᠭᠴᠢ 》 ᠵᠢᠨ ᠠᠵᠢᠯ ᠢ᠋ ᠠᠬᠢᠭᠤᠯᠬᠤ ᠳ᠋ᠤ ᠲᠣᠭ᠎ᠠ ᠪᠠᠷᠢᠮᠲᠠ ᠵᠢᠨ ᠲᠤᠯᠭᠠᠭᠤᠷᠢᠯᠠᠯ ᠬᠠᠩᠭᠠᠬᠤ ᠪᠤᠯᠤᠨ᠎ᠠ᠃